ᠣᠶ᠋ᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠣᠲᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠪᠠ᠂ ᠡᠨᠡ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠳᠠᠷᠠᠭ᠎ᠠ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠠᠵᠢᠯ᠎ᠢ ᠪᠠᠶ᠋ᠢᠷᠢᠯᠠᠭᠤᠯᠤᠭᠰᠠᠨ ᠠᠩᠬᠠᠳᠠᠭᠴᠢ ᠵᠢᠯᠣᠭᠣᠳᠬᠤ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃ 12 ᠰᠠᠷ᠎ᠠ ᠵᠢᠨ 27᠎ᠤ ᠡᠳᠦᠷ᠎ᠤᠨ ᠦᠳᠡ ᠵᠢᠨ ᠡᠮᠦᠨ᠎ᠡ᠂ ᠰᠤᠷᠭ᠋ᠠᠨ ᠬᠥᠮᠦᠵᠢᠯ᠎ᠤᠨ ᠶᠠᠮᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠵᠤ᠂ 《ᠣᠲᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠰᠠᠨᠠᠯ》᠎ᠤᠨ ᠲᠤᠬᠠᠢ ᠬᠣᠯᠪᠤᠭᠳᠠᠬᠤ ᠪᠠᠶ᠋ᠢᠳᠠᠯ᠎ᠢ ᠲᠠᠨᠢᠯᠴᠠᠭᠤᠯᠪᠠ᠃ ᠬᠠᠮᠲᠤ᠎ᠳᠤ᠎ᠪᠠᠨ ᠪᠣᠳᠠᠲᠠᠶ ᠠᠭᠤᠯᠭ᠎ᠠ ᠵᠢ ᠦᠵᠡᠵᠡᠭᠡᠶ᠎ᠡ!


ᠵᠤᠷᠭ᠋ᠠᠨ᠎ᠤ ᠳᠠᠷᠤᠭ᠎ᠠ ᠴᠧᠨ ᠽᠢ ᠵᠢᠶ 《ᠣᠲᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠰᠠᠨᠠᠯ》᠎ᠤᠨ ᠶᠡᠷᠦᠩᠬᠡᠶ ᠪᠠᠶ᠋ᠢᠳᠠᠯ᠎ᠢ ᠲᠠᠨᠢᠯᠴᠠᠭᠤᠯᠪᠠ — ᠬᠠᠮᠲᠤ᠎ᠳᠤ᠎ᠪᠠᠨ ᠦᠵᠡᠵᠡᠭᠡᠶ᠎ᠡ —
《ᠣᠳᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠶ ᠰᠠᠨᠠᠯ》 ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠳᠠᠷᠠᠭ᠎ᠠ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠠᠵᠢᠯ᠎ᠢ ᠪᠠᠶ᠋ᠢᠷᠢᠯᠠᠭᠤᠯᠤᠭᠰᠠᠨ ᠠᠩᠬᠠᠳᠠᠭᠴᠢ ᠵᠢᠯᠣᠭᠣᠳᠬᠤ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠤᠷᠢᠳ ᠡᠮᠦᠨ᠎ᠡ ᠪᠠᠢ᠌ᠭ᠎ᠠ ᠦᠭᠡᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠦᠬᠦᠶ᠋ᠢᠯᠡ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨᠳᠠᠬᠢ ᠬᠦᠨᠳᠦᠴᠡ ᠵᠢ ᠤᠷᠢᠳ ᠡᠮᠦᠨ᠎ᠡ ᠪᠠᠢ᠌ᠭ᠎ᠠ ᠦᠭᠡᠢ ᠴᠢᠬᠤᠯᠠᠴᠢᠯᠠᠨ᠂ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠠ ᠴᠢᠳᠠᠪᠤᠷᠢᠲᠠᠨ ᠵᠡᠷᠭᠡ ᠭᠤᠷᠪᠠᠨ ᠶᠡᠬᠡ ᠤᠯᠤᠰ ᠵᠶ᠋ᠠᠨ ᠬᠦᠴᠦᠷᠬᠡᠭᠵᠢᠭᠦᠯᠬᠦ ᠪᠦᠳᠦᠭᠡᠨ ᠪᠠᠶ᠋ᠢᠭᠤᠯᠤᠯᠲᠠ ᠵᠢᠨ ᠠᠤᠭ᠎ᠠ ᠬᠠᠷᠠᠭ᠋ᠠᠰᠤ ᠵᠢ ᠨᠢᠭᠡ ᠴᠤᠬ᠍ᠴᠠᠵᠢᠭᠤᠯᠤᠨ ᠠᠬᠢᠭᠤᠯᠵᠤ᠂ ᠤᠳᠤ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠤ ᠪᠦᠳᠦᠭᠡᠨ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠡᠭᠦᠷᠭᠡ ᠤᠷᠢᠳ ᠡᠮᠦᠨ᠎ᠡ ᠪᠠᠢ᠌ᠭ᠎ᠠ ᠦᠭᠡᠢ ᠬᠠᠲᠠᠭᠤ ᠪᠡᠷᠬᠡ ᠪᠠᠶ᠋ᠢᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠤᠯᠠᠮ ᠨᠢᠭᠡ ᠠᠯᠬᠤᠮ ᠲᠣᠪᠤᠢ᠌ᠯᠭ᠋ᠠᠵᠤ᠂ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠲᠣᠳᠤᠷᠬᠠᠢ᠌ᠯᠠᠵᠤ᠂ ᠵᠢᠮ᠎ᠡ ᠶᠣᠰᠣᠨ᠎ᠤ ᠲᠠᠨᠢᠯᠲᠠ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠦᠨ᠂ ᠭᠣᠣᠯᠳᠠᠭᠤ 《1+3+3》 ᠵᠢᠨ ᠰᠢᠷᠢᠰ ᠴᠢᠬᠤᠯᠠ ᠥᠭᠦᠯᠡᠯᠲᠡ᠎ᠳᠤ ᠲᠥᠪᠯᠡᠷᠡᠭᠦᠯᠦᠨ ᠢᠯᠡᠷᠡᠭᠦᠯᠪᠡ᠃ ᠡᠭᠦᠨ᠎ᠳᠤ 《1》 ᠪᠣᠯ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠭᠤᠸᠠᠩᠰᠢ ᠵᠢᠨ ᠲᠥᠯᠥᠭᠡᠯᠡᠭᠴᠢᠳ᠎ᠤᠨ ᠪᠦᠯᠬᠦᠮ᠎ᠤᠨ ᠶᠠᠷᠢᠯᠴᠠᠭ᠎ᠠ᠎ᠳᠤ ᠣᠷᠣᠯᠴᠠᠬᠤ᠎ᠳᠤ᠎ᠪᠠᠨ ᠴᠢᠬᠤᠯᠠᠴᠢᠯᠠᠭᠰᠠᠨ᠄ 《ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠴᠢᠬᠤᠯᠠᠴᠢᠯᠠᠨ ᠬᠥᠭᠵᠢᠭᠦᠯᠬᠦ ᠬᠡᠷᠡᠭᠲᠡᠢ》 ᠪᠣᠯᠤᠨ᠎ᠠ᠂ ᠡᠨᠡ ᠪᠣᠯ ᠶᠡᠷᠦᠩᠬᠡᠢ ᠱᠦᠵᠢ ᠰᠢ ᠵᠢᠨ ᠫᠢᠩ᠎ᠤᠨ 《ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠢᠷᠡᠭᠡᠳᠦᠢ ᠭᠡᠭᠡᠨ ᠰᠠᠷᠠᠭᠤᠯ᠂ ᠶᠡᠬᠡ ᠦᠢ᠍ᠯᠡᠰ ᠪᠦᠲᠦᠭᠡᠵᠦ ᠪᠣᠯᠤᠨ᠎ᠠ》 ᠭᠡᠰᠡᠨᠤ ᠳᠠᠷᠠᠭ᠋ᠠᠬᠢ ᠪᠠᠰᠠ ᠨᠢᠭᠡᠨ ᠶᠡᠷᠦᠩᠬᠡᠶ᠋ᠢᠯᠡᠭᠰᠡᠨ ᠴᠢᠨᠠᠷᠲᠠᠢ᠂ ᠵᠢᠯᠣᠭᠣᠳᠬᠤ ᠴᠢᠨᠠᠷᠲᠠᠢ ᠴᠢᠬᠤᠯᠠ ᠶᠡᠬᠡ ᠨᠤᠲᠠᠯᠠᠯᠲᠠ ᠪᠣᠯᠤᠨ᠎ᠠ; ᠨᠢᠭᠡᠳᠦᠭᠡᠷ 《3》 ᠪᠣᠯ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ ᠴᠢᠬᠤᠯᠠᠴᠢᠯᠠᠭᠰᠠᠨ᠄ 《ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠂ ᠦᠷᠭᠦᠯᠵᠢᠯᠡᠯ ᠰᠤᠷᠭ᠋ᠠᠨ ᠬᠥᠮᠦᠵᠢᠯ ᠬᠠᠮᠵᠢᠯᠴᠠᠨ ᠰᠢᠨ᠎ᠡ ᠵᠢ ᠡᠭᠦᠳᠬᠦ ᠵᠢ ᠨᠢᠭᠡᠳᠦᠯᠲᠡᠢ ᠲᠥᠯᠥᠪᠵᠢᠭᠦᠯᠵᠦ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠠ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠥᠵᠢᠯ᠎ᠢ ᠠᠭᠤᠰᠬᠠᠬᠤ᠂ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ᠎ᠢ ᠠᠭᠤᠰᠬᠠᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠠ ᠰᠤᠷᠭ᠋ᠠᠨ ᠬᠥᠮᠦᠵᠢᠯ᠎ᠢ ᠠᠭᠤᠰᠬᠠᠬᠤ ᠵᠢ ᠠᠬᠢᠭᠤᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠦᠷᠦᠯ ᠬᠡᠯᠪᠡᠷᠢ ᠵᠢᠨ ᠪᠠᠶ᠋ᠢᠷᠢ ᠲᠣᠭᠲᠠᠭ᠋ᠠᠯᠲᠠ ᠵᠢ ᠰᠢᠯᠢᠳᠡᠭᠵᠢᠭᠦᠯᠬᠦ ᠬᠡᠷᠡᠭᠲᠡᠢ》 ᠪᠣᠯᠤᠨ᠎ᠠ᠂ ᠡᠨᠡ ᠪᠣᠯ ᠰᠢᠨ᠎ᠡ ᠴᠠᠭ ᠦᠶ᠎ᠡ ᠰᠢᠨ᠎ᠡ ᠠᠶᠠᠯᠠᠯ᠎ᠳᠠᠬᠢ ᠤᠳᠤ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ 3 ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ ᠵᠢᠨ ᠠᠷᠭ᠎ᠠ ᠬᠡᠮᠵᠢᠶ᠎ᠡ ᠪᠣᠯᠤᠨ᠎ᠠ; ᠬᠣᠶᠠᠳᠤᠭ᠋ᠠᠷ 《3》 ᠪᠣᠯ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ ᠴᠢᠬᠤᠯᠠᠴᠢᠯᠠᠭᠰᠠᠨ᠄ 《ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠨᠠᠰᠤᠨ ᠲᠤᠷᠰᠢᠳᠠ ᠵᠢᠨ ᠪᠣᠯᠪᠠᠰᠤᠷᠠᠭᠤᠯᠤᠯ᠎ᠤᠨ ᠲᠦᠷᠢᠮ᠎ᠢ ᠲᠡᠭᠦᠯᠳᠡᠷᠵᠢᠭᠦᠯᠬᠦ》᠂ ᠤᠯᠤᠰ᠎ᠤᠨ ᠲᠤᠮᠤ ᠤᠷᠠᠨ ᠳᠠᠷᠬᠠᠨ ᠪᠠ ᠳᠡᠭᠡᠳᠦ ᠤᠷ᠎ᠠ ᠴᠢᠳᠠᠪᠤᠷᠢᠲᠤ ᠴᠢᠳᠠᠪᠤᠷᠢᠲᠠᠨ᠎ᠢ ᠪᠠᠭᠲᠠᠭ᠋ᠠᠭᠰᠠᠨ 《ᠤᠯᠤᠰ᠎ᠤᠨ ᠪᠠᠶ᠋ᠢᠯᠳᠤᠬᠤ ᠪᠤᠳᠤᠯᠭ᠎ᠠ ᠵᠢᠨ ᠴᠢᠳᠠᠪᠤᠷᠢᠲᠠᠨ᠎ᠤ ᠬᠦᠴᠦᠨ》᠎ᠢ ᠲᠦᠷᠭᠡᠳᠭᠡᠨ ᠪᠠᠢ᠌ᠭᠤᠯᠬᠤ᠂ 《ᠪᠦᠬᠦ ᠠᠷᠠᠳ ᠵᠶ᠋ᠠᠷ ᠵᠶ᠋ᠠᠨ ᠨᠠᠰᠤᠨ ᠲᠤᠷᠰᠢᠳᠠ ᠰᠤᠷᠤᠯᠴᠠᠬᠤ ᠰᠤᠷᠤᠯᠴᠠᠬᠤ ᠬᠡᠯᠪᠡᠷᠢ ᠵᠢᠨ ᠨᠡᠶ᠋ᠢᠭᠡᠮ᠂ ᠰᠤᠷᠤᠯᠴᠠᠬᠤ ᠬᠡᠯᠪᠡᠷᠢ ᠵᠢᠨ ᠲᠤᠮᠤ ᠤᠯᠤᠰ᠎ᠢ ᠪᠦᠳᠦᠭᠡᠨ ᠪᠠᠶ᠋ᠢᠭᠤᠯᠬᠤ》 ᠶᠠᠪᠤᠳᠠᠯ ᠪᠣᠯᠤᠨ᠎ᠠ᠂ ᠡᠨᠡ ᠪᠣᠯ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠠ ᠰᠤᠷᠭ᠋ᠠᠨ ᠬᠥᠮᠦᠵᠢᠯ ᠵᠶ᠋ᠠᠷ ᠤᠯᠤᠰ ᠵᠶ᠋ᠠᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ᠂ ᠴᠢᠳᠠᠪᠤᠷᠢᠲᠠᠨ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠶ᠋ᠢᠯᠳᠤᠬᠤ ᠪᠤᠳᠤᠯᠭ᠎ᠠ ᠵᠢᠴᠢ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠬᠦ ᠬᠦᠴᠦᠨ ᠪᠣᠯᠭ᠋ᠠᠬᠤ ᠪᠠᠶ᠋ᠢᠯᠳᠤᠬᠤ ᠪᠤᠳᠤᠯᠭ᠎ᠠ᠎ᠳᠤ ᠨᠡᠩ ᠰᠠᠢ᠍ᠢ᠍ᠨ ᠠᠭᠤᠰᠬᠠᠬᠤ 3 ᠴᠢᠬᠤᠯᠠ ᠴᠢᠷᠮᠠᠶ᠋ᠢᠬᠤ ᠴᠢᠭᠯᠡᠯ ᠮᠥᠨ᠃
ᠳᠡᠭᠡᠷ᠎ᠡ ᠳᠤᠷᠠᠳᠤᠭᠰᠠᠨ 3 ᠲᠠᠯ᠎ᠠ ᠵᠢᠨ ᠦᠵᠡᠯᠲᠡ ᠵᠢ ᠬᠤᠷᠢᠶᠠᠩᠭᠤᠶ᠋ᠢᠯᠠᠪᠠᠯ᠄ ᠤᠳᠤ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠳᠣᠲᠣᠭ᠋ᠠᠳᠤ ᠯᠣᠭᠢᠭ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠪᠣᠯ 《ᠭᠤᠷᠪᠠ᠎ᠳᠤ ᠦᠢ᠍ᠯᠡᠴᠢᠯᠡᠬᠦ》᠎ᠳᠤ ᠰᠠᠭᠤᠷᠢᠯᠠᠵᠤ᠂ 《ᠭᠤᠷᠪᠠ ᠵᠢ ᠬᠠᠮᠵᠢᠭᠤᠯᠬᠤ》 ᠵᠢ ᠨᠢᠭᠡᠳᠦᠯᠲᠡᠢ ᠲᠥᠯᠥᠪᠯᠡᠨ᠂ 《ᠭᠤᠷᠪᠠ ᠵᠢ ᠠᠭᠤᠰᠬᠠᠬᠤ》 ᠵᠢ ᠲᠦᠯᠬᠢᠨ ᠠᠬᠢᠭᠤᠯᠬᠤ ᠶᠠᠪᠤᠳᠠᠯ ᠪᠣᠯᠤᠨ᠎ᠠ᠃
《ᠰᠠᠨᠠᠯ》 ᠪᠣᠯ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢᠬᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠭᠦᠯᠦᠯᠲᠡ ᠵᠢᠨ ᠠᠮᠵᠢᠯᠲᠠ ᠪᠦᠲᠦᠮᠵᠢ ᠵᠢ ᠰᠢᠰᠲ᠋ᠧᠮᠲᠡᠢ ᠳ᠋ᠦᠩᠨᠡᠭᠰᠡᠨ ᠰᠠᠭᠤᠷᠢᠨ ᠳᠡᠭᠡᠷ᠎ᠡ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢ ᠤᠯᠠᠮ ᠨᠢᠭᠡ ᠠᠯᠬᠤᠮ᠎ᠤᠨ ᠭᠦᠨᠵᠡᠭᠡᠢ᠌ᠷᠡᠭᠦᠯᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠭᠦᠯᠦᠯᠲᠡ ᠵᠢᠨ ᠲᠣᠪᠣᠶ᠋ᠢᠮ᠎ᠠ ᠵᠥᠷᠢᠴᠡᠯ ᠪᠣᠯᠤᠨ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠴᠢᠬᠤᠯᠠ ᠶᠡᠬᠡ ᠥᠭᠡᠷᠡᠴᠢᠯᠡᠯᠲᠡ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠂ ᠦᠷᠭᠦᠯᠵᠢᠯᠡᠯ ᠰᠤᠷᠭ᠋ᠠᠨ ᠬᠥᠮᠦᠵᠢᠯ᠎ᠢ ᠨᠢᠭᠡᠳᠦᠯᠲᠡᠢ ᠲᠥᠯᠦᠪᠵᠢᠭᠦᠯᠵᠦ ᠬᠠᠮᠵᠢᠯᠴᠠᠨ ᠰᠢᠨ᠎ᠡ ᠵᠢ ᠡᠭᠦᠳᠬᠦ ᠴᠢᠬᠤᠯᠠ ᠭᠠᠷᠳᠠᠴᠠ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠠ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠥᠵᠢᠯ᠎ᠢ ᠠᠭᠤᠰᠬᠠᠬᠤ᠂ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ ᠵᠢ ᠠᠭᠤᠰᠬᠠᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠠ ᠰᠤᠷᠭ᠋ᠠᠨ ᠬᠥᠮᠦᠵᠢᠯ᠎ᠢ ᠠᠭᠤᠰᠬᠠᠬᠤ ᠵᠢ ᠠᠬᠢᠭᠤᠯᠬᠤ ᠵᠠᠩᠭᠢᠯᠠᠭ᠎ᠠ ᠵᠢᠨ ᠠᠯᠬᠤᠮ ᠳᠠᠷᠠᠭ᠎ᠠ ᠪᠠᠢ᠌ᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠲᠤᠬᠠᠶ ᠪᠠᠶ᠋ᠢᠷᠢᠯᠠᠭᠤᠯᠤᠯᠲᠠ ᠵᠢᠨ ᠰᠢᠨ᠎ᠡ ᠵᠣᠷᠢᠯᠲᠠ᠂ ᠰᠢᠨ᠎ᠡ ᠠᠷᠭ᠎ᠠ ᠬᠡᠮᠵᠢᠶ᠎ᠡ᠂ ᠰᠢᠨ᠎ᠡ ᠲᠣᠭᠲᠠᠴᠠ ᠵᠢ ᠲᠥᠪᠯᠡᠷᠡᠭᠭᠦᠢ ᠢᠯᠡᠷᠡᠭᠦᠯᠪᠡ᠃
ᠨᠢᠭᠡ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠢᠨ᠎ᠡ ᠵᠣᠷᠢᠯᠲᠠ
《ᠰᠠᠨᠠᠯ》᠎ᠨᠢ 《ᠣᠳᠣᠢ᠌ᠵᠢᠭᠤᠯᠤᠭᠰᠠᠨ》᠂ 《ᠢᠪᠴᠤᠤᠵᠢᠭᠤᠯᠤᠭᠰᠠᠨ》 ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠯᠠᠮᠵᠢᠯᠠᠯᠲᠤ ᠲᠠᠨᠢᠯᠲᠠ ᠵᠢ ᠡᠪᠳᠡᠵᠦ᠂ ᠥᠭᠡᠷᠡᠴᠢᠯᠡᠯᠲᠡ ᠵᠢᠨ ᠦᠢ᠍ᠯᠡᠳᠦᠯᠭᠡ᠎ᠳᠠᠬᠢ ᠬᠦᠴᠢᠷᠳᠡᠯᠲᠡᠢ᠂ ᠲᠦᠪᠡᠭᠲᠡᠶ ᠠᠰᠠᠭᠤᠳᠠᠯ᠎ᠢ ᠰᠢᠭᠤᠳ ᠰᠢᠢ᠍ᠳᠪᠦᠷᠢᠯᠡᠵᠦ᠂ ᠠᠯᠢ ᠣᠯᠠᠨ ᠰᠢᠨ᠎ᠡ ᠣᠨᠣᠯᠵᠢᠬᠤᠨ᠂ ᠰᠢᠨ᠎ᠡ ᠦᠵᠡᠯᠲᠡ᠂ ᠰᠢᠨ᠎ᠡ ᠮᠠᠭ᠋ᠠᠳᠯᠠᠯᠲᠠ ᠵᠢ ᠳᠤᠷᠠᠳᠤᠨ ᠭᠠᠷᠭ᠋ᠠᠵᠤ᠂ ᠣᠨᠣᠯ ᠪᠣᠯᠤᠨ ᠦᠢ᠍ᠯᠡᠳᠦᠯᠭᠡ ᠵᠢᠨ ᠦᠨ᠎ᠡ ᠥᠷᠲᠡᠭ᠎ᠲᠠᠢ ᠪᠣᠯᠭ᠋ᠠᠵᠠᠶ᠃
— ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠵᠢ 《ᠠᠵᠢᠯ ᠡᠷᠢᠬᠦ》᠎ᠠᠴᠠ 《ᠬᠥᠮᠦᠨᠴᠢ》 ᠲᠡᠢ᠌ᠰᠢ ᠬᠤᠪᠢᠷᠠᠭᠤᠯᠵᠤ᠂ ᠬᠥᠮᠦᠨ᠎ᠤ ᠪᠦᠬᠦ ᠲᠠᠯ᠎ᠠ ᠵᠢᠨ ᠬᠥᠭᠵᠢᠯᠲᠡ᠎ᠳᠤ ᠦᠢ᠍ᠯᠡᠴᠢᠯᠡᠬᠦ ᠵᠢ ᠨᠡᠩ ᠴᠢᠬᠤᠯᠠᠴᠢᠯᠠᠪᠠ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠣᠯ ᠠᠵᠢᠯ ᠣᠯᠭᠣᠯᠲᠠ ᠵᠢ ᠠᠬᠢᠭᠤᠯᠬᠤ ᠴᠢᠬᠤᠯᠠ ᠠᠷᠭ᠎ᠠ ᠵᠠᠮ ᠮᠥᠨ᠂ ᠭᠡᠪᠡᠴᠦ ᠲᠠᠩ ᠭᠠᠭᠴᠠ ᠠᠵᠢᠯ ᠣᠯᠭᠣᠯᠲᠠ ᠵᠢᠨ ᠰᠤᠷᠭ᠋ᠠᠨ ᠬᠥᠮᠦᠵᠢᠯ ᠤᠬᠳᠤ ᠪᠢᠰᠢ᠃ 《ᠰᠠᠨᠠᠯ》᠎ᠳᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠶ᠋ᠢᠷᠢ ᠲᠣᠭᠲᠠᠭ᠋ᠠᠯᠲᠠ᠂ ᠬᠥᠮᠦᠨ᠎ᠤ ᠪᠥᠬᠥ ᠲᠠᠯ᠎ᠠ ᠵᠢᠨ ᠬᠥᠭᠵᠢᠯᠲᠡ᠎ᠳᠤ ᠦᠢ᠍ᠯᠡᠴᠢᠯᠡᠵᠦ᠂ ᠣᠯᠠᠨ ᠬᠡᠯᠪᠡᠷᠢ ᠵᠢ ᠵᠣᠯᠭ᠋ᠠᠭᠤᠯᠤᠭᠰᠠᠨ᠂ ᠣᠯᠠᠨ ᠠᠷᠭ᠎ᠠ ᠵᠠᠮ ᠵᠶ᠋ᠠᠷ ᠪᠣᠶ᠋ᠢᠵᠢᠭᠰᠠᠨ᠂ ᠦᠷᠭᠦᠯᠵᠢᠯᠡᠨ ᠬᠥᠭᠵᠢᠵᠦ ᠪᠣᠯᠬᠤᠢ᠌ᠴᠠ ᠱᠠᠲᠤᠯᠢᠭ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠠ ᠪᠣᠯᠪᠠᠰᠤᠷᠠᠭᠤᠯᠤᠯ᠎ᠤᠨ ᠳᠣᠭᠲᠠᠯᠴᠠᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠠ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠥᠵᠢᠯ᠎ᠤᠨ ᠵᠣᠬᠢᠴᠠᠯᠳᠤᠨ ᠬᠥᠭᠵᠢᠵᠦ᠂ ᠬᠠᠷᠢᠯᠴᠠᠨ ᠠᠭᠤᠰᠤᠨ ᠨᠡᠪᠲᠡᠷᠡᠬᠦ ᠵᠢ ᠠᠬᠢᠭᠤᠯᠵᠤ᠂ ᠠᠳᠠᠯᠢ ᠪᠤᠰᠤ ᠲᠥᠷᠥᠯᠬᠢ ᠠᠪᠢᠶᠠᠰ ᠪᠠ ᠬᠡᠷᠡᠭᠴᠡᠭᠡ᠎ᠲᠠᠢ ᠰᠤᠷᠤᠭᠴᠢᠳ᠎ᠢ ᠣᠯᠠᠨ ᠤᠳᠠᠭ᠎ᠠ ᠰᠣᠩᠭᠣᠯᠲᠠ ᠬᠢᠯᠭᠡᠵᠦ᠂ ᠣᠯᠠᠨ ᠶᠠᠩᠵᠤᠴᠢᠯᠠᠭᠰᠠᠨ ᠴᠢᠳᠠᠪᠤᠷᠢᠲᠠᠨ ᠪᠣᠯᠭ᠋ᠠᠬᠤ ᠶᠠᠪᠤᠳᠠᠯ ᠪᠣᠯᠤᠨ᠎ᠠ ᠭᠡᠵᠦ ᠳᠠᠬᠢᠨ ᠳᠤᠷᠠᠳᠴᠤ᠂ ᠡᠨᠡ ᠪᠣᠯ ᠨᠡᠶ᠋ᠢᠭᠡᠮ᠎ᠤᠨ᠎ᠬᠢᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠪᠠᠰᠤᠮᠵᠢᠯᠠᠵᠤ ᠪᠠᠶ᠋ᠢᠭ᠎ᠠ ᠪᠠᠶ᠋ᠢᠳᠠᠯ᠎ᠢ ᠬᠤᠪᠢᠷᠠᠭᠤᠯᠵᠤ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠠ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠥᠵᠢᠯ᠎ᠢ ᠰᠠᠯᠭ᠋ᠠᠭᠰᠠᠨ᠎ᠠᠴᠠ ᠪᠣᠯᠤᠭᠰᠠᠨ ᠰᠤᠷᠭ᠋ᠠᠨ ᠬᠥᠮᠦᠵᠢᠯ᠎ᠤᠨ ᠵᠣᠪᠠᠨᠢᠯ᠎ᠢ ᠠᠷᠢᠯᠭ᠋ᠠᠬᠤ᠎ᠳᠤ ᠴᠢᠬᠤᠯᠠ ᠶᠡᠬᠡ ᠦᠢ᠍ᠯᠡᠳᠦᠯ᠎ᠲᠠᠢ ᠶᠤᠮ᠃
— ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠭᠣᠣᠯᠳᠠᠯᠭ᠎ᠠ ᠵᠢ 《ᠰᠤᠷᠭ᠋ᠠᠨ ᠬᠥᠮᠦᠵᠢᠯ》᠎ᠠᠴᠠ 《ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ》 ᠲᠡᠢ᠌ᠰᠢ ᠬᠤᠪᠢᠷᠠᠭᠤᠯᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠵᠢ ᠨᠡᠩ ᠴᠢᠬᠤᠯᠠᠴᠢᠯᠠᠪᠠ᠃ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠬᠤ ᠪᠣᠯ ᠣᠲᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠦᠨᠳᠦᠰᠦᠨ ᠣᠨᠴᠠᠯᠢᠭ᠂ ᠪᠠᠰᠠ ᠴᠤ᠌ ᠬᠠᠮᠤᠭ᠎ᠤᠨ ᠶᠡᠬᠡ ᠳᠠᠪᠠᠭᠤᠯᠢᠭ᠂ ᠨᠠᠩ ᠴᠤ᠌ ᠥᠭᠡᠷᠡᠴᠢᠯᠡᠯᠲᠡ ᠵᠢᠨ ᠬᠦᠴᠢᠷᠳᠡᠯ ᠪᠠ ᠭᠤᠤᠯᠳᠠᠯᠭ᠎ᠠ ᠮᠥᠨ᠃ 《ᠰᠠᠨᠠᠯ》᠎ᠳᠤ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠋ᠠᠨᠳᠠᠬᠢ ᠲᠦᠭᠵᠢᠷᠡᠯ᠎ᠤᠨ ᠠᠰᠠᠭᠤᠳᠠᠯ᠎ᠳᠤ ᠰᠢᠭᠤᠳ ᠬᠠᠨᠳᠤᠨ᠂ ᠰᠢᠰᠲ᠋ᠧᠮᠲᠡᠢ ᠰᠡᠳᠬᠢᠬᠦ ᠵᠢ ᠪᠠᠷᠢᠮᠲᠠᠯᠠᠵᠤ᠂ ᠬᠣᠲᠠ ᠵᠢᠨ ᠬᠡᠪᠴᠢᠶᠡᠨ᠎ᠤ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ ᠪᠣᠯᠤᠨ ᠠᠵᠢᠯ ᠲᠥᠷᠥᠯ᠎ᠤᠨ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠭᠰᠠᠨ ᠬᠠᠮᠲᠤ ᠵᠢᠨ ᠴᠣᠭᠴᠠ ᠵᠢ ᠪᠠᠶ᠋ᠢᠭᠤᠯᠬᠤ ᠲᠦᠷᠢᠮ᠎ᠤᠨ ᠲᠥᠯᠥᠪᠯᠡᠭᠡ ᠵᠢ ᠳᠤᠷᠠᠳᠴᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠣᠯᠤᠨ ᠠᠵᠢᠯ ᠲᠥᠷᠥᠯ᠎ᠤᠨ ᠳᠠᠪᠰᠢᠯᠲᠠ᠂ ᠠᠵᠤ ᠦᠢ᠍ᠯᠡᠳᠪᠦᠷᠢ ᠵᠢᠨ ᠬᠡᠯᠪᠡᠷᠢ ᠵᠢᠨ ᠬᠤᠪᠢᠷᠠᠯᠲᠠ᠂ ᠣᠷᠣᠨ ᠪᠦᠰᠡ ᠵᠢᠨ ᠬᠥᠭᠵᠢᠯᠲᠡ ᠵᠢ ᠬᠣᠯᠪᠣᠵᠤ᠂ ᠲᠣᠰ ᠲᠣᠰ᠎ᠤᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠤᠨ᠂ ᠰᠠᠶ᠋ᠢᠨ ᠰᠠᠶ᠋ᠢᠬᠠᠨ ᠦᠢ᠍ᠯᠡᠳᠦᠯᠴᠡᠬᠦ ᠲᠣᠭᠲᠠᠴᠠ ᠵᠢᠨ ᠰᠢᠨ᠎ᠡ ᠵᠢ ᠡᠭᠦᠳᠴᠦ᠂ ᠴᠢᠳᠠᠪᠤᠷᠢᠲᠠᠨ᠎ᠢ ᠬᠥᠮᠦᠵᠢᠭᠦᠯᠬᠦ ᠬᠠᠩᠭ᠋ᠠᠯᠭ᠎ᠠ ᠪᠠ ᠠᠵᠤ ᠦᠢ᠍ᠯᠡᠳᠪᠦᠷᠢ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠵᠣᠬᠢᠴᠠᠯ ᠥᠨᠳᠥᠷ ᠪᠤᠰᠤ ᠪᠠᠶ᠋ᠢᠬᠤ ᠵᠡᠷᠭᠡ ᠠᠰᠠᠭᠤᠳᠠᠯ᠎ᠢ ᠰᠢᠢ᠍ᠳᠪᠦᠷᠢᠯᠡᠨ᠎ᠡ᠃
— ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠦᠢ᠍ᠯᠡᠴᠢᠯᠡᠭᠡᠨ᠎ᠤ ᠣᠷᠣᠨ ᠵᠠᠢ ᠵᠢ 《ᠣᠷᠣᠨ ᠪᠦᠰᠡ》᠎ᠠᠴᠠ 《ᠪᠥᠬᠥ ᠲᠠᠯ᠎ᠠ》 ᠲᠡᠶ᠋ᠢᠰᠢ ᠬᠤᠪᠢᠷᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯᠠᠭᠤᠯᠤᠯᠲᠠ ᠵᠢ ᠲᠤᠯᠭ᠋ᠠᠭᠤᠷᠢᠯᠠᠬᠤ ᠵᠢ ᠨᠠᠩ ᠴᠢᠬᠤᠯᠠᠴᠢᠯᠠᠪᠠ᠃ 《ᠰᠠᠨᠠᠯ》᠎ᠨᠢ ᠰᠢᠨ᠎ᠡ ᠬᠥᠭᠵᠢᠯᠲᠡ ᠵᠢᠨ ᠪᠠᠢ᠌ᠷᠢᠰᠢᠯᠠᠭᠤᠯᠤᠯᠲᠠ᠎ᠳᠤ ᠰᠠᠭᠤᠷᠢᠯᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠭᠡᠬᠦ ᠬᠣᠶᠠᠷ ᠣᠷᠣᠨ ᠵᠠᠢ᠎ᠳᠠᠬᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠭᠵᠢᠭᠦᠯᠦᠯᠲᠡ ᠵᠢ ᠲᠥᠯᠥᠪᠵᠢᠭᠦᠯᠦᠨ ᠪᠠᠶ᠋ᠢᠷᠢᠯᠠᠭᠤᠯᠪᠠ᠃ ᠨᠢᠭᠡ ᠲᠠᠯ᠎ᠠ᠎ᠪᠠᠷ᠂ ᠣᠷᠣᠨ ᠪᠦᠰᠡ ᠵᠢᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠵᠦ᠂ ᠰᠤᠷᠭ᠋ᠠᠨ ᠬᠥᠮᠦᠵᠢᠯ ᠵᠶ᠋ᠠᠷ ᠠᠵᠤ ᠦᠢ᠍ᠯᠡᠳᠪᠦᠷᠢ ᠵᠢ ᠠᠬᠢᠭᠤᠯᠵᠤ᠂ ᠠᠵᠤ ᠦᠢ᠍ᠯᠡᠳᠪᠦᠷᠢ᠎ᠪᠠᠷ ᠰᠤᠷᠭ᠋ᠠᠨ ᠬᠥᠮᠦᠵᠢᠯ᠎ᠢ ᠲᠤᠰᠠᠯᠠᠵᠤ᠂ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ᠎ᠢ ᠠᠭᠤᠰᠬᠠᠵᠤ᠂ ᠠᠵᠤ ᠦᠢ᠍ᠯᠡᠳᠪᠦᠷᠢ ᠪᠠ ᠰᠤᠷᠭ᠋ᠠᠭᠤᠯᠢ ᠵᠢᠨ ᠬᠠᠮᠲᠤᠷᠠᠯᠴᠠᠭ᠎ᠠ ᠵᠢ ᠠᠬᠢᠭᠤᠯᠵᠤ᠂ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠯᠤᠭ᠎ᠠ ᠵᠣᠬᠢᠴᠠᠭᠰᠠᠨ᠂ ᠠᠵᠤ ᠦᠢ᠍ᠯᠡᠳᠪᠦᠷᠢ ᠵᠢᠨ ᠪᠦᠲᠦᠴᠡᠯᠦᠭᠡ ᠵᠣᠬᠢᠴᠠᠭᠰᠠᠨ ᠤᠳᠤ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠦᠲᠦᠴᠡ ᠪᠠ ᠣᠷᠣᠨ ᠪᠦᠰᠡ ᠵᠢᠨ ᠪᠠᠢ᠌ᠷᠢᠰᠢᠯᠠᠭᠤᠯᠤᠯᠲᠠ ᠵᠢ ᠪᠦᠷᠢᠯᠳᠦᠭᠦᠯᠬᠦ ᠵᠢ ᠠᠬᠢᠭᠤᠯᠤᠨ᠎ᠠ; ᠨᠥᠭᠥᠭᠡ ᠲᠠᠯ᠎ᠠ᠎ᠪᠠᠷ᠂ ᠣᠷᠣᠨ ᠪᠦᠰᠡ ᠵᠢᠨ ᠳᠠᠪᠠᠭᠤᠯᠢᠭ᠎ᠲᠤ ᠰᠠᠭᠤᠷᠢᠯᠠᠨ᠂ ᠬᠥᠭᠵᠢᠭᠦᠯᠦᠯᠲᠡ ᠵᠢᠨ ᠪᠠᠶ᠋ᠢᠯᠳᠤᠬᠤ ᠪᠣᠳᠣᠯᠭ᠎ᠠ᠂ ᠲᠤᠯᠭ᠋ᠠᠭᠤᠷᠢ ᠠᠵᠤ ᠦᠢ᠍ᠯᠡᠰ ᠪᠠ ᠴᠢᠳᠠᠪᠤᠷᠢᠲᠠᠨ᠎ᠤ ᠬᠡᠷᠡᠭᠴᠡᠭᠡ᠎ᠳᠤ ᠰᠠᠭᠤᠷᠢᠯᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠮᠠᠨ᠎ᠤ ᠤᠯᠤᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ 《ᠲᠠᠩ ᠴᠢᠭᠯᠡᠯ ᠵᠶ᠋ᠠᠷ ᠣᠷᠣᠭᠤᠯᠤᠨ ᠠᠪᠴᠢᠷᠠᠵᠤ ᠲᠣᠯᠢᠯᠠᠭᠤᠯᠬᠤ》 ᠪᠠᠶ᠋ᠢᠭᠰᠠᠨ᠎ᠠᠴᠠ 《ᠬᠤᠤᠰ ᠴᠢᠭᠯᠡᠯ ᠵᠶ᠋ᠠᠷ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠬᠤᠪᠢᠶᠠᠯᠴᠠᠨ ᠡᠳ᠋ᠯᠡᠬᠦ》 ᠪᠣᠯᠭ᠋ᠠᠵᠤ᠂ ᠳᠤᠮᠳᠠᠳᠤ ᠤᠯᠤᠰ᠎ᠤᠨ ᠣᠨᠴᠠᠯᠢᠭ ᠪᠥᠬᠥᠶ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠡᠯᠡᠬᠡᠶ᠋ᠢᠵᠢᠭᠰᠡᠨ ᠬᠥᠭᠵᠢᠯᠲᠡ ᠵᠢᠨ ᠵᠠᠭᠪᠤᠷ᠎ᠢ ᠠᠯᠬᠤᠮ ᠠᠯᠬᠤᠮ ᠵᠶ᠋ᠠᠷ ᠪᠣᠶ ᠪᠣᠯᠭ᠋ᠠᠨ᠎ᠠ᠃
— ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠠᠷᠭ᠎ᠠ ᠵᠠᠮ᠎ᠢ 《ᠲᠥᠷᠥᠯ ᠬᠤᠪᠢᠶᠠᠵᠤ》 ᠪᠠᠶ᠋ᠢᠭᠰᠠᠨ᠎ᠠᠴᠠ 《ᠬᠠᠮᠵᠢᠯᠴᠠᠬᠤ》 ᠲᠡᠢ᠌ᠰᠢ ᠬᠤᠪᠢᠷᠠᠭᠤᠯᠵᠤ᠂ ᠪᠠᠭᠰᠢ᠂ ᠵᠢᠭ᠋ᠠᠬᠤ ᠮᠠᠲ᠋ᠧᠷᠢᠶᠠᠯ᠂ ᠵᠢᠭ᠋ᠠᠬᠤ ᠠᠷᠭ᠎ᠠ ᠵᠢᠨ ᠬᠠᠮᠵᠢᠯᠴᠠᠨ ᠰᠢᠨ᠎ᠡ ᠵᠢ ᠡᠭᠦᠳᠬᠦ ᠵᠢ ᠨᠢᠭᠡᠳᠦᠯᠲᠡᠶ ᠲᠥᠯᠦᠪᠵᠢᠭᠦᠯᠬᠦ ᠵᠢ ᠨᠠᠩ ᠴᠢᠬᠤᠯᠠᠴᠢᠯᠠᠪᠠ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠣᠯᠤᠨ ᠡᠩ᠎ᠤᠨ ᠰᠤᠷᠭ᠋ᠠᠨ ᠬᠥᠮᠦᠵᠢᠯ ᠪᠣᠯ ᠬᠣᠶᠠᠷ ᠵᠦᠢ᠍ᠯ᠎ᠤᠨ ᠠᠳᠠᠯᠢ ᠪᠤᠰᠤ ᠰᠤᠷᠭ᠋ᠠᠨ ᠬᠥᠮᠦᠵᠢᠯ᠎ᠤᠨ ᠲᠦᠷᠦᠯ ᠬᠡᠯᠪᠡᠷᠢ ᠪᠠᠶ᠋ᠢᠵᠤ᠂ ᠠᠳᠠᠯᠢᠬᠠᠨ ᠴᠢᠬᠤᠯᠠ ᠪᠠᠶ᠋ᠢᠷᠢ ᠰᠠᠭᠤᠷᠢ᠎ᠲᠠᠢ ᠪᠠᠶ᠋ᠢᠳᠠᠭ᠂ ᠭᠡᠪᠡᠴᠦ ᠡᠨᠡ ᠬᠣᠶᠠᠷ ᠪᠣᠯ ᠵᠡᠷᠭᠡᠴᠡᠭᠡ ᠪᠢᠰᠢ᠂ ᠨᠡᠩ ᠴᠤ᠌ ᠡᠰᠡᠷᠭᠦᠴᠡᠯᠳᠦᠬᠦ ᠪᠢᠰᠢ ᠶᠤᠮ᠃ 《ᠰᠠᠨᠠᠯ》᠎ᠳᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠥᠷᠥᠯ ᠬᠡᠯᠪᠡᠷᠢ ᠵᠢᠨ ᠣᠨᠴᠠᠯᠢᠭ᠎ᠢ ᠪᠡᠬᠢᠵᠢᠭᠦᠯᠵᠦ᠂ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠵᠠᠩᠭᠢᠯᠠᠭ᠎ᠠ ᠵᠢᠨ ᠰᠤᠷᠭ᠋ᠠᠭᠤᠯᠢ ᠡᠷᠭᠢᠯᠡᠬᠦ ᠴᠢᠳᠠᠪᠤᠷᠢ ᠵᠢ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠥᠷᠥᠯ ᠬᠡᠯᠪᠡᠷᠢ ᠵᠢᠨ ᠪᠠᠶ᠋ᠢᠷᠢ ᠲᠣᠭᠲᠠᠭ᠋ᠠᠯᠲᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠂ ᠦᠷᠭᠦᠯᠵᠢᠯᠡᠯ ᠰᠤᠷᠭ᠋ᠠᠨ ᠬᠥᠮᠦᠵᠢᠯ᠎ᠤᠨ ᠬᠠᠮᠵᠢᠯᠴᠠᠨ ᠰᠢᠨ᠎ᠡ ᠵᠢ ᠡᠭᠦᠳᠬᠦ ᠵᠢ ᠨᠢᠭᠡᠳᠦᠯᠲᠡᠶ ᠲᠥᠯᠥᠪᠵᠢᠭᠦᠯᠵᠦ᠂ 《ᠠᠳᠠᠯᠢ ᠪᠤᠰᠤ》᠎ᠠᠴᠠ 《ᠬᠠᠮᠵᠢᠯᠴᠠᠬᠤ》 ᠲᠡᠶ᠋ᠢᠰᠢ ᠴᠢᠭᠯᠡᠵᠦ᠂ ᠡᠯ᠎ᠡ ᠵᠦᠢ᠍ᠯ᠎ᠤᠨ ᠰᠤᠷᠭ᠋ᠠᠨ ᠬᠥᠮᠦᠵᠢᠯ᠎ᠤᠨ ᠲᠥᠷᠥᠯ ᠬᠡᠯᠪᠡᠷᠢ ᠵᠢᠨ ᠳᠠᠪᠠᠭᠤᠯᠢᠭ᠎ᠢ ᠬᠠᠷᠢᠯᠴᠠᠨ ᠨᠥᠬᠥᠪᠥᠷᠢᠯᠡᠵᠦ᠂ ᠰᠣᠯᠪᠢᠴᠠᠭᠤᠯᠤᠨ ᠠᠭᠤᠰᠬᠠᠵᠤ᠂ ᠴᠥᠮ 《ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠭᠢᠯᠡᠬᠦ》 ᠡᠨᠡ ᠬᠦ᠌ ᠬᠠᠮᠲᠤ ᠵᠢᠨ ᠬᠠᠷᠠᠯ᠎ᠲᠠᠢ ᠳᠠᠭ᠋ᠠᠵᠤ᠂ ᠦᠢ᠍ᠯᠡᠴᠢᠯᠡᠵᠦ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠭᠡᠬᠦ ᠡᠨᠡ ᠬᠦ᠌ ᠬᠠᠮᠲᠤ ᠵᠢᠨ ᠠᠭᠤᠤ ᠶᠡᠬᠡ ᠦᠢ᠍ᠯᠡᠰ᠎ᠢ ᠪᠥᠬᠥ ᠲᠠᠯ᠎ᠠ᠎ᠪᠠᠷ ᠠᠬᠢᠭᠤᠯᠬᠤ ᠵᠢ ᠳᠠᠭ᠋ᠠᠵᠤ᠂ ᠦᠢ᠍ᠯᠡᠴᠢᠯᠡᠨ᠎ᠡ᠃
— ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠡᠷᠭᠢᠯᠡᠬᠦ ᠭᠤᠤᠯ ᠴᠣᠭᠴᠠ ᠵᠢ 《ᠲᠠᠩ ᠴᠢᠭᠯᠡᠯ》 ᠪᠠᠶ᠋ᠢᠭᠰᠠᠨ᠎ᠠᠴᠠ 《ᠣᠯᠠᠨ ᠡᠰᠢᠲᠦ》 ᠪᠣᠯᠭ᠋ᠠᠨ ᠬᠤᠪᠢᠷᠠᠭᠤᠯᠵᠤ᠂ ᠨᠡᠶ᠋ᠢᠭᠡᠮ᠎ᠤᠨ ᠬᠦᠴᠦᠨ᠎ᠤ ᠣᠷᠣᠯᠴᠠᠬᠤ ᠵᠢ ᠨᠠᠩ ᠴᠢᠬᠤᠯᠠᠴᠢᠯᠠᠪᠠ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠪᠣᠯ ᠨᠢᠭᠡ ᠵᠦᠢ᠍ᠯ᠎ᠤᠨ ᠬᠤᠷᠠᠮᠠᠯ ᠢᠨᠵᠧᠨᠧᠷᠢᠩ ᠪᠣᠯᠤᠨ᠎ᠠ᠂ ᠭᠤᠤᠯᠯᠠᠬᠤ ᠬᠦᠴᠦᠨ ᠪᠣᠯ ᠵᠠᠰᠠᠭ᠎ᠤᠨ ᠣᠷᠳᠣᠨ᠂ ᠠᠵᠢᠯ ᠲᠥᠷᠥᠯ᠂ ᠠᠵᠤ ᠠᠬᠤᠶ᠋ᠢᠯᠠᠯ᠂ ᠰᠤᠷᠭ᠋ᠠᠭᠤᠯᠢ ᠬᠠᠮᠵᠢᠯᠴᠠᠨ ᠬᠠᠮᠲᠤᠷᠠᠯᠴᠠᠬᠤ ᠬᠥᠭᠵᠢᠯᠲᠡ ᠵᠢᠨ ᠲᠣᠭᠲᠠᠴᠠ ᠵᠢ ᠪᠠᠶ᠋ᠢᠭᠤᠯᠵᠤ᠂ ᠭᠤᠤᠯ ᠬᠠᠷᠠᠯᠲᠠ ᠪᠣᠯ ᠵᠠᠰᠠᠭ᠎ᠤᠨ ᠣᠷᠳᠣᠨ᠎ᠠᠴᠠ ᠡᠷᠭᠢᠯᠡᠨ ᠬᠢᠬᠦ᠎ᠪᠠᠷ ᠭᠤᠤᠯ ᠪᠣᠯᠭ᠋ᠠᠵᠤ ᠪᠠᠶ᠋ᠢᠭᠰᠠᠨ᠎ᠢ ᠵᠠᠰᠠᠭ᠎ᠤᠨ ᠣᠷᠳᠣᠨ᠎ᠠᠴᠠ ᠨᠢᠭᠡᠳᠦᠯᠲᠡᠶ ᠲᠥᠯᠥᠪᠯᠡᠨ ᠬᠠᠮᠢᠶᠠᠷᠴᠤ᠂ ᠰᠤᠷᠭ᠋ᠠᠭᠤᠯᠢ ᠡᠷᠭᠢᠯᠡᠬᠦ ᠪᠠᠢ᠌ᠷᠢᠰᠢᠯᠠᠭᠤᠯᠤᠯᠲᠠ᠎ᠳᠤ ᠨᠡᠢ᠌ᠭᠡᠮ᠎ᠤᠨ᠎ᠬᠢᠨ ᠣᠯᠠᠨ ᠲᠠᠯ᠎ᠠ᠎ᠠᠴᠠ ᠣᠷᠣᠯᠴᠠᠬᠤ ᠲᠡᠢ᠌ᠰᠢ ᠬᠤᠪᠢᠷᠠᠭᠤᠯᠬᠤ ᠵᠢ ᠪᠡᠶᠡᠯᠡᠭᠦᠯᠬᠦ ᠶᠠᠪᠤᠳᠠᠯ ᠪᠣᠯᠤᠨ᠎ᠠ᠃ 《ᠰᠠᠨᠠᠯ》᠎ᠳᠤ ᠰᠤᠷᠭ᠋ᠠᠭᠤᠯᠢ ᠡᠷᠭᠢᠯᠡᠬᠦ ᠬᠡᠯᠪᠡᠷᠢ ᠪᠠ ᠠᠭᠤᠯᠭ᠎ᠠ ᠵᠢᠨ ᠲᠠᠯ᠎ᠠ᠎ᠪᠠᠷ ᠰᠢᠨ᠎ᠡ ᠪᠠᠶ᠋ᠢᠷᠢᠯᠠᠭᠤᠯᠤᠯᠲᠠ ᠬᠢᠵᠦ᠂ ᠣᠷᠣᠨ ᠨᠤᠲᠤᠭ ᠪᠠ ᠭᠤᠤᠯᠳᠠᠯᠭ᠎ᠠ᠎ᠲᠠᠢ ᠠᠵᠢᠯ ᠲᠥᠷᠥᠯ᠎ᠤᠨ ᠥᠪᠡᠷ ᠪᠡᠶ᠎ᠡ ᠵᠢᠨ ᠣᠨᠴᠠᠯᠢᠭ ᠪᠠ ᠳᠠᠪᠠᠭᠤᠯᠢᠭ᠎ᠲᠠᠢ᠎ᠪᠠᠨ ᠤᠶᠠᠯᠳᠤᠭᠤᠯᠤᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢᠨ ᠲᠠᠯ᠎ᠠ᠎ᠪᠠᠷ ᠤᠷᠢᠳ ᠵᠶ᠋ᠠᠷ ᠬᠡᠷᠡᠭᠵᠢᠭᠦᠯᠦᠨ ᠤᠷᠢᠳ ᠵᠶ᠋ᠠᠷ ᠲᠤᠷᠰᠢᠵᠤ᠂ ᠤᠷᠢᠳ ᠵᠶ᠋ᠠᠷ ᠰᠢᠪᠲᠤᠯᠵᠤ᠂ ᠳᠠᠭᠤᠷᠢᠶᠠᠯ ᠦᠵᠡᠭᠦᠯᠦᠨ ᠬᠥᠲᠥᠯᠦᠨ ᠳᠠᠭ᠋ᠠᠭᠤᠯᠬᠤ ᠵᠢ ᠵᠣᠷᠢᠭᠵᠢᠭᠤᠯᠤᠨ ᠳᠡᠮᠵᠢᠨ᠎ᠡ᠃
ᠬᠣᠶᠠᠷ᠂ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠰᠢᠨ᠎ᠡ ᠠᠷᠭ᠎ᠠ ᠬᠡᠮᠵᠢᠶ᠎ᠡ
《ᠰᠠᠨᠠᠯ》᠎ᠳᠤ ᠰᠢᠨ᠎ᠡ ᠱᠠᠲᠤᠨ᠎ᠳᠠᠬᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠠᠯᠢ ᠣᠯᠠᠨ ᠴᠢᠬᠤᠯᠠ ᠶᠡᠬᠡ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠂ ᠡᠭᠦᠨ᠎ᠢ 《ᠨᠢᠭᠡ ᠴᠣᠭᠴᠠ᠂ ᠬᠣᠶᠠᠷ ᠵᠢᠭᠦᠷ᠂ ᠲᠠᠪᠤᠨ ᠭᠤᠤᠯᠳᠠᠯᠭ᠎ᠠ》 ᠭᠡᠵᠦ ᠬᠤᠷᠢᠶᠠᠩᠭᠤᠢ᠌ᠯᠠᠪᠠ᠃
《ᠨᠢᠭᠡ ᠴᠣᠭᠴᠠ》 ᠪᠣᠯ ᠮᠤᠵᠢ ᠵᠢᠨ ᠬᠡᠪᠴᠢᠶᠡᠨ᠎ᠤ ᠣᠲᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠰᠢᠨ᠎ᠡ ᠵᠠᠭᠪᠤᠷ᠎ᠢ ᠰᠦᠪᠡᠭᠴᠢᠯᠡᠬᠦ ᠪᠣᠯ ᠥᠭᠡᠷᠡᠴᠢᠯᠡᠯᠲᠡ ᠵᠢᠨ ᠰᠠᠭᠤᠷᠢ ᠮᠥᠨ᠃ ᠪᠣᠳᠠᠲᠠᠶ᠎ᠪᠠᠷ ᠬᠡᠯᠡᠪᠡᠯ᠂ ᠤᠯᠤᠰ᠎ᠤᠨ ᠣᠷᠣᠨ ᠪᠦᠰᠡ ᠵᠢᠨ ᠬᠥᠭᠵᠢᠭᠦᠯᠦᠯᠲᠡ ᠵᠢᠨ ᠲᠥᠯᠥᠪᠵᠢᠭᠦᠯᠭᠡ ᠪᠠ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠵᠢᠨ ᠲᠣᠭᠣᠷᠢᠨ᠎ᠳᠤ ᠲᠤᠯᠭ᠋ᠠᠮ ᠬᠡᠷᠡᠭᠴᠡᠭᠡ᠂ ᠨᠥᠬᠥᠴᠡᠯ᠎ᠤᠨ ᠰᠠᠭᠤᠷᠢ ᠵᠢᠴᠢ ᠥᠭᠡᠷᠡᠴᠢᠯᠡᠯᠲᠡ ᠵᠢ ᠰᠦᠪᠡᠭᠴᠢᠯᠡᠬᠦ ᠰᠠᠨᠠᠭ᠎ᠠ᠎ᠲᠠᠢ ᠮᠤᠵᠢ (ᠣᠷᠣᠨ᠂ ᠬᠣᠲᠠ) ᠵᠢ ᠰᠣᠩᠭᠣᠵᠤ᠂ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠬᠤ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠠ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠥᠵᠢᠯ᠎ᠢ ᠠᠭᠤᠰᠬᠠᠬᠤ ᠵᠡᠷᠭᠡ ᠲᠠᠯ᠎ᠠ ᠵᠢᠨ ᠥᠭᠡᠷᠡᠴᠢᠯᠡᠯᠲᠡ ᠵᠢᠨ ᠰᠢᠪᠲᠤᠯᠤᠯᠲᠠ᠂ ᠴᠡᠭ᠎ᠤᠨ ᠥᠭᠡᠷᠡᠴᠢᠯᠡᠯᠲᠡ ᠵᠢᠨ ᠰᠢᠪᠲᠤᠯᠤᠯᠲᠠ᠎ᠪᠠᠷ ᠪᠥᠬᠥ ᠲᠠᠯ᠎ᠠ ᠵᠢᠨ ᠴᠢᠨᠠᠷᠯᠢᠭ ᠬᠥᠭᠵᠢᠯᠲᠡ ᠵᠢ ᠳᠠᠶ᠋ᠢᠴᠢᠯᠠᠵᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠨᠢᠭᠡ ᠪᠦᠯᠦᠭ ᠰᠢᠨ᠎ᠡ ᠲᠤᠷᠰᠢᠯᠭ᠎ᠠ ᠰᠢᠨ᠎ᠡ ᠬᠡᠪ ᠵᠠᠭᠪᠤᠷ᠎ᠢ ᠪᠣᠶ ᠪᠣᠯᠭ᠋ᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ᠎ᠳᠤ ᠠᠰᠢᠭᠲᠠᠶ ᠲᠦᠷᠢᠮ᠎ᠤᠨ ᠣᠷᠴᠢᠨ ᠨᠥᠬᠥᠴᠡᠯ ᠪᠠ ᠠᠮᠢ ᠠᠬᠤᠶ ᠵᠢ ᠰᠢᠯᠢᠳᠡᠭᠵᠢᠭᠦᠯᠦᠨ᠎ᠡ᠃
《ᠬᠣᠶᠠᠷ ᠵᠢᠭᠦᠷ》᠂ ᠲᠤᠬᠠᠶ᠋ᠢᠯᠠᠪᠠᠯ᠂ ᠬᠣᠲᠠ ᠵᠢᠨ ᠬᠡᠪᠴᠢᠶᠡᠨ᠎ᠳᠠᠬᠢ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ ᠪᠣᠯᠤᠨ ᠠᠵᠢᠯ ᠲᠥᠷᠥᠯ᠎ᠤᠨ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ ᠠᠭᠤᠰᠤᠭᠰᠠᠨ ᠬᠠᠮᠲᠤ ᠵᠢᠨ ᠴᠣᠭᠴᠠ ᠪᠣᠯ ᠥᠭᠡᠷᠡᠴᠢᠯᠡᠯᠲᠡ ᠵᠢᠨ ᠠᠴᠢᠶᠠᠯᠠᠭᠴᠢ ᠮᠥᠨ᠃ ᠨᠢᠭᠡ ᠲᠠᠯ᠎ᠠ᠎ᠪᠠᠷ᠂ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠤ ᠦᠢ᠍ᠯᠡᠰ᠎ᠤᠨ ᠬᠦᠷᠢᠶᠡᠯᠡᠩ ᠵᠶ᠋ᠠᠷ ᠰᠠᠭᠤᠷᠢ ᠪᠣᠯᠭ᠋ᠠᠵᠤ᠂ ᠴᠢᠳᠠᠪᠤᠷᠢᠲᠠᠨ᠎ᠢ ᠬᠥᠮᠦᠵᠢᠭᠦᠯᠬᠦ᠂ ᠰᠢᠨ᠎ᠡ ᠵᠢ ᠡᠭᠦᠳᠴᠦ ᠦᠢ᠍ᠯᠡᠰ ᠪᠣᠰᠬᠠᠬᠤ᠂ ᠠᠵᠤ ᠦᠢ᠍ᠯᠡᠳᠪᠦᠷᠢ ᠠᠵᠤ ᠠᠬᠤᠶ ᠵᠢᠨ ᠴᠢᠨᠠᠷᠯᠢᠭ ᠬᠥᠭᠵᠢᠯᠲᠡ ᠵᠢ ᠠᠬᠢᠭᠤᠯᠬᠤ ᠴᠢᠳᠠᠮᠵᠢ᠎ᠲᠠᠢ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ ᠵᠢ ᠪᠠᠶ᠋ᠢᠭᠤᠯᠬᠤ ᠵᠢ ᠳᠡᠮᠵᠢᠵᠦ᠂ ᠵᠠᠰᠠᠭ᠎ᠤᠨ ᠣᠷᠳᠣᠨ᠂ ᠠᠵᠤ ᠠᠬᠤᠶ᠋ᠢᠯᠠᠯ᠂ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠵᠡᠷᠭᠡ ᠣᠯᠠᠨ ᠲᠠᠯ᠎ᠠ ᠵᠢᠨ ᠣᠷᠣᠯᠴᠠᠭᠰᠠᠨ ᠬᠡᠷᠡᠭ ᠡᠷᠬᠢᠯᠡᠭᠴᠢᠳ᠎ᠤᠨ ᠬᠤᠷᠠᠯ᠎ᠢ ᠪᠠᠶ᠋ᠢᠭᠤᠯᠤᠨ᠂ ᠪᠣᠳᠠᠲᠤ ᠴᠣᠭᠴᠠᠵᠢᠭᠤᠯᠤᠨ ᠠᠵᠢᠯᠯᠠᠭᠤᠯᠬᠤ ᠵᠢ ᠬᠡᠷᠡᠭᠵᠢᠭᠦᠯᠵᠦ᠂ ᠪᠠᠯᠠ ᠮᠥᠩᠭᠥ᠂ ᠮᠡᠷᠭᠡᠵᠢᠯ᠂ ᠴᠢᠳᠠᠪᠤᠷᠢᠲᠠᠨ᠂ ᠲᠥᠷᠥ ᠵᠢᠨ ᠪᠣᠳᠣᠯᠭ᠎ᠠ ᠵᠡᠷᠭᠡ ᠬᠦᠴᠦᠨ ᠵᠦᠢ᠍ᠯ᠎ᠢ ᠲᠥᠪᠯᠡᠷᠡᠭᠦᠯᠦᠨ᠂ ᠡᠯ᠎ᠡ ᠲᠥᠷᠥᠯ᠎ᠤᠨ ᠭᠤᠤᠯ ᠴᠣᠭᠴᠠᠲᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠳᠤ ᠭᠦᠨᠵᠡᠭᠡᠶ ᠣᠷᠣᠯᠴᠠᠬᠤ ᠵᠢ ᠪᠦᠲᠦᠮᠵᠢᠲᠡᠶ ᠠᠬᠢᠭᠤᠯᠤᠨ᠎ᠠ᠃ ᠨᠥᠭᠥᠭᠡ ᠲᠠᠯ᠎ᠠ᠎ᠪᠠᠷ᠂ ᠭᠣᠣᠯᠳᠠᠯᠭ᠋ᠠᠲᠠᠢ ᠠᠵᠢᠯ ᠲᠥᠷᠥᠯ ᠪᠠ ᠭᠣᠣᠯᠳᠠᠯᠭ᠋ᠠᠲᠠᠢ ᠬᠦᠷᠢᠶ᠎ᠡ ᠴᠠᠷᠠᠭ᠎ᠠ ᠵᠢ ᠤᠷᠢᠳ ᠵᠶ᠋ᠠᠷ ᠰᠣᠩᠭᠣᠵᠤ᠂ ᠬᠥᠲᠥᠴᠢ ᠠᠵᠤ ᠠᠬᠤᠶ᠋ᠢᠯᠠᠯ ᠪᠠ ᠥᠨᠳᠥᠷ ᠬᠢᠷᠢ ᠲᠦᠪᠰᠢᠨᠲᠦ ᠶᠡᠬᠡ ᠳᠡᠭᠡᠳᠦ ᠰᠤᠷᠭ᠋ᠠᠭᠤᠯᠢ᠂ ᠠᠵᠢᠯ ᠮᠡᠷᠭᠡᠵᠢᠯ᠎ᠤᠨ ᠰᠤᠷᠭ᠋ᠠᠭᠤᠯᠢ ᠲᠦᠷᠦᠭᠦᠯᠡᠨ᠂ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ᠂ ᠳᠡᠭᠡᠳᠦ ᠳᠤᠤᠷᠠᠳᠤ ᠤᠷᠤᠰᠬᠠᠯ᠎ᠤᠨ ᠠᠵᠤ ᠠᠬᠤᠶ᠋ᠢᠯᠠᠯ ᠵᠡᠷᠭᠡ ᠵᠢ ᠵᠣᠬᠢᠶᠠᠨ ᠪᠠᠶ᠋ᠢᠭᠤᠯᠵᠤ ᠬᠠᠮᠲᠤ᠎ᠪᠠᠷ ᠣᠷᠣᠯᠴᠠᠭᠰᠠᠨ ᠣᠷᠣᠨ ᠪᠦᠰᠡ ᠠᠯᠤᠰᠯᠠᠭᠰᠠᠨ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ ᠠᠭᠤᠰᠤᠭᠰᠠᠨ ᠬᠠᠮᠲᠤ ᠵᠢᠨ ᠴᠣᠭᠴᠠ ᠵᠢ ᠪᠠᠶ᠋ᠢᠭᠤᠯᠵᠤ᠂ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ᠎ᠤᠨ ᠡᠬᠢ ᠪᠠᠶᠠᠯᠢᠭ᠎ᠢ ᠬᠤᠷᠠᠮᠳᠤᠭᠤᠯᠤᠨ᠂ ᠨᠠᠶ᠋ᠢᠳᠠᠨ ᠬᠥᠮᠦᠵᠢᠭᠦᠯᠬᠦ᠂ ᠵᠠᠬᠢᠶᠠᠯᠠᠭ᠎ᠠ᠎ᠪᠠᠷ ᠬᠥᠮᠦᠵᠢᠭᠦᠯᠬᠦ ᠪᠠ ᠱᠠᠪᠢᠯᠠᠬᠤ ᠲᠦᠷᠢᠮ ᠵᠶ᠋ᠠᠷ ᠬᠥᠮᠦᠵᠢᠭᠦᠯᠬᠦ ᠵᠢ ᠥᠷᠨᠢᠭᠦᠯᠵᠦ᠂ ᠠᠵᠢᠯ ᠲᠥᠷᠥᠯ᠎ᠤᠨ ᠠᠵᠤ ᠠᠬᠤᠶ᠋ᠢᠯᠠᠯ᠎ᠤᠨ ᠠᠵᠢᠯᠲᠠᠨ᠎ᠳᠤ ᠬᠠᠨᠳᠤᠭᠤᠯᠤᠨ ᠠᠵᠢᠯ᠎ᠤᠨ ᠪᠠᠶ᠋ᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠭᠤᠯᠤᠯ᠂ ᠠᠵᠢᠯ᠎ᠤᠨ ᠪᠠᠶ᠋ᠢᠷᠢ ᠵᠢᠨ ᠪᠣᠯᠪᠠᠰᠤᠷᠠᠭᠤᠯᠤᠯ ᠪᠠ ᠦᠷᠭᠦᠯᠵᠢᠯᠡᠯ ᠰᠤᠷᠭ᠋ᠠᠨ ᠬᠥᠮᠦᠵᠢᠯ᠎ᠢ ᠥᠷᠨᠢᠭᠦᠯᠦᠨ᠂ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠪᠠᠶ᠋ᠢᠭᠤᠯᠵᠤ᠂ ᠠᠵᠢᠯ ᠲᠥᠷᠥᠯ᠎ᠳᠤ ᠲᠣᠭᠲᠠᠭᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃
《ᠲᠠᠪᠤᠨ ᠭᠣᠣᠯᠳᠠᠯᠭ᠎ᠠ》 ᠪᠣᠯ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢᠨ ᠲᠣᠭᠣᠷᠢᠨ᠎ᠳᠤ ᠲᠥᠯᠦᠪᠵᠢᠭᠦᠯᠦᠭᠰᠡᠨ ᠲᠠᠪᠤᠨ ᠵᠦᠢ᠍ᠯ᠎ᠤᠨ ᠭᠣᠣᠯᠳᠠᠯᠭ᠋ᠠᠲᠠᠢ ᠠᠵᠢᠯ ᠪᠣᠯᠤᠨ᠎ᠠ
ᠨᠢᠭᠡ᠎ᠳᠤ᠂ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠵᠠᠩᠭᠢᠯᠠᠭ᠎ᠠ ᠪᠣᠯᠬᠤ ᠰᠤᠷᠭ᠋ᠠᠭᠤᠯᠢ ᠡᠷᠭᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠤᠳᠤ ᠦᠶ᠎ᠡ ᠵᠢᠨ ᠦᠢ᠍ᠯᠡᠳᠬᠦ ᠦᠢ᠍ᠯᠡᠰ᠂ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠂ ᠤᠳᠤ ᠦᠶ᠎ᠡ ᠵᠢᠨ ᠲᠠᠷᠢᠶᠠᠯᠠᠩ᠎ᠤᠨ ᠪᠠᠴᠢᠮ ᠬᠡᠷᠡᠭᠰᠡᠬᠦ ᠲᠤᠰᠬᠠᠶ ᠮᠡᠷᠭᠡᠵᠢᠯ᠎ᠤᠨ ᠬᠦᠷᠢᠶ᠎ᠡ ᠴᠠᠷᠠᠭ᠎ᠠ ᠵᠢᠨ ᠲᠣᠭᠣᠷᠢᠨ᠎ᠳᠤ ᠨᠢᠭᠡ ᠪᠦᠯᠦᠭ ᠤᠯᠤᠰ᠎ᠤᠨ ᠲᠡᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠭᠤᠤᠯᠯᠠᠬᠤ ᠴᠢᠳᠠᠪᠤᠷᠢ ᠵᠢᠨ ᠪᠠᠢ᠌ᠭᠤᠯᠤᠯᠲᠠ ᠵᠢᠨ ᠲᠤᠰᠬᠠᠶ ᠮᠡᠷᠭᠡᠵᠢᠯᠲᠡᠨ᠎ᠤ ᠪᠦᠯᠬᠦᠮ᠎ᠢ ᠵᠣᠬᠢᠶᠠᠨ ᠪᠠᠶ᠋ᠢᠭᠤᠯᠵᠤ᠂ ᠨᠢᠭᠡ ᠪᠦᠯᠦᠭ ᠭᠤᠤᠯᠯᠠᠬᠤ ᠬᠢᠴᠢᠶᠡᠯ᠂ ᠴᠢᠨᠠᠷᠯᠢᠭ ᠵᠢᠭ᠋ᠠᠬᠤ ᠮᠠᠲ᠋ᠧᠷᠢᠶᠠᠯ᠂ ᠪᠠᠭᠰᠢ ᠵᠢᠨ ᠡᠩᠨᠡᠭᠡ᠂ ᠦᠢ᠍ᠯᠡᠳᠦᠯᠭᠡ ᠵᠢᠨ ᠲᠥᠷᠥᠯ ᠵᠦᠢ᠍ᠯ᠎ᠢ ᠪᠤᠢ ᠪᠣᠯᠭ᠋ᠠᠵᠤ᠂ ᠨᠢᠭᠡ ᠪᠦᠯᠦᠭ ᠤᠯᠤᠰ᠎ᠤᠨ ᠲᠡᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠤᠰᠬᠠᠶ ᠮᠡᠷᠭᠡᠵᠢᠯ᠎ᠤᠨ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠬᠥᠮᠥᠷᠭᠡ᠂ ᠰᠦᠯᠵᠢᠶᠡᠨ᠎ᠳᠠᠬᠢ ᠰᠢᠯᠢᠳᠡᠭ ᠬᠢᠴᠢᠶᠡᠯ ᠪᠠ ᠳᠠᠭᠤᠷᠢᠶᠠᠮᠠᠯ ᠦᠨᠡᠨ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠢ ᠰᠣᠩᠭᠣᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠶᠤᠨᠴᠢ ᠰᠤᠷᠭ᠋ᠠᠨ ᠬᠥᠮᠦᠵᠢᠯ᠎ᠤᠨ ᠲᠠᠪᠴᠠᠩ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠴᠢᠨᠠᠷᠯᠢᠭ ᠡᠬᠢ ᠪᠠᠶᠠᠯᠢᠭ᠎ᠢ ᠬᠠᠮᠲᠤ᠎ᠪᠠᠷ ᠬᠦᠷᠲᠡᠬᠦ ᠵᠢ ᠥᠷᠭᠡᠳᠬᠡᠨ᠂ ᠪᠥᠬᠥ ᠠᠷᠠᠳ᠎ᠤᠨ ᠨᠠᠰᠤᠨ ᠲᠤᠷᠰᠢᠳᠠ ᠰᠤᠷᠤᠯᠴᠠᠬᠤ ᠪᠠ ᠤᠷ᠎ᠠ ᠴᠢᠳᠠᠪᠤᠷᠢᠲᠤ ᠨᠡᠶ᠋ᠢᠭᠡᠮ᠎ᠤᠨ ᠪᠠᠶ᠋ᠢᠭᠤᠯᠤᠯᠲᠠ᠎ᠳᠤ ᠦᠢ᠍ᠯᠡᠴᠢᠯᠡᠭᠦᠯᠦᠨ᠎ᠡ᠃ ᠰᠢᠨ᠎ᠡ ᠡᠭᠡᠯᠵᠢ ᠵᠢᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ 《ᠬᠤᠤᠰ ᠥᠨᠳᠥᠷ ᠲᠥᠯᠥᠪᠯᠡᠭᠡ》 ᠵᠢ ᠰᠣᠩᠭᠣᠬᠤ ᠲᠥᠰᠦᠯ ᠪᠠ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ 《ᠬᠤᠤᠰ ᠰᠢᠯᠢᠳᠡᠭ ᠲᠥᠯᠥᠪᠯᠡᠭᠡ》 ᠵᠢᠨ ᠬᠡᠷᠡᠭᠵᠢᠭᠦᠯᠬᠦ ᠰᠠᠨᠠᠯ᠎ᠢ ᠲᠣᠭᠲᠠᠭ᠋ᠠᠵᠤ᠂ ᠨᠢᠭᠡ ᠪᠦᠯᠦᠭ ᠥᠨᠳᠥᠷ ᠬᠢᠷᠢ ᠲᠦᠪᠰᠢᠨᠲᠦ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠲᠤᠰᠬᠠᠶ ᠮᠡᠷᠭᠡᠵᠢᠯ᠎ᠢ ᠰᠣᠩᠭᠣᠵᠤ ᠪᠦᠲᠦᠭᠡᠨ ᠪᠠᠶ᠋ᠢᠭᠤᠯᠤᠨ᠎ᠠ᠃
ᠬᠣᠶᠠᠷ᠎ᠲᠤ᠂ 《ᠬᠤᠤᠰ ᠬᠢᠷᠢ ᠬᠡᠮᠲᠦ》 ᠪᠠᠭᠰᠢ ᠵᠢᠨ ᠡᠩᠨᠡᠭᠡ ᠵᠢ ᠪᠠᠶ᠋ᠢᠭᠤᠯᠤᠨ᠎ᠠ᠃ ᠲᠡᠷᠢᠭᠦᠨ᠎ᠤ ᠠᠵᠤ ᠠᠬᠤᠶ᠋ᠢᠯᠠᠯ ᠪᠠ ᠥᠨᠳᠥᠷ ᠬᠢᠷᠢ ᠲᠦᠪᠰᠢᠨᠲᠦ ᠶᠡᠬᠡ ᠰᠤᠷᠭ᠋ᠠᠭᠤᠯᠢ᠎ᠳᠤ ᠲᠦᠰᠢᠭᠯᠡᠨ ᠨᠢᠭᠡ ᠪᠦᠯᠦᠭ ᠤᠯᠤᠰ᠎ᠤᠨ ᠲᠠᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ 《ᠬᠤᠤᠰ ᠬᠢᠷᠢ ᠬᠡᠮᠲᠦ》 ᠪᠠᠭᠰᠢ ᠵᠢ ᠬᠥᠮᠦᠵᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ᠎ᠢ ᠪᠥᠲᠥᠭᠡᠨ ᠪᠠᠶ᠋ᠢᠭᠤᠯᠤᠨ᠎ᠠ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ 《ᠬᠤᠤᠰ ᠬᠢᠷᠢ ᠬᠡᠮᠲᠦ》 ᠪᠠᠭᠰᠢ ᠵᠢ ᠮᠠᠭ᠋ᠠᠳᠯᠠᠨ ᠲᠣᠭᠲᠠᠭ᠋ᠠᠬᠤ ᠠᠵᠢᠯ᠎ᠢ ᠠᠬᠢᠭᠤᠯᠵᠤ᠂ ᠡᠯ᠎ᠡ ᠭᠠᠵᠠᠷ᠎ᠤᠨ ᠮᠤᠵᠢ ᠵᠢᠨ ᠱᠠᠲᠤᠨ᠎ᠤ 《ᠬᠤᠤᠰ ᠬᠢᠷᠢ ᠬᠡᠮᠲᠦ》 ᠪᠠᠭᠰᠢ ᠵᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ᠂ ᠬᠡᠷᠡᠭᠵᠢᠭᠦᠯᠬᠦ ᠠᠷᠭ᠎ᠠ ᠲᠣᠭᠲᠠᠭ᠋ᠠᠬᠤ ᠵᠢ ᠵᠢᠯᠣᠭᠣᠳᠤᠨ᠎ᠠ᠃ ᠪᠦᠬᠦ ᠤᠯᠤᠰ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠪᠠᠭᠰᠢ ᠵᠢᠨ ᠬᠡᠪ ᠴᠢᠨᠠᠷ᠎ᠢ ᠳᠡᠭᠡᠭᠰᠢᠯᠡᠭᠦᠯᠬᠦ ᠲᠥᠯᠥᠪᠯᠡᠭᠡ ᠵᠢ ᠬᠡᠷᠡᠭᠵᠢᠭᠦᠯᠵᠦ᠂ ᠨᠢᠭᠡ ᠪᠦᠯᠦᠭ ᠳᠡᠭᠡᠳᠦ ᠰᠤᠷᠭ᠋ᠠᠭᠤᠯᠢ ᠵᠢ ᠰᠣᠩᠭᠣᠵᠤ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠠᠭᠰᠢ ᠵᠢᠨ ᠲᠤᠰᠬᠠᠢ ᠮᠡᠷᠭᠡᠵᠢᠯ᠎ᠤᠨ ᠡᠷᠳᠡᠮ᠎ᠤᠨ ᠴᠣᠯᠠ ᠵᠢᠨ ᠰᠣᠳᠤᠯᠬᠤ ᠰᠤᠷᠤᠭᠴᠢ ᠵᠢ ᠬᠠᠨᠳᠤᠯᠭ᠋ᠠᠲᠠᠢ ᠬᠥᠮᠦᠵᠢᠭᠦᠯᠬᠦ ᠠᠵᠢᠯ᠎ᠢ ᠥᠷᠨᠢᠭᠦᠯᠦᠨ᠎ᠡ᠃ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠨᠠᠷᠠᠲᠤ ᠵᠠᠬᠢᠷᠤᠯ ᠨᠠᠷᠠᠲᠤ ᠪᠠᠭᠰᠢ (ᠨᠠᠷᠠᠲᠤ ᠤᠷᠠᠨ ᠳᠠᠷᠬᠠᠨ) ᠵᠢ ᠬᠥᠮᠦᠵᠢᠭᠦᠯᠬᠦ ᠲᠥᠯᠥᠪᠯᠡᠭᠡ ᠵᠢ ᠬᠡᠷᠡᠭᠵᠢᠭᠦᠯᠵᠦ᠂ ᠲᠣᠭᠲᠠᠮᠠᠯ ᠠᠵᠢᠯ᠎ᠤᠨ ᠪᠠᠶ᠋ᠢᠷᠢ ᠪᠠ ᠰᠢᠯᠵᠢᠮᠡᠯ ᠠᠵᠢᠯ᠎ᠤᠨ ᠪᠠᠶ᠋ᠢᠷᠢ ᠵᠢ ᠤᠶᠠᠯᠳᠤᠭᠤᠯᠬᠤ ᠠᠷᠭ᠎ᠠ ᠬᠡᠯᠪᠡᠷᠢ ᠵᠢ ᠠᠪᠴᠤ᠂ ᠠᠵᠢᠯ ᠲᠥᠷᠥᠯ᠎ᠤᠨ᠎ᠬᠢᠨ᠎ᠤ ᠭᠠᠷᠮᠠᠭ᠋ᠠᠢ ᠭᠠᠷ᠎ᠢ ᠲᠠᠲᠠᠵᠤ ᠠᠵᠢᠯ ᠮᠡᠷᠭᠡᠵᠢᠯ᠎ᠤᠨ ᠰᠤᠷᠭ᠋ᠠᠭᠤᠯᠢ᠎ᠳᠤ ᠪᠠᠭᠰᠢᠯᠠᠭᠤᠯᠤᠨ᠎ᠠ᠃
