ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ᠎ᠤᠨ 《ᠬᠣᠶᠠᠷ ᠶᠡᠬᠡ ᠶᠠᠪᠤᠳᠠᠯ ᠵᠶ᠋ᠠᠷ ᠭᠤᠤᠯ ᠭᠠᠷᠳᠠᠴᠠ ᠪᠣᠯᠭ᠋ᠠᠨ ᠥᠪᠥᠷ ᠮᠣᠩᠭᠣᠯ᠎ᠤᠨ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠶ᠎ᠠ》 ᠭᠡᠬᠦ ᠭᠤᠤᠯ ᠰᠡᠳᠦᠪᠲᠦ ᠰᠢᠷᠢᠰ ᠰᠣᠨᠢᠨ ᠮᠡᠳᠡᠭᠡ ᠨᠡᠶ᠋ᠢᠲᠡᠯᠡᠬᠦ ᠬᠤᠷᠠᠯ
ᠨᠡᠶ᠋ᠢᠲᠡᠯᠡᠭᠰᠡᠨ ᠴᠠᠭ᠄ 2023-08-18


W020230817393824716804.jpg


      8 ᠰᠠᠷ᠎ᠠ ᠵᠢᠨ 16᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠬᠣᠶᠠᠷ ᠶᠡᠬᠡ ᠶᠠᠪᠤᠳᠠᠯ ᠵᠶ᠋ᠠᠷ ᠭᠤᠤᠯ ᠭᠠᠷᠳᠠᠴᠠ ᠪᠣᠯᠭ᠋ᠠᠨ ᠥᠪᠥᠷ ᠮᠣᠩᠭᠣᠯ᠎ᠤᠨ ᠣᠳᠣᠬᠢᠴᠢᠯᠠᠭᠰᠠᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠶ᠎ᠠ》 ᠭᠡᠬᠦ ᠭᠤᠤᠯ ᠰᠡᠳᠦᠪᠲᠦ ᠰᠢᠷᠢᠰ ᠰᠣᠨᠢᠨ ᠮᠡᠳᠡᠭᠡ ᠨᠡᠶ᠋ᠢᠲᠡᠯᠡᠬᠦ ᠬᠤᠷᠠᠯ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠲᠤᠰᠬᠠᠶ ᠲᠠᠯᠠᠪᠤᠷ)᠎ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶᠠᠨ᠎ᠤ ᠭᠡᠰᠢᠭᠦᠨ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠯᠢ ᠶᠢᠩ 《ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠨᠠᠷᠢᠯᠢᠭ ᠣᠨᠣᠴᠠᠲᠠᠢ ᠡᠵᠡᠮᠳᠡᠵᠦ ᠣᠷᠣᠨ ᠪᠦᠰᠡ ᠵᠢᠨ ᠬᠥᠭᠵᠢᠯᠲᠡ᠎ᠳᠤ ᠪᠥᠬᠥ ᠬᠦᠴᠦᠨ ᠵᠶ᠋ᠠᠷ ᠦᠢ᠍ᠯᠡᠴᠢᠯᠡᠨ ᠣᠳᠣᠬᠢᠴᠢᠯᠠᠭᠰᠠᠨ ᠥᠪᠥᠷ ᠮᠣᠩᠭᠣᠯ᠎ᠢ ᠪᠥᠲᠥᠭᠡᠨ ᠪᠠᠶ᠋ᠢᠭᠤᠯᠬᠤ᠎ᠳᠤ ᠰᠤᠷᠭ᠋ᠠᠨ ᠬᠥᠮᠦᠵᠢᠯ᠎ᠤᠨ ᠬᠦᠴᠦᠨ ᠴᠢᠳᠠᠯ ᠵᠶ᠋ᠠᠨ ᠡᠷᠭᠦᠶ᠎ᠡ》 ᠭᠡᠬᠦ ᠲᠣᠭᠣᠷᠢᠨ᠎ᠳᠤ ᠭᠤᠤᠯ ᠰᠡᠲᠦᠪᠲᠦ ᠨᠡᠢ᠌ᠲᠡᠯᠡᠯ ᠬᠢᠪᠡ᠃



      ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠨᠠᠷᠢᠯᠢᠭ ᠣᠨᠣᠴᠠᠲᠠᠢ ᠡᠵᠡᠮᠳᠡᠵᠦ᠂ ᠣᠷᠣᠨ

      ᠪᠦᠰᠡ ᠵᠢᠨ ᠬᠥᠭᠵᠢᠯᠲᠡ᠎ᠳᠤ ᠪᠥᠬᠥ ᠬᠦᠴᠦᠨ ᠵᠶ᠋ᠠᠷ  ᠦᠢ᠍ᠯᠡᠴᠢᠯᠡᠨ᠂ ᠣᠳᠣᠬᠢᠴᠢᠯᠠᠭᠰᠠᠨ ᠥᠪᠥᠷ

      ᠮᠣᠩᠭᠣᠯ᠎ᠢ ᠪᠥᠲᠥᠭᠡᠨ ᠪᠠᠶ᠋ᠢᠭᠤᠯᠬᠤ᠎ᠳᠤ ᠰᠤᠷᠭ᠋ᠠᠨ ᠬᠥᠮᠦᠵᠢᠯ᠎ᠤᠨ ᠬᠦᠴᠦᠨ ᠴᠢᠳᠠᠯ  ᠵᠶ᠋ᠠᠨ ᠡᠷᠭᠦᠶ᠎ᠡ
             ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷᠡᠬᠢ ᠨᠡᠢ᠌ᠲᠡᠯᠡᠯ᠎ᠤᠨ ᠦᠭᠡ


      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠤᠷᠭ᠋ᠠᠨ ᠬᠥᠮᠦᠵᠢᠯ᠎ᠤᠨ ᠠᠵᠢᠯ᠎ᠤᠨ

      ᠬᠣᠷᠢᠶ᠎ᠠ ᠵᠢᠨ ᠭᠡᠰᠢᠭᠦᠨ᠂  ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ

      ᠳᠤᠭᠤᠶ᠋ᠢᠯᠠᠩ᠎ᠤᠨ ᠬᠡᠰᠢᠭᠦᠨ᠂  ᠲᠢᠩᠬᠢᠮ᠎ᠤᠨ ᠳᠡᠳ᠋ ᠳᠠᠷᠤᠭ᠎ᠠ ᠯᠢ ᠶᠢᠩ
                 (2023 ᠣᠨ᠎ᠤ 8 ᠰᠠᠷ᠎ᠠ ᠵᠢᠨ 16᠎ᠤ ᠡᠳᠦᠷ)


      ᠡᠯ᠎ᠡ ᠵᠠᠭᠤᠴᠢᠯᠠᠭᠤᠷ᠎ᠤᠨ ᠨᠠᠶ᠋ᠢᠵᠠ ᠨᠠᠷ ᠡ᠄
      ᠰᠠᠶ᠋ᠢᠨ ᠪᠠᠶ᠋ᠢᠵᠠᠭ᠋ᠠᠨ᠎ᠠ ᠦᠦ!
      ᠥᠨᠥᠳᠦᠷ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ᠎ᠳᠤ᠎ᠪᠠᠨ ᠶᠡᠬᠡ ᠪᠠᠶᠠᠷᠯᠠᠵᠤ ᠪᠠᠢ᠍ᠨ᠎ᠠ᠃ ᠡᠩ ᠲᠡᠷᠢᠭᠦᠨ᠎ᠳᠤ᠂ ᠪᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠠᠵᠢᠯ᠎ᠢ ᠣᠷᠳᠣ ᠬᠤᠭᠤᠴᠠᠭ᠎ᠠ᠎ᠪᠠᠷ ᠬᠠᠯᠠᠮᠵᠢᠯᠠᠨ ᠳᠡᠮᠵᠢᠭᠰᠡᠭᠡᠷ ᠢᠷᠡᠭᠰᠡᠨ ᠵᠠᠭᠤᠴᠢᠯᠠᠭᠤᠷ ᠪᠠ ᠨᠠᠶ᠋ᠢᠵᠠ ᠨᠠᠷ᠎ᠲᠤ᠎ᠪᠠᠨ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠵᠦ ᠪᠠᠶ᠋ᠢᠨ᠎ᠠ᠃
