ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
ᠥᠪᠡᠷᠲᠡᠭᠡᠨ ᠵᠠᠰᠠᠬᠤ ᠣᠷᠣᠨ 《ᠰᠤᠷᠭ᠋ᠠᠨ ᠬᠥᠮᠦᠵᠢᠯᠲᠡᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠤᠨ ᠦᠢ᠍ᠯᠡᠳᠦᠯᠭᠡᠵᠢᠭᠦᠯᠵᠦ ᠥᠨᠳᠥᠷ ᠬᠡᠪ ᠴᠢᠨᠠᠷ ᠪᠦᠬᠦᠢ ᠪᠠᠭᠰᠢ ᠵᠢᠨ ᠡᠩᠨᠡᠭᠡ ᠵᠢ ᠪᠠᠶ᠋ᠢᠭᠤᠯᠬᠤ》 ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-09-06


W020240905643402699635_ORIGIN.jpg


  

      9 ᠳ᠋ᠦ᠍ᠭᠡᠷ ᠰᠠᠷ᠎ᠠ ᠵᠢᠨ 5᠎ᠤ ᠡᠳᠦᠷ᠎ᠤᠨ ᠦᠳᠡ ᠵᠢᠨ ᠬᠣᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠰᠤᠷᠭ᠋ᠠᠨ ᠬᠥᠮᠥᠵᠢᠯᠲᠡᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠤᠨ ᠦᠢ᠍ᠯᠡᠳᠦᠯᠭᠡᠵᠢᠭᠦᠯᠵᠦ ᠥᠨᠳᠥᠷ ᠬᠡᠪ ᠴᠢᠨᠠᠷ ᠪᠦᠬᠦᠢ ᠪᠠᠭᠰᠢ ᠵᠢᠨ ᠡᠩᠨᠡᠭᠡ ᠵᠢ           ᠪᠠᠢ᠌ᠭᠤᠯᠬᠤ》 ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶᠠᠨ᠎ᠤ ᠳᠡᠳ᠋ ᠱᠦᠵᠢ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠯᠢ ᠶᠢᠩ ᠭᠣᠣᠯ ᠨᠡᠢ᠌ᠲᠡᠯᠡᠯ ᠬᠢᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠪᠠᠢ᠌ᠭᠤᠯᠤᠮᠵᠢ ᠣᠷᠣᠨ ᠲᠣᠭ᠎ᠠ ᠵᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃


       ᠰᠤᠷᠭ᠋ᠠᠨ ᠬᠥᠮᠦᠵᠢᠯᠲᠡᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠤᠨ ᠦᠢ᠍ᠯᠡᠳᠦᠯᠭᠡᠵᠢᠭᠦᠯᠵᠦ

       ᠥᠨᠳᠥᠷ ᠬᠡᠪ ᠴᠢᠨᠠᠷ ᠪᠦᠬᠦᠢ ᠪᠠᠭᠰᠢ ᠵᠢᠨ ᠡᠩᠨᠡᠭᠡ ᠵᠢ ᠪᠠᠶ᠋ᠢᠭᠤᠯᠬᠤ ᠰᠣᠨᠢᠨ ᠮᠡᠳᠡᠭᠡ ᠨᠡᠶ᠋ᠢᠲᠡᠯᠡᠬᠦ

                        ᠬᠤᠷᠠᠯ᠎ᠤᠨ ᠨᠡᠢ᠌ᠲᠡᠯᠡᠯ᠎ᠤᠨ ᠦᠭᠡ


      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶᠠᠨ᠎ᠤ ᠳᠡᠳ᠋ ᠱᠦᠵᠢ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ  ᠯᠢ ᠶᠢᠩ
      ᠡᠯ᠎ᠡ ᠵᠠᠭᠤᠴᠢᠯᠠᠭᠤᠷ᠎ᠤᠨ ᠨᠠᠶ᠋ᠢᠵᠠ ᠨᠠᠷ ᠡ᠂ ᠣᠯᠠᠨ᠎ᠳᠤ ᠦᠳᠡ ᠵᠢᠨ ᠠᠮᠤᠷ ᠠᠢ᠌ᠯᠠᠳᠬᠠᠶ᠎ᠠ!  ᠤᠳᠠᠯ ᠦᠭᠡᠢ 40᠎ᠳᠠᠬᠢ ᠪᠠᠭᠰᠢ ᠵᠢᠨ ᠪᠠᠶᠠᠷ᠎ᠤᠨ ᠡᠳᠦᠷ ᠬᠦᠷᠴᠦ ᠢᠷᠡᠬᠦ ᠪᠣᠯᠤᠨ᠎ᠠ᠃ ᠡᠩ ᠲᠡᠷᠢᠭᠦᠨ᠎ᠳᠤ᠂ ᠪᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠡᠮᠦᠨ᠎ᠡ᠎ᠠᠴᠠ ᠪᠦᠬᠦ ᠣᠷᠣᠨ᠎ᠤ ᠥᠷᠭᠡᠨ ᠣᠯᠠᠨ ᠪᠠᠭᠰᠢ ᠪᠣᠯᠤᠨ ᠰᠤᠷᠭ᠋ᠠᠨ ᠬᠥᠮᠦᠵᠢᠯ᠎ᠤᠨ ᠠᠵᠢᠯᠲᠠᠨ᠎ᠳᠤ ᠪᠠᠶᠠᠷ᠎ᠤᠨ ᠡᠳᠦᠷ᠎ᠤᠨ ᠮᠠᠨᠳᠦᠴᠢᠯᠡᠯ ᠳᠡᠪᠰᠢᠭᠦᠯᠵᠦ ᠪᠠᠢ᠌ᠨ᠎ᠠ! ᠤᠷᠲᠤ ᠬᠤᠭᠤᠴᠠᠭ᠋ᠠᠨ᠎ᠤ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠬᠥᠭᠵᠢᠯᠲᠡ ᠵᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠳᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ!
      ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ ᠢᠮᠠᠭᠲᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠰᠤᠷᠭ᠋ᠠᠨ ᠬᠥᠮᠥᠵᠢᠯᠲᠡᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ ᠥᠨᠳᠥᠷ ᠬᠡᠪ  ᠴᠢᠨᠠᠷ ᠪᠥᠬᠦᠢ ᠳᠤᠰᠬᠠᠢ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠪᠠᠶ᠋ᠢᠭᠤᠯᠬᠤ ᠲᠤᠬᠠᠢ ᠰᠠᠨᠠᠯ》᠎ᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠨ᠂ ᠰᠤᠷᠭ᠋ᠠᠨ ᠬᠥᠮᠥᠵᠢᠯᠲᠡᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠤᠨ ᠦᠢ᠍ᠯᠡᠳᠦᠯᠭᠡᠵᠢᠭᠦᠯᠵᠦ᠂ ᠰᠤᠷᠭ᠋ᠠᠨ ᠬᠥᠮᠦᠵᠢᠯ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠢ ᠠᠬᠢᠭᠤᠯᠤᠨ᠂ ᠤᠮᠠᠷᠠᠲᠤ ᠬᠢᠯᠢ᠎ᠳᠤ ᠬᠢᠴᠢᠶᠡᠩᠭᠦᠢ᠌ᠯᠡᠨ ᠠᠵᠢᠯᠯᠠᠵᠤ᠂ ᠠᠵᠢᠯ᠎ᠳᠤ᠎ᠪᠠᠨ ᠴᠠᠭ᠋ᠠᠷᠠᠭᠰᠠᠨ ᠥᠨᠳᠥᠷ ᠬᠡᠪ ᠪᠣᠯᠪᠠᠰᠤᠷᠠᠯ᠎ᠲᠠᠢ ᠪᠠᠭᠰᠢ ᠵᠢᠨ ᠡᠩᠨᠡᠭᠡ ᠵᠢ ᠬᠦᠴᠦᠯᠡᠨ ᠳᠠᠪᠲᠠᠨ ᠪᠣᠯᠪᠠᠰᠤᠷᠠᠭᠤᠯᠵᠤ᠂ ᠰᠤᠷᠭ᠋ᠠᠨ ᠬᠥᠮᠦᠵᠢᠯ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠵᠢ ᠲᠦᠷᠭᠡᠳᠬᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠎ᠳᠤ ᠬᠦᠴᠦᠲᠡᠢ ᠪᠠᠲᠤᠯᠠᠭ᠎ᠠ ᠬᠠᠩᠭ᠋ᠠᠪᠠ᠃
      2023 ᠣᠨ᠎ᠤ ᠡᠴᠦᠰ ᠪᠣᠯᠲᠠᠯ᠎ᠠ᠂ ᠪᠦᠬᠦ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠤᠨ ᠪᠠᠭᠰᠢ           41.02 ᠲᠥᠮᠡᠨ ᠬᠥᠮᠦᠨ᠂ ᠲᠤᠰᠬᠠᠢ ᠪᠠᠭᠰᠢ 31.77  ᠲᠥᠮᠡᠨ ᠬᠥᠮᠦᠨ ᠎ᠳᠤ ᠬᠦᠷᠴᠦ᠂ ᠡᠭᠦᠨ᠎ᠳᠤ ᠰᠠᠭᠤᠷᠢ ᠰᠤᠷᠭ᠋ᠠᠨ ᠬᠥᠮᠦᠵᠢᠯ᠎ᠤᠨ ᠲᠤᠰᠬᠠᠢ ᠪᠠᠭᠰᠢ 27.31 ᠲᠦᠮᠡᠨ ᠬᠥᠮᠦᠨ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠲᠤᠰᠬᠠᠢ ᠪᠠᠭᠰᠢ 1.46 ᠲᠦᠮᠡᠨ ᠬᠥᠮᠦᠨ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠲᠤᠰᠬᠠᠢ ᠪᠠᠭᠰᠢ 3 ᠲᠦᠮᠡᠨ ᠬᠥᠮᠦᠨ ᠪᠣᠢ᠂ ᠲᠤᠰᠬᠠᠢ ᠪᠠᠭᠰᠢ ᠵᠢᠨ ᠶᠡᠷᠦᠩᠬᠡᠢ ᠲᠣᠭ᠎ᠠ 2020 ᠣᠨ (《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠡᠭᠦᠯᠴᠢ)᠎ᠠᠴᠠ 2.4 ᠲᠦᠮᠡᠨ ᠬᠥᠮᠦᠨ ᠨᠡᠮᠡᠭᠳᠡᠵᠦ᠂ 8.2% ᠨᠡᠮᠡᠭᠳᠡᠪᠡ᠃ ᠡᠭᠦᠨ᠎ᠳᠤ᠂ ᠵᠢᠩᠬᠢᠨᠢ ᠠᠩᠭᠢ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠲᠠᠢ ᠲᠤᠰᠬᠠᠢ ᠪᠠᠭᠰᠢ ᠵᠢᠨ ᠡᠵᠡᠯᠡᠬᠦ ᠬᠠᠷᠢᠴᠠᠯ 84.2% ᠬᠦᠷᠴᠦ᠂ 12.8% ᠨᠡᠮᠡᠭᠳᠡᠪᠡ᠃ ᠪᠦᠬᠦ ᠣᠷᠣᠨ᠎ᠤ ᠪᠠᠭᠰᠢ ᠵᠢᠨ ᠡᠩᠨᠡᠭᠡᠨ᠎ᠤ ᠪᠦᠬᠦᠯᠢ ᠴᠣᠭᠴᠠ ᠵᠢᠨ ᠲᠣᠭ᠎ᠠ ᠪᠠ ᠰᠤᠷᠤᠯᠭ᠎ᠠ ᠵᠢᠨ ᠨᠠᠮᠲᠠᠷ᠎ᠤᠨ ᠪᠦᠲᠦᠴᠡ ᠤᠯᠠᠮ ᠨᠢᠭᠡ ᠠᠯᠬᠤᠮ           ᠳᠡᠭᠡᠭᠰᠢᠯᠡᠪᠡ᠃  ᠡᠳᠦᠭᠡ ᠭᠣᠣᠯᠳᠠᠯᠭ᠎ᠠ ᠵᠢ 5 ᠲᠠᠯ᠎ᠠ᠎ᠠᠴᠠ ᠪᠣᠳᠠᠲᠠᠢ ᠲᠠᠨᠢᠯᠴᠠᠭᠤᠯᠤᠶ᠎ᠠ᠃
      ᠨᠢᠭᠡ᠎ᠳᠤ᠂ ᠪᠠᠭᠰᠢ ᠵᠢᠨ ᠮᠣᠷᠠᠯ ᠰᠤᠷᠲᠠᠯ᠎ᠤᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠷᠠᠭᠤᠯᠪᠠ᠃ ᠪᠠᠭᠰᠢ ᠵᠢᠨ ᠮᠣᠷᠠᠯ ᠰᠤᠷᠲᠠᠯ᠎ᠢ ᠢᠮᠠᠭᠲᠠ ᠪᠠᠭᠰᠢ ᠵᠢᠨ ᠡᠩᠨᠡᠭᠡᠨ᠎ᠤ ᠬᠡᠪ ᠴᠢᠨᠠᠷ᠎ᠢ ᠦᠨᠡᠯᠡᠬᠦ ᠨᠢᠭᠡᠳᠦᠭᠡᠷ ᠪᠠᠷᠢᠮᠵᠢᠶ᠎ᠠ ᠪᠣᠯᠭ᠋ᠠᠵᠤ᠂ ᠪᠠᠭᠰᠢ ᠵᠢᠨ ᠰᠤᠷᠭ᠋ᠠᠭᠤᠯᠢ ᠵᠢᠨ ᠰᠤᠷᠤᠭᠴᠢ ᠵᠢ ᠬᠥᠮᠦᠵᠢᠭᠦᠯᠬᠦ᠂ ᠪᠠᠭᠰᠢ ᠰᠤᠷᠭ᠋ᠠᠭᠤᠯᠢ ᠵᠢᠨ ᠵᠠᠬᠢᠷᠤᠯ᠎ᠢ ᠪᠣᠯᠪᠠᠰᠤᠷᠠᠭᠤᠯᠬᠤ ᠵᠢ ᠵᠠᠪᠠᠯ ᠰᠤᠷᠬᠤ ᠬᠢᠴᠢᠶᠡᠯ᠎ᠳᠤ ᠣᠷᠣᠭᠤᠯᠵᠤ᠂ ᠪᠠᠭᠰᠢ ᠵᠢᠨ ᠬᠢᠷᠢ ᠭᠡᠮ᠎ᠲᠠᠢ ᠵᠢ ᠵᠥᠪᠰᠢᠶᠡᠷᠡᠨ ᠣᠷᠣᠭᠤᠯᠬᠤ᠂ ᠤᠷᠢᠵᠤ ᠣᠷᠣᠭᠤᠯᠬᠤ᠂ ᠳᠤᠰᠢᠶᠠᠯ᠎ᠤᠨ ᠴᠣᠯᠠ ᠲᠣᠭᠲᠠᠭ᠋ᠠᠵᠤ ᠤᠷᠢᠬᠤ᠂ ᠰᠢᠯᠢᠳᠡᠭ᠎ᠢ ᠰᠢᠯᠭ᠋ᠠᠷᠠᠭᠤᠯᠤᠨ ᠱᠠᠩᠨᠠᠬᠤ᠂ ᠲᠥᠷᠥᠯ ᠵᠦᠢ᠍ᠯ ᠮᠡᠳᠡᠭᠦᠯᠬᠦ ᠵᠢᠨ ᠲᠡᠷᠢᠭᠦᠨ ᠴᠢᠬᠤᠯᠠ ᠱᠠᠭ᠋ᠠᠷᠳᠠᠯᠭ᠎ᠠ ᠪᠣᠯᠭ᠋ᠠᠪᠠ᠃ ᠪᠠᠭᠰᠢ ᠵᠢᠨ ᠮᠣᠷᠠᠯ ᠰᠤᠷᠲᠠᠯ᠎ᠤᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ 《ᠰᠤᠷᠭ᠋ᠠᠨ ᠬᠥᠮᠥᠵᠢᠯᠲᠡᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠬᠤ》᠎ᠪᠠᠷ ᠭᠣᠣᠯ ᠰᠡᠳᠦᠪ ᠪᠣᠯᠭ᠋ᠠᠨ᠂ 《ᠰᠤᠷᠭ᠋ᠠᠨ ᠬᠥᠮᠥᠵᠢᠯᠲᠡᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠤᠮᠠᠷᠠᠲᠤ ᠬᠢᠯᠢ ᠵᠢᠨ ᠰᠤᠷᠭ᠋ᠠᠨ ᠬᠥᠮᠦᠵᠢᠯ᠎ᠤᠨ ᠲᠠᠪᠴᠠᠩ᠎ᠳᠤ ᠬᠢᠴᠢᠶᠡᠩᠭᠦᠢ᠌ᠯᠡᠨ ᠠᠵᠢᠯᠯᠠᠬᠤ》 ᠪᠠᠭᠰᠢ ᠵᠢᠨ ᠮᠤᠷᠠᠯ᠎ᠤᠨ ᠭᠣᠣᠯ ᠰᠡᠳᠦᠪᠲᠦ ᠬᠥᠮᠦᠵᠢᠯ᠂ 《ᠰᠤᠷᠭ᠋ᠠᠨ ᠬᠥᠮᠥᠵᠢᠯᠳᠡᠨ᠎ᠤ ᠵᠣᠷᠢᠭ           ᠰᠠᠨᠠᠭ᠎ᠠ》  ᠵᠢ ᠲᠣᠭᠣᠷᠢᠨ ᠤᠬᠠᠭᠤᠯᠤᠨ ᠲᠠᠶ᠋ᠢᠯᠪᠤᠷᠢᠯᠠᠬᠤ᠂ ᠪᠠᠭᠰᠢ ᠵᠢᠨ ᠮᠤᠷᠠᠯ᠎ᠤᠨ ᠰᠢᠯᠢᠳᠡᠭ ᠬᠡᠷᠡᠭ᠎ᠤᠨ ᠵᠢᠱ᠌ᠢᠶ᠎ᠡ ᠵᠢ ᠰᠣᠩᠭᠣᠨ ᠪᠣᠢ ᠪᠣᠯᠭ᠋ᠠᠬᠤ ᠵᠡᠷᠭᠡ ᠠᠯᠢ ᠣᠯᠠᠨ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠪᠡ᠃ ᠰᠢᠯᠢᠳᠡᠭ ᠪᠠᠭᠰᠢ ᠵᠢ ᠰᠣᠩᠭᠣᠨ ᠪᠣᠢ ᠪᠣᠯᠭ᠋ᠠᠬᠤ ᠡᠷᠴᠢᠮ᠎ᠢ ᠴᠢᠩᠭ᠋ᠠᠷᠠᠭᠤᠯᠵᠤ᠂ ᠮᠠᠨ᠎ᠤ ᠣᠷᠣᠨ᠎ᠳᠤ ᠬᠡᠰᠡᠭ ᠪᠦᠯᠦᠭ ᠰᠢᠯᠢᠳᠡᠭ ᠪᠠᠭᠰᠢ ᠴᠣᠯᠭᠤᠷᠠᠪᠠ᠂ ᠵᠢᠱ᠌ᠢᠶᠡᠯᠡᠪᠡᠯ᠂ ᠪᠦᠬᠦ ᠤᠯᠤᠰ᠎ᠤᠨ 《ᠬᠠᠮᠤᠭ᠎ᠤᠨ ᠭᠣᠶᠣ ᠪᠠᠭᠰᠢ》 ᠵᠢᠨ ᠴᠣᠯᠠ ᠵᠢ ᠬᠦᠷᠲᠡᠭᠰᠡᠨ ᠸᠠᠩ ᠸᠧᠨ ᠱᠠᠨ ᠫᠷᠤᠹᠧᠰᠰᠤᠷ᠂ 2024 ᠣᠨ᠎ᠳᠤ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠲᠡᠷᠢᠭᠦᠨ᠎ᠤ ᠬᠠᠮᠲᠤ ᠨᠡᠢ᠌ᠲᠡ 13 ᠰᠤᠷᠭ᠋ᠠᠭᠤᠯᠢ ᠪᠣᠯᠤᠨ ᠲᠡᠷᠢᠭᠦᠨ᠎ᠤ ᠬᠤᠪᠢ ᠬᠥᠮᠦᠨ 44 ᠪᠠᠭᠰᠢ᠂ 2024 ᠣᠨ᠎ᠳᠤ ᠪᠦᠬᠦ ᠤᠯᠤᠰ᠎ᠤᠨ ᠪᠢᠴᠢᠭ ᠵᠢᠭ᠋ᠠᠵᠤ ᠬᠥᠮᠦᠨ ᠬᠥᠮᠦᠵᠢᠭᠦᠯᠬᠦ ᠵᠢᠱ᠌ᠢᠶᠡᠴᠢ ᠵᠢᠨ ᠴᠣᠯᠠ ᠬᠦᠷᠲᠡᠭᠰᠡᠨ ᠾᠧ ᠯᠠᠢ ᠬᠣ᠌ ᠪᠠᠭᠰᠢ ᠵᠡᠷᠭᠡ ᠪᠣᠢ᠃ ᠪᠠᠭᠰᠢ ᠵᠢᠨ ᠮᠣᠷᠠᠯ᠎ᠢ ᠵᠦᠷᠢᠴᠡᠭᠰᠡᠨ ᠠᠵᠢᠯᠯᠠᠭ᠋ᠠᠨ᠎ᠤ ᠨᠠᠵᠠᠭ᠋ᠠᠢ ᠲᠠᠯ᠎ᠠ ᠵᠢᠨ ᠨᠠᠷᠢᠨ ᠳᠠᠩᠰᠠ ᠵᠢ ᠲᠣᠭᠲᠠᠭ᠋ᠠᠵᠤ᠂ ᠤᠷᠢᠳ ᠬᠣᠵᠢᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠤᠨ ᠪᠠᠭᠰᠢ ᠵᠢᠨ ᠠᠵᠢᠯ᠎ᠤᠨ ᠮᠣᠷᠠᠯ᠎ᠠᠴᠠ ᠵᠥᠷᠢᠴᠡᠭᠰᠡᠨ ᠠᠵᠢᠯᠯᠠᠭ᠎ᠠ ᠵᠢ ᠰᠢᠢ᠍ᠳᠪᠦᠷᠢᠯᠡᠬᠦ ᠠᠷᠭ᠎ᠠ》 ᠵᠡᠷᠭᠡ ᠠᠯᠢ ᠣᠯᠠᠨ ᠲᠥᠷᠥ ᠵᠢᠨ ᠪᠣᠳᠣᠯᠭ᠎ᠠ ᠳᠦᠷᠢᠮ᠎ᠢ ᠨᠡᠶ᠋ᠢᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠪᠠᠭᠰᠢ ᠵᠢᠨ ᠮᠣᠷᠠᠯ᠎ᠤᠨ ᠳᠦᠷᠢᠮ᠎ᠠᠴᠠ ᠵᠥᠷᠢᠴᠡᠭᠰᠡᠨ ᠠᠰᠠᠭᠤᠳᠠᠯ᠎ᠤᠨ ᠰᠦᠪᠡᠭᠴᠢ ᠵᠢ ᠢᠯᠡᠴᠢᠯᠡᠨ ᠮᠡᠳᠡᠭᠦᠯᠬᠦ ᠲᠠᠪᠴᠠᠩ᠎ᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠳᠤ ᠵᠠᠭ᠋ᠠᠯᠳᠤᠵᠤ ᠢᠯᠡᠴᠢᠯᠡᠨ ᠮᠡᠳᠡᠭᠦᠯᠬᠦ ᠤᠲᠠᠰᠤ ᠵᠢ ᠲᠣᠬᠢᠷᠠᠭᠤᠯᠵᠤ᠂ ᠳᠥᠷᠪᠡᠨ ᠱᠠᠲᠤᠨ᠎ᠤ ᠪᠠᠭᠰᠢ ᠵᠢᠨ ᠮᠣᠷᠠᠯ᠎ᠲᠤ ᠬᠢᠨᠠᠯᠲᠠ ᠲᠠᠯᠪᠢᠭᠴᠢ ᠵᠢᠨ ᠡᠩᠨᠡᠭᠡ ᠵᠢ ᠵᠣᠬᠢᠶᠠᠨ ᠪᠠᠶ᠋ᠢᠭᠤᠯᠵᠤ᠂ ᠪᠠᠭᠰᠢ ᠵᠢᠨ ᠮᠣᠷᠠᠯ ᠰᠤᠷᠲᠠᠯ᠎ᠤᠨ ᠲᠣᠭᠲᠠᠭ᠋ᠠᠯ᠎ᠠᠴᠠ ᠵᠥᠷᠢᠴᠡᠭᠰᠡᠨ ᠬᠡᠷᠡᠭ᠎ᠢ ᠰᠡᠷᠡᠮᠵᠢᠯᠡᠭᠦᠯᠵᠦ ᠰᠡᠷᠭᠡᠶ᠋ᠢᠯᠡᠨ ᠡᠵᠡᠮᠳᠡᠬᠦ᠂ ᠵᠢᠷᠤᠮᠵᠢᠭᠤᠯᠵᠤ ᠬᠢᠨᠠᠨ ᠪᠠᠶ᠋ᠢᠴᠠᠭ᠋ᠠᠬᠤ᠂ ᠮᠡᠳᠡᠭᠳᠡᠵᠦ ᠵᠠᠯᠬᠠᠭ᠋ᠠᠨ ᠴᠡᠭᠡᠷᠯᠡᠭᠦᠯᠬᠦ ᠨᠢᠭᠡ ᠴᠣᠭᠴᠠᠵᠢᠭᠤᠯᠤᠭᠰᠠᠨ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠪᠠᠭᠰᠢ ᠵᠢᠨ ᠮᠣᠷᠠᠯ ᠰᠤᠷᠲᠠᠯ᠎ᠤᠨ ᠪᠠᠶ᠋ᠢᠭᠤᠯᠤᠯᠲᠠ ᠵᠢᠨ ᠤᠷᠲᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠪᠡ᠃
      ᠬᠣᠶᠠᠷ᠎ᠲᠤ᠂ ᠪᠠᠭᠰᠢ ᠵᠢᠨ ᠬᠠᠮᠢᠶᠠᠷᠤᠯᠲᠠ ᠵᠢᠨ ᠳᠦᠷᠢᠮ᠎ᠢ ᠡᠳᠦᠷ ᠢᠷᠡᠬᠦᠶ᠎ᠡ ᠲᠡᠭᠦᠯᠳᠡᠷᠵᠢᠭᠦᠯᠪᠡ᠃ ᠪᠠᠭᠰᠢ ᠵᠢᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠲᠥᠷᠥᠯ ᠬᠤᠪᠢᠶᠠᠨ ᠠᠬᠢᠭᠤᠯᠪᠠ᠂ ᠰᠠᠭᠤᠷᠢ ᠰᠤᠷᠭ᠋ᠠᠨ ᠬᠥᠮᠦᠵᠢᠯ᠎ᠤᠨ ᠲᠠᠯ᠎ᠠ᠎ᠪᠠᠷ᠄ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢ ᠢᠯᠡ᠎ᠪᠠᠷ ᠤᠷᠢᠬᠤ ᠤᠳᠠᠭ᠋ᠠᠨ  ᠳᠠᠭ᠋ᠠᠭ᠋ᠠᠮᠠᠭ᠋ᠠᠢ ᠪᠦᠲᠦᠮᠵᠢᠲᠡᠢ ᠲᠣᠭᠲᠠᠴᠠ ᠵᠢ ᠲᠡᠭᠦᠯᠳᠡᠷᠵᠢᠭᠦᠯᠵᠦ᠂ ᠪᠠᠭᠰᠢ ᠵᠢᠨ ᠣᠷᠣᠨ ᠲᠣᠭ᠎ᠠ ᠵᠢ ᠠᠶᠠᠨᠳᠠᠭ᠋ᠠᠨ ᠬᠠᠰᠤᠬᠤ ᠪᠠ ᠤᠷᠢᠵᠤ ᠨᠥᠬᠥᠪᠥᠷᠢᠯᠡᠬᠦ ᠵᠢ ᠪᠦᠲᠦᠮᠵᠢᠲᠡᠢ ᠵᠣᠯᠭ᠋ᠠᠭᠤᠯᠬᠤ ᠵᠢ ᠠᠬᠢᠭᠤᠯᠪᠠ᠃ ᠪᠦᠬᠦ ᠣᠷᠣᠨ᠎ᠤ 33 ᠬᠣᠰᠢᠭᠤ ᠰᠢᠶᠠᠨ (ᠬᠣᠲᠠ᠂ ᠲᠣᠭᠣᠷᠢᠭ)᠎ᠳᠤ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢ              《ᠰᠢᠶᠠᠨ᠎ᠠᠴᠠ ᠬᠠᠮᠢᠶᠠᠷᠴᠤ ᠰᠤᠷᠭ᠋ᠠᠭᠤᠯᠢ᠎ᠠᠴᠠ  ᠤᠷᠢᠬᠤ》 ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠢ ᠡᠬᠢᠯᠡᠭᠦᠯᠵᠦ᠂ ᠣᠷᠣᠨ ᠲᠣᠭ᠋ᠠᠨ᠎ᠤ 《ᠡᠷᠭᠢᠯᠲᠡ ᠵᠢᠨ ᠲᠠᠲᠠᠭ᠋ᠠᠯ》᠎ᠢ ᠪᠠᠢ᠌ᠭᠤᠯᠤᠨ᠂ ᠪᠠᠭᠰᠢ ᠠᠵᠢᠯᠲᠠᠨ ᠠᠵᠢᠯᠴᠢᠨ᠎ᠤ ᠣᠷᠣᠨ ᠲᠣᠭ᠋ᠠᠨ᠎ᠤ ᠬᠡᠷᠡᠭᠴᠡᠭᠡ ᠶᠣᠰᠣᠭ᠋ᠠᠷ ᠬᠠᠨᠳᠤᠰᠢ ᠵᠢ ᠲᠣᠬᠢᠷᠠᠭᠤᠯᠬᠤ ᠵᠢ ᠪᠡᠶᠡᠯᠡᠭᠦᠯᠪᠡ᠃ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠮᠡᠷᠭᠡᠵᠢᠯ᠎ᠤᠨ ᠴᠣᠯᠠ ᠵᠢ ᠳᠣᠭᠲᠠᠭ᠋ᠠᠵᠤ ᠤᠷᠢᠬᠤ ᠳᠦᠷᠢᠮ ᠎ᠤᠨ ᠥᠭᠡᠷᠡᠴᠢᠯᠡᠯᠲᠡ  ᠵᠢ ᠭᠦᠨᠵᠡᠭᠡᠶ᠋ᠢᠷᠡᠭᠦᠯᠵᠦ᠂ ᠦᠨᠳᠦᠰᠦᠨ ᠱᠠᠲᠤᠨ᠎ᠤ ᠵᠢᠭ᠋ᠠᠨ ᠰᠤᠷᠭ᠋ᠠᠯᠲᠠ ᠵᠢᠨ ᠨᠢᠭᠡᠳᠦᠭᠡᠷ ᠹᠷᠣᠨᠲ᠎ᠲᠤ ᠦᠨᠳᠦᠰᠦᠯᠡᠭᠰᠡᠨ ᠪᠠ ᠬᠥᠮᠦᠨ ᠬᠥᠮᠦᠵᠢᠭᠦᠯᠬᠦ ᠦᠷ᠎ᠡ ᠪᠦᠲᠦᠮᠵᠢ᠎ᠪᠠᠷ ᠲᠣᠪᠣᠶ᠋ᠢᠮ᠎ᠠ ᠪᠠᠭᠰᠢ ᠲᠡᠢ᠌ᠰᠢ ᠬᠡᠯᠪᠡᠢ᠌ᠯᠭᠡᠪᠡ᠃ ᠪᠠᠭᠰᠢ ᠵᠢᠨ 《ᠣᠷᠣᠬᠤ ᠪᠣᠭᠣᠮᠲᠠ》 ᠵᠢ ᠴᠢᠩᠭ᠎ᠠ ᠠᠳᠬᠤᠵᠤ᠂ ᠪᠠᠭᠰᠢ ᠵᠢᠨ ᠬᠢᠷᠢ ᠭᠡᠮ᠎ᠤᠨ ᠰᠢᠯᠭ᠋ᠠᠯᠲᠠ ᠵᠢ ᠪᠦᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠎ᠳᠤ ᠣᠷᠣᠭᠤᠯᠵᠤ᠂ ᠪᠠᠭᠰᠢ ᠵᠢᠨ ᠬᠢᠷᠢ ᠭᠡᠮ᠎ᠢ ᠲᠣᠭᠲᠠᠮᠠᠯ ᠬᠤᠭᠤᠴᠠᠭ᠎ᠠ᠎ᠲᠠᠢ ᠳᠠᠩᠰᠠᠯᠠᠬᠤ ᠵᠢ ᠪᠦᠬᠦ ᠲᠠᠯ᠎ᠠ᠎ᠪᠠᠷ ᠬᠡᠷᠡᠭᠵᠢᠭᠦᠯᠪᠡ᠃ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠲᠠᠯ᠎ᠠ᠎ᠪᠠᠷ᠄ ᠶᠡᠬᠡ ᠳᠡᠭᠡᠳᠦ ᠰᠤᠷᠭ᠋ᠠᠭᠤᠯᠢ ᠵᠢᠨ ᠠᠵᠢᠯᠲᠠᠨ᠎ᠤ ᠶᠡᠷᠦᠩᠬᠡᠢ ᠲᠣᠭ᠋ᠠᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠬᠡᠷᠡᠭᠵᠢᠭᠦᠯᠵᠦ᠂ 《ᠣᠷᠣᠨ ᠲᠣᠭ᠎ᠠ + ᠬᠢᠵᠠᠭ᠋ᠠᠷᠯᠠᠬᠤ           ᠲᠣᠭ᠎ᠠ》 ᠶᠣᠰᠤᠭ᠋ᠠᠷ 14 ᠶᠡᠬᠡ ᠳᠡᠭᠡᠳᠦ ᠰᠤᠷᠭ᠋ᠠᠭᠤᠯᠢ ᠵᠢᠨ  ᠠᠵᠢᠯ᠎ᠤᠨ ᠪᠠᠶ᠋ᠢᠷᠢ᠎ᠳᠤ ᠪᠠᠢ᠌ᠭ᠎ᠠ ᠪᠠᠭᠰᠢ ᠵᠢᠨ ᠶᠡᠷᠦᠩᠬᠡᠢ ᠲᠣᠭ᠎ᠠ ᠵᠢ 2 ᠲᠦᠮᠡ ᠭᠠᠷᠤᠢ ᠬᠥᠮᠦᠨ ᠵᠶ᠋ᠠᠷ ᠲᠣᠭᠲᠠᠭ᠋ᠠᠵᠤ᠂ ᠳᠡᠭᠡᠳᠦ ᠳᠡᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠲᠤᠰᠬᠠᠢ ᠵᠦᠢ᠍ᠯ᠎ᠤᠨ ᠣᠷᠣᠨ ᠲᠣᠭ᠎ᠠ ᠵᠢ ᠨᠡᠮᠡᠪᠡ᠃ ᠶᠡᠬᠡ ᠳᠡᠭᠡᠳᠦ ᠰᠤᠷᠭ᠋ᠠᠭᠤᠯᠢ ᠵᠢᠨ ᠪᠠᠭᠰᠢ ᠵᠢᠨ ᠳᠤᠰᠢᠶᠠᠯ᠎ᠤᠨ ᠴᠣᠯᠠ ᠵᠢ ᠬᠢᠨᠠᠨ ᠲᠣᠭᠲᠠᠭ᠋ᠠᠬᠤ ᠵᠢ ᠡᠵᠡᠨ ᠮᠡᠳᠡᠬᠦ ᠡᠷᠬᠡ ᠵᠢ ᠪᠦᠬᠦ ᠲᠠᠯ᠎ᠠ᠎ᠪᠠᠷ ᠳᠣᠷᠣᠭᠰᠢ ᠪᠠᠭᠤᠯᠭ᠋ᠠᠵᠤ᠂ ᠶᠡᠬᠡ ᠳᠡᠭᠡᠳᠦ ᠰᠤᠷᠭ᠋ᠠᠭᠤᠯᠢ ᠵᠢᠨ ᠴᠠᠯᠢᠩ ᠬᠥᠯᠦᠰᠦᠨ᠎ᠤ ᠳᠦᠷᠢᠮ᠎ᠤᠨ ᠥᠭᠡᠷᠡᠴᠢᠯᠡᠯᠲᠡ ᠵᠢ ᠠᠬᠢᠭᠤᠯᠤᠨ᠂ ᠳᠣᠲᠣᠭ᠋ᠠᠳᠤ ᠵᠢᠨ ᠣᠷᠣᠯᠭ᠎ᠠ ᠵᠢᠨ ᠬᠤᠪᠢᠶᠠᠷᠢᠯᠠᠯᠲᠠ ᠵᠢ ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠪᠡ᠃ ᠶᠡᠬᠡ ᠳᠡᠭᠡᠳᠦ ᠰᠤᠷᠭ᠋ᠠᠭᠤᠯᠢ ᠵᠢᠨ ᠰᠢᠨ᠎ᠡ᠎ᠪᠠᠷ ᠠᠵᠢᠯ᠎ᠳᠤ ᠣᠷᠣᠬᠤ ᠪᠠᠭᠰᠢ ᠵᠢ ᠲᠤᠰᠠᠯᠠᠬᠤ ᠳᠦᠷᠢᠮ᠎ᠢ ᠡᠬᠢᠯᠡᠨ ᠬᠡᠷᠡᠭᠵᠢᠭᠦᠯᠵᠦ᠂ ᠰᠢᠨ᠎ᠡ᠎ᠪᠠᠷ ᠲᠤᠰᠢᠶᠠᠯ᠎ᠳᠤ ᠭᠠᠷᠤᠭᠰᠠᠨ ᠪᠠᠭᠰᠢ ᠵᠢᠨ ᠤᠯᠤᠰ ᠲᠥᠷᠥ ᠵᠢᠨ ᠬᠡᠪ ᠪᠣᠯᠪᠠᠰᠤᠷᠠᠯ᠂ ᠪᠠᠭᠰᠢ ᠵᠢᠨ ᠮᠣᠷᠠᠯ ᠰᠤᠷᠲᠠᠯ᠂ ᠵᠢᠭ᠋ᠠᠬᠤ ᠴᠢᠳᠠᠪᠤᠷᠢ ᠵᠡᠷᠭᠡ᠎ᠳᠤ ᠲᠣᠳᠣᠷᠬᠠᠢ ᠱᠠᠭ᠋ᠠᠷᠳᠠᠯᠭ᠎ᠠ           ᠳᠤᠷᠠᠳᠪᠠ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠠᠯ᠎ᠠ ᠎ᠪᠠᠷ᠄ 《ᠬᠣᠣᠰ ᠬᠡᠯᠪᠡᠷᠢ》 ᠵᠢᠨ ᠪᠠᠭᠰᠢ ᠵᠢᠨ ᠡᠩᠨᠡᠭᠡᠨ᠎ᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ 《ᠬᠣᠣᠰ ᠬᠡᠯᠪᠡᠷᠢ》 ᠵᠢᠨ ᠪᠠᠭᠰᠢ ᠵᠢᠨ ᠪᠠᠷᠢᠮᠵᠢᠶ᠎ᠠ ᠪᠠ ᠮᠠᠭ᠋ᠠᠳᠯᠠᠨ ᠲᠣᠭᠲᠠᠭ᠋ᠠᠬᠤ ᠠᠷᠭ᠎ᠠ ᠵᠢ ᠲᠣᠭᠲᠠᠭ᠋ᠠᠵᠤ᠂ 《ᠬᠣᠣᠰ ᠬᠡᠯᠪᠡᠷᠢ》 ᠵᠢᠨ ᠪᠠᠭᠰᠢ ᠵᠢᠨ ᠡᠵᠡᠯᠡᠬᠦ ᠬᠠᠷᠢᠴᠠᠯ᠎ᠢ 57.8% ᠬᠦᠷᠭᠡᠵᠦ᠂ ᠤᠯᠤᠰ᠎ᠤᠨ ᠲᠣᠭᠲᠠᠭ᠋ᠠᠭᠰᠠᠨ 50% ᠵᠢᠨ ᠬᠠᠷᠠᠯᠲᠠ ᠪᠠ ᠱᠠᠭ᠋ᠠᠷᠳᠠᠯᠭ᠎ᠠ ᠵᠢ           ᠳᠠᠪᠠᠭᠤᠯᠪᠠ᠃ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠨᠢᠭᠲᠠ ᠬᠠᠮᠲᠤᠷᠠᠯᠴᠠᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠵᠥᠪᠬᠡᠨ 2024 ᠣᠨ᠎ᠤ ᠳᠡᠭᠡᠷ᠎ᠡ ᠬᠠᠭ᠋ᠠᠰ ᠵᠢᠯ᠎ᠳᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠠᠵᠤ ᠠᠬᠤᠶ᠋ᠢᠯᠠᠯ᠎ᠤᠨ ᠮᠡᠷᠭᠡᠵᠢᠯ᠎ᠤᠨ ᠠᠵᠢᠯᠲᠠᠨ 1727 ᠬᠥᠮᠦᠨ᠎ᠢ ᠤᠷᠢᠨ ᠰᠤᠷᠭ᠋ᠠᠭᠤᠯᠢ᠎ᠳᠤ ᠣᠴᠢᠭᠤᠯᠵᠤ᠂ ᠠᠵᠢᠯ ᠮᠡᠷᠭᠡᠵᠢᠯ ᠎ᠤᠨ ᠰᠤᠷᠭ᠋ᠠᠭᠤᠯᠢ ᠵᠢᠨ 326 ᠪᠠᠭᠰᠢ ᠠᠵᠤ ᠠᠬᠤᠶ᠋ᠢᠯᠠᠯ ᠎ᠳᠤ ᠲᠤᠰᠢᠶᠠᠯ  ᠬᠠᠪᠰᠤᠷᠭ᠋ᠠᠪᠠ᠃