ᠭᠤᠷᠪᠠ᠎ᠳᠤ᠂ ᠨᠡᠭᠡᠭᠡᠯᠲᠡᠲᠦ ᠮᠠᠶᠢᠭ᠎ᠤᠨ ᠣᠷᠣᠨ ᠪᠦᠰᠡ ᠵᠢᠨ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠬᠤ ᠦᠢ᠍ᠯᠡᠳᠦᠯᠭᠡ ᠵᠢᠨ ᠲᠥᠪ᠎ᠢ ᠪᠠᠶ᠋ᠢᠭᠤᠯᠤᠨ᠎ᠠ᠃ ᠥᠨᠳᠥᠷ ᠬᠢᠷᠢ ᠲᠦᠪᠰᠢᠨᠲᠦ ᠦᠢ᠍ᠯᠡᠳᠦᠯᠭᠡ ᠵᠢᠨ ᠲᠥᠪ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠡᠬᠢᠯᠡᠭᠦᠯᠵᠦ᠂ ᠵᠠᠰᠠᠭ᠎ᠤᠨ ᠣᠷᠳᠣᠨ᠎ᠠᠴᠠ ᠲᠠᠪᠴᠠᠩ ᠭᠠᠷᠭ᠋ᠠᠬᠤ᠂ ᠣᠯᠠᠨ ᠲᠠᠯ᠎ᠠ᠎ᠤᠨ᠎ᠬᠢᠨ ᠣᠷᠣᠯᠴᠠᠬᠤ᠂ ᠵᠠᠬ᠎ᠠ ᠳᠡᠯᠭᠡᠭᠦᠷ ᠵᠶ᠋ᠠᠷ ᠬᠥᠳᠡᠯᠭᠡᠬᠦ ᠬᠦᠴᠦᠨ ᠪᠣᠯᠭ᠋ᠠᠬᠤ᠎ᠪᠠᠷ ᠳᠠᠮᠵᠢᠭᠤᠯᠤᠨ᠂ ᠣᠷᠣᠨ ᠨᠤᠲᠤᠭ᠎ᠤᠨ ᠵᠠᠰᠠᠭ᠎ᠤᠨ ᠣᠷᠳᠣᠨ᠂ ᠠᠵᠤ ᠠᠬᠤᠶ᠋ᠢᠯᠠᠯ᠂ ᠰᠤᠷᠭ᠋ᠠᠭᠤᠯᠢ᠎ᠳᠤ ᠵᠦᠷᠢᠶᠡᠴᠢᠯᠡᠭᠰᠡᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ᠂ ᠨᠡᠶ᠋ᠢᠭᠡᠮ᠎ᠤᠨ ᠪᠣᠯᠪᠠᠰᠤᠷᠠᠭᠤᠯᠤᠯ᠂ ᠦᠨᠡᠨ ᠪᠣᠳᠠᠲᠤ ᠦᠢ᠍ᠯᠡᠳᠪᠦᠷᠢᠯᠡᠯ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠴᠢᠳᠠᠮᠵᠢ ᠵᠢ ᠲᠥᠪᠯᠡᠷᠡᠭᠦᠯᠦᠨ ᠨᠢᠭᠡ ᠴᠣᠭᠴᠠᠵᠢᠭᠤᠯᠤᠭᠰᠠᠨ ᠨᠢᠭᠡ ᠪᠦᠯᠦᠭ ᠣᠯᠠᠨ ᠨᠡᠶ᠋ᠢᠲᠡ ᠵᠢᠨ ᠦᠢ᠍ᠯᠡᠳᠦᠯᠭᠡ ᠵᠢᠨ ᠲᠥᠪ᠂ ᠠᠵᠤ ᠠᠬᠤᠶ᠋ᠢᠯᠠᠯ᠎ᠤᠨ ᠦᠢ᠍ᠯᠡᠳᠦᠯᠭᠡ ᠵᠢᠨ ᠲᠥᠪ᠂ ᠰᠤᠷᠭ᠋ᠠᠭᠤᠯᠢ ᠵᠢᠨ ᠦᠢ᠍ᠯᠡᠳᠦᠯᠭᠡ ᠵᠢᠨ ᠲᠥᠪ᠎ᠢ ᠲᠥᠷᠥᠯ ᠬᠤᠪᠢᠶᠠᠨ ᠪᠥᠲᠥᠭᠡᠨ ᠪᠠᠶ᠋ᠢᠭᠤᠯᠤᠨ᠎ᠠ᠃
ᠳᠥᠷᠪᠡ᠎ᠳᠤ᠂ ᠰᠤᠷᠤᠭᠴᠢᠳ᠎ᠤᠨ ᠦᠰᠦᠨ ᠪᠣᠶ᠋ᠢᠵᠢᠵᠤ ᠴᠢᠳᠠᠪᠤᠷᠢᠲᠠᠨ ᠪᠣᠯᠬᠤ ᠵᠠᠮ᠎ᠢ ᠥᠷᠭᠡᠳᠬᠡᠨ᠎ᠡ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠡᠷᠭᠢᠯᠡᠬᠦ ᠵᠢᠮ᠎ᠡ ᠶᠣᠰᠣ ᠪᠠ ᠤᠷ᠎ᠠ ᠴᠢᠳᠠᠪᠤᠷᠢᠲᠤ ᠴᠢᠳᠠᠪᠤᠷᠢᠲᠠᠨ᠎ᠤ ᠪᠣᠶ᠋ᠢᠵᠢᠬᠤ ᠵᠢᠮ᠎ᠡ ᠶᠣᠰᠣᠨ᠎ᠳᠤ ᠨᠡᠶ᠋ᠢᠴᠡᠭᠰᠡᠨ ᠰᠢᠯᠭ᠋ᠠᠯᠲᠠ ᠬᠢᠵᠦ ᠰᠣᠷᠣᠭᠴᠢ ᠡᠯᠰᠡᠬᠦ ᠲᠦᠷᠢᠮ᠎ᠢ ᠪᠠᠶ᠋ᠢᠭᠤᠯᠵᠤ᠂ ᠡᠯ᠎ᠡ ᠮᠤᠵᠢ ᠵᠢᠨ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠣᠬᠢᠷᠠᠭᠤᠯᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠲᠥᠰᠦᠯ᠎ᠢ ᠲᠣᠭᠲᠠᠭ᠋ᠠᠬᠤ ᠵᠢ ᠳᠡᠮᠵᠢᠵᠦ᠂ ᠬᠡᠷᠡᠭᠯᠡᠭᠡᠨ᠎ᠤ ᠬᠡᠯᠪᠡᠷᠢᠲᠦ ᠦᠨᠳᠦᠰᠦᠨ ᠠᠩᠭᠢᠲᠤ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠳᠠᠬᠢ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠰᠣᠷᠣᠭᠴᠢ ᠡᠯᠰᠡᠬᠦ ᠬᠡᠪᠴᠢᠶ᠎ᠡ ᠵᠢ ᠥᠷᠭᠡᠳᠬᠡᠨ᠎ᠡ; ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠨᠡᠪᠲᠡᠷᠡᠭᠦᠯᠬᠦ ᠬᠥᠮᠦᠵᠢᠭᠦᠯᠬᠦ ᠵᠢᠯᠣᠭᠣᠳᠬᠤ ᠰᠠᠨᠠᠯ᠎ᠢ ᠲᠣᠭᠲᠠᠭ᠋ᠠᠵᠤ᠂ ᠡᠯ᠎ᠡ ᠮᠤᠵᠢ ᠵᠢᠨ ᠳᠤᠮᠳᠠ ᠵᠡᠷᠭᠡ ᠵᠢᠨ ᠠᠵᠢᠯ ᠮᠡᠷᠭᠡᠵᠢᠯ ᠪᠣᠯᠤᠨ ᠳᠡᠭᠡᠳᠦ ᠵᠡᠷᠭᠡ ᠵᠢᠨ ᠠᠵᠢᠯ ᠮᠡᠷᠭᠡᠵᠢᠯ (3 + 2)᠎ᠢ ᠨᠡᠪᠲᠡᠷᠡᠭᠦᠯᠦᠨ ᠲᠠᠪᠤᠨ ᠵᠢᠯ ᠪᠣᠯᠭ᠋ᠠᠬᠤ᠂ ᠳᠤᠮᠳᠠ ᠵᠡᠷᠭᠡ ᠵᠢᠨ ᠠᠵᠢᠯ ᠮᠡᠷᠭᠡᠵᠢᠯ ᠪᠣᠯᠤᠨ ᠠᠵᠢᠯ ᠮᠡᠷᠭᠡᠵᠢᠯ᠎ᠤᠨ ᠦᠨᠳᠦᠰᠦᠨ ᠠᠩᠭᠢ ᠪᠤᠶᠤ ᠬᠡᠷᠡᠭᠯᠡᠭᠡᠨ᠎ᠤ ᠬᠡᠯᠪᠡᠷᠢᠲᠦ ᠦᠨᠳᠦᠰᠦᠨ ᠠᠩᠭᠢ (3 + 4) ᠵᠢ ᠨᠡᠪᠲᠡᠷᠡᠭᠦᠯᠦᠨ ᠲᠤᠯᠤᠭ᠋ᠠᠨ ᠵᠢᠯ ᠪᠣᠯᠭ᠋ᠠᠬᠤ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠲᠤᠰᠬᠠᠶ ᠮᠡᠷᠭᠡᠵᠢᠯ ᠪᠣᠯᠤᠨ ᠠᠵᠢᠯ ᠮᠡᠷᠭᠡᠵᠢᠯ᠎ᠤᠨ ᠦᠨᠳᠦᠰᠦᠨ ᠠᠩᠭᠢ ᠪᠤᠶᠤ ᠬᠡᠷᠡᠭᠯᠡᠭᠡᠨ᠎ᠤ ᠬᠡᠯᠪᠡᠷᠢᠲᠦ ᠦᠨᠳᠦᠰᠦᠨ ᠠᠩᠭᠢ (3 + 2) ᠵᠢ ᠨᠡᠪᠲᠡᠷᠡᠭᠦᠯᠦᠨ ᠲᠠᠪᠤᠨ ᠵᠢᠯ ᠪᠣᠯᠭ᠋ᠠᠨ ᠬᠥᠮᠦᠵᠢᠭᠦᠯᠬᠦ ᠵᠢ ᠳᠡᠮᠵᠢᠨ᠎ᠡ; ᠦᠨᠳᠦᠰᠦᠨ ᠠᠩᠭᠢᠲᠦ ᠰᠤᠷᠭ᠋ᠠᠭᠤᠯᠢ ᠵᠢᠨ ᠠᠵᠢᠯᠯᠠᠭᠰᠠᠨ ᠥᠩᠭᠡᠷᠡᠯᠲᠡ᠎ᠲᠠᠢ ᠠᠵᠢᠯ ᠮᠡᠷᠭᠡᠵᠢᠯ᠎ᠤᠨ ᠰᠤᠷᠭ᠋ᠠᠭᠤᠯᠢ ᠲᠡᠭᠦᠰᠦᠭᠰᠡᠳ᠎ᠢ ᠡᠯᠰᠡᠬᠦ ᠠᠷᠭ᠎ᠠ ᠵᠢ ᠲᠡᠭᠦᠯᠳᠡᠷᠵᠢᠭᠦᠯᠦᠨ᠎ᠡ; ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠣᠷᠣᠭᠴᠢ ᠵᠢᠨ ᠣᠨᠴᠠᠯᠢᠭ᠎ᠢ ᠦᠨᠳᠦᠰᠦᠯᠡᠨ᠂ ᠲᠤᠰᠬᠠᠶ ᠮᠡᠷᠭᠡᠵᠢᠯ᠎ᠤᠨ ᠠᠩᠭᠢ᠎ᠠᠴᠠ ᠦᠨᠳᠦᠰᠦᠨ ᠠᠩᠭᠢ᠎ᠳᠤ ᠳᠡᠪᠰᠢᠬᠦ ᠰᠢᠯᠭ᠋ᠠᠯᠲᠠ ᠵᠢᠨ ᠠᠷᠭ᠎ᠠ ᠪᠠ ᠬᠥᠮᠦᠵᠢᠭᠦᠯᠬᠦ ᠠᠷᠭ᠎ᠠ ᠮᠠᠶᠢᠭ᠎ᠢ ᠲᠡᠭᠦᠯᠳᠡᠷᠵᠢᠭᠦᠯᠵᠦ᠂ ᠥᠨᠳᠥᠷ ᠬᠢᠷᠢ ᠲᠦᠪᠰᠢᠨᠲᠦ ᠦᠨᠳᠦᠰᠦᠨ ᠠᠩᠭᠢᠲᠦ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ᠎ᠳᠤ ᠣᠷᠣᠯᠴᠠᠬᠤ ᠵᠢ ᠳᠡᠮᠵᠢᠵᠦ᠂ ᠠᠵᠢᠯ ᠮᠡᠷᠭᠡᠵᠢᠯ᠎ᠤᠨ ᠪᠠ ᠡᠩ᠎ᠤᠨ ᠠᠩᠭᠢ ᠵᠢᠨ ᠠᠭᠤᠰᠤᠯᠴᠠᠭ᠎ᠠ᠂ ᠵᠣᠬᠢᠴᠠᠩᠭᠤᠶ ᠬᠥᠭᠵᠢᠯᠲᠡ ᠵᠢ ᠠᠬᠢᠭᠤᠯᠤᠨ᠎ᠠ᠃
ᠲᠠᠪᠤ᠎ᠳᠤ᠂ ᠤᠯᠠᠨ ᠤᠯᠤᠰ᠎ᠤᠨ ᠰᠣᠯᠢᠯᠴᠠᠭ᠎ᠠ ᠪᠠ ᠬᠠᠮᠲᠤᠷᠠᠯᠴᠠᠭ᠋ᠠᠨ᠎ᠤ ᠲᠣᠭᠲᠠᠴᠠ ᠵᠢᠨ ᠲᠠᠯ᠎ᠠ᠎ᠪᠠᠷ ᠰᠢᠨ᠎ᠡ ᠵᠢ ᠡᠭᠦᠳᠦᠨ᠎ᠡ᠃ ᠳᠡᠯᠡᠬᠡᠢ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠶᠡᠬᠡ ᠬᠤᠷᠠᠯ ᠪᠠ ᠳᠡᠯᠡᠬᠡᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠦᠷᠭᠦᠯᠵᠢᠯᠡᠨ ᠰᠠᠶ᠋ᠢᠲᠤᠷ ᠡᠷᠬᠢᠯᠡᠵᠤ᠂ ᠵᠢᠭ᠋ᠠᠬᠤ ᠵᠢᠨ ᠳᠠᠭ᠋ᠠᠤ ᠦᠢ᠍ᠯᠡᠳᠪᠦᠷᠢᠯᠡᠬᠦ᠂ ᠦᠢ᠍ᠯᠡᠳᠪᠦᠷᠢᠯᠡᠬᠦ ᠵᠢᠭ᠋ᠠᠬᠤ ᠵᠢ ᠵᠡᠷᠭᠡ᠎ᠪᠠᠷ ᠲᠦᠯᠬᠢᠨ ᠠᠬᠢᠭᠤᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠠᠪᠴᠠᠩ᠎ᠢ ᠪᠤᠢ ᠪᠣᠯᠭ᠋ᠠᠵᠤ᠂ ᠡᠴᠦᠰ᠎ᠲᠤ᠎ᠪᠠᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠪᠠᠶ᠋ᠢᠯᠳᠤᠬᠤ ᠪᠤᠳᠤᠯᠭ᠎ᠠ ᠵᠢᠨ ᠡᠬᠢ ᠪᠠᠶᠠᠯᠢᠭ ᠪᠣᠯᠭ᠋ᠠᠨ ᠪᠠᠶ᠋ᠢᠭᠤᠯᠤᠨ᠎ᠠ᠃ ᠥᠨᠳᠥᠷ ᠬᠢᠷᠢ ᠲᠦᠪᠰᠢᠨᠲᠦ ᠳᠡᠯᠡᠬᠡᠶ᠋ᠢᠵᠢᠭᠰᠡᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠡᠬᠢᠯᠡᠭᠦᠯᠵᠦ᠂ ᠨᠢᠭᠡ ᠪᠦᠯᠦᠭ ᠳᠡᠯᠡᠬᠡᠶ᠋ᠢᠵᠢᠭᠰᠡᠨ ᠬᠡᠪ ᠳᠠᠭᠤᠷᠢᠶᠠᠯ ᠦᠵᠡᠭᠦᠯᠬᠦ ᠰᠤᠷᠭ᠋ᠠᠭᠤᠯᠢ ᠵᠢ ᠰᠣᠩᠭᠣᠵᠤ᠂ ᠨᠢᠭᠡ ᠪᠦᠯᠦᠭ ᠳᠡᠯᠡᠬᠡᠶ ᠳ᠋ᠠᠬᠢᠨ᠎ᠢ ᠨᠥᠯᠥᠭᠡᠯᠡᠬᠦ ᠬᠦᠴᠦᠨ᠎ᠲᠠᠢ ᠲᠤᠰᠬᠠᠶ ᠮᠡᠷᠭᠡᠵᠢᠯ᠎ᠤᠨ ᠪᠠᠷᠢᠮᠵᠢᠶ᠎ᠠ᠂ ᠬᠢᠴᠢᠶᠡᠯ᠎ᠤᠨ ᠪᠠᠷᠢᠮᠵᠢᠶ᠎ᠠ ᠪᠠ ᠴᠢᠨᠠᠷᠯᠢᠭ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠢ ᠭᠠᠷᠭ᠋ᠠᠨ᠎ᠠ᠃
ᠭᠤᠷᠪᠠ᠂ ᠠᠵᠢᠯ ᠵᠢ ᠠᠬᠢᠭᠤᠯᠬᠤ ᠰᠢᠨ᠎ᠡ ᠲᠣᠭᠲᠠᠴᠠ
《ᠰᠠᠨᠠᠯ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠳᠤ ᠳᠡᠭᠡᠳᠦ ᠳᠡᠰ᠎ᠤᠨ ᠲᠥᠯᠥᠪᠯᠡᠭᠡ ᠵᠢ ᠴᠢᠩᠭ᠋ᠠᠳᠬᠠᠵᠤ᠂ ᠪᠠᠶ᠋ᠢᠯᠳᠤᠬᠤ ᠪᠣᠳᠣᠯᠭ᠎ᠠ ᠵᠢᠨ ᠵᠢᠯᠣᠭᠣᠳᠤᠮᠵᠢ ᠵᠢ ᠳᠣᠪᠣᠶ᠋ᠢᠯᠭ᠋ᠠᠬᠤ ᠬᠡᠷᠡᠭᠲᠡᠶ ᠮᠥᠷᠲᠡᠭᠡᠨ ᠪᠠᠰᠠ ᠣᠷᠣᠨ ᠨᠤᠲᠤᠭ᠎ᠤᠨ ᠭᠤᠤᠯ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠲᠥᠪ ᠪᠠ ᠣᠷᠣᠨ ᠨᠤᠲᠤᠭ᠎ᠤᠨ ᠬᠣᠯᠪᠣᠭ᠋ᠠᠯᠠᠨ ᠬᠥᠳᠡᠯᠦᠯᠴᠡᠬᠦ᠎ᠳᠤ ᠰᠢᠨ᠎ᠡ ᠵᠢ ᠡᠭᠦᠳᠴᠦ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠭᠰᠠᠨ ᠥᠭᠡᠷᠡᠴᠢᠯᠡᠯᠲᠡ ᠵᠢᠨ ᠬᠠᠮᠲᠤ ᠵᠢᠨ ᠲᠠᠨᠢᠯᠲᠠ᠂ ᠪᠣᠭᠣᠮᠲᠠ ᠰᠢᠪᠲᠤᠯᠬᠤ ᠬᠠᠮ ᠬᠦᠴᠦᠨ᠎ᠢ ᠴᠢᠩᠭ᠋ᠠᠳᠬᠠᠬᠤ ᠬᠡᠷᠡᠭᠲᠡᠶ᠃ ᠡᠶ᠋ᠢᠮᠦ᠎ᠠᠴᠠ᠂ 《ᠰᠠᠨᠠᠯ》᠎ᠨᠢ ᠶᠠᠮᠤᠨ ᠮᠤᠵᠢ ᠬᠠᠮᠵᠢᠯᠴᠠᠨ ᠠᠬᠢᠭᠤᠯᠬᠤ ᠲᠣᠭᠲᠠᠴᠠ ᠵᠢ ᠪᠠᠶ᠋ᠢᠭᠤᠯᠬᠤ᠎ᠪᠠᠷ ᠭᠤᠤᠯ ᠪᠣᠯᠭ᠋ᠠᠵᠤ᠂ ᠲᠥᠪ ᠪᠠ ᠣᠷᠣᠨ ᠨᠤᠲᠤᠭ ᠬᠥᠳᠡᠯᠦᠯᠴᠡᠬᠦ᠂ ᠣᠷᠣᠨ ᠪᠦᠰᠡ ᠬᠣᠯᠪᠣᠭ᠋ᠠᠯᠠᠨ ᠬᠥᠳᠡᠯᠦᠯᠴᠡᠬᠦ᠂ ᠵᠠᠰᠠᠭ ᠵᠠᠬᠢᠷᠭ᠎ᠠ ᠠᠵᠤ ᠠᠬᠤᠶ᠋ᠢᠯᠠᠯ ᠰᠤᠷᠭ᠋ᠠᠭᠤᠯᠢ ᠬᠠᠮᠵᠢᠯᠴᠠᠨ ᠠᠵᠢᠯᠯᠠᠬᠤ ᠥᠭᠡᠷᠡᠴᠢᠯᠡᠯᠲᠡ ᠵᠢᠨ ᠰᠢᠨ᠎ᠡ ᠲᠣᠭᠲᠠᠴᠠ ᠵᠢ ᠲᠥᠯᠥᠪᠯᠡᠵᠦ᠂ ᠲᠦᠷᠢᠮ᠎ᠤᠨ ᠬᠠᠩᠭ᠋ᠠᠯᠭ᠎ᠠ ᠭᠦᠢ᠍ᠴᠡᠳ᠂ ᠨᠥᠬᠥᠴᠡᠯ᠎ᠤᠨ ᠪᠠᠲᠤᠯᠠᠭ᠎ᠠ ᠬᠦᠴᠦᠲᠡᠶ᠂ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ ᠭᠦᠨᠵᠡᠭᠡᠶ ᠠᠭᠤᠰᠤᠭᠰᠠᠨ ᠰᠢᠨ᠎ᠡ ᠠᠮᠢ ᠠᠬᠤᠶ ᠵᠢ ᠬᠦᠴᠦᠯᠡᠨ ᠪᠣᠶ ᠪᠣᠯᠭ᠋ᠠᠪᠠ᠃ ᠳᠠᠷᠠᠭ᠎ᠠ ᠠᠯᠬᠤᠮ᠎ᠳᠤ᠂ ᠴᠡᠭ᠂ ᠱᠤᠭᠤᠮ᠂ ᠲᠠᠯ᠎ᠠ ᠭᠤᠷᠪᠠᠨ ᠲᠠᠯ᠎ᠠ᠎ᠠᠴᠠ ᠨᠠᠶ᠋ᠢᠳᠠᠪᠤᠷᠢᠵᠢᠭᠤᠯᠤᠯᠲᠠ ᠵᠢ ᠠᠳᠬᠤᠨ᠎ᠠ᠃
ᠨᠢᠭᠡ᠎ᠳᠤ᠂ ᠴᠡᠭ᠎ᠢ ᠰᠢᠪᠲᠤᠯᠵᠤ᠂ ᠰᠠᠭᠤᠷᠢ᠎ᠲᠠᠢ᠂ ᠬᠦᠰᠡᠯ᠎ᠲᠠᠢ ᠭᠠᠵᠠᠷ ᠣᠷᠣᠨ᠎ᠤ᠎ᠬᠢᠨ ᠤᠷᠢᠳ ᠵᠶ᠋ᠠᠷ ᠳᠠᠭᠤᠷᠢᠶᠠᠯ ᠦᠵᠡᠭᠦᠯᠵᠦ᠂ ᠥᠯᠢᠭᠡᠷ ᠳᠠᠭᠤᠷᠢᠶᠠᠯ ᠪᠣᠯᠬᠤ ᠵᠢ ᠳᠡᠮᠵᠢᠨ᠎ᠡ᠃ 2023 ᠣᠨ᠎ᠤ ᠡᠬᠢ᠎ᠪᠠᠷ ᠤᠷᠢᠳ ᠵᠶ᠋ᠠᠷ 10 ᠰᠢᠬᠠᠮ ᠮᠤᠵᠢ ᠵᠢ ᠰᠣᠩᠭᠣᠵᠤ᠂ ᠶᠠᠮᠤᠨ ᠮᠤᠵᠢ ᠬᠠᠮᠵᠢᠯᠴᠠᠨ ᠠᠬᠢᠭᠤᠯᠬᠤ ᠲᠣᠭᠲᠠᠴᠠ ᠵᠢ ᠪᠠᠶ᠋ᠢᠭᠤᠯᠵᠤ᠂ 《ᠨᠢᠭᠡ ᠮᠤᠵᠢ ᠨᠢᠭᠡ ᠲᠥᠰᠦᠯ》 ᠭᠡᠬᠦ ᠨᠠᠶ᠋ᠢᠳᠠᠪᠤᠷᠢᠵᠢᠭᠤᠯᠬᠤ ᠲᠥᠰᠦᠯ᠎ᠢ ᠨᠠᠶ᠋ᠢᠷᠠᠭᠤᠯᠤᠨ ᠵᠣᠬᠢᠶᠠᠵᠤ᠂ 《ᠨᠢᠭᠡ ᠮᠤᠵᠢ ᠨᠢᠭᠡ ᠠᠷᠭ᠎ᠠ ᠪᠣᠳᠣᠯᠭ᠎ᠠ》 ᠭᠡᠬᠦ ᠵᠦᠷᠢᠶᠡᠴᠢᠯᠡᠭᠰᠡᠨ ᠳᠡᠮᠵᠢᠯᠭᠡ ᠦᠵᠡᠭᠦᠯᠵᠦ᠂ 《ᠨᠢᠭᠡ ᠮᠤᠵᠢ ᠨᠢᠭᠡ ᠡᠬᠡ ᠲᠠᠩᠰᠠ》 ᠵᠢ ᠵᠤᠷᠪᠤᠰ ᠳᠠᠷᠠᠭ᠋ᠠᠯᠠᠨ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠵᠢᠨ ᠬᠠᠮᠲᠤ ᠲᠤᠷᠰᠢᠯᠭ᠎ᠠ᠎ᠪᠠᠨ ᠡᠮᠬᠢᠯᠡᠵᠦ᠂ ᠵᠢᠮ᠎ᠡ ᠶᠣᠰᠣ ᠵᠢ ᠳ᠋ᠦᠩᠨᠡᠨ᠂ ᠣᠷᠣᠨ ᠪᠦᠰᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ᠎ᠢ ᠠᠭᠤᠰᠬᠠᠬᠤ ᠲᠥᠷᠥ ᠵᠢᠨ ᠪᠣᠳᠣᠯᠭ᠎ᠠ ᠵᠢᠨ 《ᠪᠠᠭ᠋ᠠᠵᠢ ᠵᠢᠨ ᠬᠠᠶ᠋ᠢᠷᠴᠠᠭ》᠎ᠢ ᠪᠣᠶ ᠪᠣᠯᠭ᠋ᠠᠬᠤ ᠵᠢᠨ ᠬᠠᠮᠲᠤ ᠳᠡᠯᠭᠡᠷᠡᠭᠦᠯᠦᠨ ᠬᠡᠷᠡᠭᠯᠡᠨ᠎ᠡ᠃
ᠬᠣᠶᠠᠷ᠎ᠲᠤ᠂ ᠱᠤᠭᠤᠮ᠎ᠢ ᠳᠡᠭᠡᠭᠰᠢᠯᠡᠭᠦᠯᠵᠦ᠂ ᠰᠤᠷᠭ᠋ᠠᠭᠤᠯᠢ ᠡᠷᠭᠢᠯᠡᠬᠦ ᠴᠢᠳᠠᠪᠤᠷᠢ ᠵᠢᠨ ᠵᠠᠩᠭᠢᠯᠠᠭ᠎ᠠ ᠵᠢᠨ ᠱᠤᠭᠤᠮ᠎ᠲᠠᠢ ᠤᠶᠠᠯᠳᠤᠭᠤᠯᠤᠨ᠂ ᠨᠢᠭᠡ ᠪᠦᠯᠦᠭ ᠵᠠᠩᠭᠢᠯᠠᠭ᠎ᠠ ᠵᠢᠨ ᠲᠥᠷᠥ ᠵᠢᠨ ᠪᠣᠳᠣᠯᠭ᠎ᠠ ᠪᠠ ᠭᠤᠤᠯᠳᠠᠯᠭ᠎ᠠ᠎ᠲᠠᠢ ᠵᠦᠢ᠍ᠯ᠎ᠢ ᠳᠣᠭᠲᠠᠭ᠋ᠠᠪᠠ᠃ ᠨᠢᠭᠡ ᠲᠠᠯ᠎ᠠ᠎ᠪᠠᠷ᠂ ᠡᠮᠦᠨ᠎ᠡ ᠳᠤᠷᠠᠳᠤᠭᠰᠠᠨ 《ᠲᠠᠪᠤᠨ ᠵᠦᠢ᠍ᠯ᠎ᠤᠨ ᠭᠣᠣᠯᠳᠠᠯᠭ᠋ᠠᠲᠠᠢ ᠠᠵᠢᠯ》᠎ᠤᠨ ᠲᠣᠭᠣᠷᠢᠨ᠎ᠳᠤ ᠲᠤᠰᠬᠠᠶ ᠢᠨᠵᠧᠨᠧᠷᠢᠩ᠎ᠤᠨ ᠲᠥᠯᠥᠪᠯᠡᠭᠡ ᠵᠢ ᠲᠣᠰ ᠲᠣᠰ ᠳᠣᠭᠲᠠᠭ᠋ᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠦᠷᠢᠶᠡᠨ᠎ᠳᠠᠬᠢ ᠥᠭᠡᠷᠡᠴᠢᠯᠡᠯᠲᠡ ᠵᠢ ᠬᠥᠲᠥᠯᠥᠨ ᠳᠠᠭ᠋ᠠᠭᠤᠯᠬᠤ ᠨᠢᠭᠡ ᠪᠦᠯᠦᠭ ᠤᠯᠤᠰ᠎ᠤᠨ ᠲᠠᠰ᠎ᠤᠨ ᠲᠥᠰᠦᠯ᠎ᠢ ᠳᠣᠭᠲᠠᠭ᠋ᠠᠵᠤ᠂ ᠬᠡᠪ ᠳᠠᠭᠤᠷᠢᠶᠠᠯ᠎ᠢ ᠪᠣᠶ ᠪᠣᠯᠭ᠋ᠠᠵᠤ᠂ ᠨᠠᠷᠠᠲᠤ ᠲᠡᠮᠳᠡᠭᠲᠦ ᠵᠢ ᠡᠭᠦᠳᠦᠨ᠎ᠡ᠃ ᠨᠥᠭᠥᠭᠡ ᠲᠠᠯ᠎ᠠ᠎ᠪᠠᠷ᠂ ᠬᠤᠪᠢ ᠣᠷᠣᠭᠤᠯᠬᠤ ᠲᠦᠷᠢᠮ᠂ ᠬᠣᠯᠢᠮᠠᠭ ᠥᠮᠴᠢᠯᠡᠯ᠎ᠤᠨ ᠲᠦᠷᠢᠮ᠎ᠤᠨ ᠥᠭᠡᠷᠡᠴᠢᠯᠡᠯᠲᠡ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠢᠯᠭ᠋ᠠᠯᠲᠠ ᠬᠢᠵᠦ ᠰᠣᠷᠣᠭᠴᠢ ᠡᠯᠰᠡᠬᠦ ᠲᠦᠷᠢᠮ᠎ᠤᠨ ᠥᠭᠡᠷᠡᠴᠢᠯᠡᠯᠲᠡ ᠵᠡᠷᠭᠡ ᠣᠷᠣᠨ ᠨᠤᠲᠤᠭ᠎ᠤᠨ 《ᠶᠠᠷᠢᠬᠤ᠎ᠠᠴᠠ ᠵᠢᠷᠦᠬᠡᠰᠢᠶᠡᠬᠦ》 《ᠬᠡᠯᠡᠬᠦ ᠵᠢᠨ ᠠᠷᠭ᠎ᠠ ᠥᠬᠡᠶ》 ᠬᠦᠴᠢᠷ ᠠᠰᠠᠭᠤᠳᠠᠯ᠎ᠳᠤ ᠴᠢᠭᠯᠡᠭᠦᠯᠦᠨ᠂ ᠤᠯᠤᠰ᠎ᠤᠨ ᠲᠠᠰ᠎ᠤᠨ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ᠂ ᠨᠡᠶ᠋ᠢᠭᠡᠮ ᠨᠡᠶ᠋ᠢᠲᠡ᠎ᠳᠤ ᠳᠣᠬᠢᠶ᠎ᠠ ᠳᠠᠮᠵᠢᠭᠤᠯᠵᠤ᠂ ᠣᠷᠣᠨ ᠨᠤᠲᠤᠭ᠎ᠲᠤ ᠳᠡᠮᠵᠢᠯᠭᠡ ᠬᠠᠩᠭ᠋ᠠᠵᠤ᠂ ᠦᠨᠳᠦᠰᠦᠨ ᠱᠠᠲᠤᠨ᠎ᠤ᠎ᠬᠢᠨ᠎ᠢ ᠬᠥᠲᠥᠯᠥᠨ ᠵᠢᠯᠣᠭᠣᠳᠴᠤ ᠵᠣᠷᠢᠭᠲᠠᠶ ᠲᠤᠷᠰᠢᠵᠤ ᠵᠣᠷᠢᠭᠲᠠᠶ ᠬᠢᠬᠦ ᠪᠣᠯᠭ᠋ᠠᠨ᠎ᠠ᠃