      ᠡᠨᠡ ᠵᠢᠯ᠎ᠠᠴᠠ ᠨᠠᠭ᠋ᠠᠰᠢ᠂ ᠪᠥᠬᠥ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ᠂ ᠶᠣᠰᠣ ᠰᠤᠷᠲᠠᠬᠤᠨ᠎ᠢ ᠪᠣᠢ ᠪᠣᠯᠭ᠋ᠠᠨ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠣᠯᠭ᠋ᠠᠨ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠭᠢᠯᠡᠬᠦ᠎ᠪᠠᠷ ᠬᠠᠷᠠᠯᠲᠠ ᠪᠣᠯᠭ᠋ᠠᠵᠤ᠂ ᠴᠢᠨᠠᠷᠯᠢᠭ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠥᠳᠲᠡᠷ ᠲᠦᠷᠭᠡᠨ ᠪᠠᠶ᠋ᠢᠭᠤᠯᠵᠤ᠂ ᠰᠤᠷᠭ᠋ᠠᠨ ᠬᠥᠮᠦᠵᠢᠯ᠎ᠤᠨ ᠬᠦᠴᠦᠨ ᠵᠶ᠋ᠠᠷ ᠠᠷᠠᠳ ᠲᠦᠮᠡᠨ᠎ᠤ ᠵᠣᠯ ᠵᠢᠷᠭ᠋ᠠᠯ᠎ᠢ ᠭᠦᠨ ᠦᠨᠳᠦᠰᠦᠯᠡᠭᠦᠯᠵᠦ᠂ ᠰᠤᠷᠭ᠋ᠠᠨ ᠬᠥᠮᠦᠵᠢᠯ᠎ᠤᠨ ᠬᠦᠴᠦᠷᠬᠡᠭ ᠵᠶ᠋ᠠᠷ ᠤᠯᠤᠰ᠎ᠤᠨ ᠪᠠᠶᠠᠵᠢᠯ ᠬᠦᠴᠦᠷᠬᠡᠭᠵᠢᠯ᠎ᠤᠨ ᠰᠠᠭᠤᠷᠢ ᠵᠢ ᠪᠡᠬᠢᠵᠢᠭᠦᠯᠬᠦ᠎ᠪᠠᠷ ᠴᠢᠷᠮᠠᠢ᠌ᠨ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠪᠡᠶᠡᠯᠡᠭᠦᠯᠬᠦ᠎ᠳᠤ ᠴᠢᠳᠠᠪᠤᠷᠢᠲᠠᠨ᠎ᠤ ᠲᠤᠯᠭ᠋ᠠᠭᠤᠷᠢᠯᠠᠯ ᠪᠠ ᠣᠶᠤᠨ᠎ᠤ ᠳᠡᠮᠵᠢᠯᠭᠡ ᠬᠠᠩᠭ᠋ᠠᠪᠠ᠃
      ᠨᠢᠭᠡ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ᠎ᠢ ᠱᠤᠭᠤᠵᠤ ᠬᠥᠮᠦᠨ ᠬᠥᠮᠦᠵᠢᠭᠦᠯᠬᠦ ᠵᠢ ᠪᠠᠷᠢᠮᠲᠠᠯᠠᠪᠠ᠃ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ᠎ᠳᠤ ᠠᠩᠬᠠᠷᠤᠯ ᠵᠶ᠋ᠠᠨ  ᠬᠠᠨᠳᠤᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠣᠯᠭ᠋ᠠᠵᠤ᠂ 《ᠴᠠᠭ ᠦᠶ᠎ᠡ ᠵᠢᠨ ᠰᠢᠨ᠎ᠡ ᠬᠥᠮᠦᠨ᠎ᠤ ᠰᠦᠭ᠎ᠢ ᠱᠤᠭᠤᠬᠤ ᠢᠨᠵᠧᠨᠧᠷᠢᠩ》᠎ᠢ ᠬᠡᠷᠡᠭᠵᠢᠭᠦᠯᠵᠦ᠂ 《ᠤᠮᠠᠷᠠᠲᠤ ᠵᠢᠨ ᠰᠤᠷᠭ᠋ᠠᠨ ᠬᠥᠮᠦᠵᠢᠯ ᠨᠠᠮ ᠵᠶ᠋ᠠᠨ ᠳᠠᠭ᠋ᠠᠨᠠᠮ》 ᠭᠡᠬᠦ ᠭᠤᠤᠯ ᠰᠡᠳᠦᠪᠲᠦ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠵᠢᠭ᠋ᠠᠬᠤ ᠮᠠᠲ᠋ᠧᠷᠢᠶᠠᠯ᠎ᠳᠤ ᠣᠷᠣᠭᠤᠯᠬᠤ᠂ ᠬᠢᠴᠢᠶᠡᠯ᠎ᠤᠨ ᠲᠠᠩᠬᠢᠮ᠎ᠳᠤ ᠣᠷᠣᠭᠤᠯᠬᠤ᠂ ᠲᠠᠷᠢᠬᠢ ᠲᠣᠯᠤᠭ᠋ᠠᠢ᠎ᠳᠤ᠎ᠨᠢ ᠬᠠᠳᠠᠩᠰᠢᠭᠤᠯᠬᠤ ᠵᠢ ᠦᠷᠭᠦᠯᠵᠢᠯᠡᠨ ᠠᠬᠢᠭᠤᠯᠪᠠ᠃ ᠳᠡᠭᠡᠳᠦ ᠰᠤᠷᠭ᠋ᠠᠭᠤᠯᠢ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠯᠤᠰ᠎ᠤᠨ ᠲᠠᠰ᠎ᠤᠨ᠎ᠬᠢ 1 ᠵᠢ ᠪᠠᠶ᠋ᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠰᠤᠷᠭ᠋ᠠᠭᠤᠯᠢ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠤᠭᠰᠠᠨ ᠬᠠᠮᠲᠤ ᠵᠢᠨ ᠴᠣᠭᠴᠠ ᠵᠢ 12᠎ᠢ ᠪᠣᠶ᠋ᠢᠵᠢᠭᠤᠯᠵᠤ᠂  ᠴᠢᠨᠠᠷᠯᠢᠭ ᠦᠵᠡᠯ ᠰᠠᠨᠠᠭ᠎ᠠ ᠤᠯᠤᠰ ᠲᠥᠷᠥ ᠵᠢᠨ 《ᠠᠯᠲᠠᠨ ᠬᠢᠴᠢᠶᠡᠯ》᠎ᠢ ᠪᠠᠢ᠌ᠭᠤᠯᠪᠠ᠃ 《〈ᠠᠨᠠᠷ᠎ᠤᠨ ᠦᠷ᠎ᠡ〉 ᠬᠥᠮᠦᠨ᠎ᠢ ᠬᠥᠮᠦᠵᠢᠭᠦᠯᠬᠦ ᠢᠨᠵᠧᠨᠧᠷᠢᠩ》᠎ᠢ ᠬᠡᠷᠡᠭᠵᠢᠭᠦᠯᠵᠦ᠂ ᠰᠤᠷᠤᠯᠭ᠎ᠠ ᠵᠢᠨ ᠬᠤᠭᠤᠴᠠᠭ᠎ᠠ ᠬᠤᠪᠢᠶᠠᠨ 《〈ᠠᠨᠠᠷ᠎ᠤᠨ ᠦᠷ᠎ᠡ〉 ᠬᠥᠮᠦᠨ ᠬᠥᠮᠦᠵᠢᠭᠦᠯᠬᠦ ᠪᠢᠴᠢᠯ ᠬᠢᠴᠢᠶᠡᠯ᠎ᠤᠨ ᠲᠠᠩᠬᠢᠮ》᠎ᠢ 25 ᠪᠦᠯᠦᠭ ᠦᠢ᠍ᠯᠡᠳᠴᠦ᠂ ᠰᠢᠨᠬᠤᠸᠠ ᠬᠣᠷᠢᠶ᠎ᠠ᠎ᠪᠠᠷ ᠳᠠᠮᠵᠢᠭᠤᠯᠤᠨ ᠪᠥᠬᠥ ᠤᠯᠤᠰ᠎ᠲᠤ ᠳᠡᠯᠭᠡᠷᠡᠭᠦᠯᠪᠡ᠃ 《ᠦᠵᠡᠯ ᠰᠠᠨᠠᠭ᠎ᠠ ᠤᠯᠤᠰ ᠲᠥᠷᠥ ᠵᠢᠨ ᠲᠣᠮᠤ ᠬᠢᠴᠢᠶᠡᠯ》᠎ᠤᠨ ᠦᠢ᠍ᠯᠡᠳᠦᠯᠭᠡ ᠵᠢᠨ ᠰᠠᠭᠤᠷᠢᠨ ᠭᠠᠵᠠᠷ 60 ᠵᠢ ᠨᠡᠷᠡᠶ᠋ᠢᠳᠴᠦ᠂ 《ᠶᠠᠪᠤᠵᠤ ᠰᠤᠷᠬᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠂ 《ᠰᠤᠷᠭ᠋ᠠᠭᠤᠯᠢ ᠡᠬᠢᠯᠡᠭᠰᠡᠨ ᠠᠩᠬᠠᠨ᠎ᠤ ᠬᠢᠴᠢᠶᠡᠯ》 ᠵᠡᠷᠭᠡ ᠨᠠᠷᠠᠲᠤ ᠲᠡᠮᠳᠡᠭᠲᠦ ᠵᠢᠨ ᠠᠵᠢᠯᠯᠠᠭ᠎ᠠ ᠵᠢ ᠪᠣᠶ ᠪᠣᠯᠭ᠋ᠠᠪᠠ᠃ 《ᠵᠠᠯᠠᠭᠤᠴᠤᠳ᠎ᠤᠨ  ᠬᠤᠪᠢᠰᠬᠠᠯᠲᠤ ᠬᠥᠮᠦᠵᠢᠯ᠎ᠤᠨ ᠬᠦᠰᠡᠯ ᠵᠶ᠋ᠡᠨ ᠲᠡᠷᠭᠡᠯᠰᠢᠭᠦᠯᠬᠦ ᠠᠶᠠᠯᠠᠯ》᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ 4 ᠲᠦᠮᠡᠨ ᠣᠶᠤᠲᠠᠨ ᠡᠷᠲᠡ ᠴᠢᠯᠥᠭᠡᠯᠡᠭᠳᠡᠭᠰᠡᠨ ᠬᠤᠪᠢᠰᠬᠠᠯ ᠎ᠤᠨ ᠣᠷᠣᠨ᠂ ᠬᠤᠳᠠ ᠬᠥᠳᠡᠭᠡ ᠵᠢᠨ ᠨᠡᠶ᠋ᠢᠭᠡᠮ ᠲᠣᠭᠣᠷᠢᠭ᠎ᠲᠤ ᠬᠦᠷᠴᠦ᠂ ᠦᠵᠡᠯ ᠰᠠᠨᠠᠭ᠋ᠠᠨ᠎ᠤ ᠠᠷᠢᠭᠤᠳᠬᠠᠯ ᠭᠦᠷᠲᠡᠨ᠂ ᠦᠢ᠍ᠯᠡᠳᠦᠯᠭᠡ ᠵᠢᠨ ᠪᠣᠯᠪᠠᠰᠤᠷᠠᠯ ᠵᠶ᠋ᠠᠨ ᠴᠢᠩᠭ᠋ᠠᠳᠬᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠪᠡ᠃ ᠨᠡᠶ᠋ᠢᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ ᠵᠢ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠬᠢᠴᠢᠶᠡᠯ᠎ᠤᠨ ᠦᠵᠡᠯ ᠰᠠᠨᠠᠭ᠎ᠠ ᠤᠯᠤᠰ ᠲᠦᠷᠦ ᠪᠣᠯᠤᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠢ ᠬᠣᠷᠰᠢᠶᠠᠯᠠᠨ ᠪᠠᠶ᠋ᠢᠭᠤᠯᠬᠤ᠂ ᠢᠵᠢᠯ ᠴᠢᠭᠯᠡᠯ ᠵᠶ᠋ᠠᠷ ᠤᠷᠤᠭᠰᠢᠯᠠᠬᠤ ᠵᠢ ᠠᠬᠢᠭᠤᠯᠤᠨ᠂ ᠦᠵᠡᠯ ᠰᠠᠨᠠᠭ᠎ᠠ ᠤᠯᠤᠰ ᠲᠦᠷᠦ ᠵᠢᠨ ᠪᠢᠴᠢᠯ ᠬᠢᠴᠢᠶᠡᠯ᠎ᠤᠨ ᠲᠠᠩᠬᠢᠮ ᠪᠣᠯᠤᠨ ᠨᠡᠶ᠋ᠢᠭᠡᠮ᠎ᠤᠨ ᠲᠣᠮᠤ ᠬᠢᠴᠢᠶᠡᠯ᠎ᠤᠨ ᠲᠠᠩᠬᠢᠮ᠎ᠤᠨ ᠬᠣᠯᠪᠣᠯᠳᠤᠨ ᠨᠡᠪᠲᠡᠷᠡᠬᠦ ᠵᠢ ᠠᠬᠢᠭᠤᠯᠵᠤ᠂ 《ᠦᠵᠡᠯ ᠰᠠᠨᠠᠭ᠎ᠠ ᠤᠯᠤᠰ ᠲᠦᠷᠦ ᠵᠢᠨ ᠲᠣᠮᠤ ᠬᠢᠴᠢᠶᠡᠯ》᠎ᠤᠨ  ᠪᠠᠢ᠌ᠷᠢᠰᠢᠯᠠᠭᠤᠯᠤᠯᠲᠠ ᠵᠢ ᠬᠦᠴᠦᠯᠡᠨ ᠪᠠᠢ᠌ᠭᠤᠯᠪᠠ᠃ ᠤᠯᠤᠰ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠡᠷᠡᠰ ᠳᠡᠯᠭᠡᠷᠡᠭᠦᠯᠦᠨ ᠬᠡᠷᠡᠭᠯᠡᠵᠦ᠂ ᠠᠩᠬ᠎ᠠ ᠤᠳᠠᠭ᠎ᠠ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ ᠰᠢᠯᠭ᠋ᠠᠯᠲᠠ ᠵᠢᠨ 《ᠭᠤᠷᠪᠠᠨ ᠬᠢᠴᠢᠶᠡᠯ ᠨᠢᠭᠡ ᠰᠢᠯᠭ᠋ᠠᠯᠲᠠ ᠵᠢᠨ ᠬᠠᠭᠤᠳᠠᠰᠤ》 ᠵᠢ ᠪᠡᠶᠡᠯᠡᠭᠦᠯᠪᠡ᠃ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠡᠷᠡᠰ ᠭᠤᠶ᠋ᠢᠪᠢᠰᠢ ᠦᠭᠡᠢ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠡᠷᠡᠭᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠲᠦᠷᠦᠯ ᠵᠦᠢ᠍ᠯ᠎ᠢ ᠬᠡᠷᠡᠭᠵᠢᠭᠦᠯᠵᠦ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠵᠢᠷᠤᠮᠵᠢᠭᠤᠯᠤᠨ ᠪᠠᠷᠢᠮᠵᠢᠶ᠎ᠠ᠎ᠳᠤ ᠬᠦᠷᠦᠭᠰᠡᠨ ᠰᠤᠷᠭ᠋ᠠᠭᠤᠯᠢ  ᠵᠢᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠵᠤ᠂ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠭᠤᠯᠢ (ᠬᠡᠦᠬᠡᠳ᠎ᠤᠨ ᠴᠡᠴᠡᠷᠯᠢᠭ) ᠵᠢᠨ ᠪᠠᠷᠢᠮᠵᠢᠶ᠎ᠠ᠎ᠳᠤ ᠬᠦᠷᠦᠭᠰᠡᠨ ᠨᠤᠷᠮ᠎ᠠ 93 . 3 %᠎ᠲᠤ ᠬᠦᠷᠴᠦ᠂  ᠵᠢᠯ᠎ᠤᠨ ᠬᠠᠷᠠᠯᠲᠠ᠎ᠪᠠᠨ ᠤᠷᠢᠳᠴᠢᠯᠠᠨ ᠪᠡᠶᠡᠯᠡᠭᠦᠯᠪᠡ᠃
      ᠬᠣᠶᠠᠷ᠎ᠲᠤ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠲᠦᠷᠦᠭᠦᠯᠡᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ 《ᠲᠠᠪᠤᠨ ᠶᠡᠬᠡ ᠡᠭᠦᠷᠭᠡ》᠎ᠳᠤ ᠲᠤᠯᠭ᠋ᠠᠭᠤᠷᠢᠯᠠᠨ ᠦᠢ᠍ᠯᠡᠴᠢᠯᠡᠬᠦ ᠴᠢᠳᠠᠮᠵᠢ ᠵᠢ ᠦᠷᠭᠦᠯᠵᠢᠯᠡᠨ ᠳᠡᠭᠡᠭᠰᠢᠯᠡᠭᠦᠯᠪᠡ᠃ ᠦᠨᠡᠯᠡᠯᠲᠡ ᠵᠢᠨ 《ᠳᠣᠬᠢᠭᠤᠷ》᠎ᠤᠨ ᠦᠢ᠍ᠯᠡᠳᠦᠯ᠎ᠢ ᠪᠠᠳᠠᠷᠠᠭᠤᠯᠵᠤ᠂ ᠳᠡᠭᠡᠳᠦ ᠰᠤᠷᠭ᠋ᠠᠭᠤᠯᠢ ᠵᠢ ᠲᠥᠷᠥᠯ ᠬᠤᠪᠢᠶᠠᠨ ᠦᠨᠡᠯᠡᠬᠦ ᠥᠭᠡᠷᠡᠴᠢᠯᠡᠯᠲᠡ ᠵᠢ ᠥᠷᠨᠢᠭᠦᠯᠵᠦ᠂ ᠳᠡᠭᠡᠳᠦ ᠰᠤᠷᠭ᠋ᠠᠭᠤᠯᠢ ᠵᠢ ᠬᠥᠲᠥᠯᠥᠨ ᠵᠢᠯᠣᠭᠣᠳᠴᠤ ᠬᠡᠷᠡᠭᠯᠡᠭᠡᠨ᠎ᠤ ᠬᠡᠯᠪᠡᠷᠢ ᠲᠡᠢ᠌ᠰᠢ ᠬᠤᠪᠢᠷᠠᠭᠤᠯᠵᠤ᠂ ᠠᠳᠠᠯᠢ ᠪᠤᠰᠤ ᠬᠦᠷᠢᠶᠡᠨ᠎ᠳᠤ ᠥᠪᠡᠷᠮᠢᠴᠡ ᠣᠨᠴᠠᠯᠢᠭ᠎ᠲᠠᠢ᠂ ᠥᠨᠳᠥᠷ ᠲᠦᠪᠰᠢᠨ᠎ᠲᠠᠢ ᠡᠷᠬᠢᠯᠡᠪᠡ᠃ ᠲᠡᠷᠢᠭᠦᠨ᠎ᠤ᠎ᠬᠢ᠎ᠪᠠᠷ  ᠪᠠᠷᠢᠮᠵᠢᠶᠠᠯᠠᠵᠤ᠂  ᠵᠡᠷᠭᠡ ᠳᠡᠪᠰᠢᠬᠦ ᠵᠢ ᠬᠥᠭᠡᠭᠡᠴᠡᠯᠳᠦᠬᠦ ᠵᠠᠷᠴᠢᠮ ᠶᠣᠰᠤ᠎ᠪᠠᠷ ᠨᠢᠭᠡ ᠰᠤᠷᠭ᠋ᠠᠭᠤᠯᠢ ᠨᠢᠭᠡ ᠠᠷᠭ᠎ᠠ ᠪᠣᠳᠣᠯᠭ᠎ᠠ᠎ᠪᠠᠷ ᠳᠡᠭᠡᠳᠦ ᠰᠤᠷᠭ᠋ᠠᠭᠤᠯᠢ ᠵᠢᠨ ᠵᠡᠷᠭᠡ ᠳᠡᠪᠰᠢᠬᠦ ᠪᠠ ᠲᠠᠰ ᠳᠡᠪᠰᠢᠬᠦ ᠵᠢ ᠠᠬᠢᠭᠤᠯᠪᠠ᠃ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ 《ᠡᠪᠡᠰᠦᠨ᠎ᠤ ᠰᠤᠳᠤᠯᠤᠯ》᠎ᠤᠨ ᠰᠢᠨᠵᠢᠯᠡᠭᠡᠨ᠎ᠤ ᠰᠠᠯᠠᠭ᠋ᠠᠨ᠎ᠤ ᠲᠡᠦᠬᠡᠲᠦ ᠴᠢᠨᠠᠷᠲᠠᠢ ᠰᠢᠪᠲᠤᠯᠤᠯᠲᠠ ᠵᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠡᠭᠡᠯᠵᠢ ᠵᠢᠨ 《ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ》᠎ᠤ ᠪᠠᠶ᠋ᠢᠭᠤᠯᠤᠯᠲᠠ ᠵᠢᠨ ᠰᠢᠨᠵᠢᠯᠡᠭᠡᠨ᠎ᠤ ᠰᠠᠯᠠᠭ᠎ᠠ ᠵᠢ ᠰᠣᠩᠭᠣᠵᠤ᠂ ᠲᠡᠷᠢᠭᠦᠨ᠎ᠤ ᠣᠷᠣᠶ᠋ᠢᠯᠠᠭᠰᠠᠨ ᠰᠢᠨᠵᠢᠯᠡᠭᠡᠨ᠎ᠤ ᠰᠠᠯᠠᠭ᠎ᠠ 2᠂ ᠲᠡᠷᠢᠭᠦᠨ᠎ᠤ ᠣᠷᠣᠶ᠋ᠢᠯᠠᠭᠰᠠᠨ ᠵᠶ᠋ᠠᠷ ᠬᠥᠮᠦᠵᠢᠭᠦᠯᠬᠦ ᠰᠢᠨᠵᠢᠯᠡᠭᠡᠨ᠎ᠤ ᠰᠠᠯᠠᠭ᠎ᠠ 19᠂ ᠲᠡᠷᠢᠭᠦᠨ᠎ᠤ᠎ᠬᠢ᠎ᠪᠠᠷ ᠪᠠᠶ᠋ᠢᠭᠤᠯᠬᠤ ᠰᠢᠨᠵᠢᠯᠡᠭᠡᠨ᠎ᠤ ᠰᠠᠯᠠᠭ᠎ᠠ 14 ᠵᠢ ᠲᠣᠭᠲᠠᠭ᠋ᠠᠪᠠ᠃ ᠰᠠᠭᠤᠷᠢ ᠰᠢᠨᠵᠢᠯᠡᠭᠡᠨ᠎ᠤ ᠰᠠᠯᠠᠭ᠋ᠠᠨ᠎ᠤ ᠴᠢᠳᠠᠪᠤᠷᠢᠲᠠᠨ ᠬᠥᠮᠦᠵᠢᠭᠦᠯᠬᠦ ᠵᠢ ᠴᠢᠩᠭ᠋ᠠᠳᠬᠠᠬᠤ ᠠᠷᠭ᠎ᠠ ᠬᠡᠮᠵᠢᠶ᠎ᠡ᠎ᠨᠦᠭᠦᠳ᠎ᠢ ᠲᠣᠭᠲᠠᠭ᠋ᠠᠵᠤ᠂ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠬᠥᠮᠦᠵᠢᠭᠦᠯᠬᠦ ᠴᠢᠨᠠᠷ ᠴᠢᠨᠰᠠᠭ᠎ᠠ ᠵᠢ ᠬᠦᠴᠦᠯᠡᠨ ᠳᠡᠭᠡᠭᠰᠢᠯᠡᠭᠦᠯᠪᠡ᠃ ᠤᠯᠤᠰ᠎ᠤᠨ ᠪᠠᠶ᠋ᠢᠯᠳᠤᠬᠤ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠪᠠᠴᠢᠮ ᠬᠡᠷᠡᠭᠴᠡᠭᠡᠨ᠎ᠤ ᠲᠣᠭᠣᠷᠢᠨ᠎ᠳᠤ᠂ ᠮᠤᠵᠢ ᠪᠠ ᠶᠠᠮᠤᠨ ᠬᠠᠮᠲᠤᠷᠠᠨ ᠪᠠᠢ᠌ᠭᠤᠯᠤᠭᠰᠠᠨ ᠲᠠᠯ᠎ᠠ ᠨᠤᠲᠤᠭ᠎ᠤᠨ ᠭᠡᠷ᠎ᠤᠨ ᠲᠡᠵᠢᠭᠡᠪᠦᠷᠢ ᠵᠢᠨ ᠦᠷᠡᠵᠢᠯ᠎ᠢ ᠲᠣᠬᠢᠷᠠᠭᠤᠯᠤᠨ ᠡᠵᠡᠮᠳᠡᠬᠦ ᠪᠠ ᠦᠷᠡᠵᠢᠭᠦᠯᠦᠨ ᠪᠣᠶ᠋ᠢᠵᠢᠭᠤᠯᠬᠤ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠳᠠᠬᠢᠨ ᠵᠣᠬᠢᠶᠠᠨ ᠪᠠᠶ᠋ᠢᠭᠤᠯᠬᠤ ᠵᠢ ᠲᠦᠷᠭᠡᠳᠬᠡᠨ ᠠᠬᠢᠭᠤᠯᠵᠤ᠂ ᠪᠦᠬᠦ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠵᠢᠭᠰᠠᠭ᠋ᠠᠯᠲᠠ᠎ᠳᠤ ᠣᠷᠣᠭᠤᠯᠬᠤ᠎ᠪᠠᠷ ᠴᠢᠷᠮᠠᠢ᠌ᠪᠠ᠃ 《ᠶᠡᠬᠡ ᠬᠡᠪᠴᠢᠶ᠎ᠡ᠎ᠪᠠᠷ ᠡᠨᠧᠷᠭᠢ ᠬᠠᠳᠠᠭ᠋ᠠᠯᠠᠬᠤ ᠮᠡᠷᠭᠡᠵᠢᠯ》 ᠵᠡᠷᠭᠡ ᠰᠤᠷᠭ᠋ᠠᠨ ᠬᠥᠮᠦᠵᠢᠯ᠎ᠤᠨ ᠶᠠᠮᠤᠨ᠎ᠤ ᠢᠨᠵᠧᠨᠧᠷᠢᠩ᠎ᠤᠨ ᠰᠤᠳᠤᠯᠭ᠋ᠠᠨ᠎ᠤ ᠲᠥᠪ᠂ ᠰᠤᠷᠭ᠋ᠠᠨ ᠬᠥᠮᠦᠵᠢᠯ᠎ᠤᠨ ᠶᠠᠮᠤᠨ᠎ᠤ ᠭᠤᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠰᠢᠨ᠎ᠡ᠎ᠪᠠᠷ ᠨᠡᠮᠡᠵᠦ ᠪᠠᠶ᠋ᠢᠷᠢᠯᠠᠭᠤᠯᠤᠨ᠂ ᠥᠪᠡᠷᠲᠡᠭᠡᠨ ᠵᠠᠰᠠᠬᠤ ᠣᠷᠣᠨ᠎ᠤ 11 ᠳᠡᠭᠡᠳᠦ ᠰᠤᠷᠭ᠋ᠠᠭᠤᠯᠢ ᠵᠢᠨ ᠲᠥᠪᠯᠡᠷᠡᠭᠦᠯᠦᠨ ᠪᠣᠭᠣᠮᠲᠠ ᠰᠢᠪᠲᠤᠯᠬᠤ ᠲᠣᠮᠣ ᠲᠠᠪᠴᠠᠩ ᠪᠠ ᠥᠪᠡᠷᠲᠡᠭᠡᠨ ᠵᠠᠰᠠᠬᠤ ᠣᠷᠣᠨ᠎ᠤ 3 ᠳᠡᠭᠡᠳᠦ ᠰᠤᠷᠭ᠋ᠠᠭᠤᠯᠢ ᠵᠢᠨ ᠰᠢᠨ᠎ᠡ ᠬᠡᠯᠪᠡᠷᠢ ᠵᠢᠨ ᠣᠶᠤᠨ᠎ᠤ ᠬᠥᠮᠥᠷᠭᠡ ᠵᠢ ᠪᠠᠢ᠌ᠭᠤᠯᠪᠠ᠃ ᠣᠳᠣ ᠪᠣᠯᠲᠠᠯ᠎ᠠ᠂ ᠪᠥᠬᠥ ᠣᠷᠣᠨ᠎ᠤ ᠳᠡᠭᠡᠳᠦ ᠰᠤᠷᠭ᠋ᠠᠭᠤᠯᠢ᠎ᠳᠤ ᠰᠤᠷᠭ᠋ᠠᠨ ᠬᠥᠮᠦᠵᠢᠯ᠎ᠤᠨ ᠶᠠᠮᠤᠨ᠎ᠤ ᠭᠤᠤᠯᠳᠠᠯᠭ᠎ᠠ᠎ᠲᠠᠢ ᠲᠤᠷᠰᠢᠯᠲᠠ ᠵᠢᠨ ᠲᠠᠰᠤᠭ 8᠂ ᠢᠨᠵᠧᠨᠧᠷᠢᠩ᠎ᠤᠨ ᠰᠤᠳᠤᠯᠭ᠋ᠠᠨ᠎ᠤ ᠲᠥᠪ 6᠂ ᠮᠤᠵᠢ ᠪᠠ ᠶᠠᠮᠤᠨ ᠬᠠᠮᠲᠤᠷᠠᠨ ᠪᠠᠢ᠌ᠭᠤᠯᠵᠤ ᠬᠠᠮᠵᠢᠯᠴᠠᠨ ᠰᠢᠨ᠎ᠡ ᠵᠢ ᠡᠭᠦᠳᠬᠦ ᠲᠥᠪ 4 ᠪᠠᠶ᠋ᠢᠵᠤ᠂ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠢᠯᠡᠳᠲᠡ  ᠳᠡᠭᠡᠭᠰᠢᠯᠡᠭᠦᠯᠪᠡ᠃ ᠪᠥᠬᠥ ᠣᠷᠣᠨ᠎ᠤ 48 ᠳᠡᠭᠡᠳᠦ ᠰᠤᠷᠭ᠋ᠠᠭᠤᠯᠢ᠂ 20 ᠲᠦᠮᠡᠨ ᠰᠣᠷᠣᠭᠴᠢ ᠵᠢ ᠵᠣᠬᠢᠶᠠᠨ ᠪᠠᠶ᠋ᠢᠭᠤᠯᠤᠨ ᠶᠢᠰᠦᠳᠦᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ 《ᠢᠨᠲ᠋ᠧᠷ ᠰᠦᠯᠵᠢᠶ᠎ᠡ +》 ᠤᠶᠤᠲᠠᠳ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠤᠷᠤᠯᠳᠤᠭ᠋ᠠᠨ᠎ᠤ ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ᠎ᠤᠨ ᠰᠢᠯᠭ᠋ᠠᠷᠠᠭᠤᠯᠬᠤ ᠤᠷᠤᠯᠳᠤᠭ᠋ᠠᠨ᠎ᠳᠤ ᠣᠷᠣᠯᠴᠠᠭᠤᠯᠵᠤ᠂ ᠤᠶᠤᠲᠠᠳ᠎ᠤᠨ 《ᠵᠣᠷᠢᠭᠲᠠᠶ ᠭᠠᠪᠰᠢᠭ᠋ᠠᠶ᠋ᠢᠯᠠᠵᠤ ᠬᠠᠮᠲᠤᠷᠠᠨ ᠡᠭᠦᠳᠬᠦ》 ᠴᠢᠳᠠᠪᠤᠷᠢ ᠪᠠ ᠬᠡᠪ ᠴᠢᠨᠠᠷ᠎ᠢ ᠪᠣᠢ᠌ᠵᠢᠭᠤᠯᠪᠠ᠃ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠠᠵᠢᠯ᠎ᠢ ᠰᠠᠶ᠋ᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠵᠤ ᠦᠢ᠍ᠯᠡᠰ ᠪᠣᠰᠬᠠᠬᠤ ᠵᠢ ᠪᠠᠶ᠋ᠢᠩᠭᠤᠵᠢᠭᠤᠯᠤᠨ ᠠᠬᠢᠭᠤᠯᠬᠤ 26 ᠵᠦᠢ᠍ᠯ᠎ᠤᠨ ᠠᠷᠭ᠎ᠠ ᠬᠡᠮᠵᠢᠶ᠎ᠡ ᠵᠢ ᠲᠦᠷᠦᠭᠦᠯᠡᠨ ᠳᠣᠭᠲᠠᠭ᠋ᠠᠵᠤ᠂ ᠥᠪᠥᠷ ᠮᠣᠩᠭᠣᠯ᠎ᠤᠨ 24365 ᠤᠶᠤᠲᠠᠳ᠎ᠤᠨ ᠠᠵᠢᠯ ᠣᠯᠭᠣᠯᠲᠠ ᠵᠢᠨ ᠲᠠᠪᠴᠠᠩ᠎ᠤᠨ ᠴᠢᠳᠠᠮᠵᠢ ᠵᠢ ᠦᠷᠭᠦᠯᠵᠢᠯᠡᠨ ᠲᠠᠰ  ᠳᠡᠪᠰᠢᠭᠦᠯᠦᠨ᠂ 《ᠲᠡᠭᠦᠰᠦᠭᠰᠡᠳ᠎ᠲᠤ ᠠᠵᠢᠯ ᠣᠯᠭᠣᠬᠤ ᠨᠢᠭᠡ ᠶᠠᠪᠤᠳᠠᠯ》᠂ 《ᠠᠵᠢᠯᠲᠠᠨ ᠡᠯᠰᠡᠬᠦ ᠨᠢᠭᠡ ᠶᠠᠪᠤᠳᠠᠯ》 ᠭᠡᠬᠦ ᠲᠤᠰᠬᠠᠶ ᠪᠤᠯᠤᠩ᠎ᠢ ᠰᠦᠯᠵᠢᠶᠡᠨ ᠎ᠳᠤ ᠭᠠᠷᠭ᠋ᠠᠨ᠂ 2023 ᠣᠨ᠎ᠤ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠵᠣᠷᠢᠭᠤᠯᠤᠭᠰᠠᠨ ᠠᠵᠢᠯᠲᠠᠨ ᠤᠷᠢᠬᠤ ᠲᠤᠰᠬᠠᠶ ᠠᠵᠢᠯᠯᠠᠭ᠎ᠠ ᠵᠢ 431 ᠲᠠᠯᠠᠪᠤᠷ ᠡᠷᠬᠢᠯᠡᠵᠦ᠂ 8647 ᠬᠥᠮᠦᠨ ᠬᠡᠷᠡᠭᠯᠡᠬᠦ ᠨᠢᠭᠡᠴᠢ ᠵᠢ ᠰᠤᠷᠪᠤᠯᠵᠢᠯᠠᠨ᠂ 97 . 