ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
ᠯᠠᠩ ᠸᠠᠨ ᠰᠢ᠄ ᠬᠥᠳᠡᠭᠡ ᠲᠣᠰᠬᠣᠨ᠎ᠤ ᠰᠤᠷᠭ᠋ᠠᠨ ᠬᠥᠮᠦᠵᠢᠯ᠎ᠤᠨ ᠰᠠᠬᠢᠨ ᠬᠠᠮᠠᠭ᠋ᠠᠯᠠᠭᠴᠢ
ᠨᠡᠶ᠋ᠢᠲᠡᠯᠡᠭᠰᠡᠨ ᠴᠠᠭ᠄ 2024-10-16


1.png

     《ᠬᠠᠯᠠᠭᠤᠨ ᠬᠠᠢ᠌ᠷ᠎ᠠ᠎ᠪᠠᠷ ᠵᠶ᠋ᠠᠨ ᠰᠤᠷᠭ᠋ᠠᠨ ᠬᠥᠮᠥᠵᠢᠭᠦᠯᠵᠦ᠂ ᠰᠤᠷᠤᠭᠴᠢᠳ᠎ᠤᠨ ᠰᠠᠬᠢᠭᠴᠢ ᠬᠠᠮᠠᠭ᠋ᠠᠯᠠᠭᠴᠢ ᠪᠣᠯᠤᠨᠠᠮ!》 ᠬᠥᠬᠡᠬᠣᠲᠠ ᠵᠢᠨ ᠲᠦᠮᠡᠳ ᠵᠡᠭᠦᠨ ᠬᠣᠰᠢᠭᠤᠨ᠎ᠤ ᠱᠠ ᠡᠯ ᠶᠢᠩ ᠭᠣᠣᠯ ᠰᠤᠷᠭ᠋ᠠᠭᠤᠯᠢ ᠵᠢᠨ ᠬᠥᠳᠡᠭᠡ ᠲᠣᠰᠬᠣᠨ᠎ᠤ ᠪᠠᠭᠰᠢ ᠯᠠᠩ ᠸᠠᠨ ᠰᠢ ᠡᠨᠡ ᠦᠭᠡ᠎ᠪᠠᠷ ᠥᠪᠡᠷ᠎ᠢ᠎ᠪᠠᠨ ᠵᠣᠷᠢᠭᠵᠢᠭᠤᠯᠵᠤ᠂ ᠵᠠᠯᠠᠭᠤ ᠨᠠᠰᠤ ᠪᠠ ᠬᠠᠶ᠋ᠢᠷ᠎ᠠ ᠰᠡᠳᠬᠢᠯᠭᠡ᠎ᠪᠠᠷ ᠬᠥᠳᠡᠭᠡ ᠲᠣᠰᠬᠣᠨ᠎ᠤ ᠬᠡᠦᠬᠡᠳ᠎ᠢ ᠤᠮᠳᠠᠯᠠᠨ᠂ ᠢᠷᠡᠭᠡᠳᠦᠢ ᠵᠦᠭ ᠲᠡᠮᠡᠦᠯᠬᠦ ᠬᠦᠰᠡᠯ ᠬᠥᠪᠴᠢᠯᠡᠭᠰᠡᠭᠡᠷ ᠢᠷᠡᠵᠡᠢ᠃
   

2.png

      ᠰᠠᠶᠢᠬᠠᠨ ᠥᠩᠭᠡᠷᠡᠭᠰᠡᠨ 8 ᠰᠠᠷ᠎ᠠ᠎ᠳᠤ᠂ ᠯᠠᠩ ᠸᠠᠨ ᠰᠢ 《ᠪᠦᠬᠦ ᠤᠯᠤᠰ᠎ᠤᠨ ᠵᠢᠱ᠌ᠢᠶᠡᠴᠢ ᠪᠠᠭᠰᠢ》᠎ᠪᠠᠷ ᠦᠨᠡᠯᠡᠭᠳᠡᠵᠦ᠂ ᠡᠨᠡ ᠬᠦ᠌ ᠦᠨ᠎ᠡ ᠪᠡᠨ᠎ᠡ᠎ᠲᠠᠢ ᠢᠷᠠᠭᠤ ᠠᠯᠳᠠᠷ ᠪᠣᠯ ᠲᠡᠭᠦᠨ᠎ᠤ ᠣᠯᠠᠨ ᠵᠢᠯ᠎ᠤᠨ ᠲᠤᠷᠰᠢ ᠬᠥᠳᠡᠭᠡ ᠲᠣᠰᠬᠣᠨ᠎ᠤ ᠰᠤᠷᠭ᠋ᠠᠨ ᠬᠥᠮᠦᠵᠢᠯ᠎ᠳᠤ ᠦᠨᠳᠦᠰᠦᠯᠡᠨ᠂ ᠦᠭᠡ ᠳᠠᠭᠤᠨ ᠦᠭᠡᠢ᠎ᠪᠠᠷ ᠬᠤᠪᠢ ᠨᠡᠮᠡᠷᠢ ᠦᠵᠡᠭᠦᠯᠦᠭᠰᠡᠨ᠎ᠤ ᠬᠠᠮᠤᠭ᠎ᠤᠨ ᠰᠠᠶ᠋ᠢᠨ ᠭᠡᠷᠡᠴᠢᠯᠡᠯ ᠪᠣᠯᠤᠨ᠎ᠠ᠃
   

3.png

      2013 ᠣᠨ᠎ᠳᠤ ᠯᠠᠩ ᠸᠠᠨ ᠰᠢ ᠪᠠᠭᠰᠢ ᠪᠣᠯᠬᠤ ᠬᠦᠰᠡᠯ ᠡᠪᠦᠷᠯᠡᠨ᠂ ᠱᠠ ᠡᠯ ᠶᠢᠩ ᠭᠣᠣᠯ ᠰᠤᠷᠭ᠋ᠠᠭᠤᠯᠢ ᠪᠠᠢ᠌ᠭ᠎ᠠ ᠡᠨᠡ ᠬᠦ᠌ ᠬᠥᠳᠡᠭᠡ ᠳᠣᠰᠬᠤᠨ᠎ᠳᠤ  ᠢᠷᠡᠵᠦ᠂ ᠨᠢᠭᠡ ᠮᠡᠳᠡᠬᠦ᠎ᠳᠤ 11 ᠵᠢᠯ ᠠᠵᠢᠯᠯᠠᠭᠰᠠᠨ ᠪᠠᠢ᠌ᠯ᠎ᠠ᠃ ᠲᠡᠷᠡ᠎ᠪᠠᠷ ᠰᠤᠷᠭ᠋ᠠᠭᠤᠯᠢ ᠵᠢ ᠭᠡᠷ ᠵᠶ᠋ᠠᠨ ᠰᠢᠭ ᠪᠣᠳᠤᠵᠤ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠨᠢᠭᠡᠳᠦᠭᠡᠷ ᠹᠷᠣᠨᠲ᠎ᠢ ᠪᠠᠲᠤ ᠰᠠᠬᠢᠨ᠂ ᠪᠠᠭ᠎ᠠ ᠰᠤᠷᠭ᠋ᠠᠭᠤᠯᠢ ᠵᠢᠨ ᠲᠣᠭ᠋ᠠᠨ᠎ᠤ ᠤᠬᠠᠭ᠋ᠠᠨ᠎ᠤ ᠪᠠᠭᠰᠢ᠂ ᠠᠩᠭᠢ ᠵᠢᠨ ᠡᠷᠬᠢᠯᠡᠭᠴᠢ᠂ ᠳᠤᠮᠳᠠ ᠠᠩᠭᠢ ᠵᠢᠨ ᠬᠠᠪᠰᠤᠷᠤᠨ ᠵᠢᠯᠣᠭᠣᠳᠣᠭᠴᠢ ᠪᠣᠯᠵᠣ᠂ ᠲᠣᠭ᠋ᠠᠨ᠎ᠤ ᠤᠬᠠᠭ᠋ᠠᠨ᠎ᠤ ᠵᠢᠭ᠋ᠠᠬᠤ ᠵᠢ ᠰᠤᠳᠤᠯᠬᠤ ᠳᠤᠭᠤᠶ᠋ᠢᠯᠠᠩ᠎ᠤᠨ ᠳᠠᠷᠤᠭ᠎ᠠ ᠵᠢ ᠬᠠᠪᠰᠤᠷᠭ᠋ᠠᠨ ᠬᠠᠷᠢᠭᠤᠴᠠᠪᠠ᠃
   

4.png

5.png

 

6.png

   

      ᠯᠠᠩ ᠸᠠᠨ ᠰᠢ ᠬᠠᠯᠠᠭᠤᠨ ᠬᠠᠢ᠌ᠷ᠎ᠠ᠎ᠪᠠᠨ ᠪᠥᠬᠦᠨ᠎ᠢ ᠰᠤᠷᠤᠭᠴᠢ᠎ᠳᠤ᠎ᠪᠠᠨ ᠵᠣᠷᠢᠭᠤᠯᠤᠭᠰᠠᠨ ᠶᠤᠮ᠃ ᠴᠧᠨ ᠭᠤᠸᠠᠨ ᠢᠦᠢ ᠳᠠᠰᠬᠠᠯ ᠵᠶ᠋ᠠᠨ ᠦᠷᠭᠦᠯᠵᠢ ᠳᠠᠭᠤᠰᠬᠠᠳᠠᠭ ᠦᠭᠡᠢ᠂ ᠰᠤᠷᠤᠯᠭ᠎ᠠ᠎ᠳᠤ᠎ᠪᠠᠨ ᠢᠲᠡᠭᠡᠯ ᠠᠯᠳᠠᠭᠰᠠᠨ ᠪᠠᠢ᠌ᠯ᠎ᠠ᠃ ᠯᠠᠩ ᠸᠠᠨ ᠰᠢ ᠣᠯᠠᠨ ᠤᠳᠠᠭ᠎ᠠ ᠭᠡᠷ᠎ᠲᠤ᠎ᠨᠢ ᠬᠦᠷᠴᠦ ᠰᠣᠷᠪᠤᠯᠵᠢᠯᠠᠨ᠂ ᠲᠡᠭᠦᠨ᠎ᠲᠠᠢ ᠨᠠᠢ᠌ᠵᠠ ᠪᠣᠯᠤᠯᠴᠠᠵᠤ᠂ ᠲᠡᠭᠦᠨ᠎ᠤ ᠠᠮᠢᠳᠤᠷᠠᠯ᠎ᠢ᠎ᠨᠢ ᠬᠠᠯᠠᠮᠵᠢᠯᠠᠨ᠂ ᠲᠡᠭᠦᠨ᠎ᠢ ᠬᠠᠪᠰᠤᠷᠤᠨ ᠬᠢᠴᠢᠶᠡᠯ᠎ᠢ᠎ᠨᠢ ᠨᠥᠬᠦᠵᠦ ᠥᠭᠳᠡᠭ᠃ ᠡᠴᠦᠰ᠎ᠲᠤ᠂ ᠴᠧᠨ ᠭᠤᠸᠠᠨ ᠢᠦᠢ ᠵᠢᠨ ᠰᠤᠷᠤᠯᠭ᠎ᠠ ᠵᠢᠨ ᠬᠢᠷᠢ ᠪᠦᠲᠦᠮᠵᠢ ᠨᠢᠭᠡ ᠯᠡ ᠳᠡᠭᠡᠷ᠎ᠡ ᠳᠡᠭᠡᠭᠰᠢᠯᠡᠵᠦ᠂ ᠭᠤᠷᠪᠠᠨ ᠰᠠᠶ᠋ᠢᠨᠲᠠᠢ ᠰᠤᠷᠤᠭᠴᠢ ᠪᠣᠯᠤᠨ᠂ ᠨᠡᠯᠢᠶᠡᠳ ᠰᠠᠶ᠋ᠢᠨ ᠳᠤᠮᠳᠠᠳᠤ ᠰᠤᠷᠭ᠋ᠠᠭᠤᠯᠢ᠎ᠳᠤ ᠰᠢᠯᠭ᠋ᠠᠨ ᠤᠷᠤᠭᠰᠠᠨ ᠪᠠᠶ᠋ᠢᠨ᠎ᠠ᠃
   