ᠭᠤᠷᠪᠠ᠎ᠳᠤ᠂ ᠨᠠᠮ᠎ᠤᠨ ᠤᠳᠤᠷᠢᠳᠤᠯᠭ᠎ᠠ ᠵᠢ ᠪᠦᠬᠦ ᠲᠠᠯ᠎ᠠ᠎ᠪᠠᠷ ᠴᠢᠩᠭ᠋ᠠᠳᠬᠠᠨ᠂ ᠤᠯᠤᠰ ᠲᠥᠷᠥ ᠵᠢᠨ ᠳᠠᠪᠠᠭᠤᠯᠢᠭ᠂ ᠵᠣᠬᠢᠶᠠᠨ ᠪᠠᠶ᠋ᠢᠭᠤᠯᠤᠯᠲᠠ ᠵᠢᠨ ᠳᠠᠪᠠᠭᠤᠯᠢᠭ ᠪᠣᠯᠤᠨ ᠳᠦᠷᠢᠮ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ 《ᠰᠠᠨᠠᠯ》᠎ᠳᠠᠬᠢ ᠲᠥᠷᠥ ᠵᠢᠨ ᠪᠣᠳᠣᠯᠭ᠎ᠠ ᠵᠢᠨ ᠠᠰᠢᠭ᠎ᠢ ᠰᠠᠶ᠋ᠢᠲᠤᠷ ᠬᠡᠷᠡᠭᠯᠡᠨ᠎ᠡ᠃ᠲᠣᠭᠲᠠᠴᠠ ᠵᠢᠨ ᠲᠠᠯ᠎ᠠ᠎ᠪᠠᠷ ᠬᠢᠨᠠᠨ ᠰᠢᠯᠭ᠋ᠠᠬᠤ ᠵᠢ ᠴᠢᠬᠤᠯᠠᠴᠢᠯᠠᠵᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠬᠥᠭᠵᠢᠭᠦᠯᠬᠦ ᠵᠢ ᠤᠯᠤᠰ ᠠᠷᠠᠳ᠎ᠤᠨ ᠠᠵᠤ ᠠᠬᠤᠶ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠂ ᠪᠦᠬᠦᠯᠢ ᠴᠣᠭᠴᠠ ᠵᠢᠨ ᠪᠠᠶ᠋ᠢᠷᠢᠯᠠᠭᠤᠯᠤᠯᠲᠠ᠎ᠳᠤ᠎ᠪᠠᠨ ᠣᠷᠣᠭᠤᠯᠵᠤ᠂ ᠨᠢᠭᠡᠳᠦᠯᠲᠡᠶ ᠲᠥᠯᠥᠪᠯᠡᠨ ᠬᠡᠷᠡᠭᠵᠢᠭᠦᠯᠬᠦ ᠵᠢᠨ ᠬᠠᠮᠲᠤ ᠳᠣᠣᠷ᠎ᠠ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠤᠷᠭ᠋ᠠᠨ ᠬᠥᠮᠦᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠭᠰᠡᠨ᠎ᠢ ᠬᠢᠨᠠᠨ ᠰᠢᠯᠭ᠋ᠠᠬᠤ ᠴᠢᠬᠤᠯᠠ ᠠᠭᠤᠯᠭ᠎ᠠ ᠪᠣᠯᠭ᠋ᠠᠨ᠎ᠠ᠃ ᠵᠣᠬᠢᠶᠠᠨ ᠪᠠᠶ᠋ᠢᠭᠤᠯᠤᠯᠲᠠ ᠵᠢᠨ ᠲᠠᠯ᠎ᠠ᠎ᠪᠠᠷ ᠰᠢᠨ᠎ᠡ ᠵᠢ ᠡᠭᠦᠳᠬᠦ ᠵᠢ ᠴᠢᠬᠤᠯᠠᠴᠢᠯᠠᠨ᠂ ᠣᠷᠣᠨ ᠨᠤᠲᠤᠭ᠎ᠤᠨ᠎ᠬᠢᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠣᠯᠤᠨ ᠪᠣᠯᠪᠠᠰᠤᠷᠠᠭᠤᠯᠤᠯ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠪᠠᠶ᠋ᠢᠭᠤᠯᠬᠤ ᠵᠢ ᠳᠡᠮᠵᠢᠵᠦ᠂ ᠬᠣᠯᠪᠤᠭᠳᠠᠬᠤ ᠡᠭᠦᠷᠭᠡ ᠴᠢᠳᠠᠪᠤᠷᠢ ᠵᠢ ᠡᠮᠬᠢᠯᠡᠨ ᠨᠡᠶ᠋ᠢᠯᠡᠭᠦᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠭᠦᠯᠦᠯᠲᠡ ᠵᠢ ᠨᠢᠭᠡᠳᠦᠯᠲᠡᠶ ᠲᠥᠯᠥᠪᠯᠡᠨ᠎ᠡ; ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠠᠵᠤ ᠦᠢ᠍ᠯᠡᠰ᠂ ᠠᠵᠤ ᠠᠬᠤᠶ ᠪᠣᠯᠤᠨ ᠨᠡᠶ᠋ᠢᠭᠡᠮ᠎ᠤᠨ ᠬᠦᠷᠢᠶᠡᠨ᠎ᠤ ᠨᠡᠷᠡᠲᠦ ᠲᠤᠰᠬᠠᠶ ᠮᠡᠷᠭᠡᠵᠢᠯᠲᠡᠨ᠂ ᠡᠷᠳᠡᠮᠲᠡᠨ ᠪᠣᠯᠤᠨ ᠡᠵᠡᠩᠨᠡᠨ ᠬᠠᠮᠢᠶᠠᠷᠤᠭᠴᠢ ᠵᠡᠷᠭᠡ ᠵᠢ ᠲᠥᠪᠯᠡᠷᠡᠭᠦᠯᠵᠦ᠂ ᠲᠤᠰᠬᠠᠶ ᠵᠣᠬᠢᠶᠠᠨ ᠪᠠᠶ᠋ᠢᠭᠤᠯᠤᠯᠲᠠ ᠵᠢ ᠪᠠᠶ᠋ᠢᠭᠤᠯᠤᠨ᠂ ᠲᠥᠷᠥ ᠵᠢᠨ ᠪᠣᠳᠣᠯᠭ᠎ᠠ ᠵᠢᠨ ᠵᠦᠪᠯᠡᠯᠭᠡ ᠥᠭᠬᠦ᠂ ᠪᠠᠷᠢᠮᠵᠢᠶᠠᠵᠢᠭᠤᠯᠤᠨ ᠰᠤᠳᠤᠯᠤᠨ ᠦᠢ᠍ᠯᠡᠳᠬᠦ᠂ ᠲᠥᠰᠦᠯ᠎ᠤᠨ ᠨᠤᠲᠠᠯᠠᠯᠲᠠ ᠬᠢᠬᠦ ᠵᠡᠷᠭᠡ ᠠᠵᠢᠯ᠎ᠢ ᠡᠭᠦᠷᠭᠡᠯᠡᠭᠦᠯᠦᠨ᠎ᠡ᠃ ᠲᠦᠷᠢᠮ᠎ᠤᠨ ᠲᠠᠯ᠎ᠠ᠎ᠪᠠᠷ ᠤᠷᠮᠠᠰᠢᠭᠤᠯᠬᠤ ᠵᠢ ᠴᠢᠬᠤᠯᠠᠴᠢᠯᠠᠨ᠎ᠠ᠂ ᠵᠢᠱ᠌ᠢᠶᠡᠯᠡᠪᠡᠯ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠢᠭᠡᠯᠡᠯᠭᠡ ᠵᠢᠨ ᠲᠡᠮᠳᠡᠭᠲᠦ᠂ ᠲᠥᠰᠦᠪ᠎ᠤᠨ ᠪᠠᠯᠠ ᠣᠷᠣᠭᠤᠯᠤᠯᠲᠠ᠂ ᠲᠥᠷᠥ ᠵᠢᠨ ᠪᠣᠳᠣᠯᠭ᠎ᠠ ᠵᠢᠨ ᠴᠢᠨᠠᠷᠲᠠᠢ ᠨᠡᠭᠡᠭᠡᠨ ᠬᠥᠭᠵᠢᠭᠦᠯᠬᠦ ᠴᠢᠨᠠᠷᠲᠠᠶ ᠮᠥᠩᠭᠥᠨ ᠭᠦᠢ᠍ᠯᠭᠡᠭᠡᠨ᠎ᠤ ᠪᠠᠭ᠋ᠠᠵᠢ ᠵᠡᠷᠭᠡ ᠵᠢᠨ ᠳᠡᠮᠵᠢᠬᠦ ᠬᠡᠪᠴᠢᠶ᠎ᠡ᠎ᠳᠤ ᠣᠷᠣᠭᠤᠯᠵᠤ᠂ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠳᠡᠮᠵᠢᠨ᠎ᠡ; ᠠᠵᠤ ᠠᠬᠤᠶ᠋ᠢᠯᠠᠯ᠎ᠠᠴᠠ ᠡᠷᠭᠢᠯᠡᠭᠰᠡᠨ ᠠᠰᠢᠭ ᠣᠯᠵᠠᠪᠤᠷᠢ ᠵᠢᠨ ᠪᠤᠰᠤ ᠴᠢᠨᠠᠷᠲᠠᠶ ᠠᠵᠢᠯ ᠮᠡᠷᠭᠡᠵᠢᠯ᠎ᠤᠨ ᠰᠤᠷᠭ᠋ᠠᠭᠤᠯᠢ ᠠᠳᠠᠯᠢ ᠱᠠᠲᠤᠨ᠎ᠤ ᠠᠳᠠᠯᠢ ᠲᠥᠷᠥᠯ᠎ᠤᠨ ᠠᠯᠪᠠᠨ᠎ᠠᠴᠠ ᠡᠷᠭᠢᠯᠡᠭᠰᠡᠨ ᠰᠤᠷᠭ᠋ᠠᠭᠤᠯᠢ ᠵᠢᠨ ᠰᠣᠷᠣᠭᠴᠢ ᠵᠢᠨ ᠳᠤᠮᠳᠠᠴᠢ ᠵᠠᠷᠤᠳᠠᠯ ᠵᠡᠷᠭᠡ ᠬᠣᠯᠪᠤᠭᠳᠠᠬᠤ ᠵᠠᠷᠤᠳᠠᠯ᠎ᠤᠨ ᠪᠠᠷᠢᠮᠵᠢᠶ᠎ᠠ ᠪᠠ ᠳᠡᠮᠵᠢᠯᠭᠡ ᠵᠢᠨ ᠲᠥᠷᠥ ᠵᠢᠨ ᠪᠣᠳᠣᠯᠭ᠎ᠠ᠎ᠪᠠᠷ ᠯᠠᠪᠯᠠᠯᠲᠠ ᠪᠣᠯᠭ᠋ᠠᠵᠤ ᠵᠣᠬᠢᠬᠤ ᠨᠥᠬᠥᠪᠥᠷᠢ ᠣᠯᠭᠣᠵᠤ ᠪᠣᠯᠤᠨ᠎ᠠ; ᠬᠣᠯᠪᠣᠭ᠋ᠠᠲᠤ ᠴᠣᠭᠴᠠ᠂ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ᠎ᠳᠤ ᠣᠷᠣᠯᠴᠠᠭᠰᠠᠨ ᠡᠩ᠎ᠤᠨ ᠳᠡᠭᠡᠳᠦ ᠰᠤᠷᠭ᠋ᠠᠭᠤᠯᠢ᠎ᠳᠤ ᠲᠠᠪᠴᠠᠩ᠎ᠤᠨ ᠪᠠᠶ᠋ᠢᠭᠤᠯᠤᠯᠲᠠ᠂ ᠰᠤᠷᠤᠭᠴᠢ ᠡᠯᠰᠡᠬᠦ ᠲᠥᠯᠥᠪᠯᠡᠭᠡ ᠵᠡᠷᠭᠡ ᠲᠠᠯ᠎ᠠ᠎ᠪᠠᠷ ᠲᠤᠰᠬᠠᠶ ᠳᠡᠮᠵᠢᠯᠭᠡ ᠦᠵᠡᠭᠦᠯᠦᠨ᠎ᠡ᠃
ᠵᠤᠷᠭ᠋ᠠᠨ᠎ᠤ ᠳᠠᠷᠤᠭ᠎ᠠ ᠡᠸᠦ ᠰᠢᠶᠤᠤ ᠯᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ᠎ᠤᠨ ᠠᠭᠤᠰᠤᠯᠴᠠᠭ᠎ᠠ ᠵᠢ ᠭᠦᠨᠵᠡᠭᠡᠶ᠋ᠢᠷᠡᠭᠦᠯᠬᠦ ᠬᠣᠯᠪᠤᠭᠳᠠᠬᠤ ᠪᠠᠶ᠋ᠢᠳᠠᠯ᠎ᠢ ᠲᠠᠨᠢᠯᠴᠠᠭᠤᠯᠪᠠ — ᠬᠠᠮᠲᠤ᠎ᠳᠤ᠎ᠪᠠᠨ ᠦᠵᠡᠵᠡᠭᠡᠶ᠎ᠡ —
ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠣᠯ ᠤᠯᠤᠰ ᠠᠷᠠᠳ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠪᠠ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠨᠡᠭᠡᠭᠡᠯᠲᠡ ᠵᠢᠨ ᠴᠢᠬᠤᠯᠠ ᠪᠦᠷᠢᠯᠳᠦᠬᠦᠨ ᠬᠡᠰᠡᠭ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ᠎ᠢ ᠪᠥᠲᠥᠭᠡᠨ ᠪᠠᠶ᠋ᠢᠭᠤᠯᠬᠤ᠂ ᠠᠵᠤ ᠠᠬᠤᠶ ᠵᠢᠨ ᠴᠢᠨᠠᠷᠯᠢᠭ ᠬᠥᠭᠵᠢᠯᠲᠡ ᠵᠢ ᠠᠬᠢᠭᠤᠯᠬᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ᠎ᠳᠤ ᠲᠤᠶ᠋ᠢᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃ ᠶᠡᠷᠦᠩᠬᠡᠶ ᠱᠦᠵᠢ ᠰᠢ ᠵᠢᠨ ᠫᠢᠩ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠢᠷᠡᠭᠡᠳᠦᠶ ᠭᠡᠭᠡᠨ ᠰᠠᠷᠠᠭᠤᠯ᠂ ᠶᠡᠬᠡ ᠦᠢ᠍ᠯᠡᠰ᠎ᠢ ᠪᠦᠲᠦᠭᠡᠵᠦ ᠪᠣᠯᠤᠨ᠎ᠠ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠥᠷᠥᠯ ᠬᠡᠯᠪᠡᠷᠢ ᠵᠢᠨ ᠪᠠᠶ᠋ᠢᠷᠢ ᠲᠣᠭᠲᠠᠭ᠋ᠠᠯᠲᠠ ᠵᠢ ᠰᠢᠯᠢᠳᠡᠭᠵᠢᠭᠦᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠵᠣᠬᠢᠴᠠᠬᠤ ᠴᠢᠨᠠᠷ᠎ᠢ ᠴᠢᠩᠭ᠋ᠠᠳᠬᠠᠨ᠂ ᠣᠲᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠥᠳᠲᠡᠷ ᠲᠦᠷᠭᠡᠨ ᠪᠠᠶ᠋ᠢᠭᠤᠯᠵᠤ᠂ ᠨᠠᠩ ᠣᠯᠠᠨ ᠥᠨᠳᠥᠷ ᠬᠡᠪ ᠪᠣᠯᠪᠠᠰᠤᠷᠠᠯ᠎ᠲᠠᠢ ᠤᠷ᠎ᠠ ᠴᠢᠳᠠᠪᠤᠷᠢᠲᠤ ᠴᠢᠳᠠᠪᠤᠷᠢᠲᠠᠨ᠂ ᠤᠷᠠᠨ ᠳᠠᠷᠬᠠᠨ᠂ ᠤᠯᠤᠰ᠎ᠤᠨ ᠲᠣᠮᠣ ᠤᠷᠠᠨ ᠳᠠᠷᠬᠠᠨ᠎ᠢ ᠬᠥᠮᠦᠵᠢᠭᠦᠯᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠣᠯᠤᠨ ᠠᠵᠤ ᠠᠬᠤᠶ ᠨᠡᠶ᠋ᠢᠭᠡᠮ᠎ᠤᠨ ᠵᠣᠬᠢᠴᠠᠩᠭᠤᠶ᠎ᠪᠠᠷ ᠬᠥᠭᠵᠢᠬᠦ ᠵᠢ ᠴᠢᠷᠮᠠᠶ᠋ᠢᠨ ᠠᠬᠢᠭᠤᠯᠪᠠ᠃ ᠳᠣᠣᠷ᠎ᠠ ᠭᠣᠣᠯᠳᠠᠭᠤ ᠭᠤᠷᠪᠠᠨ ᠲᠠᠯ᠎ᠠ᠎ᠠᠴᠠ ᠨᠠᠶ᠋ᠢᠳᠠᠪᠤᠷᠢᠵᠢᠭᠤᠯᠤᠯᠲᠠ ᠵᠢ ᠠᠬᠢᠭᠤᠯᠤᠭᠰᠠᠨ ᠪᠠᠶ᠋ᠢᠳᠠᠯ᠎ᠤᠨ ᠲᠤᠬᠠᠢ ᠶᠠᠷᠢᠶ᠎ᠠ᠃
ᠨᠢᠭᠡ᠂ ᠴᠢᠳᠠᠪᠤᠷᠢ ᠵᠢᠨ ᠪᠠᠶ᠋ᠢᠷᠢ ᠲᠣᠭᠲᠠᠭ᠋ᠠᠯᠲᠠ ᠵᠢ ᠴᠢᠩᠭ᠋ᠠᠳᠬᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠭᠦᠯᠦᠯᠲᠡ ᠵᠢᠨ ᠰᠠᠭᠤᠷᠢ ᠵᠢ ᠪᠠᠲᠤᠳᠬᠠᠪᠠ
ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠣᠯᠤᠨ ᠡᠩ᠎ᠤᠨ ᠰᠤᠷᠭ᠋ᠠᠨ ᠬᠥᠮᠦᠵᠢᠯ ᠪᠣᠯ ᠠᠳᠠᠯᠢ ᠪᠤᠰᠤ ᠬᠣᠶᠠᠷ ᠲᠥᠷᠥᠯ᠎ᠤᠨ ᠰᠤᠷᠭ᠋ᠠᠨ ᠬᠥᠮᠦᠵᠢᠯ ᠪᠠᠶ᠋ᠢᠵᠤ᠂ ᠠᠳᠠᠯᠢᠬᠠᠨ ᠴᠢᠬᠤᠯᠠ ᠪᠠᠶ᠋ᠢᠷᠢ ᠰᠠᠭᠤᠷᠢ᠎ᠲᠠᠢ ᠶᠤᠮ᠃ ᠣᠲᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠳᠤ ᠡᠷᠬᠡᠪᠰᠢ ᠵᠠᠬ᠎ᠠ ᠳᠡᠯᠭᠡᠭᠦᠷ᠎ᠲᠤ ᠬᠠᠨᠳᠤᠭᠤᠯᠬᠤ᠂ ᠬᠥᠭᠵᠢᠯᠲᠡ᠎ᠳᠤ ᠦᠢ᠍ᠯᠡᠴᠢᠯᠡᠬᠦ᠂ ᠠᠵᠢᠯ ᠣᠯᠭᠣᠯᠲᠠ ᠵᠢ ᠠᠬᠢᠭᠤᠯᠬᠤ ᠰᠤᠷᠭ᠋ᠠᠭᠤᠯᠢ ᠡᠷᠭᠢᠯᠡᠬᠦ ᠴᠢᠭᠯᠡᠯ᠎ᠢ ᠪᠠᠷᠢᠮᠲᠠᠯᠠᠮᠠᠨᠵᠢᠨ ᠰᠠᠶᠢ ᠲᠥᠷᠥᠯ ᠬᠡᠯᠪᠡᠷᠢ ᠵᠢᠨ ᠪᠠᠶ᠋ᠢᠷᠢ ᠲᠣᠭᠲᠠᠭ᠋ᠠᠯᠲᠠ ᠵᠢ ᠨᠠᠩ ᠲᠣᠳᠤᠷᠬᠠᠢ᠌ᠯᠠᠵᠤ᠂ ᠬᠥᠭᠵᠢᠯᠲᠡ ᠵᠢᠨ ᠬᠠᠨᠳᠤᠰᠢ ᠵᠢ ᠦᠷᠭᠦᠯᠵᠢᠯᠡᠨ ᠰᠠᠶ᠋ᠢᠵᠢᠷᠠᠭᠤᠯᠵᠤ᠂ ᠨᠡᠶ᠋ᠢᠭᠡᠮ᠎ᠤᠨ ᠦᠨᠡᠯᠡᠯᠲᠡ ᠵᠢ ᠲᠣᠭᠲᠠᠭᠤᠨ ᠵᠶ᠋ᠠᠷ ᠳᠡᠭᠡᠭᠰᠢᠯᠡᠭᠦᠯᠵᠦ ᠴᠢᠳᠠᠨ᠎ᠠ᠃ ᠣᠶ᠋ᠢᠷ᠎ᠠ ᠵᠢᠨ ᠵᠢᠯ᠂ ᠡᠯ᠎ᠡ ᠲᠠᠯ᠎ᠠ ᠵᠢᠨ᠎ᠬᠢᠨ᠎ᠤ ᠴᠢᠷᠮᠠᠶ᠋ᠢᠯᠭ᠎ᠠ᠎ᠪᠠᠷ ᠳᠡᠮᠵᠢᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠣᠷᠣᠭᠴᠢ ᠡᠯᠰᠡᠬᠦ ᠬᠡᠪᠴᠢᠶ᠎ᠡ ᠶᠡᠬᠡ᠎ᠪᠠᠷ ᠨᠡᠮᠡᠭᠳᠡᠵᠦ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠯ ᠪᠦᠷᠢ ᠤᠯᠤᠰ᠎ᠲᠤ ᠥᠨᠳᠥᠷ ᠬᠡᠪ ᠴᠢᠨᠠᠷ ᠪᠥᠬᠥᠶ ᠤᠷ᠎ᠠ ᠴᠢᠳᠠᠪᠤᠷᠢᠲᠤ ᠴᠢᠳᠠᠪᠤᠷᠢᠲᠠᠨ᠎ᠢ ᠪᠠᠷᠤᠭ 1000 ᠲᠦᠮᠡ ᠬᠥᠮᠦᠵᠢᠭᠦᠯᠵᠦ ᠥᠭᠪᠡ᠃ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠴᠢᠳᠠᠪᠤᠷᠢᠲᠠᠨ᠎ᠢ ᠬᠥᠮᠦᠵᠢᠭᠦᠯᠬᠦ ᠬᠡᠪᠴᠢᠶᠡᠨ᠎ᠤ ᠲᠠᠯ᠎ᠠ᠎ᠪᠠᠷ ᠲᠣᠰ ᠲᠣᠰ ᠮᠠᠨ᠎ᠤ ᠤᠯᠤᠰ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ ᠪᠠ ᠡᠩ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠬᠠᠭ᠋ᠠᠰ᠎ᠢ ᠡᠵᠡᠯᠡᠪᠡ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠤᠰᠬᠠᠶ ᠮᠡᠷᠭᠡᠵᠢᠯ᠎ᠨᠢ ᠵᠠᠬ᠎ᠠ ᠳᠡᠯᠭᠡᠭᠦᠷ᠎ᠤᠨ ᠬᠡᠷᠡᠭᠴᠡᠭᠡ ᠵᠢ ᠴᠢᠩᠭ᠎ᠠ ᠳᠠᠭ᠋ᠠᠵᠤ᠂ ᠪᠦᠲᠦᠴᠡ᠎ᠪᠠᠨ ᠲᠠᠰᠤᠷᠠᠯᠲᠠ ᠥᠬᠡᠶ ᠲᠣᠬᠢᠷᠠᠭᠤᠯᠤᠨ᠂ ᠪᠠᠶ᠋ᠢᠷᠢᠯᠠᠭᠤᠯᠤᠯᠲᠠ᠎ᠪᠠᠨ ᠦᠷᠭᠦᠯᠵᠢᠯᠡᠨ ᠰᠢᠯᠢᠳᠡᠭᠵᠢᠭᠦᠯᠵᠦ᠂ ᠪᠥᠬᠥ ᠤᠯᠤᠰ᠎ᠲᠤ 1300 ᠭᠠᠷᠤᠶ ᠲᠤᠰᠬᠠᠶ ᠮᠡᠷᠭᠡᠵᠢᠯ᠎ᠢ ᠨᠡᠭᠡᠭᠡᠵᠦ᠂ ᠤᠯᠤᠰ ᠠᠷᠠᠳ᠎ᠤᠨ ᠠᠵᠤ ᠠᠬᠤᠶ ᠵᠢᠨ ᠡᠯ᠎ᠡ ᠬᠦᠷᠢᠶ᠎ᠡ ᠵᠢ ᠦᠨᠳᠦᠰᠦᠨ᠎ᠳᠤ᠎ᠪᠠᠨ ᠬᠠᠮᠤᠷᠤᠭᠰᠠᠨ ᠪᠠᠶ᠋ᠢᠨ᠎ᠠ; ᠪᠠᠭᠰᠢ ᠵᠢᠨ ᠡᠩᠨᠡᠭᠡᠨ᠎ᠤ ᠪᠦᠲᠦᠴᠡ ᠵᠢ ᠲᠠᠰᠤᠷᠠᠯᠲᠠ ᠥᠬᠡᠶ ᠰᠢᠯᠢᠳᠡᠭᠵᠢᠭᠦᠯᠵᠦ᠂ 3 ᠵᠢᠯ᠎ᠠᠴᠠ ᠳᠡᠭᠡᠭᠰᠢ ᠠᠵᠤ ᠠᠬᠤᠶ᠋ᠢᠯᠠᠯ᠎ᠳᠤ ᠠᠵᠢᠯᠯᠠᠭᠰᠠᠨ ᠥᠩᠭᠡᠷᠡᠯᠲᠡ᠎ᠲᠠᠢ ᠬᠥᠮᠦᠰ᠎ᠤᠨ ᠳᠣᠲᠣᠷ᠎ᠠ᠎ᠠᠴᠠ ᠢᠯᠡ᠎ᠪᠠᠷ ᠪᠠᠭᠰᠢ ᠡᠯᠰᠡᠬᠦ ᠵᠢ ᠲᠦᠷᠭᠡᠳᠬᠡᠵᠦ᠂ 《ᠬᠤᠤᠰ ᠬᠢᠷᠢ ᠬᠡᠮᠲᠦ》 ᠪᠠᠭᠰᠢ ᠵᠢᠨ ᠬᠠᠷᠢᠴᠠᠯ ᠶᠠᠪᠤᠬᠤ ᠲᠤᠲᠤᠮ ᠥᠨᠳᠥᠷ ᠪᠣᠯᠵᠣ ᠪᠠᠶ᠋ᠢᠨ᠎ᠠ᠃ ᠮᠠᠨ᠎ᠤ ᠤᠯᠤᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠵᠠᠰᠠᠭ᠎ᠤᠨ ᠣᠷᠳᠣᠨ ᠭᠣᠣᠯ ᠴᠣᠭᠴᠠ ᠪᠠᠢ᠌ᠭᠰᠠᠨ᠎ᠠᠴᠠ ᠤᠯᠠᠨ ᠡᠰᠢᠵᠢᠭᠦᠯᠦᠨ ᠣᠷᠣᠯᠴᠠᠬᠤ᠂ ᠬᠡᠪᠴᠢᠶ᠎ᠡ᠎ᠪᠠᠨ ᠥᠷᠭᠡᠳᠬᠡᠬᠦ᠎ᠠᠴᠠ ᠠᠭᠤᠯᠤᠭᠳᠠᠬᠤᠨ ᠵᠶ᠋ᠠᠨ ᠬᠥᠭᠵᠢᠭᠦᠯᠬᠦ ᠲᠡᠶ᠋ᠢᠰᠢ ᠬᠥᠭᠵᠢᠵᠦ᠂ ᠡᠩ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠡᠷᠬᠢᠯᠡᠬᠦ ᠵᠠᠭᠪᠤᠷ ᠵᠶ᠋ᠠᠷ ᠯᠠᠪᠯᠠᠯᠲᠠ ᠪᠣᠯᠭ᠋ᠠᠵᠤ ᠪᠠᠶ᠋ᠢᠭᠰᠠᠨ᠎ᠠᠴᠠ ᠠᠵᠤ ᠠᠬᠤᠶ᠋ᠢᠯᠠᠯ ᠪᠠ ᠨᠡᠶ᠋ᠢᠭᠡᠮ᠎ᠤᠨ᠎ᠬᠢᠨ ᠣᠷᠣᠯᠴᠠᠬᠤ᠂ ᠲᠤᠰᠬᠠᠢ ᠮᠡᠷᠭᠡᠵᠢᠯ᠎ᠤᠨ ᠣᠨᠴᠠᠯᠢᠭ ᠢᠯᠡ ᠲᠣᠳᠣ ᠲᠦᠷᠦᠯ ᠬᠡᠯᠪᠡᠷᠢ ᠵᠢᠨ ᠰᠤᠷᠭ᠋ᠠᠨ ᠬᠥᠮᠦᠵᠢᠯ ᠲᠡᠶ᠋ᠢᠰᠢ ᠬᠤᠪᠢᠷᠠᠵᠤ᠂ ᠰᠢᠨ᠎ᠡ ᠴᠠᠭ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢᠨ ᠲᠦᠪᠰᠢᠨ᠎ᠢ ᠶᠡᠬᠡ᠎ᠪᠠᠷ ᠳᠡᠭᠡᠭᠰᠢᠯᠡᠭᠦᠯᠪᠡ᠃
ᠬᠣᠶᠠᠷ᠂ ᠠᠵᠤ ᠠᠬᠤᠶ ᠵᠢᠨ ᠬᠥᠭᠵᠢᠯᠲᠡ᠎ᠳᠤ ᠵᠣᠬᠢᠴᠠᠭᠤᠯᠤᠨ᠂ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠭᠰᠠᠨ ᠰᠤᠷᠭ᠋ᠠᠭᠤᠯᠢ ᠪᠣᠯᠤᠨ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠪᠡ
ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠮᠢᠵᠢᠷᠠᠯ᠎ᠤᠨ ᠬᠦᠴᠦᠨ ᠦᠢ᠍ᠯᠡᠳᠦᠯᠭᠡ ᠪᠠ ᠬᠡᠷᠡᠭᠯᠡᠯᠲᠡ᠎ᠳᠤ ᠪᠠᠶ᠋ᠢᠳᠠᠭ᠃ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠪᠣᠯ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠭᠣᠣᠯ ᠬᠥᠳᠡᠯᠭᠡᠬᠦ ᠬᠦᠴᠦᠨ ᠪᠣᠯᠤᠨ᠎ᠠ᠃ ᠤᠳᠤ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢᠨ ᠭᠣᠣᠯᠳᠠᠯᠭ᠎ᠠ᠎ᠨᠢ ᠰᠤᠷᠭ᠋ᠠᠨ ᠬᠥᠮᠦᠵᠢᠯ ᠵᠶ᠋ᠠᠷ ᠠᠵᠤ ᠦᠢ᠍ᠯᠡᠳᠪᠦᠷᠢ ᠵᠢ ᠠᠬᠢᠭᠤᠯᠤᠨ᠂ ᠠᠵᠤ ᠦᠢ᠍ᠯᠡᠳᠪᠦᠷᠢ᠎ᠪᠠᠷ ᠰᠤᠷᠭ᠋ᠠᠨ ᠬᠥᠮᠦᠵᠢᠯ᠎ᠢ ᠳᠡᠮᠵᠢᠵᠦ᠂ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ᠎ᠢ ᠠᠭᠤᠰᠬᠠᠨ᠂ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ᠎ᠤᠨ ᠬᠠᠮᠲᠤᠷᠠᠯᠴᠠᠭ᠎ᠠ ᠵᠢ ᠪᠠᠷᠢᠮᠲᠠᠯᠠᠬᠤ᠎ᠳᠤ ᠪᠠᠶ᠋ᠢᠨ᠎ᠠ᠃ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠬᠤ ᠲᠤᠬᠠᠶ ᠲᠥᠪ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠶᠣᠰᠤ᠎ᠪᠠᠷ ᠰᠤᠷᠭ᠋ᠠᠨ ᠬᠥᠮᠦᠵᠢᠯ᠎ᠤᠨ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ ᠪᠠ ᠠᠵᠤ ᠦᠢ᠍ᠯᠡᠰ᠎ᠤᠨ ᠬᠡᠯᠬᠢᠶ᠎ᠡ᠂ ᠰᠢᠨ᠎ᠡ ᠵᠢ ᠡᠭᠦᠳᠬᠦ ᠬᠡᠯᠬᠢᠶᠡᠨ᠎ᠤ ᠭᠦᠨᠵᠡᠭᠡᠶ ᠠᠭᠤᠰᠤᠯᠴᠠᠭ᠎ᠠ᠂ ᠣᠷᠭ᠋ᠠᠨᠢᠭ ᠵᠣᠯᠭ᠋ᠠᠯᠲᠠ ᠵᠢ ᠠᠬᠢᠭᠤᠯᠵᠤ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠰᠤᠷᠭ᠋ᠠᠨ ᠬᠥᠮᠦᠵᠢᠯ᠎ᠤᠨ ᠶᠠᠮᠤᠨ᠎ᠠᠴᠠ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠬᠤ ᠲᠤᠷᠰᠢᠯᠲᠠ ᠵᠢᠨ ᠴᠡᠭ᠎ᠤᠨ ᠬᠣᠲᠠ ᠪᠣᠯᠤᠨ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠬᠤ ᠬᠡᠯᠪᠡᠷᠢ ᠵᠢᠨ ᠠᠵᠤ ᠠᠬᠤᠶ᠋ᠢᠯᠠᠯ᠎ᠤᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠢᠳᠡᠪᠬᠢᠲᠡᠶ ᠠᠬᠢᠭᠤᠯᠵᠤ᠂ ᠣᠳᠣ ᠨᠢᠭᠡᠨᠲᠡ ᠤᠯᠤᠰ᠎ᠤᠨ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠬᠤ 21 ᠲᠤᠷᠰᠢᠯᠲᠠ ᠵᠢᠨ ᠴᠡᠭ᠎ᠤᠨ ᠬᠣᠲᠠ ᠵᠢ ᠮᠠᠭ᠋ᠠᠳᠯᠠᠨ ᠳᠣᠭᠲᠠᠭ᠋ᠠᠵᠤ᠂ ᠡᠯ᠎ᠡ ᠭᠠᠵᠠᠷ᠎ᠤᠨ᠎ᠬᠢᠨ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠬᠤ ᠬᠡᠯᠪᠡᠷᠢ ᠵᠢᠨ 4600 ᠭᠠᠷᠤᠶ ᠠᠵᠤ ᠠᠬᠤᠶ᠋ᠢᠯᠠᠯ᠎ᠢ ᠪᠣᠢ᠌ᠵᠢᠭᠤᠯᠤᠨ᠂ ᠨᠢᠭᠡ ᠪᠦᠯᠦᠭ ᠠᠵᠢᠯ ᠲᠥᠷᠥᠯ᠎ᠤᠨ ᠵᠣᠬᠢᠶᠠᠨ ᠪᠠᠶ᠋ᠢᠭᠤᠯᠤᠯᠲᠠ ᠪᠠ ᠠᠵᠢᠯ ᠲᠥᠷᠥᠯ᠎ᠤᠨ ᠨᠡᠶ᠋ᠢᠭᠡᠮᠯᠢᠭ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠬᠤ ᠠᠵᠢᠯ᠎ᠳᠤ ᠢᠳᠡᠪᠬᠢᠲᠡᠶ ᠣᠷᠣᠯᠴᠠᠵᠤ᠂ ᠨᠢᠭᠡᠨᠲᠡ ᠠᠩᠬ᠎ᠠ ᠠᠯᠬᠤᠮ ᠬᠣᠲᠠ᠎ᠪᠠᠷ ᠵᠠᠩᠭᠢᠶᠠᠰᠤ᠂ ᠠᠵᠢᠯ ᠲᠥᠷᠥᠯ ᠵᠶ᠋ᠠᠷ ᠲᠤᠯᠭ᠋ᠠᠭᠤᠷᠢᠯᠠᠯ᠂ ᠠᠵᠤ ᠠᠬᠤᠶ᠋ᠢᠯᠠᠯ ᠵᠶ᠋ᠠᠷ ᠭᠤᠤᠯᠳᠠᠯᠭ᠎ᠠ ᠪᠣᠯᠭ᠋ᠠᠭᠰᠠᠨ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ ᠵᠢ ᠠᠬᠢᠭᠤᠯᠬᠤ ᠲᠣᠭᠲᠠᠴᠠ ᠵᠢ ᠪᠦᠷᠢᠯᠳᠦᠭᠦᠯᠪᠡ᠃ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠣᠶ ᠪᠣᠯᠭ᠋ᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠣᠯᠤᠨ ᠠᠵᠤ ᠠᠬᠤᠶ ᠵᠢᠨ ᠬᠥᠭᠵᠢᠯᠲᠡ ᠵᠢᠨ ᠬᠣᠯᠪᠣᠭ᠋ᠠᠯᠠᠨ ᠬᠥᠳᠡᠯᠦᠯᠴᠡᠬᠦ ᠲᠣᠭᠲᠠᠴᠠ ᠵᠢ ᠲᠡᠭᠦᠯᠳᠡᠷᠵᠢᠭᠦᠯᠵᠦ᠂ ᠠᠵᠢᠯ ᠣᠯᠭᠣᠯᠲᠠ ᠵᠢ ᠠᠬᠢᠭᠤᠯᠬᠤ ᠪᠠ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠭᠤᠯᠬᠤ᠎ᠪᠠᠷ ᠤᠳᠤᠷᠢᠳᠤᠮᠵᠢ ᠪᠣᠯᠭ᠋ᠠᠵᠤ᠂ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠴᠢᠨᠠᠷᠲᠠᠶ ᠠᠭᠤᠰᠤᠯᠴᠠᠭ᠋ᠠᠨ᠎ᠤ ᠴᠢᠨᠠᠷᠯᠢᠭ ᠬᠥᠭᠵᠢᠯᠲᠡ ᠵᠢ ᠲᠤᠯᠭ᠋ᠠᠭᠤᠷᠢᠯᠠᠬᠤ ᠰᠢᠨ᠎ᠡ ᠬᠥᠳᠡᠯᠭᠡᠬᠦ ᠬᠦᠴᠦᠨ᠎ᠢ ᠬᠦᠴᠦᠯᠡᠨ ᠪᠠᠶ᠋ᠢᠭᠤᠯᠤᠨ᠎ᠠ᠃
ᠭᠤᠷᠪᠠ᠂ ᠪᠠᠯᠠ ᠣᠷᠣᠭᠤᠯᠤᠯᠲᠠ ᠵᠢᠨ ᠳᠡᠮᠵᠢᠯᠭᠡ ᠵᠢ ᠥᠷᠭᠡᠳᠭᠡᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠪᠠ
ᠤᠳᠤ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠬᠠᠲᠠᠭᠤ ᠨᠥᠬᠥᠴᠡᠯ ᠪᠣᠯ ᠰᠠᠭᠤᠷᠢ᠂ ᠪᠡᠯᠡ ᠣᠷᠣᠭᠤᠯᠤᠯᠲᠠ ᠪᠣᠯ ᠪᠠᠲᠤᠯᠠᠭ᠎ᠠ ᠮᠥᠨ᠃ ᠲᠥᠪ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠶᠣᠰᠤ᠎ᠪᠠᠷ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠪᠠᠯᠠ ᠣᠷᠣᠭᠤᠯᠵᠤ᠂ ᠪᠠᠯᠠ ᠳᠣᠭᠢᠷᠠᠭᠤᠯᠬᠤ ᠠᠷᠭ᠎ᠠ ᠵᠠᠮ ᠵᠶ᠋ᠠᠨ ᠥᠷᠭᠡᠳᠬᠡᠵᠦ᠂ ᠪᠠᠯᠠ ᠣᠷᠣᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠂ ᠭᠤᠤᠯᠳᠠᠭᠤ ᠭᠤᠷᠪᠠᠨ ᠲᠠᠯ᠎ᠠ᠎ᠪᠠᠷ ᠳᠠᠮᠵᠢᠭᠤᠯᠤᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠦᠨᠡᠨ ᠬᠦ᠌ ᠳᠡᠮᠵᠢᠨ᠎ᠡ᠃ ᠲᠥᠪ᠎ᠤᠨ ᠲᠥᠰᠦᠪ᠎ᠲᠠᠬᠢ ᠪᠡᠯᠡ ᠣᠷᠣᠭᠤᠯᠤᠯᠲᠠ ᠵᠢᠨ ᠲᠠᠯ᠎ᠠ᠎ᠪᠠᠷ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠠᠬᠢᠭᠤᠯᠬᠤ ᠢᠨᠵᠧᠨᠧᠷᠢᠩ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠠᠬᠢᠭᠤᠯᠬᠤ ᠢᠨᠵᠧᠨᠧᠷᠢᠩ ᠵᠡᠷᠭᠡ ᠴᠢᠬᠤᠯᠠ ᠶᠡᠬᠡ ᠢᠨᠵᠧᠨᠧᠷᠢᠩ ᠵᠶ᠋ᠠᠷ ᠳᠠᠮᠵᠢᠭᠤᠯᠤᠨ᠂ ᠲᠥᠪ᠎ᠤᠨ ᠲᠥᠰᠦᠪ᠎ᠲᠠᠬᠢ ᠪᠡᠯᠡ ᠣᠷᠣᠭᠤᠯᠤᠯᠲᠠ ᠵᠢ ᠲᠣᠬᠢᠷᠠᠭᠤᠯᠵᠤ᠂ ᠴᠢᠨᠠᠷᠯᠢᠭ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠬᠡᠷᠡᠭᠯᠡᠭᠡᠨ᠎ᠤ ᠬᠡᠯᠪᠡᠷᠢᠲᠦ ᠦᠨᠳᠦᠰᠦᠨ ᠠᠩᠭᠢᠲᠤ ᠳᠡᠭᠡᠳᠦ ᠰᠤᠷᠭ᠋ᠠᠭᠤᠯᠢ ᠵᠢᠨ ᠨᠢᠭᠡ ᠪᠦᠯᠦᠭ ᠥᠨᠳᠥᠷ ᠬᠢᠷᠢ ᠲᠦᠪᠰᠢᠨᠲᠦ᠂ ᠲᠤᠰᠬᠠᠶ᠋ᠢᠵᠢᠭᠰᠠᠨ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ᠎ᠢ ᠠᠭᠤᠰᠬᠠᠭᠰᠠᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠵᠡᠷᠭᠡ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠭᠤᠤᠯᠳᠠᠯᠭ᠎ᠠ᠎ᠲᠠᠢ ᠲᠥᠰᠦᠯ᠎ᠢ ᠲᠥᠪᠯᠡᠷᠡᠭᠦᠯᠦᠨ ᠳᠡᠮᠵᠢᠪᠡ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠢᠭᠡᠯᠡᠯᠭᠡ ᠵᠢᠨ ᠲᠡᠮᠳᠡᠭᠲᠦ ᠵᠢᠨ ᠲᠠᠯ᠎ᠠ᠎ᠪᠠᠷ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠴᠢᠨᠠᠷᠯᠢᠭ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠥᠰᠦᠯ᠎ᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠢᠭᠡᠯᠡᠯᠭᠡ ᠵᠢᠨ ᠲᠡᠮᠳᠡᠭᠲᠦ ᠵᠢ ᠨᠥᠭᠡᠴᠡᠯᠡᠬᠦ ᠬᠡᠪᠴᠢᠶᠡᠨ᠎ᠳᠤ ᠢᠳᠡᠪᠬᠢᠲᠡᠶ ᠣᠷᠣᠭᠤᠯᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠢᠭᠡᠯᠡᠯᠭᠡ ᠵᠢᠨ ᠲᠡᠮᠳᠡᠭᠲᠦ ᠵᠢ ᠳᠣᠭᠢᠷᠠᠭᠤᠯᠤᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠠᠭᠤᠷᠢ ᠲᠥᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢ ᠳᠡᠮᠵᠢᠬᠦ ᠵᠢ ᠬᠥᠲᠥᠯᠥᠨ ᠵᠢᠯᠣᠭᠣᠳᠬᠤ ᠵᠢ ᠵᠣᠷᠢᠭᠵᠢᠭᠤᠯᠪᠠ᠃ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠲᠠᠯ᠎ᠠ᠎ᠪᠠᠷ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠲᠥᠷᠥ ᠵᠢᠨ ᠪᠣᠳᠣᠯᠭ᠎ᠠ ᠵᠢᠨ ᠴᠢᠨᠠᠷᠲᠠᠶ ᠨᠡᠭᠡᠭᠡᠯᠲᠡᠲᠦ ᠴᠢᠨᠠᠷᠲᠠᠶ ᠮᠥᠩᠭᠥᠨ ᠭᠦᠢ᠍ᠯᠭᠡᠭᠡᠨ᠎ᠤ ᠪᠠᠭ᠋ᠠᠵᠢ᠂ ᠲᠥᠬᠥᠭᠡᠷᠦᠮᠵᠢ ᠵᠢ ᠰᠢᠨᠡᠳᠬᠡᠨ ᠥᠭᠡᠷᠡᠴᠢᠯᠡᠬᠦ ᠲᠤᠰᠬᠠᠶ ᠵᠢᠭᠡᠯᠡᠯᠭᠡ᠂ ᠦᠢ᠍ᠯᠡᠳᠬᠦ ᠦᠢ᠍ᠯᠡᠰ᠎ᠤᠨ ᠳᠤᠮᠳᠠ ᠪᠠ ᠤᠷᠲᠤ ᠬᠤᠭᠤᠴᠠᠭ᠋ᠠᠨ᠎ᠤ ᠵᠢᠭᠡᠯᠡᠯᠭᠡ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠎ᠳᠤ ᠴᠢᠨᠠᠷᠯᠢᠭ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠥᠰᠦᠯ᠎ᠢ ᠴᠠᠭ ᠲᠤᠬᠠᠶ᠎ᠳᠤᠨᠢ ᠪᠠᠲᠤᠯᠠᠨ ᠲᠠᠨᠢᠯᠴᠠᠭᠤᠯᠵᠤ᠂ ᠡᠯ᠎ᠡ ᠭᠠᠵᠠᠷ᠎ᠢ ᠵᠣᠬᠢᠴᠠᠭᠤᠯᠤᠨ ᠣᠯᠠᠨ ᠤᠯᠤᠰ᠎ᠤᠨ ᠮᠥᠩᠭᠥᠨ ᠭᠦᠢ᠍ᠯᠭᠡᠭᠡᠨ᠎ᠤ ᠵᠣᠬᠢᠶᠠᠨ ᠪᠠᠶ᠋ᠢᠭᠤᠯᠤᠯᠲᠠ ᠪᠣᠯᠤᠨ ᠭᠠᠳᠠᠭ᠋ᠠᠳᠤ ᠤᠯᠤᠰ᠎ᠤᠨ ᠵᠠᠰᠠᠭ᠎ᠤᠨ ᠣᠷᠳᠣᠨ᠎ᠤ ᠵᠢᠭᠡᠯᠡᠯᠭᠡ ᠵᠢ ᠭᠦᠢ᠍ᠴᠡᠳ ᠬᠡᠷᠡᠭᠯᠡᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠥᠰᠦᠯ᠎ᠤᠨ ᠪᠦᠲᠦᠭᠡᠨ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠯᠡᠨ ᠳᠡᠮᠵᠢᠨ᠎ᠡ᠃ ᠳᠡᠭᠡᠷ᠎ᠡ ᠳᠤᠷᠠᠳᠤᠭᠰᠠᠨ ᠲᠥᠷᠥ ᠵᠢᠨ ᠪᠣᠳᠣᠯᠭ᠎ᠠ ᠵᠢᠨ ᠠᠬᠢᠭᠤᠯᠤᠯ ᠵᠶ᠋ᠠᠷ ᠡᠯ᠎ᠡ ᠱᠠᠲᠤᠨ᠎ᠤ ᠡᠯ᠎ᠡ ᠲᠥᠷᠥᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠰᠠᠭᠤᠷᠢ ᠲᠥᠬᠦᠭᠡᠷᠦᠮᠵᠢ᠂ ᠬᠡᠮᠵᠢᠭᠦᠷᠯᠢᠭ ᠲᠥᠬᠥᠭᠡᠷᠦᠮᠵᠢ ᠵᠡᠷᠭᠡ ᠰᠤᠷᠭ᠋ᠠᠭᠤᠯᠢ ᠡᠷᠭᠢᠯᠡᠬᠦ ᠨᠥᠬᠥᠴᠡᠯ᠎ᠢ ᠢᠯᠡᠳᠲᠡ ᠰᠠᠶ᠋ᠢᠵᠢᠷᠠᠭᠤᠯᠵᠤ᠂ ᠴᠢᠳᠠᠪᠤᠷᠢᠲᠠᠨ᠎ᠢ ᠬᠥᠮᠦᠵᠢᠭᠦᠯᠬᠦ ᠴᠢᠨᠠᠷ ᠴᠢᠨᠰᠠᠭ᠎ᠠ ᠵᠢ ᠢᠯᠡᠳᠲᠡ ᠳᠡᠭᠡᠭᠰᠢᠯᠡᠭᠦᠯᠦᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠠᠲᠠᠬᠤ ᠬᠦᠴᠦᠨ ᠪᠠ ᠢᠷᠠᠭᠤ ᠠᠯᠳᠠᠷ᠎ᠤᠨ ᠬᠡᠮᠵᠢᠶ᠎ᠡ ᠵᠢ ᠳᠡᠭᠡᠭᠰᠢᠯᠡᠭᠦᠯᠦᠨ᠎ᠡ᠃
ᠳᠠᠷᠠᠭ᠎ᠠ ᠠᠯᠬᠤᠮ᠎ᠳᠤ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠣᠲᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢ ᠢᠳᠡᠪᠬᠢᠲᠡᠶ ᠭᠦᠨᠵᠡᠭᠡᠶ᠋ᠢᠷᠡᠭᠦᠯᠵᠦ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠭᠢᠯᠡᠬᠦ᠎ᠳᠤ ᠨᠠᠩ ᠶᠡᠬᠡ ᠬᠤᠪᠢ ᠨᠡᠮᠡᠷᠢ ᠦᠵᠡᠭᠦᠯᠬᠦ ᠪᠣᠯᠤᠨ᠎ᠠ᠃
ᠣᠳᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢᠴᠢ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠋ᠠᠨᠳᠤ ᠶᠠᠮᠠᠷ ᠣᠨᠴᠠᠯᠢᠭᠲᠤ ᠲᠤᠷᠰᠢᠯᠭ᠎ᠠ ᠪᠠ ᠠᠷᠭ᠎ᠠ ᠪᠠᠷᠢᠯ ᠪᠠᠢ᠌ᠬᠤ ᠪᠤᠢ? — ᠬᠠᠮᠲᠤ᠎ᠳᠤ᠎ᠪᠠᠨ ᠦᠵᠡᠵᠡᠭᠡᠶ᠎ᠡ —
ᠮᠤᠵᠢ ᠵᠢᠨ ᠬᠡᠪᠴᠢᠶᠡᠨ᠎ᠤ ᠣᠳᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ
ᠤᠨ ᠳᠣᠭᠲᠠᠯᠴᠠᠭ᠎ᠠ ᠵᠢ ᠰᠦᠪᠡᠭᠴᠢᠯᠡᠵᠦ᠂ ᠰᠢᠨ᠎ᠡ ᠵᠠᠭᠪᠤᠷ ᠢ ᠪᠥᠲᠦᠭᠡᠨ ᠪᠠᠢ᠌ᠭᠤᠯᠤᠶ᠎ᠠ
ᠲᠢᠶᠠᠨᠵᠢᠨ ᠬᠣᠲᠠ ᠵᠢᠨ ᠰᠤᠷᠭ᠋ᠠᠨ ᠬᠥᠮᠦᠵᠢᠯ᠎ᠤᠨ ᠵᠥᠪᠯᠡᠯ
ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠲᠢᠶᠠᠨᠵᠢᠨ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠶᠡᠷᠦᠩᠬᠡᠶ ᠱᠦᠵᠢ ᠰᠢ ᠵᠢᠨ ᠫᠢᠩ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ᠂ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ ᠰᠢᠯᠢᠳᠡᠭ᠎ᠢ ᠬᠥᠮᠦᠵᠢᠭᠦᠯᠵᠦ᠂ ᠥᠷᠲᠡᠭ᠎ᠢ ᠨᠡᠮᠡᠭᠳᠡᠭᠦᠯᠦᠨ ᠴᠢᠳᠠᠪᠤᠷᠢ ᠣᠯᠭᠣᠵᠤ᠂ ᠴᠢᠨᠠᠷ ᠴᠢᠨᠰᠠᠭ᠋ᠠᠨ᠎ᠤ ᠬᠦᠴᠦᠷᠬᠡᠭ᠎ᠢ ᠵᠣᠷᠢᠪᠠ᠃