52 ᠲᠦᠮᠡᠨ ᠠᠵᠢᠯ᠎ᠤᠨ ᠪᠠᠶ᠋ᠢᠷᠢ ᠬᠠᠩᠭ᠋ᠠᠵᠤ᠂ 53 ᠤᠳᠠᠭ᠋ᠠᠨ᠎ᠤ ᠠᠵᠢᠯ ᠣᠯᠭᠣᠵᠤ ᠬᠥᠮᠦᠨ ᠬᠥᠮᠦᠵᠢᠭᠦᠯᠬᠦ ᠠᠵᠢᠯᠯᠠᠭ᠎ᠠ ᠵᠢ ᠥᠷᠨᠢᠭᠦᠯᠵᠦ᠂ ᠡᠯ᠎ᠡ ᠲᠥᠷᠥᠯ᠎ᠤᠨ ᠨᠡᠶ᠋ᠢᠲᠡ ᠵᠢᠨ ᠠᠰᠠᠷᠠᠮᠵᠢ ᠵᠢᠨ ᠬᠢᠴᠢᠶᠡᠯ᠎ᠢ 1540 ᠬᠢᠴᠢᠶᠡᠯ᠎ᠤᠨ ᠴᠠᠭ ᠨᠡᠪᠲᠡᠷᠡᠭᠦᠯᠵᠦ᠂ ᠣᠷᠣᠯᠴᠠᠭᠰᠠᠨ ᠰᠤᠷᠤᠭᠴᠢ 121 ᠲᠦᠮᠡᠨ ᠬᠥᠮᠦᠨ ᠤᠳᠠᠭ᠎ᠠ᠎ᠳᠤ ᠬᠦᠷᠴᠦ᠂ ᠲᠠᠪᠴᠠᠩ᠎ᠢ ᠰᠤᠷᠪᠤᠯᠵᠢᠯᠠᠭᠰᠠᠨ ᠬᠡᠮᠵᠢᠶ᠎ᠡ 13 ᠳ᠋ᠦᠩᠰᠢᠭᠤᠷ ᠬᠥᠮᠦᠨ ᠤᠳᠠᠭ᠎ᠠ᠎ᠳᠤ ᠬᠦᠷᠦᠨ᠂ ᠳᠠᠩᠰᠠᠯᠠᠭᠤᠯᠤᠭᠰᠠᠨ ᠰᠤᠷᠤᠭᠴᠢ ᠵᠢᠨ ᠲᠣᠭ᠎ᠠ 192 . 54 ᠲᠦᠮᠡ᠎ᠳᠤ ᠬᠦᠷᠪᠡ᠃
      ᠭᠤᠷᠪᠠ᠎ᠳᠤ᠂ ᠤᠳᠤ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠥᠳᠲᠡᠷ ᠲᠦᠷᠭᠡᠨ ᠪᠠᠶ᠋ᠢᠭᠤᠯᠵᠤ᠂ ᠠᠵᠤ ᠠᠬᠤᠢ ᠨᠡᠶ᠋ᠢᠭᠡᠮ᠎ᠳᠤ ᠤᠯᠠᠨ ᠶᠠᠨᠭ᠌ᠵᠤᠴᠢᠯᠠᠭᠰᠠᠨ ᠴᠢᠳᠠᠪᠤᠷᠢᠲᠠᠨ᠎ᠤ ᠬᠡᠷᠡᠭᠴᠡᠭᠡ ᠵᠢ ᠬᠠᠩᠭ᠋ᠠᠪᠠ᠃ ᠪᠥᠬᠥ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠵᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠠᠵᠤ ᠦᠢ᠍ᠯᠡᠳᠪᠦᠷᠢ ᠪᠠ ᠮᠡᠳᠡᠭᠡ  ᠵᠠᠩᠭᠢᠴᠢᠯᠠᠯᠲᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠠᠵᠤ ᠦᠢ᠍ᠯᠡᠰ᠎ᠢ ᠬᠥᠭᠵᠢᠭᠦᠯᠬᠦ᠂ ᠴᠢᠳᠠᠪᠤᠷᠢᠲᠠᠨ ᠬᠡᠷᠡᠭᠰᠡᠬᠦ᠂ ᠲᠥᠷᠥ ᠵᠢᠨ ᠪᠣᠳᠣᠯᠭ᠎ᠠ ᠳᠡᠮᠵᠢᠬᠦ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ 《ᠭᠤᠷᠪᠠᠨ ᠨᠠᠷᠢᠨ ᠬᠠᠭᠤᠳᠠᠰᠤ》 ᠵᠢ ᠨᠠᠢ᠌ᠷᠠᠭᠤᠯᠤᠨ ᠵᠣᠬᠢᠶᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ ᠪᠠ ᠡᠩ᠎ᠤᠨ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ᠂ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ᠂ ᠰᠢᠨᠵᠢᠯᠡᠬᠦ ᠤᠬᠠᠭ᠋ᠠᠨ ᠪᠠ ᠰᠤᠷᠭ᠋ᠠᠨ ᠬᠥᠮᠦᠵᠢᠯ᠎ᠤᠨ  ᠠᠭᠤᠰᠤᠯᠴᠠᠭ᠎ᠠ ᠵᠢ ᠠᠬᠢᠭᠤᠯᠪᠠ᠃ ᠠᠵᠤ ᠦᠢ᠍ᠯᠡᠰ᠎ᠤᠨ ᠬᠡᠯᠬᠢᠶᠡᠰᠦ ᠵᠢ ᠴᠢᠩᠭ᠎ᠠ ᠠᠳᠬᠤᠨ ᠰᠤᠷᠭ᠋ᠠᠨ ᠬᠥᠮᠦᠵᠢᠯ᠎ᠤᠨ ᠬᠡᠯᠬᠢᠶᠡᠰᠦ ᠵᠢ ᠪᠠᠶ᠋ᠢᠷᠢᠯᠠᠭᠤᠯᠵᠤ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠪᠠᠶ᠋ᠢᠭᠤᠯᠤᠭᠰᠠᠨ ᠵᠠᠬᠢᠶᠠᠯᠠᠭ᠎ᠠ ᠵᠢᠨ ᠠᠩᠭᠢ᠂ ᠨᠡᠷᠡᠯᠡᠭᠰᠡᠨ ᠠᠩᠭᠢ᠎ᠳᠤ 3400 ᠰᠤᠷᠤᠭᠴᠢ ᠨᠡᠮᠡᠨ  ᠡᠯᠰᠡᠵᠦ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶᠡᠰᠦ ᠵᠢᠨ ᠴᠢᠳᠠᠪᠤᠷᠢᠲᠠᠨ ᠬᠥᠮᠦᠵᠢᠭᠦᠯᠬᠦ᠎ᠳᠤ ᠦᠢ᠍ᠯᠡᠴᠢᠯᠡᠬᠦ ᠴᠢᠳᠠᠪᠤᠷᠢ ᠵᠢ ᠪᠦᠲᠦᠮᠵᠢᠲᠡᠢ ᠳᠡᠭᠡᠭᠰᠢᠯᠡᠭᠦᠯᠪᠡ᠃ 《ᠨᠢᠭᠡ ᠣᠷᠣᠨ ᠪᠦᠰᠡ᠎ᠳᠤ ᠨᠢᠭᠡ ᠪᠦᠯᠦᠭᠵᠢᠯ》 ᠪᠠ 《ᠨᠢᠭᠡ ᠭᠠᠵᠠᠷ ᠣᠷᠣᠨ᠎ᠳᠤ ᠨᠢᠭᠡ ᠲᠥᠷᠥ ᠵᠢᠨ ᠪᠣᠳᠣᠯᠭ᠎ᠠ》 ᠵᠢᠨ  ᠶᠣᠰᠤ᠎ᠪᠠᠷ ᠬᠣᠪᠣᠷ ᠰᠢᠷᠣᠶ᠂ ᠠᠮᠢᠳᠤ ᠪᠣᠳᠠᠰ᠎ᠤᠨ ᠡᠮ ᠡᠮᠨᠡᠯᠭᠡ᠂ ᠲᠠᠷᠢᠶᠠᠯᠠᠩ ᠮᠠᠯ ᠠᠵᠤ ᠠᠬᠤᠶ᠂ ᠡᠨᠧᠷᠭᠢ ᠵᠡᠷᠭᠡ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠲᠣᠭᠣᠷᠢᠨ᠎ᠳᠤ 6 ᠬᠣᠲᠠ ᠵᠢᠨ ᠬᠡᠪᠴᠢᠶᠡᠨ᠎ᠤ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ᠎ᠤᠨ ᠬᠣᠯᠪᠣᠭ᠋ᠠᠲᠤ ᠴᠣᠭᠴᠠ ᠵᠢ ᠪᠠᠢ᠌ᠭᠤᠯᠤᠨ᠂ ᠡᠯᠧᠺᠲᠷᠣᠨ᠂ ᠬᠢᠮᠢ ᠵᠢᠨ ᠠᠵᠤ ᠦᠢ᠍ᠯᠡᠳᠪᠦᠷᠢ᠂ ᠴᠠᠬᠢᠯᠭ᠋ᠠᠨ ᠬᠦᠴᠦᠨ᠂ ᠮᠠᠯ ᠠᠵᠤ ᠠᠬᠤᠶ ᠵᠡᠷᠭᠡ ᠬᠦᠷᠢᠶ᠎ᠡ ᠴᠠᠷᠠᠭ᠋ᠠᠨ᠎ᠳᠤ 11 ᠠᠵᠢᠯ ᠲᠥᠷᠥᠯ᠎ᠤᠨ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ᠎ᠢ ᠠᠭᠤᠰᠬᠠᠭᠰᠠᠨ ᠬᠠᠮᠲᠤ ᠵᠢᠨ ᠴᠣᠭᠴᠠ ᠵᠢ ᠪᠠᠶ᠋ᠢᠭᠤᠯᠵᠤ᠂ ᠠᠵᠤ ᠦᠢ᠍ᠯᠡᠳᠪᠦᠷᠢ ᠪᠠ ᠰᠤᠷᠭ᠋ᠠᠨ ᠬᠥᠮᠥᠵᠢᠯ᠎ᠢ ᠠᠭᠤᠰᠬᠠᠭᠰᠠᠨ 122 ᠦᠢ᠍ᠯᠡᠳᠦᠯᠭᠡ ᠵᠢᠨ ᠲᠥᠪ᠎ᠢ ᠪᠠᠢ᠌ᠭᠤᠯᠪᠠ᠃ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯᠤᠨ ᠪᠦᠬᠦ ᠤᠯᠤᠰ᠎ᠤᠨ ᠠᠵᠢᠯ ᠨᠢᠭᠡᠲᠡᠨ᠎ᠤ ᠬᠥᠨᠳᠡᠯᠡᠨ ᠰᠣᠯᠢᠯᠴᠠᠭ᠎ᠠ ᠵᠢ ᠴᠢᠩᠭ᠋ᠠᠳᠬᠠᠵᠤ᠂ ᠪᠦᠬᠦ ᠤᠯᠤᠰ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠂ ᠪᠦᠬᠦ ᠤᠯᠤᠰ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠤᠯᠠᠨ ᠤᠯᠤᠰ᠎ᠤᠨ ᠰᠤᠷᠭ᠋ᠠᠨ ᠬᠥᠮᠦᠵᠢᠯ᠎ᠤᠨ ᠰᠣᠯᠢᠯᠴᠠᠭ᠋ᠠᠨ᠎ᠤ ᠬᠤᠷᠠᠯ᠂ ᠪᠦᠬᠦ ᠤᠯᠤᠰ᠎ᠤᠨ ᠤᠳᠤ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢᠴᠢ ᠡᠨᠧᠷᠭᠢ ᠬᠢᠮᠢ ᠵᠢᠨ ᠠᠵᠤ ᠦᠢ᠍ᠯᠡᠳᠪᠦᠷᠢ ᠵᠢᠨ ᠲᠣᠨᠣᠭᠯᠠᠯ ᠦᠢ᠍ᠯᠡᠳᠬᠦ ᠦᠢ᠍ᠯᠡᠰ᠎ᠤᠨ ᠲᠤᠰᠬᠠᠢ ᠮᠡᠷᠭᠡᠵᠢᠯ᠎ᠤᠨ ᠴᠤᠭᠯᠠᠷᠠᠯ᠎ᠤᠨ ᠪᠠᠶ᠋ᠢᠭᠤᠯᠤᠯᠲᠠ ᠵᠢᠨ ᠲᠤᠷᠰᠢᠯᠭ᠎ᠠ ᠰᠣᠯᠢᠯᠴᠠᠭ᠋ᠠᠨ᠎ᠤ ᠬᠤᠷᠠᠯ ᠵᠡᠷᠭᠡ ᠪᠦᠬᠦ ᠤᠯᠤᠰ᠎ᠤᠨ ᠴᠢᠨᠠᠷᠲᠠᠢ ᠤᠷᠤᠯᠳᠤᠭ᠋ᠠᠨ ᠪᠠ ᠬᠤᠷᠠᠯ᠎ᠢ ᠠᠩᠬ᠎ᠠ ᠤᠳᠠᠭ᠎ᠠ ᠳᠠᠭ᠋ᠠᠭ᠋ᠠᠴᠢᠯᠠᠨ ᠡᠷᠬᠢᠯᠡᠵᠦ᠂ ᠬᠠᠮᠲᠤᠷᠠᠨ ᠬᠥᠭᠵᠢᠭᠦᠯᠬᠦ ᠵᠢ ᠬᠠᠮᠲᠤ᠎ᠳᠤ᠎ᠪᠠᠨ ᠵᠥᠪᠳᠡᠯᠴᠡᠵᠦ᠂ ᠬᠣᠷᠰᠢᠶᠠᠯᠠᠨ ᠬᠠᠮᠲᠤ᠎ᠳᠤ᠎ᠪᠠᠨ ᠠᠰᠢᠭ ᠬᠦᠷᠳᠡᠬᠦ ᠵᠢ ᠡᠷᠢᠯᠬᠢᠯᠡᠪᠡ᠃
      ᠳᠥᠷᠪᠡ᠎ᠳᠤ᠂ ᠰᠠᠭᠤᠷᠢ ᠰᠤᠷᠭ᠋ᠠᠨ ᠬᠥᠮᠦᠵᠢᠯ᠎ᠤᠨ ᠪᠠᠶ᠋ᠢᠯᠳᠤᠬᠤ ᠪᠣᠳᠣᠯᠭ᠎ᠠ ᠵᠢᠨ ᠰᠠᠭᠤᠷᠢ ᠴᠡᠭ᠎ᠢ ᠦᠷᠭᠦᠯᠵᠢᠯᠡᠨ ᠪᠡᠬᠢᠵᠢᠭᠦᠯᠵᠦ᠂ ᠰᠤᠷᠭ᠋ᠠᠨ ᠬᠥᠮᠦᠵᠢᠯ᠎ᠤᠨ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠬᠠᠩᠭ᠋ᠠᠬᠤ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠪᠡ᠃ ᠡᠷᠳᠡᠮ᠎ᠤᠨ ᠴᠣᠯᠠ ᠵᠢᠨ ᠬᠠᠩᠭ᠋ᠠᠯᠭ᠎ᠠ ᠵᠢ ᠢᠳᠡᠪᠬᠢᠲᠡᠢ ᠥᠷᠭᠡᠳᠬᠡᠵᠦ᠂ ᠪᠦᠬᠦ ᠣᠷᠣᠨ᠎ᠤ ᠬᠡᠦᠬᠡᠳ᠎ᠤᠨ ᠴᠡᠴᠡᠷᠯᠢᠭ᠂ ᠳᠤᠮᠳᠠᠳᠤ ᠪᠠᠭ᠎ᠠ ᠰᠤᠷᠭ᠋ᠠᠭᠤᠯᠢ ᠪᠣᠯᠤᠨ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢ ᠰᠢᠨ᠎ᠡ᠎ᠪᠠᠷ ᠪᠠᠶ᠋ᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠲᠥᠷᠥᠯ ᠵᠦᠢ᠍ᠯ᠎ᠢ ᠲᠦᠷᠭᠡᠳᠬᠡᠨ ᠠᠬᠢᠭᠤᠯᠵᠤ᠂ ᠨᠢᠭᠡᠨᠲᠡ 687 ᠰᠠᠭᠤᠷᠢ ᠪᠠᠷᠢᠯᠭ᠎ᠠ ᠵᠢ ᠡᠬᠢᠯᠡᠭᠦᠯᠦᠨ ᠪᠦᠲᠦᠭᠡᠨ ᠪᠠᠶ᠋ᠢᠭᠤᠯᠪᠠ᠃ ᠲᠦᠭᠡᠮᠡᠯ ᠬᠠᠷᠠᠭ᠋ᠠᠯᠵᠠᠯᠲᠤ ᠬᠡᠦᠬᠡᠳ᠎ᠤᠨ ᠴᠡᠴᠡᠷᠯᠢᠭ᠎ᠤᠨ ᠪᠦᠷᠬᠦᠴᠡ ᠵᠢᠨ ᠨᠣᠷᠮ᠎ᠠ       88 . 06 %᠎ᠳᠤ ᠬᠦᠷᠴᠦ᠂  ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠬᠡᠦᠬᠡᠳ᠎ᠤᠨ ᠴᠡᠴᠡᠷᠯᠢᠭ᠎ᠲᠤ ᠤᠷᠤᠭᠰᠠᠨ ᠪᠥᠬᠥ ᠨᠣᠷᠮ᠎ᠠ 95 . 0 %᠎ᠳᠤ ᠬᠦᠷᠴᠦ᠂ 9 ᠬᠣᠰᠢᠭᠤ ᠰᠢᠶᠠᠨ (ᠬᠣᠲᠠ᠂ ᠲᠣᠭᠣᠷᠢᠭ) ᠤᠯᠤᠰ᠎ᠤᠨ ᠰᠢᠶᠠᠨ᠎ᠤ ᠬᠡᠪᠴᠢᠶᠡᠨ᠎ᠤ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠲᠦᠭᠡᠮᠡᠯ ᠬᠠᠷᠠᠭ᠋ᠠᠯᠵᠠᠯ᠎ᠢ ᠲᠥᠭᠡᠮᠡᠯᠵᠢᠭᠦᠯᠦᠭᠰᠡᠨ᠎ᠢ ᠬᠢᠨᠠᠨ ᠵᠢᠯᠣᠭᠣᠳᠴᠤ ᠦᠨᠡᠯᠡᠨ ᠵᠢᠱ᠌ᠢᠵᠦ ᠰᠢᠯᠭ᠋ᠠᠨ ᠠᠪᠬᠤ᠎ᠳᠤ ᠬᠢᠷᠢ ᠲᠡᠩᠴᠡᠪᠡ᠃ 2647 ᠬᠢᠴᠢᠶᠡᠯ ᠲᠥᠷᠥᠯ᠎ᠤᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢ ᠬᠠᠰᠤᠵᠤ᠂ ᠲᠣᠭᠲᠠᠭ᠋ᠠᠯ᠎ᠠᠴᠠ ᠵᠥᠷᠢᠴᠡᠭᠰᠡᠨ 1735 ᠪᠣᠯᠪᠠᠰᠤᠷᠠᠭᠤᠯᠤᠯ᠎ᠤᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠵᠦ᠂ 《ᠬᠣᠶᠠᠷ᠎ᠢ ᠬᠥᠩᠭᠡᠷᠡᠭᠦᠯᠬᠦ》 ᠶᠠᠪᠤᠴᠠ᠎ᠳᠠᠬᠢ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠎ᠤᠨ ᠦᠢ᠍ᠯᠡᠳᠦᠯ᠎ᠢ  ᠪᠠᠳᠠᠷᠠᠭᠤᠯᠵᠤ᠂ ᠰᠤᠷᠤᠭᠴᠢᠳ᠎ᠤᠨ ᠰᠦᠪᠡᠭᠴᠢᠯᠡᠬᠦ ᠴᠢᠨᠠᠷᠲᠠᠶ᠂ ᠰᠢᠨ᠎ᠡ  ᠵᠢ ᠡᠭᠦᠳᠬᠦ ᠴᠢᠨᠠᠷᠲᠠᠶ ᠰᠡᠳᠬᠢᠬᠦᠶ ᠵᠢᠨ ᠬᠡᠪ ᠴᠢᠨᠠᠷ᠎ᠢ ᠬᠥᠮᠦᠵᠢᠭᠦᠯᠪᠡ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠤᠭᠴᠢᠳ᠎ᠤᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠵᠢ ᠪᠦᠬᠦᠨ᠎ᠢ ᠬᠠᠮᠤᠷᠤᠭᠤᠯᠬᠤ ᠵᠢ ᠦᠷᠭᠦᠯᠵᠢᠯᠡᠨ ᠠᠬᠢᠭᠤᠯᠵᠤ᠂ ᠪᠥᠬᠥ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ 260 ᠭᠠᠷᠤᠶ ᠲᠦᠮᠡᠨ ᠰᠤᠷᠤᠭᠴᠢ ᠵᠢᠨ ᠬᠠᠷᠠᠭ᠋ᠠᠨ᠎ᠤ ᠨᠡᠶ᠋ᠢᠳᠡᠮ ᠪᠠᠢ᠌ᠴᠠᠭ᠋ᠠᠯᠲᠠ ᠵᠢᠨ ᠠᠵᠢᠯ᠎ᠢ ᠪᠡᠶᠡᠯᠡᠭᠦᠯᠪᠡ᠃ ᠠᠷᠠᠳ᠎ᠤᠨ ᠠᠮᠢᠳᠤᠷᠠᠯ᠎ᠤᠨ ᠬᠠᠯᠠᠮᠰᠢᠯ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠪᠣᠳᠠᠲᠤ ᠠᠵᠢᠯ ᠬᠢᠵᠦ᠂ ᠠᠯᠪᠠᠨ᠎ᠠᠴᠠ ᠡᠷᠭᠢᠯᠡᠭᠰᠡᠨ ᠬᠡᠦᠬᠡᠳ᠎ᠤᠨ ᠴᠡᠴᠡᠷᠯᠢᠭ᠎ᠤᠨ 《ᠨᠢᠭᠡ ᠯᠡ ᠳᠠᠷᠤᠪᠴᠢ᠎ᠪᠠᠷ ᠬᠡᠦᠬᠡᠳ᠎ᠤᠨ ᠴᠡᠴᠡᠷᠯᠢᠭ᠎ᠲᠤ ᠣᠷᠣᠬᠤ》 ᠪᠠ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ 《ᠨᠢᠭᠡ ᠯᠡ ᠳᠠᠷᠤᠪᠴᠢ᠎ᠪᠠᠷ ᠰᠤᠷᠭ᠋ᠠᠭᠤᠯᠢ᠎ᠳᠤ ᠣᠷᠣᠬᠤ》 ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠲᠣᠭ᠎ᠠ ᠪᠠᠷᠢᠮᠲᠠ ᠵᠢ ᠢᠯᠡᠭᠦᠬᠡᠨ ᠭᠦᠶᠦᠯᠭᠡᠵᠦ᠂ ᠣᠯᠠᠨ ᠲᠦᠮᠡᠨ᠎ᠢ ᠳᠤᠲᠠᠭᠤ  ᠭᠦᠶᠦᠯᠭᠡᠬᠦ ᠵᠢ ᠪᠡᠶᠡᠯᠡᠭᠦᠯᠪᠡ᠃
      ᠲᠠᠪᠤ᠎ᠳᠤ᠂ ᠴᠢᠨᠠᠷᠯᠢᠭ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠪᠠ᠃ ᠰᠤᠷᠤᠯᠴᠠᠯᠭ᠎ᠠ ᠬᠥᠮᠦᠵᠢᠯ᠎ᠢ ᠲᠥᠪᠯᠡᠷᠡᠭᠦᠯᠦᠨ ᠥᠷᠨᠢᠭᠦᠯᠬᠦ᠂ ᠶᠡᠷᠦᠩᠬᠡᠶ᠋ᠢᠯᠡᠨ ᠴᠡᠭᠴᠡᠯᠡᠨ ᠵᠠᠰᠠᠬᠤ ᠵᠢ ᠭᠦᠨᠵᠡᠭᠡᠶ᠋ᠢᠷᠡᠭᠦᠯᠬᠦ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠪᠠᠭᠰᠢ ᠵᠢᠨ ᠮᠣᠷᠠᠯ ᠰᠤᠷᠲᠠᠯ᠎ᠤᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠨ ᠰᠠᠢ᠌ᠵᠢᠷᠠᠭᠤᠯᠪᠠ᠃ ᠡᠬᠢ ᠡᠭᠦᠰᠦᠯ᠎ᠠᠴᠠ᠎ᠨᠢ ᠭᠠᠷᠳᠠᠨ᠂ ᠪᠠᠭᠰᠢ ᠵᠢᠨ ᠰᠤᠷᠭ᠋ᠠᠭᠤᠯᠢ ᠵᠢᠨ ᠰᠤᠷᠤᠭᠴᠢ ᠵᠢᠨ ᠢᠷᠡᠯᠲᠡ ᠵᠢᠨ ᠴᠢᠨᠠᠷ ᠴᠢᠨᠰᠠᠭ᠎ᠠ ᠵᠢ ᠬᠦᠴᠦᠯᠡᠨ ᠰᠠᠶ᠋ᠢᠵᠢᠷᠠᠭᠤᠯᠵᠤ᠂ ᠪᠠᠭᠰᠢ ᠵᠢᠨ ᠲᠥᠷᠥᠯ᠎ᠤᠨ ᠲᠤᠰᠬᠠᠶ ᠮᠡᠷᠭᠡᠵᠢᠯ᠎ᠤᠨ ᠭᠡᠷᠡᠴᠢᠯᠡᠯᠲᠡ ᠵᠢ ᠠᠬᠢᠭᠤᠯᠵᠤ᠂ ᠪᠠᠭᠰᠢ ᠵᠢᠨ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠬᠠᠮᠵᠢᠯᠴᠠᠨ ᠳᠡᠭᠡᠭᠰᠢᠯᠡᠭᠦᠯᠬᠦ ᠲᠥᠯᠥᠪᠯᠡᠭᠡ ᠵᠢ ᠡᠬᠢᠯᠡᠭᠦᠯᠦᠨ᠂ ᠪᠠᠭᠰᠢ ᠵᠢᠨ ᠳᠡᠭᠡᠳᠦ ᠰᠤᠷᠭ᠋ᠠᠭᠤᠯᠢ ᠪᠣᠯᠤᠨ ᠪᠠᠭᠰᠢ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠡᠷᠬᠢᠯᠡᠬᠦ ᠬᠢᠷᠢ ᠲᠦᠪᠰᠢᠨ᠎ᠢ ᠪᠦᠬᠦᠯᠢ ᠴᠣᠭᠴᠠ᠎ᠪᠠᠷ ᠳᠡᠭᠡᠭᠰᠢᠯᠡᠭᠦᠯᠪᠡ᠃ ᠪᠠᠭᠰᠢ ᠵᠢᠨ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠠᠴᠠ ᠭᠠᠷᠳᠠᠵᠤ᠂ ᠡᠯ᠎ᠡ ᠱᠠᠲᠤᠨ᠎ᠤ ᠰᠢᠨ᠎ᠡ᠎ᠪᠠᠷ ᠠᠵᠢᠯ᠎ᠳᠤ ᠣᠷᠣᠬᠤ ᠪᠠᠭᠰᠢ᠂ ᠬᠥᠳᠡᠭᠡ ᠲᠣᠰᠬᠣᠨ᠎ᠤ ᠪᠠᠭᠰᠢ ᠵᠢᠨ ᠰᠤᠷᠭ᠋ᠠᠭᠤᠯᠢ ᠵᠢᠨ ᠵᠠᠬᠢᠷᠤᠯ᠎ᠤᠨ ᠪᠣᠯᠪᠠᠰᠤᠷᠠᠭᠤᠯᠤᠯ ᠵᠶ᠋ᠠᠷ ᠭᠤᠤᠯᠳᠠᠯᠭ᠎ᠠ ᠪᠣᠯᠭ᠋ᠠᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ 《ᠤᠯᠤᠰ᠎ᠤᠨ ᠪᠣᠯᠪᠠᠰᠤᠷᠠᠭᠤᠯᠤᠯ᠎ᠤᠨ ᠲᠥᠯᠥᠪᠯᠡᠭᠡ》᠂ 《ᠣᠷᠣᠨ᠎ᠤ ᠪᠣᠯᠪᠠᠰᠤᠷᠠᠭᠤᠯᠤᠯ᠎ᠤᠨ ᠲᠥᠯᠥᠪᠯᠡᠭᠡ》 ᠪᠠ 《ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠪᠠᠭᠰᠢ ᠵᠢᠨ ᠬᠡᠪ ᠴᠢᠨᠠᠷ᠎ᠢ ᠳᠡᠭᠡᠭᠰᠢᠯᠡᠭᠦᠯᠬᠦ ᠲᠥᠯᠥᠪᠯᠡᠭᠡ》 ᠵᠢ ᠴᠢᠨᠠᠷᠯᠢᠭ ᠬᠡᠷᠡᠭᠵᠢᠭᠦᠯᠵᠦ᠂ 23 ᠲᠦᠮᠡ ᠭᠠᠷᠤᠶ ᠪᠠᠭᠰᠢ ᠵᠢᠨ ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠤ ᠰᠤᠳᠤᠯᠤᠨ ᠰᠤᠷᠤᠯᠴᠠᠬᠤ ᠠᠵᠢᠯ᠎ᠢ ᠪᠡᠶᠡᠯᠡᠭᠦᠯᠵᠦ᠂ ᠪᠠᠭᠰᠢ ᠵᠢᠨ ᠴᠢᠳᠠᠪᠤᠷᠢ ᠬᠡᠪ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠠᠯᠪᠠᠨ᠎ᠤ ᠰᠦᠢ᠍ᠳᠭᠡᠯ ᠵᠶ᠋ᠡᠷ ᠪᠠᠭᠰᠢ ᠵᠢ ᠬᠠᠨᠳᠤᠯᠭ᠎ᠠ᠎ᠲᠠᠢ ᠬᠥᠮᠦᠵᠢᠭᠦᠯᠬᠦ ᠵᠡᠷᠭᠡ ᠲᠤᠰᠬᠠᠶ ᠲᠥᠯᠥᠪᠯᠡᠭᠡ ᠵᠢ ᠬᠡᠷᠡᠭᠵᠢᠭᠦᠯᠬᠦ᠎ᠪᠠᠷ ᠳᠠᠮᠵᠢᠭᠤᠯᠤᠨ᠂ ᠬᠥᠳᠡᠭᠡ ᠲᠣᠰᠬᠣᠨ᠎ᠤ ᠰᠤᠷᠭ᠋ᠠᠭᠤᠯᠢ᠎ᠳᠤ 1438 ᠰᠢᠯᠢᠳᠡᠭ ᠪᠠᠭᠰᠢ ᠵᠢ ᠨᠥᠬᠦᠪᠦᠷᠢᠯᠡᠨ ᠬᠥᠮᠥᠵᠢᠭᠦᠯᠵᠦ᠂ ᠰᠢᠯᠢᠳᠡᠭ ᠢᠳᠡᠷ ᠵᠠᠯᠠᠭᠤ ᠪᠠᠭᠰᠢ ᠨᠠᠷ ᠵᠶ᠋ᠠᠷ ᠬᠥᠳᠡᠭᠡ ᠲᠣᠰᠬᠣᠨ᠎ᠤ ᠰᠤᠷᠭ᠋ᠠᠨ ᠬᠥᠮᠦᠵᠢᠯ᠎ᠢ ᠳᠡᠮᠵᠢᠭᠦᠯᠬᠦ ᠲᠥᠷᠥᠯ  ᠵᠦᠢ᠍ᠯ᠎ᠢ ᠦᠷᠭᠦᠯᠵᠢᠯᠡᠨ ᠥᠷᠨᠢᠭᠦᠯᠵᠦ᠂ 1122 ᠪᠠᠭᠰᠢ ᠵᠢ ᠨᠢᠭᠡᠳᠦᠯᠲᠡᠶ ᠲᠥᠯᠥᠪᠯᠡᠨ ᠰᠣᠩᠭᠣᠨ ᠲᠣᠮᠢᠯᠠᠵᠤ ᠬᠥᠳᠡᠭᠡ ᠲᠣᠰᠬᠣᠨ᠎ᠳᠤ ᠣᠴᠢᠭᠤᠯᠤᠨ᠂ ᠪᠠᠭᠤᠷᠠᠶ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠢ ᠳᠡᠮᠵᠢᠭᠦᠯᠵᠦ᠂ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠋ᠠᠨ᠎ᠤ ᠪᠦᠬᠦᠯᠢ ᠴᠣᠭᠴᠠ ᠵᠢᠨ ᠳᠡᠭᠡᠭᠰᠢᠯᠡᠯᠲᠡ ᠵᠢ ᠳᠠᠭᠤᠷᠢᠶᠠᠯ ᠦᠵᠡᠭᠦᠯᠦᠨ ᠳᠠᠢ᠌ᠴᠢᠯᠠᠪᠠ᠃