7.png

8.png

      ᠯᠠᠩ ᠸᠠᠨ ᠰᠢ ᠬᠠᠮᠲᠤ ᠵᠢᠨ ᠵᠢᠭ᠋ᠠᠨ ᠰᠤᠷᠭ᠋ᠠᠯᠲᠠ ᠪᠣᠯᠤᠨ ᠥᠪᠡᠷᠮᠢᠴᠡ ᠵᠢᠭ᠋ᠠᠨ ᠰᠤᠷᠭ᠋ᠠᠯᠲᠠ ᠵᠢ ᠤᠶᠠᠯᠳᠤᠭᠤᠯᠬᠤ ᠵᠢ ᠴᠢᠬᠤᠯᠠᠴᠢᠯᠠᠳᠠᠭ᠂ ᠸᠠᠩ ᠷᠥᠸᠧ ᠴᠢ᠂ ᠭᠦᠸᠧ ᠸᠧᠨ ᠯᠢᠩ ᠵᠡᠷᠭᠡ ᠰᠤᠷᠤᠭᠴᠢ ᠰᠤᠷᠤᠯᠴᠠᠬᠤ ᠳᠤᠷ᠎ᠠ ᠪᠠᠬ᠎ᠠ ᠦᠭᠡᠢ᠂ ᠥᠪᠡᠷ᠎ᠢ᠎ᠪᠠᠨ ᠡᠵᠡᠮᠳᠡᠬᠦ ᠴᠢᠳᠠᠪᠤᠷᠢ ᠳᠤᠲᠠᠮᠠᠭ ᠪᠠᠢ᠌ᠳᠠᠯ᠎ᠳᠤ ᠬᠠᠨᠳᠤᠭᠤᠯᠤᠨ᠂ ᠲᠡᠳᠡᠨ᠎ᠢ ᠵᠣᠷᠢᠭᠵᠢᠭᠤᠯᠵᠤ᠂ ᠲᠡᠳᠡᠨ᠎ᠲᠠᠢ ᠶᠠᠷᠢᠯᠴᠠᠨ᠂ ᠲᠡᠳᠡᠨ᠎ᠢ ᠬᠠᠪᠰᠣᠷᠤᠨ ᠵᠥᠷᠢᠶ᠎ᠡ ᠵᠢ ᠡᠷᠢᠵᠦ ᠲᠠᠨᠢᠭᠤᠯᠪᠠ᠃ ᠬᠤᠸᠠᠩ ᠪᠦᠸᠧ ᠶᠠᠩ᠂ ᠶᠠᠩ ᠯᠢ ᠪᠦᠸᠧ ᠵᠡᠷᠭᠡ  ᠰᠤᠷᠤᠭᠴᠢ ᠰᠡᠴᠡᠨ ᠰᠡᠷᠭᠦᠯᠡᠩ ᠰᠤᠷᠤᠯᠭ᠎ᠠ ᠰᠠᠢ᠌ᠲᠠᠢ᠂ ᠲᠥᠬᠥᠭᠡᠷᠬᠦ ᠴᠢᠳᠠᠪᠤᠷᠢ ᠪᠠ ᠴᠡᠭᠡᠵᠢᠯᠡᠬᠦ ᠴᠢᠳᠠᠪᠤᠷᠢ ᠰᠠᠶ᠋ᠢᠨ ᠪᠠᠢ᠌ᠳᠠᠯ᠎ᠳᠤ ᠴᠢᠭᠯᠡᠭᠦᠯᠦᠨ᠂ ᠲᠡᠳᠡᠨ᠎ᠢ ᠢᠯᠡᠭᠦᠦ ᠦᠵᠡᠵᠦ ᠢᠯᠡᠭᠦᠦ ᠣᠩᠰᠢᠵᠤ᠂ ᠬᠢᠴᠢᠶᠡᠯ᠎ᠠᠴᠠ ᠭᠠᠳᠠᠨᠠᠬᠢ ᠰᠡᠳᠦᠪ᠎ᠢ ᠢᠯᠡᠭᠦᠦ᠎ᠬᠢ ᠭᠡᠵᠦ ᠱᠠᠭ᠋ᠠᠷᠳᠠᠨ᠂ ᠡᠨᠡ ᠬᠦ᠌ ᠠᠷᠭ᠎ᠠ᠎ᠨᠢ ᠰᠤᠷᠤᠭᠴᠢᠳ᠎ᠤᠨ ᠵᠥᠷᠢᠶ᠎ᠡ ᠵᠢ ᠪᠠᠭ᠋ᠠᠰᠬᠠᠵᠤ᠂ ᠬᠠᠮᠲᠤ᠎ᠳᠤ᠎ᠪᠠᠨ ᠳᠠᠪᠰᠢᠬᠤ ᠵᠢ ᠠᠬᠢᠭᠤᠯᠪᠠ᠃   

9.png

    
       ᠯᠠᠩ ᠸᠠᠨ ᠰᠢ ᠪᠣᠯ ᠬᠤᠷᠴᠠ ᠰᠡᠷᠭᠦᠯᠡᠩ ᠮᠥᠷᠲᠡᠭᠡᠨ ᠨᠠᠷᠢᠨ ᠬᠢᠨᠠᠮᠠᠭ᠋ᠠᠢ ᠬᠥᠮᠦᠨ ᠶᠤᠮ᠂ ᠰᠤᠷᠤᠭᠴᠢᠳ᠎ᠤᠨ ᠠᠰᠠᠭᠤᠳᠠᠯ᠎ᠢ ᠳᠣᠣᠷ᠎ᠠ᠎ᠨᠢ ᠰᠡᠷᠡᠵᠦ ᠮᠡᠳᠡᠳᠡᠭ᠃ ᠰᠤᠷᠤᠭᠴᠢ ᠯᠢᠦ ᠵᠢᠶᠣᠤ ᠰᠠᠶ᠋ᠢᠨ ᠰᠤᠷᠳᠠᠭ ᠪᠣᠯᠪᠠᠴᠤ ᠬᠥᠮᠦᠨ᠎ᠤ ᠡᠮᠦᠨ᠎ᠡ ᠦᠭᠡ ᠶᠠᠷᠢᠵᠤ ᠴᠢᠳᠠᠬᠤ ᠦᠭᠡᠢ᠂ ᠲᠡᠭᠦᠨ᠎ᠢ ᠬᠤᠪᠢᠷᠠᠭᠤᠯᠬᠤ ᠵᠢᠨ ᠲᠥᠯᠥᠭᠡ ᠯᠠᠩ ᠸᠠᠨ ᠰᠢ ᠬᠢᠴᠢᠶᠡᠯ ᠳᠡᠭᠡᠷ᠎ᠡ ᠦᠷᠭᠦᠯᠵᠢ ᠲᠡᠭᠦᠨ᠎ᠠᠴᠠ ᠠᠰᠠᠭᠤᠵᠤ᠂ ᠬᠢᠴᠢᠶᠡᠯ᠎ᠤᠨ ᠳᠠᠷᠠᠭ᠎ᠠ ᠲᠡᠭᠦᠨ᠎ᠲᠠᠢ ᠪᠣᠳᠣᠯ ᠰᠠᠨᠠᠯ ᠶᠠᠷᠢᠯᠴᠠᠨ᠂ ᠲᠡᠭᠦᠨ᠎ᠢ ᠦᠷᠭᠦᠯᠵᠢ  ᠵᠣᠷᠢᠭᠵᠢᠭᠤᠯᠤᠭᠰᠠᠨ᠎ᠠᠴᠠ ᠠᠭ᠋ᠠᠵᠢᠮ ᠵᠶ᠋ᠠᠷ ᠪᠡᠶ᠎ᠡ᠎ᠳᠤ᠎ᠪᠠᠨ ᠢᠲᠡᠭᠡᠯ᠎ᠲᠠᠢ ᠪᠣᠯᠵᠠᠢ᠃
   

10.png

11.png

12.png


      ᠠᠵᠢᠯᠯᠠᠵᠤ ᠰᠤᠳᠤᠯᠤᠨ ᠰᠤᠷᠤᠯᠴᠠᠬᠤ ᠶᠠᠪᠤᠴᠠ᠎ᠳᠤ ᠯᠠᠩ ᠸᠠᠨ ᠰᠢ ᠮᠠᠰᠢ ᠠᠷᠪᠢᠨ ᠳᠤᠷᠰᠢᠯᠭ᠎ᠠ ᠬᠤᠷᠠᠮᠳᠤᠭᠤᠯᠪᠠ᠃ ᠲᠡᠷᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠂ ᠬᠣᠰᠢᠭᠤᠨ᠎ᠤ ᠳᠡᠰ᠎ᠤᠨ ᠰᠢᠯᠢᠳᠡᠭ ᠠᠩᠭᠢ ᠵᠢᠨ ᠡᠷᠬᠢᠯᠡᠭᠴᠢ᠂ ᠰᠢᠯᠢᠳᠡᠭ ᠪᠠᠭᠰᠢ᠂ ᠰᠢᠯᠢᠳᠡᠭ ᠳᠤᠮᠳᠠ ᠠᠩᠭᠢ ᠵᠢᠨ ᠬᠠᠪᠰᠤᠷᠤᠨ ᠵᠢᠯᠣᠭᠣᠳᠤᠭᠴᠢ᠎ᠪᠠᠷ ᠣᠯᠠᠨ ᠤᠳᠠᠭ᠎ᠠ ᠦᠨᠡᠯᠡᠭᠳᠡᠵᠦ᠂ ᠲᠡᠭᠦᠨ᠎ᠤ ᠳᠠᠭ᠋ᠠᠭᠤᠯᠤᠭᠰᠠᠨ ᠠᠩᠭᠢ᠎ᠨᠢ ᠤᠳᠠᠭ᠎ᠠ ᠪᠦᠷᠢ ᠵᠢᠨ ᠶᠡᠷᠦᠩᠬᠡᠶ᠋ᠢᠯᠡᠭᠰᠡᠨ ᠦᠨᠡᠯᠡᠯᠲᠡ᠎ᠳᠤ ᠲᠡᠷᠢᠭᠦᠯᠡᠵᠦ᠂ ᠣᠯᠠᠨ ᠤᠳᠠᠭ᠎ᠠ ᠲᠡᠷᠢᠭᠦᠨ᠎ᠤ ᠠᠩᠭᠢ ᠬᠠᠮᠲᠤ ᠨᠡᠶ᠋ᠢᠲᠡ᠎ᠪᠠᠷ ᠦᠨᠡᠯᠡᠭᠳᠡᠪᠡ᠃
   

13.png

14.png

      ᠯᠠᠩ ᠸᠠᠨ ᠰᠢ ᠪᠣᠯ ᠥᠪᠥᠷ ᠮᠣᠩᠭᠣᠯ᠎ᠤᠨ ᠬᠥᠳᠡᠭᠡ ᠲᠣᠰᠬᠣᠨ᠎ᠤ ᠮᠠᠰᠢ ᠣᠯᠠᠨ ᠰᠢᠯᠢᠳᠡᠭ ᠪᠠᠭᠰᠢ ᠵᠢᠨ ᠨᠢᠭᠡ ᠪᠢᠯᠡ᠃ ᠡᠨᠡ ᠬᠦ᠌ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠲᠡᠭᠦᠨ ᠰᠢᠭ ᠮᠠᠰᠢ ᠣᠯᠠᠨ ᠪᠠᠭᠰᠢ ᠬᠥᠳᠡᠭᠡ ᠲᠣᠰᠬᠣᠨ᠎ᠳᠤ ᠦᠨᠳᠦᠰᠦᠯᠡᠵᠦ᠂ ᠦᠭᠡ ᠳᠠᠭᠤᠨ ᠦᠭᠡᠢ᠎ᠪᠠᠷ ᠬᠤᠪᠢ ᠨᠡᠮᠡᠷᠢ  ᠦᠵᠡᠭᠦᠯᠦᠨ᠂ ᠬᠠᠶ᠋ᠢᠷ᠎ᠠ ᠪᠠ ᠬᠠᠷᠢᠭᠤᠴᠠᠯᠭ᠎ᠠ᠎ᠪᠠᠷ ᠬᠡᠦᠬᠡᠳ᠎ᠤᠨ ᠢᠷᠡᠭᠡᠳᠦᠢ ᠵᠢ ᠰᠠᠬᠢᠨ ᠬᠠᠮᠠᠭ᠋ᠠᠯᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠰᠤᠷᠭ᠋ᠠᠨ ᠬᠥᠮᠥᠵᠢᠭᠦᠯᠬᠦ ᠶᠣᠰᠣ ᠵᠦᠢ ᠵᠢ ᠲᠠᠶ᠋ᠢᠯᠪᠤᠷᠢᠯᠠᠵᠤ᠂ ᠬᠥᠳᠡᠭᠡ ᠲᠣᠰᠬᠣᠨ᠎ᠤ ᠬᠡᠦᠬᠡᠳ᠎ᠲᠤ ᠬᠦᠰᠡᠯ ᠵᠶ᠋ᠠᠨ ᠲᠡᠷᠭᠡᠯᠰᠢᠭᠦᠯᠬᠦ ᠵᠠᠮ᠎ᠢ ᠳᠡᠪᠢᠰᠴᠦ ᠥᠭᠭᠦᠭᠰᠡᠨ ᠪᠠᠶ᠋ᠢᠨ᠎ᠠ᠃
   

15.png


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号