ᠨᠢᠭᠡ᠎ᠳᠤ᠂ ᠲᠦᠷᠢᠮ᠎ᠤᠨ ᠲᠥᠯᠦᠪᠵᠢᠭᠦᠯᠭᠡ ᠵᠢ ᠦᠷᠭᠦᠯᠵᠢᠯᠡᠨ ᠰᠢᠨᠡᠴᠢᠯᠡᠪᠡ᠃ ᠤᠷᠢᠳ ᠬᠣᠵᠢᠳ ᠶᠠᠮᠤᠨ ᠪᠠ ᠬᠣᠲᠠ ᠬᠠᠮᠲᠤᠷᠠᠨ ᠤᠯᠤᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠣᠷᠣᠨ᠂ ᠳᠠᠭᠤᠷᠢᠶᠠᠯ ᠦᠵᠡᠭᠦᠯᠬᠦ ᠣᠷᠣᠨ ᠪᠠ 《ᠳᠠᠭᠤᠷᠢᠶᠠᠯ ᠦᠵᠡᠭᠦᠯᠬᠦ ᠣᠷᠣᠨ᠎ᠤ ᠲᠠᠰ ᠳᠡᠪᠰᠢᠭᠰᠡᠨ ᠬᠡᠪ》᠎ᠢ ᠪᠠᠶ᠋ᠢᠭᠤᠯᠵᠤ᠂ ᠬᠠᠶ ᠾᠧ ᠰᠤᠷᠭ᠋ᠠᠨ ᠬᠥᠮᠦᠵᠢᠯ᠎ᠤᠨ ᠬᠦᠷᠢᠶᠡᠯᠡᠩ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠠᠭᠤᠷᠢᠶᠠᠯ ᠦᠵᠡᠭᠦᠯᠬᠦ ᠴᠣᠩᠬᠣᠪᠴᠢ ᠵᠢ ᠠᠮᠵᠢᠯᠲᠠ᠎ᠲᠠᠶ ᠪᠠᠶ᠋ᠢᠭᠤᠯᠵᠤ᠂ ᠠᠵᠢᠯ ᠲᠥᠷᠥᠯ ᠵᠶ᠋ᠠᠷ ᠰᠤᠷᠭ᠋ᠠᠭᠤᠯᠢ ᠡᠷᠭᠢᠯᠡᠬᠦ᠂ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠬᠤ᠂ ᠠᠵᠤ ᠦᠢ᠍ᠯᠡᠳᠪᠦᠷᠢ ᠪᠠ ᠰᠤᠷᠭ᠋ᠠᠭᠤᠯᠢ ᠵᠢ ᠤᠶᠠᠯᠳᠤᠭᠤᠯᠬᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ ᠪᠠ ᠦᠷᠭᠦᠯᠵᠢᠯᠡᠯ ᠰᠤᠷᠭ᠋ᠠᠨ ᠬᠥᠮᠥᠵᠢᠯ᠎ᠢ ᠬᠠᠮᠵᠢᠯᠴᠠᠭᠤᠯᠬᠤ ᠵᠡᠷᠭᠡ ᠲᠤᠷᠰᠢᠯᠭ᠎ᠠ ᠪᠠ ᠠᠷᠭ᠎ᠠ ᠪᠠᠷᠢᠯ᠎ᠢ ᠪᠦᠷᠢᠯᠳᠦᠭᠦᠯᠪᠡ᠃ ᠬᠣᠶᠠᠷ᠎ᠲᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠦᠷᠭᠦᠯᠵᠢᠯᠡᠨ ᠲᠡᠭᠦᠯᠳᠡᠷᠵᠢᠭᠦᠯᠪᠡ᠃ ᠳᠤᠮᠳᠠᠳᠤ ᠭᠧᠷᠮᠠᠨ᠎ᠤ ᠬᠡᠷᠡᠭᠯᠡᠭᠡᠨ᠎ᠤ ᠮᠡᠷᠭᠡᠵᠢᠯ᠎ᠤᠨ ᠶᠡᠬᠡ ᠰᠤᠷᠭ᠋ᠠᠭᠤᠯᠢ ᠵᠢ ᠪᠠᠶ᠋ᠢᠭᠤᠯᠵᠤ᠂ ᠪᠦᠷᠢᠨ ᠪᠦᠲᠦᠨ ᠳᠤᠮᠳᠠ ᠵᠡᠷᠭᠡ ᠵᠢᠨ᠂ ᠳᠡᠭᠡᠳᠦ ᠵᠡᠷᠭᠡ ᠵᠢᠨ᠂ ᠦᠨᠳᠦᠰᠦᠨ ᠠᠩᠭᠢ ᠵᠢᠨ᠂ ᠮᠠᠰᠲ᠋ᠧᠷ᠎ᠤᠨ᠂ ᠳ᠋ᠣᠺᠲ᠋ᠣᠷ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠳᠣᠭᠲᠠᠯᠴᠠᠭ᠎ᠠ ᠵᠢ ᠤᠷᠢᠳ ᠵᠶ᠋ᠠᠷ ᠪᠠᠶ᠋ᠢᠭᠤᠯᠵᠤ᠂ ᠳᠤᠮᠳᠠ ᠵᠡᠷᠭᠡ ᠵᠢᠨ ᠪᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠢᠰᠲ᠋ᠧᠮᠲᠡᠢ ᠬᠥᠮᠥᠵᠢᠭᠦᠯᠬᠦ ᠪᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠦᠨᠳᠦᠰᠦᠨ ᠠᠩᠭᠢ ᠵᠢᠨ ᠬᠣᠯᠪᠤᠭ᠋ᠠᠯᠠᠨ ᠬᠥᠮᠥᠵᠢᠭᠦᠯᠬᠦ ᠵᠢ ᠭᠦᠨᠵᠡᠭᠡᠶ ᠥᠷᠨᠢᠭᠦᠯᠵᠦ᠂ 《ᠬᠠᠢ ᠡᠧᠦ ᠣᠳᠣ ᠦᠶ᠎ᠡ ᠵᠢᠨ ᠱᠠᠪᠢᠯᠠᠬᠤ ᠲᠦᠷᠢᠮ》᠎ᠤᠨ ᠥᠭᠡᠷᠡᠴᠢᠯᠡᠯᠲᠡ ᠵᠢᠨ ᠵᠠᠭᠪᠤᠷ᠎ᠢ ᠪᠥᠬᠥ ᠤᠯᠤᠰ᠎ᠲᠤ ᠠᠯᠳᠠᠷᠰᠢᠭᠤᠯᠪᠠ᠃ ᠭᠤᠷᠪᠠ᠎ᠳᠤ᠂ ᠠᠭᠤᠯᠤᠭᠳᠠᠬᠤᠨ᠎ᠤ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠪᠠ᠃ 《ᠪᠠᠭᠰᠢ᠂ ᠵᠢᠭ᠋ᠠᠬᠤ ᠮᠠᠲ᠋ᠧᠷᠢᠶᠠᠯ᠂ ᠵᠢᠭ᠋ᠠᠬᠤ ᠠᠷᠭ᠎ᠠ ᠵᠢᠨ ᠥᠭᠡᠷᠡᠴᠢᠯᠡᠯᠲᠡ》 ᠵᠢ ᠭᠦᠨᠵᠡᠭᠡᠶ᠋ᠢᠷᠡᠭᠦᠯᠵᠦ᠂ 《1+X》 ᠦᠨᠡᠮᠯᠡᠯ᠎ᠤᠨ ᠳᠦᠷᠢᠮ᠎ᠤᠨ ᠲᠤᠷᠰᠢᠯᠲᠠ ᠵᠢᠨ ᠴᠡᠭ᠎ᠢ ᠥᠷᠨᠢᠭᠦᠯᠵᠦ᠂ ᠤᠷᠤᠯᠳᠤᠭ᠋ᠠᠨ ᠵᠶ᠋ᠠᠷ ᠰᠤᠷᠤᠯᠴᠠᠯᠭ᠎ᠠ ᠵᠢ ᠠᠬᠢᠭᠤᠯᠤᠨ᠂ ᠰᠤᠷᠭ᠋ᠠᠨ ᠬᠥᠮᠦᠵᠢᠯ᠎ᠢ ᠠᠬᠢᠭᠤᠯᠬᠤ ᠵᠢ ᠲᠦᠯᠬᠢᠨ ᠠᠬᠢᠭᠤᠯᠵᠤ᠂ ᠪᠦᠬᠦ ᠤᠯᠤᠰ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠠᠷᠪᠠᠨ ᠬᠣᠶᠠᠷ ᠵᠢᠯ ᠳᠠᠷᠠᠭ᠋ᠠᠯᠠᠨ ᠡᠷᠬᠢᠯᠡᠵᠦ᠂ 7 ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ 10 ᠲᠤᠰᠬᠠᠢ ᠮᠡᠷᠭᠡᠵᠢᠯ᠎ᠤᠨ ᠪᠥᠯᠦᠭᠵᠢᠯ ᠪᠦᠬᠦ ᠤᠯᠤᠰ᠎ᠤᠨ 《ᠬᠣᠣᠰ ᠥᠨᠳᠥᠷ ᠲᠥᠯᠥᠪᠯᠡᠭᠡ》᠎ᠳᠤ ᠰᠣᠩᠭᠣᠭᠳᠠᠨ ᠣᠷᠣᠵᠤ᠂ ᠤᠯᠤᠰ᠎ᠤᠨ ᠠᠩᠬᠠᠳᠠᠭᠴᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠯᠤᠰ᠎ᠤᠨ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠭᠡᠯ᠎ᠤᠨ ᠣᠨᠴᠠ ᠲᠡᠰ᠎ᠤᠨ ᠱᠠᠩᠨᠠᠯ᠎ᠢ ᠬᠦᠷᠲᠡᠪᠡ᠃ ᠳᠥᠷᠪᠡ᠎ᠳᠤ᠂ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠪᠡ᠃ ᠠᠵᠤ ᠦᠢ᠍ᠯᠡᠳᠪᠦᠷᠢ ᠵᠢᠨ ᠬᠥᠲᠥᠯᠥᠨ ᠪᠣᠶ᠋ᠢᠵᠢᠭᠤᠯᠬᠤ ᠵᠢ ᠲᠤᠯᠭ᠋ᠠᠭᠤᠷᠢᠯᠠᠵᠤ᠂ 《ᠠᠵᠤ ᠦᠢ᠍ᠯᠡᠳᠪᠦᠷᠢ ᠰᠤᠷᠭ᠋ᠠᠭᠤᠯᠢ ᠰᠤᠳᠤᠯᠭ᠋ᠠᠨ᠎ᠤ ᠪᠠᠢ᠌ᠭᠤᠯᠤᠮᠵᠢ ᠮᠥᠩᠭᠥᠨ ᠭᠦᠢ᠍ᠯᠭᠡᠭᠡᠨ ᠦᠢ᠍ᠯᠡᠴᠢᠯᠡᠭᠡ ᠬᠡᠷᠡᠭᠯᠡᠭᠡ》 ᠵᠢᠨ ᠴᠢᠬᠤᠯᠠ ᠡᠯᠧᠮᠧᠨ᠋ᠲ᠎ᠢ ᠲᠥᠪᠯᠡᠷᠡᠭᠦᠯᠬᠦ ᠵᠢ ᠠᠬᠢᠭᠤᠯᠵᠤ᠂ ᠤᠯᠤᠰ᠎ᠤᠨ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ᠎ᠢ ᠠᠭᠤᠰᠬᠠᠬᠤ ᠬᠡᠯᠪᠡᠷᠢ ᠵᠢᠨ ᠲᠤᠷᠰᠢᠯᠲᠠ ᠵᠢᠨ ᠴᠡᠭ ᠪᠣᠯᠬᠤ ᠬᠣᠲᠠ᠎ᠪᠠᠷ ᠠᠮᠵᠢᠯᠲᠠ᠎ᠲᠠᠢ ᠰᠣᠩᠭᠣᠭᠳᠠᠪᠠ᠃ ᠬᠡᠷᠡᠭᠯᠡᠭᠡ᠎ᠪᠠᠷ ᠦᠢ᠍ᠯᠡᠰ ᠪᠣᠰᠬᠠᠬᠤ ᠵᠢ ᠪᠠᠷᠢᠮᠲᠠᠯᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠦᠯᠦᠭᠯᠡᠯ 28 ᠵᠢ ᠪᠠᠶ᠋ᠢᠭᠤᠯᠵᠤ᠂ ᠠᠵᠤ ᠦᠢ᠍ᠯᠡᠳᠪᠦᠷᠢ᠂ ᠠᠵᠢᠯ ᠲᠥᠷᠥᠯ᠂ ᠠᠵᠤ ᠠᠬᠤᠶ᠋ᠢᠯᠠᠯ᠂ ᠠᠵᠢᠯ ᠮᠡᠷᠭᠡᠵᠢᠯ᠂ ᠲᠤᠰᠬᠠᠶ ᠮᠡᠷᠭᠡᠵᠢᠯ ᠵᠡᠷᠭᠡ 《ᠲᠠᠪᠤᠨ ᠦᠢ᠍ᠯᠡᠰ ᠬᠣᠯᠪᠣᠭ᠋ᠠᠯᠠᠨ ᠬᠥᠳᠡᠯᠦᠯᠴᠡᠬᠦ》 ᠵᠢ ᠲᠦᠷᠦᠭᠦᠯᠡᠨ ᠬᠡᠷᠡᠭᠵᠢᠭᠦᠯᠵᠦ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠲᠤᠰᠬᠠᠶ ᠮᠡᠷᠭᠡᠵᠢᠯ᠎ᠤᠨ ᠪᠥᠬᠥ ᠬᠣᠲᠠ ᠵᠢᠨ ᠭᠤᠤᠯᠯᠠᠬᠤ ᠠᠵᠤ ᠦᠢ᠍ᠯᠡᠳᠪᠦᠷᠢ᠎ᠳᠤ ᠡᠵᠡᠯᠡᠬᠦ ᠬᠠᠷᠢᠴᠠᠯ᠎ᠢ 98.87 %᠎ᠳᠤ ᠬᠦᠷᠭᠡᠵᠦ᠂ ᠵᠢᠯ᠎ᠳᠤ 30 ᠲᠦᠮᠡᠨ ᠬᠥᠮᠦᠨ ᠤᠳᠠᠭ᠎ᠠ ᠵᠢ ᠨᠡᠶ᠋ᠢᠭᠡᠮ᠎ᠤᠨ ᠪᠣᠯᠪᠠᠰᠤᠷᠠᠭᠤᠯᠤᠯ᠎ᠳᠤ ᠣᠷᠣᠯᠴᠠᠭᠤᠯᠪᠠ᠃ ᠲᠠᠪᠤ᠎ᠳᠤ᠂ ᠤᠯᠤᠰ᠎ᠤᠨ ᠪᠠᠶ᠋ᠢᠯᠳᠤᠬᠤ ᠪᠣᠳᠣᠯᠭ᠎ᠠ᠎ᠳᠤ ᠦᠷᠭᠦᠯᠵᠢᠯᠡᠨ ᠦᠢ᠍ᠯᠡᠴᠢᠯᠡᠪᠡ᠃ 《ᠨᠢᠭᠡ ᠪᠦᠰᠡ ᠨᠢᠭᠡ ᠵᠠᠮ》᠎ᠤᠨ ᠪᠦᠳᠦᠭᠡᠨ ᠪᠠᠶ᠋ᠢᠭᠤᠯᠤᠯᠲᠠ᠎ᠳᠤ ᠢᠳᠡᠪᠬᠢᠲᠡᠢ ᠠᠭᠤᠰᠴᠤ᠂ 21 ᠯᠦ᠍ᠪᠠᠨᠤ ᠦᠢ᠍ᠯᠡᠳᠬᠡᠯ᠎ᠤᠨ ᠭᠠᠵᠠᠷ᠎ᠢ ᠡᠭᠦᠳᠦᠨ ᠪᠠᠶ᠋ᠢᠭᠤᠯᠤᠭᠰᠠᠨ ᠪᠥᠭᠡᠳ ᠲᠦᠷᠦᠭᠦᠯᠡᠨ ᠪᠠᠶ᠋ᠢᠭᠤᠯᠪᠠ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠠᠪᠰᠤᠷᠤᠨ ᠲᠡᠳᠬᠦᠵᠦ ᠶᠠᠳᠠᠭᠤ᠎ᠠᠴᠠ ᠠᠩᠭᠢᠵᠢᠷᠠᠭᠤᠯᠤᠨ ᠪᠣᠭᠣᠮᠲᠠ ᠰᠢᠪᠲᠤᠯᠬᠤ᠎ᠳᠤ ᠬᠦᠴᠦᠨ ᠨᠡᠮᠡᠷᠢᠯᠡᠵᠦ᠂ ᠵᠡᠭᠦᠨ ᠪᠠᠷᠠᠭᠤᠨ ᠣᠷᠣᠨ ᠬᠠᠮᠵᠢᠯᠴᠠᠵᠤ 《ᠲᠢᠶᠠᠨᠵᠢᠨ᠎ᠤ ᠲᠤᠷᠰᠢᠯᠭ᠎ᠠ》᠎ᠪᠠᠷ ᠨᠠᠷᠢᠯᠢᠭ ᠣᠨᠣᠴᠠᠲᠠᠢ ᠬᠠᠪᠰᠤᠷᠤᠨ ᠲᠡᠳᠬᠦᠵᠦ᠂ ᠳᠤᠮᠳᠠ ᠪᠠᠷᠠᠭᠤᠨ ᠣᠷᠣᠨ᠎ᠤ 19 ᠮᠤᠵᠢ ᠬᠤᠳᠠ᠎ᠳᠤ ᠲᠦᠮᠡ ᠭᠠᠷᠤᠢ ᠪᠠᠭᠰᠢ ᠵᠢ ᠪᠣᠯᠪᠠᠰᠤᠷᠠᠭᠤᠯᠵᠤ ᠥᠭᠪᠡ᠃
ᠳᠠᠷᠠᠭ᠎ᠠ ᠠᠯᠬᠤᠮ᠎ᠳᠤ᠂ ᠲᠢᠶᠠᠨᠵᠢᠨ ᠬᠣᠲᠠ ᠵᠠᠩᠭᠢᠯᠠᠭ᠎ᠠ ᠵᠢᠨ ᠴᠢᠳᠠᠪᠤᠷᠢᠲᠠᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠴᠢᠳᠠᠪᠤᠷᠢᠲᠠᠨ᠎ᠤ ᠦᠰᠦᠨ ᠪᠣᠶ᠋ᠢᠵᠢᠬᠤ ᠵᠠᠮ᠎ᠢ ᠪᠥᠬᠥ ᠲᠠᠯ᠎ᠠ᠎ᠪᠠᠷ ᠨᠡᠪᠲᠡᠷᠡᠭᠦᠯᠵᠦ᠂ ᠠᠵᠤ ᠦᠢ᠍ᠯᠡᠳᠪᠦᠷᠢ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ᠎ᠳᠤ ᠦᠢ᠍ᠯᠡᠴᠢᠯᠡᠵᠦ᠂ ᠣᠯᠠᠨ ᠤᠯᠤᠰ᠎ᠤᠨ ᠬᠠᠷᠢᠯᠴᠠᠭ᠋ᠠᠨ᠎ᠤ ᠲᠥᠪ᠎ᠢ ᠪᠠᠶ᠋ᠢᠭᠤᠯᠵᠤ᠂ ᠯᠦ᠍ᠪᠠᠨᠤ ᠦᠢ᠍ᠯᠡᠳᠭᠡᠯ᠎ᠤᠨ ᠭᠠᠵᠠᠷ ᠵᠡᠷᠭᠡ ᠲᠠᠪᠤᠨ ᠲᠠᠯ᠎ᠠ ᠵᠢᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠥᠭᠡᠷᠡᠴᠢᠯᠡᠯᠲᠡ ᠵᠢ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ᠃
ᠠᠵᠢᠯ ᠲᠥᠷᠥᠯ᠎ᠤᠨ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠭᠰᠠᠨ ᠬᠠᠮᠲᠤ ᠵᠢᠨ ᠴᠣᠭᠴᠠ ᠵᠢ ᠪᠠᠢ᠌ᠭᠤᠯᠪᠠ
ᠳᠤᠮᠳᠠᠳᠤ ᠤᠯᠤᠰ᠎ᠤᠨ ᠵᠥᠩ ᠴᠧ ᠪᠦᠯᠦᠭᠯᠡᠯ᠎ᠤᠨ ᠬᠢᠵᠠᠭ᠋ᠠᠷᠲᠤ ᠺᠣᠮᠫᠠᠨᠢ
ᠳᠤᠮᠳᠠᠳᠤ ᠤᠯᠤᠰ᠎ᠤᠨ ᠵᠥᠩ ᠴᠧ ᠺᠣᠮᠫᠠᠨᠢ ᠠᠵᠢᠯ ᠲᠥᠷᠥᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠎ᠤᠨ ᠲᠦᠷᠦᠭᠦᠯᠡᠨ ᠳᠠᠭᠤᠷᠢᠶᠠᠯ ᠦᠵᠡᠭᠦᠯᠬᠦ ᠦᠢ᠍ᠯᠡᠳᠦᠯ ᠵᠶ᠋ᠠᠨ ᠢᠳᠡᠪᠬᠢᠲᠡᠶ ᠪᠠᠳᠠᠷᠠᠭᠤᠯᠵᠤ᠂ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠬᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠲᠠᠯ᠎ᠠ᠎ᠪᠠᠷ ᠲᠥᠪ᠎ᠤᠨ ᠠᠵᠤ ᠠᠬᠤᠶ᠋ᠢᠯᠠᠯ᠎ᠤᠨ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶ᠋ᠢᠯᠭ᠎ᠠ ᠵᠢ ᠢᠳᠡᠪᠬᠢᠲᠡᠶ ᠢᠯᠡᠷᠡᠭᠦᠯᠪᠡ᠃
ᠨᠢᠭᠡ᠎ᠳᠤ᠂ ᠲᠦᠷᠦᠭᠦᠯᠡᠨ ᠳᠠᠭᠤᠷᠢᠶᠠᠯ ᠦᠵᠡᠭᠦᠯᠬᠦ ᠦᠢ᠍ᠯᠡᠳᠦᠯ᠎ᠢ ᠢᠳᠡᠪᠬᠢᠲᠡᠶ ᠪᠠᠳᠠᠷᠠᠭᠤᠯᠵᠤ᠂ ᠥᠨᠳᠥᠷ ᠲᠦᠪᠰᠢᠨᠲᠦ ᠶᠡᠬᠡ ᠳᠡᠭᠡᠳᠦ ᠰᠤᠷᠭ᠋ᠠᠭᠤᠯᠢ᠂ ᠠᠵᠢᠯ ᠮᠡᠷᠭᠡᠵᠢᠯ᠎ᠤᠨ ᠰᠤᠷᠭ᠋ᠠᠭᠤᠯᠢ᠎ᠲᠠᠢ ᠬᠣᠯᠪᠣᠭ᠋ᠠᠯᠠᠨ ᠬᠠᠮᠲᠤ᠎ᠪᠠᠷ ᠲᠦᠷᠦᠭᠦᠯᠡᠵᠦ᠂ ᠵᠢᠮᠳᠤ ᠵᠠᠮ ᠬᠠᠷᠢᠯᠴᠠᠭ᠋ᠠᠨ᠎ᠤ ᠲᠣᠨᠣᠭᠯᠠᠯ᠎ᠤᠨ ᠠᠵᠢᠯ ᠲᠥᠷᠥᠯ᠎ᠳᠤ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ᠂ ᠳᠡᠭᠡᠳᠦ ᠳᠤᠤᠷᠠᠳᠤ ᠤᠷᠤᠰᠬᠠᠯ᠎ᠤᠨ ᠠᠵᠤ ᠠᠬᠤᠶ᠋ᠢᠯᠠᠯ ᠵᠡᠷᠭᠡ ᠵᠢ ᠤᠷᠢᠳ ᠵᠶ᠋ᠠᠷ ᠵᠣᠬᠢᠶᠠᠨ ᠪᠠᠶ᠋ᠢᠭᠤᠯᠵᠤ ᠬᠠᠮᠲᠤ᠎ᠪᠠᠷ ᠣᠷᠣᠯᠴᠠᠭᠰᠠᠨ ᠣᠷᠣᠨ ᠪᠦᠰᠡ ᠠᠯᠤᠰᠯᠠᠭᠰᠠᠨ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠵᠤ᠂ ᠰᠢᠨ᠎ᠡ ᠪᠠᠶ᠋ᠢᠭᠤᠯᠤᠮᠵᠢ ᠵᠢ ᠢᠳᠡᠪᠬᠢᠲᠡᠶ ᠪᠠᠶ᠋ᠢᠭᠤᠯᠵᠤ᠂ ᠰᠢᠨ᠎ᠡ ᠵᠠᠭᠪᠤᠷ᠎ᠢ ᠪᠦᠷᠢᠯᠳᠦᠭᠦᠯᠵᠦ᠂ ᠰᠢᠨ᠎ᠡ ᠲᠣᠭᠲᠠᠴᠠ ᠵᠢ ᠰᠦᠪᠡᠭᠴᠢᠯᠡᠪᠡ᠃ ᠬᠣᠶᠠᠷ᠎ᠲᠤ᠂ ᠠᠵᠤ ᠦᠢ᠍ᠯᠡᠰ᠎ᠤᠨ ᠳᠠᠪᠠᠭᠤᠯᠢᠭ᠎ᠢ ᠢᠳᠡᠪᠬᠢᠲᠡᠶ ᠪᠠᠳᠠᠷᠠᠭᠤᠯᠵᠤ᠂ ᠬᠠᠮᠲᠤ ᠵᠢᠨ ᠳᠣᠲᠣᠭ᠋ᠠᠳᠤ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠲᠠᠪᠴᠠᠩ ᠪᠠ ᠡᠬᠢ ᠪᠠᠶᠠᠯᠢᠭ᠎ᠢ ᠬᠠᠩᠭ᠋ᠠᠪᠠ᠃ ᠵᠢᠱ᠌ᠢᠶᠡᠯᠡᠪᠡᠯ᠂ ᠠᠵᠤ ᠠᠬᠤᠶ᠋ᠢᠯᠠᠯ᠎ᠤᠨ ᠤᠯᠤᠰ᠎ᠤᠨ ᠲᠣᠮᠣ ᠤᠷᠠᠨ ᠳᠠᠷᠬᠠᠨ᠂ ᠤᠷ᠎ᠠ ᠴᠢᠳᠠᠪᠤᠷᠢ ᠵᠢᠨ ᠨᠡᠷᠡᠲᠦ ᠪᠠᠭᠰᠢ᠂ ᠮᠡᠷᠭᠡᠵᠢᠯ ᠤᠷ᠎ᠠ ᠴᠢᠳᠠᠪᠤᠷᠢᠲᠤ ᠴᠢᠳᠠᠪᠤᠷᠢᠲᠠᠨ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ᠂ ᠮᠡᠷᠭᠡᠵᠢᠯ᠎ᠤᠨ ᠪᠣᠯᠪᠠᠰᠤᠷᠠᠭᠤᠯᠤᠯ᠂ ᠮᠡᠷᠭᠡᠵᠢᠯ᠎ᠤᠨ ᠬᠢᠴᠢᠶᠡᠯ᠎ᠢ ᠬᠢᠴᠢᠶᠡᠯᠯᠡᠭᠡ᠎ᠳᠤ ᠣᠷᠣᠭᠤᠯᠬᠤ ᠵᠢ ᠠᠬᠢᠭᠤᠯᠵᠤ᠂ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠢᠯᠢᠳᠡᠭ ᠪᠠᠭᠰᠢ ᠵᠢᠨ ᠬᠦᠴᠦᠨ᠂ ᠲᠤᠰᠬᠠᠶ ᠮᠡᠷᠭᠡᠵᠢᠯ᠎ᠤᠨ ᠤᠷ᠎ᠠ ᠴᠢᠳᠠᠪᠤᠷᠢᠲᠤ ᠴᠢᠳᠠᠪᠤᠷᠢᠲᠠᠨ᠎ᠢ ᠠᠵᠤ ᠠᠬᠤᠶ᠋ᠢᠯᠠᠯ᠎ᠳᠤ ᠣᠷᠣᠭᠤᠯᠬᠤ ᠵᠢ ᠠᠬᠢᠭᠤᠯᠤᠨ᠎ᠠ᠃ ᠠᠵᠤ ᠠᠬᠤᠶ᠋ᠢᠯᠠᠯ᠎ᠤᠨ ᠬᠠᠮᠢᠶᠠᠷᠤᠯᠲᠠ᠂ ᠦᠢ᠍ᠯᠡᠳᠬᠦᠨ᠎ᠢ ᠰᠤᠳᠤᠯᠤᠨ ᠨᠡᠭᠡᠭᠡᠬᠦ ᠵᠡᠷᠭᠡ ᠲᠠᠯ᠎ᠠ ᠵᠢᠨ ᠦᠢ᠍ᠯᠡᠳᠦᠯᠭᠡ ᠵᠢᠨ ᠲᠤᠷᠰᠢᠯᠭ᠎ᠠ ᠵᠢ ᠦᠷᠭᠦᠯᠵᠢᠯᠡᠨ ᠴᠤᠭᠯᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠣᠰᠢᠭᠤᠷᠠᠯ᠂ ᠠᠵᠢᠯ ᠲᠦᠷᠦᠯ᠎ᠤᠨ ᠬᠥᠭᠵᠢᠯᠲᠡ ᠵᠢᠨ ᠬᠣᠰᠢᠭᠤᠷᠠᠯ ᠪᠣᠯᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢ ᠬᠤᠯᠪᠤᠭᠳᠠᠭᠤᠯᠪᠠ᠃ ᠭᠤᠷᠪᠠ᠎ᠳᠤ᠂ ᠠᠵᠤ ᠠᠬᠤᠶ᠋ᠢᠯᠠᠯ᠎ᠤᠨ ᠰᠤᠷᠭ᠋ᠠᠭᠤᠯᠢ ᠡᠷᠭᠢᠯᠡᠬᠦ ᠴᠢᠬᠤᠯᠠ ᠦᠢ᠍ᠯᠡᠳᠦᠯ᠎ᠢ ᠢᠳᠡᠪᠬᠢᠲᠡᠶ ᠪᠠᠳᠠᠷᠠᠭᠤᠯᠵᠤ᠂ ᠵᠦᠩ ᠴᠧ ᠰᠢᠭᠤᠳ ᠬᠠᠷᠢᠶ᠎ᠠ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ — ᠴᠠᠩᠵᠸᠦ ᠵᠢᠨ ᠲᠡᠮᠦᠷ ᠵᠠᠮ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ ᠰᠠᠶ᠋ᠢᠲᠤᠷ ᠡᠷᠭᠢᠯᠡᠵᠦ᠂ 《ᠰᠤᠷᠭ᠋ᠠᠭᠤᠯᠢ ᠪᠠ ᠠᠵᠤ ᠠᠬᠤᠶ᠋ᠢᠯᠠᠯ ᠠᠭᠤᠰᠬᠠᠨ ᠨᠢᠭᠡ ᠴᠣᠭᠴᠠᠵᠢᠭᠤᠯᠵᠤ᠂ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ ᠭᠦᠢ᠍ᠴᠡᠳ ᠠᠭᠤᠰᠤᠭᠰᠠᠨ᠂ ᠠᠵᠢᠯ ᠮᠡᠷᠭᠡᠵᠢᠯ ᠪᠠ ᠪᠣᠯᠪᠠᠰᠤᠷᠠᠭᠤᠯᠤᠯ ᠬᠠᠷᠢᠯᠴᠠᠨ ᠠᠭᠤᠰᠤᠭᠰᠠᠨ᠂ ᠬᠥᠮᠦᠵᠢᠯ ᠪᠠ ᠪᠣᠯᠪᠠᠰᠤᠷᠠᠭᠤᠯᠤᠯ ᠣᠷᠭ᠋ᠠᠨᠢᠭ ᠵᠶ᠋ᠠᠷ ᠤᠶᠠᠯᠳᠤᠭᠰᠠᠨ᠂ ᠰᠤᠷᠭ᠋ᠠᠭᠤᠯᠢ ᠠᠵᠤ ᠠᠬᠤᠶ᠋ᠢᠯᠠᠯ ᠬᠠᠮᠵᠢᠯᠴᠠᠨ ᠬᠥᠮᠦᠨ᠎ᠢ ᠬᠥᠮᠦᠵᠢᠭᠦᠯᠬᠦ》 ᠲᠡᠮᠦᠷ ᠵᠠᠮ᠎ᠤᠨ ᠵᠠᠮ ᠬᠠᠷᠢᠯᠴᠠᠭ᠋ᠠᠨ᠎ᠤ ᠣᠨᠴᠠᠯᠢᠭ ᠵᠶ᠋ᠠᠷ ᠢᠯᠡ ᠲᠣᠳᠣ ᠥᠨᠳᠥᠷ ᠬᠢᠷᠢ ᠲᠦᠪᠰᠢᠨᠲᠦ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢ ᠴᠢᠷᠮᠠᠶ᠋ᠢᠨ ᠪᠠᠢ᠌ᠭᠤᠯᠪᠠ᠃ ᠬᠠᠮᠲᠤ ᠵᠢᠨ ᠴᠣᠭᠴᠠ ᠵᠢᠨ ᠳᠣᠲᠣᠭ᠋ᠠᠳᠤ᠎ᠳᠤ᠎ᠪᠠᠨ ᠪᠤᠰᠤᠳ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠯᠤᠭ᠎ᠠ ᠰᠤᠷᠭ᠋ᠠᠭᠤᠯᠢ ᠪᠠ ᠠᠵᠤ ᠠᠬᠤᠶ᠋ᠢᠯᠠᠯ ᠬᠣᠯᠪᠣᠭ᠋ᠠᠯᠠᠨ ᠰᠤᠷᠤᠭᠴᠢ ᠡᠯᠰᠡᠬᠦ ᠵᠢ ᠬᠡᠷᠡᠭᠵᠢᠭᠦᠯᠵᠦ᠂ ᠨᠠᠶ᠋ᠢᠳᠠᠵᠤ ᠬᠥᠮᠦᠵᠢᠭᠦᠯᠬᠦ᠂ ᠵᠠᠬᠢᠶᠠᠯᠠᠭ᠎ᠠ᠎ᠪᠠᠷ ᠬᠥᠮᠦᠵᠢᠭᠦᠯᠬᠦ ᠪᠠ ᠱᠠᠪᠢᠯᠠᠬᠤ ᠳᠦᠷᠢᠮ ᠵᠶ᠋ᠠᠷ ᠬᠥᠮᠦᠵᠢᠭᠦᠯᠬᠦ ᠵᠢ ᠥᠷᠨᠢᠭᠦᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠵᠣᠬᠢᠴᠠᠬᠤ ᠴᠢᠨᠠᠷ ᠪᠣᠯᠤᠨ ᠠᠵᠤ ᠦᠢ᠍ᠯᠡᠰ᠎ᠤᠨ ᠢᠵᠢᠯᠢᠰᠢᠬᠦ ᠬᠡᠮᠵᠢᠶ᠎ᠡ ᠵᠢ ᠴᠢᠷᠮᠠᠶ᠋ᠢᠨ ᠳᠡᠭᠡᠭᠰᠢᠯᠡᠭᠦᠯᠪᠡ᠃
ᠡᠭᠦᠨ᠎ᠤ ᠬᠠᠮᠲᠤ᠂ ᠳᠤᠮᠳᠠᠳᠤ ᠤᠯᠤᠰ᠎ᠤᠨ ᠮᠠᠰᠢᠨ ᠲᠡᠷᠭᠡᠨ᠎ᠤ ᠪᠦᠯᠦᠭᠯᠡᠯ᠎ᠤᠨ ᠴᠠᠩᠵᠸᠦ ᠵᠢᠨ 《ᠭᠤᠷᠪᠠ ᠵᠢ ᠨᠢᠭᠡ ᠴᠤᠬ᠍ᠴᠠᠵᠢᠭᠤᠯᠤᠬᠰᠠᠨ》 ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ᠎ᠢ ᠠᠭᠤᠰᠬᠠᠬᠤ ᠰᠠᠭᠤᠷᠢᠨ᠂ ᠳᠡᠯᠡᠬᠡᠶ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠵᠢᠮᠳᠤ ᠲᠡᠷᠭᠡᠨ᠎ᠤ ᠮᠡᠷᠭᠡᠵᠢᠯ᠎ᠤᠨ ᠳᠤᠮᠳᠠᠳᠤ ᠤᠯᠤᠰ᠎ᠲᠠᠬᠢ ᠲᠥᠪᠯᠡᠷᠡᠭᠦᠯᠦᠨ ᠪᠣᠯᠪᠠᠰᠤᠷᠠᠭᠤᠯᠬᠤ ᠰᠠᠭᠤᠷᠢᠨ᠎ᠤ ᠪᠥᠲᠥᠭᠡᠨ ᠪᠠᠶ᠋ᠢᠭᠤᠯᠤᠯᠲᠠ ᠵᠢ ᠢᠳᠡᠪᠬᠢᠲᠡᠶ ᠠᠬᠢᠭᠤᠯᠤᠭᠰᠠᠨ᠎ᠤ ᠬᠠᠮᠲᠤ ᠡᠭᠦᠨ᠎ᠤ ᠰᠠᠭᠤᠷᠢᠨ ᠳᠡᠭᠡᠷ᠎ᠡ ᠤᠯᠤᠰ᠎ᠤᠨ ᠲᠠᠰ᠎ᠤᠨ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ᠎ᠢ ᠠᠭᠤᠰᠬᠠᠬᠤ ᠪᠣᠳᠠᠲᠠᠶ ᠪᠣᠯᠪᠠᠰᠤᠷᠠᠭᠤᠯᠬᠤ ᠰᠠᠭᠤᠷᠢᠨ᠂ 《ᠬᠤᠷᠳᠤᠨ᠎ᠤ ᠲᠡᠮᠦᠷ ᠵᠠᠮ᠎ᠤᠨ ᠤᠷᠠᠨ ᠳᠠᠷᠬᠠᠨ᠎ᠤ ᠳᠡᠭᠡᠳᠦ ᠰᠤᠷᠭ᠋ᠠᠭᠤᠯᠢ》 ᠵᠢ ᠪᠠᠶ᠋ᠢᠭᠤᠯᠵᠤ᠂ ᠵᠢᠮᠳᠤ ᠵᠠᠮ ᠬᠠᠷᠢᠯᠴᠠᠭ᠋ᠠᠨ᠎ᠤ ᠠᠵᠢᠯ ᠲᠥᠷᠥᠯ᠎ᠤᠨ ᠤᠯᠤᠰ᠎ᠤᠨ ᠲᠣᠮᠣ ᠤᠷᠠᠨ ᠳᠠᠷᠬᠠᠨ᠎ᠤ ᠥᠯᠥᠭᠡᠶ ᠵᠢ ᠪᠠᠢ᠌ᠭᠤᠯᠵᠤ᠂ ᠦᠢ᠍ᠯᠡᠴᠢᠯᠡᠭᠡᠨ᠎ᠤ ᠠᠵᠢᠯ ᠲᠥᠷᠥᠯ᠎ᠤᠨ ᠠᠵᠤ ᠠᠬᠤᠶ᠋ᠢᠯᠠᠯ᠎ᠤᠨ ᠮᠡᠷᠭᠡᠵᠢᠯ᠎ᠤᠨ ᠥᠭᠡᠷᠡᠴᠢᠯᠡᠯᠲᠡ᠂ ᠤᠷ᠎ᠠ ᠮᠡᠷᠭᠡᠰᠢᠯ᠎ᠤᠨ ᠰᠠᠶ᠋ᠢᠵᠢᠷᠠᠭᠤᠯᠤᠯᠲᠠ᠂ ᠦᠢ᠍ᠯᠡᠳᠭᠦᠨ᠎ᠤ ᠲᠠᠰ ᠳᠡᠪᠰᠢᠭᠦᠯᠦᠯᠲᠡ᠎ᠳᠤ ᠦᠢ᠍ᠯᠡᠴᠢᠯᠡᠪᠡ᠃
ᠣᠨᠴᠠᠭ᠋ᠠᠢ ᠣᠷᠣᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠵᠠᠩᠭᠢᠯᠠᠭ᠎ᠠ ᠵᠢᠨ ᠰᠤᠷᠭ᠋ᠠᠭᠤᠯᠢ ᠡᠷᠬᠢᠯᠡᠬᠦ ᠴᠢᠳᠠᠪᠤᠷᠢ ᠵᠢ ᠳᠡᠭᠡᠭᠰᠢᠯᠡᠭᠦᠯᠪᠡ
ᠱᠧᠨᠵᠧᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
ᠱᠧᠨᠵᠧᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠰᠢᠨ᠎ᠡ ᠵᠢ ᠡᠭᠦᠳᠬᠦ ᠰᠡᠳᠬᠢᠮᠵᠢ᠂ ᠪᠣᠳᠠᠲᠤ ᠠᠵᠢᠯᠯᠠᠭ᠎ᠠ᠎ᠪᠠᠷ ᠵᠶ᠋ᠠᠨ 《ᠰᠠᠨᠠᠯ》᠎ᠤᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠵᠤ᠂ ᠳᠤᠮᠳᠠᠳᠤ ᠤᠯᠤᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠬᠣᠰᠢᠭᠤᠴᠢ ᠪᠣᠯᠬᠤ᠎ᠪᠠᠷ ᠴᠢᠷᠮᠠᠢ᠌ᠪᠠ᠃
ᠨᠢᠭᠡ᠎ᠳᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠴᠢᠭᠯᠡᠯ᠎ᠢ ᠪᠠᠲᠤ ᠡᠵᠡᠮᠳᠡᠵᠦ᠂ ᠱᠧᠨᠵᠧᠨ ᠣᠨᠴᠠᠭ᠋ᠠᠢ ᠣᠷᠣᠨ᠎ᠤ ᠲᠣᠭᠣᠷᠢᠨ᠎ᠳᠤ ᠦᠵᠡᠯ ᠰᠠᠨᠠᠭ᠎ᠠ ᠤᠯᠤᠰ ᠲᠦᠷᠦ ᠵᠢᠨ ᠬᠥᠮᠦᠵᠢᠯ᠎ᠤᠨ ᠰᠢᠨ᠎ᠡ ᠵᠢ ᠡᠭᠦᠳᠴᠦ᠂ 《ᠱᠧᠨᠵᠧᠨ᠎ᠤ ᠦᠯᠢᠭᠡᠷ》 ᠵᠶ᠋ᠠᠷ ᠳᠤᠮᠳᠠᠳᠤ ᠤᠯᠤᠰ᠎ᠤᠨ ᠵᠠᠮ᠎ᠢ ᠲᠠᠶ᠋ᠢᠯᠪᠤᠷᠢᠯᠠᠵᠤ᠂ 《ᠱᠧᠨᠵᠧᠨ᠎ᠤ ᠦᠢ᠍ᠯᠡᠴᠢᠯᠡᠭᠡ》 ᠵᠢ ᠰᠤᠷᠤᠭᠴᠢᠳ᠎ᠤᠨ ᠡᠳᠦᠷ ᠲᠤᠳᠤᠮ᠎ᠤᠨ ᠠᠮᠢᠳᠤᠷᠠᠯ᠎ᠳᠤ ᠠᠭᠤᠰᠬᠠᠵᠤ᠂ 《ᠱᠧᠨᠵᠧᠨ᠎ᠤ ᠭᠠᠶ᠋ᠢᠬᠠᠮᠰᠢᠭ》 ᠵᠶ᠋ᠠᠷ 《ᠲᠦᠷᠪᠡᠨ ᠢᠲᠡᠭᠡᠯ》 ᠵᠶ᠋ᠠᠨ ᠨᠡᠮᠡᠭᠳᠡᠭᠦᠯᠵᠦ᠂ 《ᠱᠧᠨᠵᠧᠨ᠎ᠤ ᠰᠦᠪᠡᠭᠴᠢᠯᠡᠯ》ᠵᠶ᠋ᠠᠷ ᠬᠢᠴᠢᠶᠡᠯ᠎ᠤᠨ ᠥᠭᠡᠷᠡᠴᠢᠯᠡᠯᠲᠡ ᠵᠢ ᠠᠬᠢᠭᠤᠯᠪᠠ᠃ ᠬᠣᠶᠠᠷ᠎ᠲᠤ᠂ ᠣᠷᠣᠨ ᠪᠦᠰᠡ ᠵᠢᠨ ᠠᠵᠤ ᠠᠬᠤᠶ ᠵᠢ ᠪᠠᠷᠢᠮᠵᠢᠶᠠᠵᠢᠭᠤᠯᠤᠨ ᠬᠠᠷᠢᠴᠠᠭᠤᠯᠵᠤ ᠲᠤᠰᠬᠠᠶ ᠮᠡᠷᠭᠡᠵᠢᠯ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠨᠣᠭᠣᠭ᠋ᠠᠨ ᠰᠢᠷ᠎ᠠ ᠤᠯᠠᠭ᠋ᠠᠨ ᠲᠡᠮᠳᠡᠭᠲᠦ ᠲᠤᠰᠬᠠᠶ ᠮᠡᠷᠭᠡᠵᠢᠯ᠎ᠤᠨ ᠪᠠᠢ᠌ᠳᠠᠯ᠎ᠢ ᠲᠣᠬᠢᠷᠠᠭᠤᠯᠬᠤ ᠲᠣᠭᠲᠠᠴᠠ ᠵᠢ ᠲᠡᠭᠦᠯᠳᠡᠷᠵᠢᠭᠦᠯᠪᠡ; ᠲᠣᠭ᠋ᠠᠵᠢᠭᠰᠠᠨ ᠠᠵᠤ ᠠᠬᠤᠶ ᠵᠢᠨ ᠠᠬᠤᠶ ᠪᠠᠢ᠌ᠳᠠᠯ᠎ᠳᠠᠬᠢ ᠣᠯᠠᠨ ᠲᠤᠰᠬᠠᠶ ᠮᠡᠷᠭᠡᠵᠢᠯ᠎ᠤᠨ ᠠᠭᠤᠰᠤᠯᠴᠠᠭ᠎ᠠ ᠪᠠ ᠣᠯᠠᠨ ᠮᠡᠷᠭᠡᠵᠢᠯ᠎ᠤᠨ ᠨᠡᠢ᠌ᠯᠡᠯ᠎ᠢ ᠴᠢᠩᠭ᠋ᠠᠳᠬᠠᠪᠠ; ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ 《ᠮᠡᠷᠭᠡᠵᠢᠯ ᠵᠶ᠋ᠠᠷ ᠬᠥᠲᠥᠯᠥᠨ ᠲᠠᠭ᠋ᠠᠭᠤᠯᠵᠤ᠂ ᠦᠢ᠍ᠯᠡᠳᠭᠦᠨ ᠵᠶ᠋ᠡᠷ ᠠᠴᠢᠶᠠᠯᠠᠪᠤᠷᠢ ᠪᠣᠯᠭ᠋ᠠᠵᠤ᠂ ᠣᠨᠣᠯ ᠪᠠ ᠦᠢ᠍ᠯᠡᠳᠦᠯᠭᠡ ᠵᠢ ᠠᠭᠤᠰᠬᠠᠨ ᠨᠡᠪᠲᠡᠷᠡᠭᠦᠯᠵᠦ᠂ ᠴᠢᠳᠠᠪᠤᠷᠢ᠎ᠪᠠᠷ ᠦᠨᠳᠦᠰᠦ ᠪᠣᠯᠭ᠋ᠠᠬᠤ》᠎ᠪᠠᠷ ᠣᠨᠴᠠᠯᠢᠭ ᠪᠣᠯᠭ᠋ᠠᠭᠰᠠᠨ ᠠᠬᠤᠢ ᠲᠠᠯᠠᠪᠠᠢ ᠵᠢᠨ ᠢᠨᠵᠧᠨᠧᠷ᠎ᠤᠨ ᠴᠢᠳᠠᠪᠤᠷᠢᠲᠠᠨ᠎ᠢ ᠬᠥᠮᠦᠵᠢᠭᠦᠯᠬᠦ ᠵᠠᠭᠪᠤᠷ᠎ᠢ ᠰᠦᠪᠡᠭᠴᠢᠯᠡᠨ ᠪᠠᠢ᠌ᠭᠤᠯᠪᠠ᠃ ᠭᠤᠷᠪᠠ᠎ᠳᠤ᠂ 《ᠳᠥᠷᠪᠡᠨ ᠰᠢᠨ᠎ᠡ》 ᠠᠵᠤ ᠠᠬᠤᠶ ᠵᠢᠨ ᠨᠡᠭᠡᠭᠡᠯᠲᠡᠲᠦ ᠰᠢᠨ᠎ᠡ ᠬᠢᠴᠢᠶᠡᠯ᠎ᠲᠠᠢ ᠵᠣᠯᠭ᠋ᠠᠭᠤᠯᠵᠤ᠂ ᠲᠡᠷᠢᠭᠦᠨ᠎ᠤ ᠠᠵᠤ ᠠᠬᠤᠶ᠋ᠢᠯᠠᠯ᠎ᠲᠠᠢ ᠬᠠᠮᠲᠤᠷᠠᠨ 《ᠰᠢᠨ᠎ᠡ ᠬᠢᠴᠢᠶᠡᠯ᠎ᠢ ᠡᠭᠦᠳᠬᠦ ᠲᠥᠪ》᠎ᠢ ᠬᠠᠮᠲᠤ᠎ᠪᠠᠷ ᠪᠠᠶ᠋ᠢᠭᠤᠯᠵᠤ᠂ ᠴᠠᠭ ᠲᠤᠬᠠᠶ᠎ᠳᠤᠨᠢ ᠰᠢᠨ᠎ᠡ ᠠᠷᠭ᠎ᠠ᠂ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠪᠠᠷᠢᠮᠵᠢᠶ᠎ᠠ ᠵᠢ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ᠎ᠳᠤ ᠣᠷᠣᠭᠤᠯᠵᠤ᠂ ᠰᠢᠨ᠎ᠡ ᠠᠵᠢᠯ ᠲᠥᠷᠥᠯ᠂ ᠰᠢᠨ᠎ᠡ ᠠᠵᠢᠯ ᠮᠡᠷᠭᠡᠵᠢᠯ᠂ ᠰᠢᠨ᠎ᠡ ᠲᠤᠰᠬᠠᠶ ᠮᠡᠷᠭᠡᠵᠢᠯ᠂ ᠰᠢᠨ᠎ᠡ ᠬᠢᠴᠢᠶᠡᠯ ᠳᠥᠷᠪᠡ ᠵᠢ ᠨᠢᠭᠡ ᠴᠣᠭᠴᠠᠵᠢᠭᠤᠯᠤᠭᠰᠠᠨ ᠪᠠᠷᠢᠮᠵᠢᠶᠠᠲᠤ ᠳᠣᠭᠲᠠᠯᠴᠠᠭ᠎ᠠ ᠵᠢ ᠬᠠᠮᠲᠤ᠎ᠪᠠᠷ ᠪᠠᠢ᠌ᠭᠤᠯᠪᠠ᠃ ᠲᠦᠷᠪᠡ᠎ᠳᠤ᠂ ᠴᠢᠳᠠᠪᠤᠷᠢᠲᠠᠨ ᠵᠶ᠋ᠠᠷ ᠰᠤᠷᠭ᠋ᠠᠭᠤᠯᠢ᠎ᠪᠠᠨ ᠬᠦᠴᠦᠷᠬᠡᠭᠵᠢᠭᠦᠯᠬᠦ ᠪᠠᠶ᠋ᠢᠯᠳᠤᠬᠤ ᠪᠤᠳᠤᠯᠭ᠎ᠠ ᠵᠢ ᠭᠦᠨᠵᠡᠭᠡᠢ ᠠᠬᠢᠭᠤᠯᠵᠤ᠂ 《ᠮᠡᠷᠭᠡᠵᠢᠯ᠎ᠤᠨ ᠨᠡᠷᠡᠲᠦ ᠪᠠᠭᠰᠢ》᠂ 《ᠤᠷ᠎ᠠ ᠴᠢᠳᠠᠪᠤᠷᠢᠲᠤ ᠤᠷᠠᠨ ᠳᠠᠷᠬᠠᠨ》᠂ 《ᠰᠢᠯᠢᠳᠡᠭ ᠬᠠᠮᠢᠶᠠᠷᠤᠯᠲᠠ ᠵᠢᠨ ᠴᠢᠳᠠᠪᠤᠷᠢᠲᠠᠨ》᠎ᠢ ᠣᠷᠣᠭᠤᠯᠤᠨ ᠠᠪᠴᠢᠷᠠᠬᠤ ᠲᠥᠯᠥᠪᠯᠡᠭᠡ ᠵᠢ ᠬᠡᠷᠡᠭᠵᠢᠭᠦᠯᠵᠦ᠂ 《ᠲᠠᠶ᠋ᠢᠯᠤᠮᠵᠢ ᠬᠢᠬᠦ ᠫᠷᠤᠹᠸᠰᠰᠤᠷ》᠎ᠤᠨ ᠠᠵᠢᠯ᠎ᠤᠨ ᠪᠠᠶ᠋ᠢᠷᠢ ᠵᠢ ᠲᠤᠬᠢᠷᠠᠭᠤᠯᠵᠤ᠂ ᠠᠷᠭ᠎ᠠ ᠪᠦᠬᠦᠨ᠎ᠢ ᠰᠦᠪᠡᠭᠴᠢᠯᠡᠵᠦ ᠴᠢᠳᠠᠪᠤᠷᠢᠲᠠᠨ᠎ᠢ ᠴᠤᠭᠯᠠᠭᠤᠯᠪᠠ; ᠤᠯᠤᠰ᠎ᠤᠨ ᠲᠠᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ 《ᠬᠤᠤᠰ ᠬᠢᠷᠢ ᠬᠡᠮᠲᠦ》 ᠪᠠᠭᠰᠢ ᠵᠢ ᠬᠥᠮᠦᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠢ ᠰᠠᠶ᠋ᠢᠲᠤᠷ ᠪᠠᠶ᠋ᠢᠭᠤᠯᠵᠤ᠂ ᠠᠵᠢᠯ᠎ᠳᠤ ᠪᠠᠶ᠋ᠢᠭ᠎ᠠ ᠪᠠᠭᠰᠢ ᠵᠢᠨ 《ᠰᠤᠷᠤᠯᠭ᠎ᠠ ᠵᠢᠨ ᠨᠠᠮᠲᠠᠷ ᠪᠠ ᠴᠢᠳᠠᠪᠤᠷᠢ ᠵᠢᠨ ᠬᠤᠤᠰ ᠳᠡᠭᠡᠭᠰᠢᠯᠡᠯᠲᠡ》 ᠵᠢ ᠠᠬᠢᠭᠤᠯᠪᠠ᠃ ᠲᠠᠪᠤ᠎ᠳᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠤᠮᠳᠠ᠂ ᠳᠡᠭᠡᠳᠦ᠂ ᠦᠨᠳᠦᠰᠦᠨ ᠠᠩᠭᠢ ᠵᠢᠨ ᠡᠯ᠎ᠡ ᠲᠠᠰ᠎ᠲᠤ ᠬᠠᠨᠳᠤᠭᠤᠯᠤᠭᠰᠠᠨ 《ᠱᠧᠨᠵᠧᠨ᠎ᠤ ᠬᠡᠯᠡᠯᠴᠡᠭᠡᠷ》᠎ᠤᠨ ᠲᠤᠰᠬᠠᠶ ᠮᠡᠷᠭᠡᠵᠢᠯ᠎ᠤᠨ ᠭᠡᠷᠡᠴᠢᠯᠡᠭᠡ ᠵᠢᠨ ᠳᠣᠭᠲᠠᠯᠴᠠᠭ᠎ᠠ ᠵᠢ ᠰᠤᠳᠤᠯᠤᠨ ᠲᠣᠭᠲᠠᠭ᠋ᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠣᠭ᠋ᠠᠵᠢᠭᠰᠠᠨ ᠡᠬᠢ ᠪᠠᠶᠠᠯᠢᠭ᠎ᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠬᠤᠪᠢᠶᠠᠯᠴᠠᠨ ᠡᠳ᠋ᠯᠡᠬᠦ᠎ᠳᠤ ᠰᠠᠭᠤᠷᠢᠯᠠᠭᠰᠠᠨ ᠴᠢᠨᠠᠷᠯᠢᠭ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠤᠨ ᠦᠨᠡᠮᠯᠡᠯ᠂ ᠤᠷ᠎ᠠ ᠴᠢᠳᠠᠪᠤᠷᠢ ᠵᠢᠨ ᠪᠢᠴᠢᠯ ᠦᠨᠡᠮᠯᠡᠯ᠂ ᠣᠯᠠᠨ ᠤᠯᠤᠰ᠎ᠤᠨ ᠬᠢᠴᠢᠶᠡᠯ᠎ᠤᠨ ᠰᠤᠷᠤᠯᠭ᠎ᠠ ᠵᠢᠨ ᠬᠤᠪᠢ ᠵᠢ ᠲᠡᠯᠭᠡᠷᠡᠭᠦᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠯᠠᠨ ᠤᠯᠤᠰ᠎ᠤᠨ ᠭᠡᠷᠡᠴᠢᠯᠡᠭᠡ ᠵᠢᠨ ᠳᠣᠭᠲᠠᠯᠴᠠᠭ᠋ᠠᠨ᠎ᠤ 《ᠳᠤᠮᠳᠠᠳᠤ ᠤᠯᠤᠰ᠎ᠤᠨ ᠲᠥᠰᠦᠯ》᠎ᠢ ᠪᠠᠢ᠌ᠭᠤᠯᠪᠠ᠃ ᠵᠢᠷᠭᠤᠭ᠎ᠠ᠎ᠳᠤ᠂ ᠥᠨᠳᠥᠷ ᠬᠢᠷᠢ ᠲᠦᠪᠰᠢᠨᠲᠦ ᠨᠡᠶ᠋ᠢᠭᠡᠮ᠎ᠤᠨ ᠦᠢ᠍ᠯᠡᠴᠢᠯᠡᠭᠡᠨ᠎ᠤ ᠳᠣᠭᠲᠠᠯᠴᠠᠭ᠎ᠠ ᠵᠢ ᠪᠠᠢ᠌ᠭᠤᠯᠵᠤ᠂ 《ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠭᠰᠢ ᠵᠢᠨ ᠴᠢᠳᠠᠪᠤᠷᠢ ᠵᠢᠨ ᠪᠣᠯᠪᠠᠰᠤᠷᠠᠭᠤᠯᠤᠯ᠎ᠤᠨ ᠲᠥᠪ》᠂ 《ᠰᠢᠨ᠎ᠡ ᠮᠡᠷᠭᠡᠵᠢᠯ ᠰᠢᠨ᠎ᠡ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠤᠨ ᠲᠥᠪ》᠂ 《ᠨᠡᠶ᠋ᠢᠭᠡᠮ ᠲᠣᠭᠣᠷᠢᠭ᠎ᠤᠨ ᠰᠤᠷᠤᠯᠴᠠᠯᠭ᠎ᠠ ᠵᠢᠨ ᠲᠥᠪ》 ᠵᠡᠷᠭᠡ ᠵᠢ ᠪᠠᠶ᠋ᠢᠭᠤᠯᠵᠤ᠂ ᠰᠤᠷᠭ᠋ᠠᠭᠤᠯᠢ ᠠᠵᠤ ᠠᠬᠤᠶ᠋ᠢᠯᠠᠯ ᠬᠠᠮᠲᠤᠷᠠᠨ ᠥᠨᠳᠥᠷ ᠬᠢᠷᠢ ᠲᠦᠪᠰᠢᠨᠲᠦ ᠮᠡᠷᠭᠡᠵᠢᠯ᠎ᠢ ᠰᠤᠳᠤᠯᠤᠨ ᠨᠡᠭᠡᠭᠡᠵᠦ ᠤᠯᠠᠷᠢᠭᠤᠯᠬᠤ ᠪᠠ ᠪᠣᠯᠪᠠᠰᠤᠷᠠᠭᠤᠯᠬᠤ ᠦᠢ᠍ᠯᠡᠴᠢᠯᠡᠭᠡ ᠵᠢ ᠥᠷᠨᠢᠭᠦᠯᠪᠡ᠃ ᠳᠣᠯᠣᠭ᠎ᠠ᠎ᠳᠤ᠂ ᠰᠤᠷᠭ᠋ᠠᠭᠤᠯᠢ ᠵᠢᠨ ᠲᠣᠭ᠋ᠠᠵᠢᠭᠰᠠᠨ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠵᠦ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠪᠠ ᠦᠨᠡᠯᠡᠯᠲᠡ ᠵᠢᠨ ᠠᠷᠭ᠎ᠠ ᠬᠡᠯᠪᠡᠷᠢ ᠵᠢᠨ ᠥᠭᠡᠷᠡᠴᠢᠯᠡᠯᠲᠡ ᠵᠢ ᠠᠬᠢᠭᠤᠯᠵᠤ᠂ ᠨᠡᠪᠴᠢᠭᠦᠯᠬᠦ ᠮᠠᠶᠢᠭ᠎ᠤᠨ᠂ ᠣᠶᠤᠨᠴᠢᠯᠠᠭᠰᠠᠨ ᠳᠠᠳᠤᠯᠭ᠎ᠠ ᠪᠣᠯᠪᠠᠰᠤᠷᠠᠯ᠎ᠤᠨ ᠳᠣᠭᠲᠠᠯᠴᠠᠭ᠎ᠠ ᠵᠢ ᠪᠠᠶ᠋ᠢᠭᠤᠯᠵᠤ᠂ ᠣᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ ᠵᠢᠨ 《ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠣᠭ᠋ᠠᠵᠢᠭᠤᠯᠤᠯᠲᠠ》 ᠭᠡᠬᠦ ᠪᠠᠭᠰᠢ ᠵᠢᠨ ᠲᠤᠰᠢᠶᠠᠯ᠎ᠤᠨ ᠲᠥᠰᠦᠯ᠎ᠢ ᠰᠠᠶ᠋ᠢᠲᠤᠷ ᠪᠠᠶ᠋ᠢᠭᠤᠯᠵᠤ᠂ ᠪᠥᠬᠥ ᠪᠥᠮᠪᠥᠷᠴᠡᠭ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠲᠣᠭ᠋ᠠᠵᠢᠭᠤᠯᠤᠯᠲᠠ ᠲᠡᠢ᠌ᠰᠢ ᠬᠡᠯᠪᠡᠷᠢ᠎ᠪᠠᠨ ᠬᠤᠪᠢᠷᠠᠭᠤᠯᠬᠤ ᠵᠢ ᠬᠥᠲᠥᠯᠥᠨ ᠳᠠᠭ᠋ᠠᠭᠤᠯᠪᠠ᠃