      ᠵᠢᠷᠭᠤᠭ᠎ᠠ᠎ᠳᠤ᠂ ᠲᠣᠭ᠋ᠠᠵᠢᠭᠤᠯᠤᠯᠲᠠ ᠲᠡᠢ᠌ᠰᠢ ᠬᠡᠯᠪᠡᠷᠢ᠎ᠪᠠᠨ ᠬᠤᠪᠢᠷᠠᠭᠤᠯᠬᠤ᠎ᠪᠠᠷ ᠰᠤᠷᠭ᠋ᠠᠨ ᠬᠥᠮᠦᠵᠢᠯ᠎ᠢ ᠴᠢᠨᠠᠷᠯᠢᠭ ᠬᠥᠭᠵᠢᠭᠦᠯᠬᠦ᠎ᠳᠤ ᠡᠨᠧᠷᠭᠢ ᠣᠯᠭᠣᠪᠠ᠃ᠰᠤᠷᠭ᠋ᠠᠨ ᠬᠥᠮᠦᠵᠢᠯ᠎ᠤᠨ ᠲᠣᠭ᠋ᠠᠵᠢᠭᠤᠯᠤᠭᠰᠠᠨ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ ᠵᠢ ᠶᠡᠬᠡ᠎ᠪᠠᠷ ᠠᠬᠢᠭᠤᠯᠵᠤ᠂ ᠤᠯᠤᠰ᠎ᠤᠨ ᠣᠶᠤᠨᠴᠢ ᠰᠤᠷᠭ᠋ᠠᠨ ᠬᠥᠮᠦᠵᠢᠯ᠎ᠤᠨ ᠲᠠᠪᠴᠠᠩ᠎ᠤᠨ ᠥᠪᠥᠷ ᠮᠣᠩᠭᠣᠯ᠎ᠳᠠᠬᠢ ᠲᠤᠷᠰᠢᠯᠲᠠ ᠵᠢᠨ ᠠᠵᠢᠯ᠎ᠢ ᠲᠦᠷᠭᠡᠳᠬᠡᠨ ᠠᠬᠢᠭᠤᠯᠵᠤ᠂ ᠡᠯ᠎ᠡ ᠭᠠᠵᠠᠷ ᠡᠯ᠎ᠡ ᠰᠤᠷᠭ᠋ᠠᠭᠤᠯᠢ ᠵᠢ ᠵᠢᠯᠣᠭᠣᠳᠤᠨ  ᠴᠢᠨᠠᠷᠯᠢᠭ ᠲᠣᠭ᠋ᠠᠵᠢᠭᠰᠠᠨ ᠡᠬᠢ ᠪᠠᠶᠠᠯᠢᠭ᠎ᠤᠨ ᠬᠠᠩᠭ᠋ᠠᠯᠭ᠎ᠠ ᠵᠢ ᠲᠠᠰᠤᠷᠠᠯᠲᠠ ᠥᠬᠡᠶ ᠥᠷᠭᠡᠳᠬᠡᠵᠦ᠂ ᠣᠳᠣᠬᠠᠨ᠎ᠳᠤ ᠨᠢᠭᠡᠨᠲᠡ 318 . 9 ᠲᠦᠮᠡᠨ ᠬᠡᠷᠡᠭᠯᠡᠭᠴᠢ ᠳᠠᠩᠰᠠᠯᠠᠭᠤᠯᠵᠤ᠂ ᠦᠵᠡᠭᠰᠡᠨ ᠬᠡᠮᠵᠢᠶ᠎ᠡ 5 . 59 ᠳ᠋ᠦᠩᠰᠢᠭᠤᠷ ᠤᠳᠠᠭ᠎ᠠ ᠬᠦᠷᠴᠡᠶ᠃ 《ᠭᠤᠷᠪᠠᠨ ᠬᠢᠴᠢᠶᠡᠯ᠎ᠤᠨ ᠲᠠᠩᠬᠢᠮ》᠎ᠤᠨ ᠪᠥᠲᠥᠭᠡᠨ ᠪᠠᠶ᠋ᠢᠭᠤᠯᠤᠯᠲᠠ ᠬᠢᠭᠡᠳ ᠬᠡᠷᠡᠭᠯᠡᠯᠲᠡ ᠵᠢ ᠲᠦᠷᠭᠡᠳᠬᠡᠨ ᠠᠬᠢᠭᠤᠯᠵᠤ᠂ 《ᠲᠤᠰᠬᠠᠶ ᠳᠠᠮᠵᠢᠭᠤᠯᠬᠤ ᠬᠢᠴᠢᠶᠡᠯ᠎ᠤᠨ ᠲᠠᠩᠬᠢᠮ》 ᠵᠶ᠋ᠠᠷ ᠳᠠᠮᠵᠢᠭᠤᠯᠤᠨ ᠪᠥᠬᠥ ᠣᠷᠣᠨ᠎ᠤ ᠰᠢᠯᠢᠳᠡᠭ ᠡᠬᠢ ᠪᠠᠶᠠᠯᠢᠭ᠎ᠲᠠᠢ 405 ᠳᠤᠮᠳᠠᠳᠤ ᠪᠠᠭ᠎ᠠ ᠰᠤᠷᠭ᠋ᠠᠭᠤᠯᠢ ᠵᠢ ᠮᠠᠯᠵᠢᠬᠤ ᠲᠠᠷᠢᠶᠠᠯᠠᠬᠤ ᠣᠷᠣᠨ᠎ᠤ 498 ᠪᠠᠭᠤᠷᠠᠶ ᠰᠤᠷᠭ᠋ᠠᠭᠤᠯᠢ (ᠵᠢᠭ᠋ᠠᠨ ᠰᠤᠷᠭ᠋ᠠᠬᠤ  ᠴᠡᠭ)᠎ᠲᠠᠢ ᠵᠣᠯᠭ᠋ᠠᠭᠤᠯᠤᠨ ᠬᠠᠪᠰᠤᠷᠤᠨ ᠳᠡᠳᠬᠦᠭᠦᠯᠪᠡ; 《ᠨᠠᠷᠠᠲᠤ ᠪᠠᠭᠰᠢ ᠵᠢᠨ ᠬᠢᠴᠢᠶᠡᠯ᠎ᠤᠨ ᠲᠠᠩᠬᠢᠮ》 ᠵᠶ᠋ᠠᠷ ᠳᠠᠮᠵᠢᠭᠤᠯᠤᠨ ᠪᠥᠬᠥ ᠣᠷᠣᠨ᠎ᠳᠤ 115 ᠰᠢᠩᠭᠡᠭᠡᠨ ᠨᠡᠪᠲᠡᠷᠡᠭᠦᠯᠬᠦ ᠬᠢᠴᠢᠶᠡᠯ᠎ᠤᠨ ᠬᠡᠷ ᠪᠠᠶ᠋ᠢᠭᠤᠯᠵᠤ᠂ ᠪᠠᠭᠰᠢ ᠠᠯᠤᠰ᠎ᠠᠴᠠ ᠰᠦᠯᠵᠢᠶᠡᠨ᠎ᠳᠤ ᠰᠣᠯᠢᠯᠴᠠᠨ ᠰᠤᠷᠤᠯᠴᠠᠬᠤ ᠵᠢ ᠠᠬᠢᠭᠤᠯᠪᠠ; 《ᠨᠠᠷᠠᠲᠤ ᠰᠤᠷᠭ᠋ᠠᠭᠤᠯᠢ ᠵᠢᠨ ᠰᠦᠯᠵᠢᠶᠡᠨ᠎ᠤ ᠬᠢᠴᠢᠶᠡᠯ᠎ᠤᠨ ᠲᠠᠩᠬᠢᠮ》 ᠵᠶ᠋ᠠᠷ ᠳᠠᠮᠵᠢᠭᠤᠯᠤᠨ ᠬᠢᠯᠢ ᠬᠢᠵᠠᠭ᠋ᠠᠷ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠰᠤᠷᠤᠭᠴᠢᠳ᠎ᠲᠤ ᠪᠥᠬᠥ ᠤᠯᠤᠰ᠎ᠤᠨ ᠴᠢᠨᠠᠷᠯᠢᠭ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠢ ᠬᠤᠪᠢᠶᠠᠯᠴᠠᠨ ᠡᠳ᠋ᠯᠡᠭᠦᠯᠪᠡ᠃ ᠳᠠᠷᠠᠭ᠎ᠠ ᠠᠯᠬᠤᠮ᠎ᠳᠤ᠂ ᠪᠥᠬᠥ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠢ ᠰᠠᠶ᠋ᠢᠲᠤᠷ ᠪᠡᠶᠡᠯᠡᠭᠦᠯᠬᠦ ᠲᠣᠭᠣᠷᠢᠨ᠎ᠳᠤ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠲᠤᠬᠠᠶ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠎ᠪᠠᠷ ᠭᠤᠤᠯ ᠰᠢᠵᠢᠮ ᠪᠣᠯᠭ᠋ᠠᠨ᠂ ᠮᠣᠩᠭᠣᠯ ᠮᠣᠷᠢᠨ᠎ᠤ ᠵᠣᠷᠢᠭ ᠰᠠᠨᠠᠭ᠎ᠠ ᠪᠣᠯᠤᠨ 《ᠭᠤᠷᠪᠠᠨ ᠤᠮᠠᠷᠠᠲᠤ ᠵᠢᠨ ᠵᠣᠷᠢᠭ ᠰᠠᠨᠠᠭ᠎ᠠ》 ᠵᠢ ᠶᠡᠬᠡ᠎ᠪᠠᠷ ᠪᠠᠳᠠᠷᠠᠭᠤᠯᠤᠨ᠂ ᠴᠢᠨᠠᠷᠯᠢᠭ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢ ᠠᠬᠢᠭᠤᠯᠤᠨ᠂ ᠣᠷᠣᠨ ᠪᠦᠰᠡ ᠵᠢᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠵᠦ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠨ᠂ ᠣᠳᠣᠬᠢᠴᠢᠯᠠᠭᠰᠠᠨ ᠥᠪᠥᠷ ᠮᠣᠩᠭᠣᠯ᠎ᠢ ᠪᠦᠲᠦᠭᠡᠨ ᠪᠠᠶ᠋ᠢᠭᠤᠯᠬᠤ᠎ᠳᠤ ᠰᠤᠷᠭ᠋ᠠᠨ ᠬᠥᠮᠦᠵᠢᠯ᠎ᠤᠨ ᠬᠦᠴᠦᠨ ᠴᠢᠳᠠᠯ ᠵᠶ᠋ᠠᠨ ᠡᠷᠭᠦᠨ᠎ᠡ᠃


 

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号