      ᠭᠤᠷᠪᠠ᠎ᠳᠤ᠂ ᠪᠠᠭᠰᠢ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠨᠡᠩ ᠰᠢᠯᠢᠳᠡᠭᠵᠢᠭᠦᠯᠪᠡ᠃ ᠪᠠᠭᠰᠢ ᠤᠷᠢᠬᠤ ᠡᠷᠴᠢᠮ᠎ᠢ ᠴᠢᠩᠭ᠋ᠠᠷᠠᠭᠤᠯᠵᠤ᠂ ᠪᠠᠭᠰᠢ  ᠤᠷᠢᠬᠤ ᠬᠡᠯᠪᠡᠷᠢ ᠵᠢᠨ ᠰᠢᠨ᠎ᠡ ᠵᠢ ᠡᠭᠦᠳᠴᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠠᠴᠠ ᠨᠠᠭ᠋ᠠᠰᠢ᠂ ᠪᠦᠬᠦ ᠣᠷᠣᠨ᠎ᠳᠤ ᠳᠤᠮᠳᠠᠳᠤ ᠪᠠᠭ᠎ᠠ ᠰᠤᠷᠭ᠋ᠠᠭᠤᠯᠢ ᠬᠡᠦᠬᠡᠳ᠎ᠤᠨ ᠴᠡᠴᠡᠷᠯᠢᠭ᠎ᠤᠨ ᠪᠠᠭᠰᠢ ᠵᠢ 4.1 ᠲᠦᠮᠡ ᠭᠠᠷᠤᠢ ᠤᠷᠢᠵᠤ᠂ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠶ᠋ᠢᠭ᠎ᠠ ᠬᠢᠴᠢᠶᠡᠯ ᠲᠥᠷᠦᠯ ᠪᠠ ᠦᠨᠳᠦᠰᠦᠨ ᠱᠠᠲᠤᠨ᠎ᠤ ᠪᠠᠭᠰᠢ᠎ᠳᠤ ᠴᠢᠭᠯᠡᠭᠦᠯᠦᠨ ᠪᠢᠷ᠎ᠤᠨ ᠰᠢᠯᠭ᠋ᠠᠯᠲᠠ ᠬᠢᠬᠦ ᠬᠠᠷᠢᠴᠠᠯ᠎ᠢ ᠪᠠᠭᠤᠷᠠᠭᠤᠯᠬᠤ᠂ ᠰᠢᠯᠭ᠋ᠠᠯᠲᠠ ᠬᠢᠬᠦ ᠬᠠᠷᠢᠴᠠᠯ᠎ᠢ ᠲᠣᠬᠢᠷᠠᠭᠤᠯᠬᠤ ᠦᠭᠡᠢ᠂ ᠰᠢᠭᠤᠳ ᠨᠢᠭᠤᠷᠳᠠᠨ ᠰᠢᠯᠭ᠋ᠠᠬᠤ ᠲᠡᠢ᠌ᠰᠢ ᠬᠡᠯᠪᠡᠶ᠋ᠢᠯᠭᠡᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠪᠡ᠃ ᠪᠠᠭᠰᠢ ᠵᠢᠨ ᠣᠷᠣᠨ ᠪᠦᠰᠡ ᠠᠯᠤᠰᠯᠠᠨ ᠰᠣᠯᠢᠯᠴᠠᠬᠤ ᠵᠢ ᠠᠬᠢᠭᠤᠯᠵᠤ᠂ ᠪᠦᠬᠦ ᠣᠷᠣᠨ᠎ᠤ 1.7 ᠲᠦᠮᠡᠨ ᠪᠠᠭᠰᠢ᠂ 2219 ᠰᠤᠷᠭ᠋ᠠᠭᠤᠯᠢ ᠵᠢᠨ ᠵᠠᠬᠢᠷᠤᠯ ᠠᠵᠢᠯ᠎ᠤᠨ ᠪᠠᠶ᠋ᠢᠷᠢ ᠡᠭᠡᠯᠵᠢᠯᠡᠨ ᠰᠣᠯᠢᠯᠴᠠᠬᠤ ᠵᠢ ᠪᠡᠶᠡᠯᠡᠭᠦᠯᠪᠡ᠃ ᠨᠠᠮ᠎ᠤᠨ ᠲᠥᠪ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠤᠨ 《ᠪᠦᠯᠬᠦᠮ ᠪᠠᠶ᠋ᠢᠭᠤᠯᠬᠤ ᠮᠠᠶᠢᠭ》᠎ᠤᠨ ᠬᠠᠪᠰᠤᠷᠤᠨ ᠲᠡᠳᠬᠦᠬᠦ᠎ᠪᠠᠷ ᠵᠢᠯᠣᠭᠣᠳᠤᠮᠵᠢ ᠪᠣᠯᠭ᠋ᠠᠵᠤ᠂ ᠢᠳᠡᠷ ᠵᠠᠯᠠᠭᠤ ᠪᠠᠭᠰᠢ ᠨᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠠᠵᠢᠯᠯᠠᠭ᠎ᠠ ᠵᠢ ᠬᠡᠷᠡᠭᠵᠢᠭᠦᠯᠵᠦ᠂ 2022 ᠣᠨ᠎ᠠᠴᠠ ᠨᠠᠭ᠋ᠠᠰᠢ᠂ ᠬᠣᠲᠠ  ᠵᠢᠨ ᠲᠣᠭᠣᠷᠢᠭ᠎ᠤᠨ ᠰᠢᠯᠢᠳᠡᠭ ᠰᠤᠷᠭ᠋ᠠᠭᠤᠯᠢ ᠵᠢᠨ 3236 ᠪᠠᠭᠰᠢ ᠵᠢ ᠰᠣᠩᠭᠣᠨ ᠲᠣᠮᠢᠯᠠᠵᠤ ᠬᠥᠳᠡᠭᠡ ᠲᠣᠰᠬᠣᠨ᠂ ᠪᠠᠭᠤᠷᠠᠢ ᠰᠤᠷᠭ᠋ᠠᠭᠤᠯᠢ᠎ᠳᠤ  ᠣᠴᠢᠭᠤᠯᠤᠨ ᠰᠤᠷᠭ᠋ᠠᠨ ᠬᠥᠮᠦᠵᠢᠯ᠎ᠢ ᠳᠡᠮᠵᠢᠭᠦᠯᠵᠦ᠂ 6.5 ᠲᠦᠮᠡ ᠭᠠᠷᠤᠢ ᠤᠳᠠᠭ᠎ᠠ ᠵᠢᠭ᠋ᠠᠬᠤ ᠵᠢ ᠰᠤᠳᠤᠯᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠪᠠ᠃ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠭᠦᠨᠵᠡᠭᠡᠢ ᠨᠠᠶ᠋ᠢᠳᠠᠪᠤᠷᠢᠵᠢᠭᠤᠯᠵᠤ᠂ 《ᠰᠤᠷᠭ᠋ᠠᠨ ᠬᠥᠮᠦᠵᠢᠯ᠎ᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠵᠢ  ᠬᠡᠷᠡᠭᠵᠢᠭᠦᠯᠦᠨ᠂ ᠮᠠᠨ᠎ᠤ ᠣᠷᠣᠨ᠎ᠤ 7 ᠠᠶ᠋ᠢᠮᠠᠭ ᠬᠣᠲᠠ ᠵᠢᠨ 31 ᠬᠣᠰᠢᠭᠤ ᠰᠢᠶᠠᠨ ᠪᠣᠯᠤᠨ ᠪᠡᠭᠡᠵᠢᠩ ᠬᠣᠲᠠ ᠵᠢᠨ 17 ᠲᠣᠭᠣᠷᠢᠭ ᠬᠣᠷᠰᠢᠶᠠᠯᠠᠵᠤ᠂ ᠪᠡᠭᠡᠵᠢᠩ ᠥᠪᠥᠷ ᠮᠣᠩᠭᠣᠯ᠎ᠤᠨ 486 ᠳᠤᠮᠳᠠᠳᠤ ᠪᠠᠭ᠎ᠠ ᠰᠤᠷᠭ᠋ᠠᠭᠤᠯᠢ᠎ᠳᠤ 《ᠭᠠᠷ ᠬᠣᠯᠪᠤᠨ》 ᠬᠣᠷᠰᠢᠶᠠᠯᠠᠬᠤ ᠬᠠᠷᠢᠴᠠᠭ᠎ᠠ ᠪᠠᠶ᠋ᠢᠭᠤᠯᠵᠤ᠂ ᠪᠡᠭᠡᠵᠢᠩ᠎ᠤᠨ ᠶᠡᠬᠡ ᠳᠡᠭᠡᠳᠦ ᠰᠤᠷᠭ᠋ᠠᠭᠤᠯᠢ᠎ᠳᠤ ᠨᠠᠢ᠌ᠳᠠᠨ᠂ ᠳᠤᠮᠳᠠᠳᠤ ᠪᠠᠭ᠎ᠠ ᠰᠤᠷᠭ᠋ᠠᠭᠤᠯᠢ  ᠵᠢᠨ ᠭᠣᠣᠯᠯᠠᠭᠴᠢ ᠪᠠᠭᠰᠢ ᠵᠢ 3800 ᠭᠠᠷᠤᠢ ᠬᠥᠮᠦᠨ ᠤᠳᠠᠭ᠎ᠠ ᠪᠣᠯᠪᠠᠰᠤᠷᠠᠭᠤᠯᠵᠤ᠂ ᠮᠠᠨ ᠎ᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠪᠣᠯᠤᠨ ᠪᠡᠭᠡᠵᠢᠩ᠎ᠤᠨ ᠰᠢᠯᠢᠳᠡᠭ ᠰᠤᠷᠭ᠋ᠠᠭᠤᠯᠢ ᠣᠯᠠᠨ ᠲᠠᠯᠠᠪᠤᠷ 《ᠢᠵᠢᠯ ᠳᠠᠪᠲᠠᠮᠵᠢ᠎ᠪᠠᠷ  ᠦᠢ᠍ᠯᠡᠳᠦᠯᠴᠡᠬᠦ》 ᠵᠢᠭ᠋ᠠᠬᠤ ᠵᠢ ᠰᠤᠳᠤᠯᠬᠤ ᠠᠵᠢᠯᠯᠠᠭ᠎ᠠ ᠥᠷᠨᠢᠭᠦᠯᠵᠦ᠂ 3000 ᠭᠠᠷᠤᠢ ᠪᠠᠭᠰᠢ ᠣᠷᠣᠯᠴᠠᠵᠠᠢ᠃ ᠪᠠᠭᠰᠢ ᠵᠢ ᠨᠥᠬᠥᠪᠥᠷᠢᠯᠡᠬᠦ᠂ ᠠᠵᠢᠯ᠎ᠤᠨ ᠪᠠᠶ᠋ᠢᠷᠢ ᠰᠣᠯᠢᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ 《ᠰᠠᠶ᠋ᠢᠨ ᠪᠠᠭᠰᠢ》 ᠵᠢ  ᠨᠥᠬᠦᠪᠦᠷᠢᠯᠡᠵᠦ᠂ ᠰᠢᠯᠵᠢᠭᠦᠯᠵᠦ᠂ ᠬᠥᠮᠥᠵᠢᠭᠦᠯᠪᠡ᠃
      ᠳᠥᠷᠪᠡ᠎ᠳᠤ᠂ ᠪᠠᠭᠰᠢ ᠵᠢᠨ ᠴᠢᠳᠠᠪᠤᠷᠢ ᠬᠡᠪ ᠪᠣᠯᠪᠠᠰᠤᠷᠠᠯ᠎ᠢ ᠲᠣᠭᠲᠠᠭᠤᠨ ᠵᠶ᠋ᠠᠷ ᠳᠡᠭᠡᠭᠰᠢᠯᠡᠭᠦᠯᠪᠡ᠃ ᠶᠡᠬᠡ ᠳᠡᠭᠡᠳᠦ ᠰᠤᠷᠭ᠋ᠠᠭᠤᠯᠢ᠎ᠳᠤ ᠪᠠᠭᠰᠢ ᠵᠢᠨ ᠲᠥᠷᠥᠯ᠎ᠤᠨ ᠲᠤᠰᠬᠠᠢ ᠮᠡᠷᠭᠡᠵᠢᠯ᠎ᠤᠨ ᠬᠡᠷᠡᠴᠢᠯᠡᠯᠲᠡ ᠵᠢ ᠥᠷᠨᠢᠭᠦᠯᠵᠦ᠂ ᠪᠠᠭᠰᠢ ᠵᠢᠨ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠬᠠᠮᠵᠢᠯᠴᠠᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠲᠥᠯᠥᠪᠯᠡᠭᠡ ᠵᠢ ᠠᠬᠢᠭᠤᠯᠵᠤ᠂ ᠪᠠᠭᠰᠢ ᠬᠠᠩᠭ᠋ᠠᠬᠤ ᠴᠢᠨᠠᠷ ᠴᠢᠨᠰᠠᠭ᠎ᠠ ᠵᠢ ᠡᠬᠢ ᠡᠭᠦᠰᠦᠯ᠎ᠠᠴᠠ᠎ᠨᠢ           ᠳᠡᠭᠡᠭᠰᠢᠯᠡᠭᠦᠯᠪᠡ᠃ ᠠᠯᠪᠠᠨ ᠎ᠤ ᠰᠦᠢ᠍ᠳᠬᠡᠯ ᠵᠶ᠋ᠠᠷ ᠰᠤᠷᠭ᠋ᠠᠨ ᠬᠥᠮᠦᠵᠢᠭᠦᠯᠬᠦ ᠬᠡᠪᠴᠢᠶ᠎ᠡ ᠵᠢ ᠥᠷᠭᠡᠳᠬᠡᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠠᠴᠠ ᠨᠠᠭ᠋ᠠᠰᠢ᠂ ᠠᠯᠪᠠᠨ᠎ᠤ ᠰᠦᠢ᠍ᠳᠬᠡᠯ ᠵᠶ᠋ᠠᠷ ᠰᠤᠷᠤᠯᠴᠠᠬᠤ ᠪᠠᠭᠰᠢ ᠵᠢᠨ ᠮᠡᠷᠭᠡᠵᠢᠯ᠎ᠤᠨ ᠰᠤᠷᠤᠭᠴᠢ ᠵᠢ 2353 ᠬᠥᠮᠦᠵᠢᠭᠦᠯᠪᠡ᠃ ᠪᠠᠭᠰᠢ ᠵᠢᠨ ᠪᠣᠯᠪᠠᠰᠤᠷᠠᠭᠤᠯᠤᠯ᠎ᠢ ᠴᠢᠩᠭ᠋ᠠᠳᠬᠠᠨ᠂ ᠪᠠᠭᠰᠢ ᠵᠢᠨ 《ᠤᠯᠤᠰ᠎ᠤᠨ ᠪᠣᠯᠪᠠᠰᠤᠷᠠᠭᠤᠯᠤᠯ ᠎ᠤᠨ ᠲᠥᠯᠥᠪᠯᠡᠭᠡ》 《ᠣᠷᠣᠨ᠎ᠤ ᠪᠣᠯᠪᠠᠰᠤᠷᠠᠭᠤᠯᠤᠯ᠎ᠤᠨ ᠲᠥᠯᠥᠪᠯᠡᠭᠡ》 ᠵᠢ ᠬᠡᠷᠡᠭᠵᠢᠭᠦᠯᠵᠦ᠂ ᠵᠢᠯ ᠪᠦᠷᠢ ᠲᠤᠰᠬᠠᠢ ᠪᠡᠯᠡ ᠮᠥᠩᠭᠥ ᠲᠣᠬᠢᠷᠠᠭᠤᠯᠬᠤ ᠵᠢ ᠪᠠᠲᠤᠯᠠᠪᠠ᠃ ᠣᠶᠤᠨᠴᠢ ᠰᠤᠷᠭ᠋ᠠᠨ ᠬᠥᠮᠦᠵᠢᠯ᠎ᠤᠨ ᠲᠠᠪᠴᠠᠩ᠎ᠢ ᠠᠰᠢᠭᠯᠠᠨ ᠪᠠᠭᠰᠢ ᠵᠢᠨ ᠰᠦᠯᠵᠢᠶᠡᠨ᠎ᠳᠤ ᠰᠤᠳᠤᠯᠤᠨ ᠰᠤᠷᠤᠯᠴᠠᠬᠤ ᠵᠢ ᠵᠣᠬᠢᠶᠠᠨ ᠪᠠᠶ᠋ᠢᠭᠤᠯᠵᠤ᠂ 24 ᠲᠦᠮᠡᠨ ᠪᠠᠭᠰᠢ ᠣᠷᠣᠯᠴᠠᠭᠰᠠᠨ ᠪᠠᠶ᠋ᠢᠨ᠎ᠠ᠃ ᠵᠠᠯᠠᠭᠤ ᠪᠠᠭᠰᠢ ᠵᠢ ᠬᠥᠮᠦᠵᠢᠭᠦᠯᠬᠦ ᠵᠢ ᠴᠢᠬᠤᠯᠠᠴᠢᠯᠠᠵᠤ᠂ ᠵᠢᠯ ᠪᠦᠷᠢ 200 ᠪᠠᠭᠰᠢ ᠵᠢ ᠰᠣᠩᠭᠣᠨ ᠲᠣᠮᠢᠯᠠᠵᠤ ᠳᠤᠮᠳᠠ ᠪᠠᠷᠠᠭᠤᠨ ᠣᠷᠣᠨ᠎ᠤ ᠶᠡᠬᠡ ᠳᠡᠭᠡᠳᠦ ᠰᠤᠷᠭ᠋ᠠᠭᠤᠯᠢ ᠵᠢᠨ ᠵᠠᠯᠠᠭᠤ ᠪᠠᠭᠰᠢ ᠵᠢᠨ ᠬᠠᠮ ᠬᠡᠯᠪᠡᠷᠢᠲᠦ ᠵᠢᠭ᠋ᠠᠨ ᠰᠤᠷᠭ᠋ᠠᠯᠲᠠ ᠵᠢ ᠳᠠᠪᠲᠠᠨ ᠪᠣᠯᠪᠠᠰᠤᠷᠠᠭᠤᠯᠬᠤ ᠲᠥᠷᠥᠯ ᠵᠦᠢ᠍ᠯ᠎ᠳᠤ ᠣᠷᠣᠯᠴᠠᠭᠤᠯᠤᠨ᠂ 30 ᠪᠠᠭᠰᠢ ᠵᠢ ᠰᠣᠩᠭᠣᠨ ᠲᠣᠮᠢᠯᠠᠵᠤ 《ᠵᠠᠯᠠᠭᠤ ᠭᠣᠣᠯᠯᠠᠭᠴᠢ ᠪᠠᠭᠰᠢ ᠵᠢᠨ ᠤᠯᠤᠰ᠎ᠤᠨ ᠳᠣᠲᠣᠭ᠋ᠠᠳᠤ᠎ᠳᠤ ᠠᠶ᠋ᠢᠯᠴᠢᠯᠠᠬᠤ ᠡᠷᠳᠡᠮᠲᠡᠨ》᠂ 《ᠪᠠᠷᠠᠭᠤᠨ ᠣᠷᠣᠨ᠎ᠤ ᠭᠡᠷᠡᠯ》 ᠠᠢ᠌ᠯᠴᠢᠯᠠᠬᠤ ᠡᠷᠳᠡᠮᠲᠡᠳ᠎ᠤᠨ ᠲᠥᠷᠥᠯ ᠵᠦᠢ᠍ᠯ᠎ᠳᠤ ᠣᠷᠣᠯᠴᠠᠭᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠠᠴᠠ ᠨᠠᠭ᠋ᠠᠰᠢ᠂ 20 ᠰᠤᠷᠭ᠋ᠠᠭᠤᠯᠢ ᠵᠢᠨ ᠵᠠᠬᠢᠷᠤᠯ ᠤᠯᠤᠰ᠎ᠤᠨ ᠨᠡᠷᠡᠲᠦ ᠪᠠᠭᠰᠢ᠂ ᠨᠡᠷᠡᠲᠦ ᠰᠤᠷᠭ᠋ᠠᠭᠤᠯᠢ ᠵᠢᠨ ᠵᠠᠬᠢᠷᠤᠯ᠎ᠢ ᠬᠥᠮᠦᠵᠢᠭᠦᠯᠬᠦ ᠲᠥᠯᠥᠪᠯᠡᠭᠡ᠎ᠳᠤ ᠰᠣᠩᠭᠣᠭᠳᠠᠵᠤ᠂ 25 ᠪᠠᠭᠰᠢ ᠤᠯᠤᠰ᠎ᠤᠨ ᠴᠢᠬᠤᠯᠠ ᠶᠡᠬᠡ ᠴᠢᠳᠠᠪᠤᠷᠢᠲᠠᠨ᠎ᠤ ᠲᠥᠷᠥᠯ ᠵᠦᠢ᠍ᠯ᠎ᠳᠤ ᠰᠣᠩᠭᠤᠭᠳᠠᠨ᠂ 9 ᠪᠦᠯᠬᠦᠮ ᠤᠯᠤᠰ᠎ᠤᠨ ᠳᠡᠰ᠎ᠤᠨ ᠪᠠᠭᠰᠢ ᠵᠢᠨ ᠵᠢᠭ᠋ᠠᠨ ᠰᠤᠷᠭ᠋ᠠᠯᠲᠠ ᠵᠢᠨ ᠪᠦᠯᠬᠦᠮ᠎ᠳᠤ ᠰᠣᠩᠭᠣᠭᠳᠠᠵᠤ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠨᠡᠷᠡᠲᠦ ᠪᠠᠭᠰᠢ ᠨᠡᠷᠡᠲᠦ ᠰᠤᠷᠭ᠋ᠠᠭᠤᠯᠢ ᠵᠢᠨ ᠵᠠᠬᠢᠷᠤᠯ᠎ᠢ 660 ᠬᠥᠮᠦᠵᠢᠭᠦᠯᠪᠡ᠃ ᠦᠵᠡᠯ ᠰᠠᠨᠠᠭ᠎ᠠ ᠤᠯᠤᠰ ᠲᠥᠷᠥ ᠵᠢᠨ ᠠᠵᠢᠯ᠎ᠤᠨ ᠡᠩᠨᠡᠭᠡ ᠵᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠡᠯ᠎ᠡ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠳᠤᠰᠬᠠᠢ ᠪᠠᠭᠰᠢ ᠪᠣᠯᠤᠨ ᠬᠠᠪᠰᠤᠷᠤᠨ ᠵᠢᠯᠣᠭᠣᠳᠤᠭᠴᠢ ᠵᠢ ᠴᠥᠮ ᠰᠤᠷᠭ᠋ᠠᠨ ᠬᠥᠮᠦᠵᠢᠯ᠎ᠤᠨ ᠶᠠᠮᠤᠨ᠎ᠤ ᠱᠠᠭ᠋ᠠᠷᠳᠠᠯᠭ᠎ᠠ ᠶᠣᠰᠣᠭ᠋ᠠᠷ ᠪᠦᠷᠢᠨ ᠭᠦᠢ᠍ᠴᠡᠳ ᠪᠣᠯᠭ᠋ᠠᠪᠠ᠃
      ᠲᠠᠪᠤ᠎ᠳᠤ᠂ ᠪᠠᠭᠰᠢ ᠵᠢᠨ ᠬᠠᠷᠠᠭ᠋ᠠᠯᠵᠠᠯ᠎ᠢ ᠪᠠᠲᠤᠯᠠᠬᠤ ᠬᠢᠷᠢ ᠲᠦᠪᠰᠢᠨ᠎ᠢ ᠳᠡᠭᠡᠭᠰᠢᠯᠡᠭᠦᠯᠪᠡ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠰᠢ ᠵᠢᠨ ᠳᠤᠮᠳᠠᠴᠢ ᠴᠠᠯᠢᠩ᠎ᠤᠨ ᠣᠷᠣᠯᠭ᠎ᠠ ᠵᠢᠨ ᠬᠢᠷᠢ ᠲᠦᠪᠰᠢᠨ᠎ᠢ ᠲᠤᠬᠠᠢ ᠵᠢᠨ ᠭᠠᠵᠠᠷ᠎ᠤᠨ ᠠᠯᠪᠠᠲᠠᠨ᠎ᠤ ᠳᠤᠮᠳᠠᠴᠢ ᠴᠠᠯᠢᠩ᠎ᠤᠨ ᠣᠷᠣᠯᠭ᠎ᠠ ᠵᠢᠨ ᠬᠢᠷᠢ ᠲᠦᠪᠰᠢᠨ᠎ᠠᠴᠠ ᠥᠨᠳᠥᠷ ᠪᠣᠯᠭ᠋ᠠᠨ ᠦᠷ᠎ᠡ ᠪᠥᠲᠦᠮᠵᠢ ᠵᠢ ᠪᠡᠬᠢᠵᠢᠭᠦᠯᠪᠡ᠃ ᠰᠢᠨ᠎ᠡ ᠴᠠᠭ ᠦᠶ᠎ᠡ ᠵᠢᠨ ᠬᠥᠳᠡᠭᠡ ᠲᠣᠰᠬᠣᠨ᠎ᠤ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠰᠠᠨᠠᠯ᠎ᠢ ᠭᠦᠨᠵᠡᠭᠡᠢ ᠨᠠᠶ᠋ᠢᠳᠠᠪᠤᠷᠢᠵᠢᠭᠤᠯᠵᠤ᠂ ᠬᠥᠳᠡᠭᠡ ᠲᠣᠰᠬᠣᠨ᠎ᠤ ᠪᠠᠭᠰᠢ ᠵᠢᠨ ᠪᠣᠯᠪᠠᠰᠤᠷᠠᠭᠤᠯᠤᠯ᠂ ᠮᠡᠷᠭᠡᠵᠢᠯ᠎ᠤᠨ ᠴᠣᠯᠠ᠂ ᠬᠠᠷᠠᠭ᠋ᠠᠯᠵᠠᠯ᠂  ᠬᠥᠬᠢᠭᠦᠯᠵᠦ ᠤᠬᠠᠭᠤᠯᠬᠤ ᠲᠡᠢ᠌ᠰᠢ ᠲᠥᠷᠥ ᠵᠢᠨ ᠪᠣᠳᠣᠯᠭ᠎ᠠ ᠵᠢ ᠬᠡᠯᠪᠡᠢ᠌ᠯᠭᠡᠪᠡ᠃ 2024 ᠣᠨ᠎ᠳᠤ ᠨᠡᠶ᠋ᠢᠭᠡᠮ᠎ᠤᠨ ᠬᠡᠷᠡᠭ ᠶᠠᠪᠤᠳᠠᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠵᠢ ᠵᠢᠷᠤᠮᠵᠢᠭᠤᠯᠬᠤ᠎ᠪᠠᠷ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠳᠠᠷᠤᠭ᠋ᠠᠰᠤ ᠵᠢ ᠬᠥᠩᠭᠡᠷᠡᠭᠦᠯᠬᠦ ᠵᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠵᠢ ᠡᠬᠢᠯᠡᠭᠦᠯᠵᠦ᠂ ᠨᠡᠶ᠋ᠢᠭᠡᠮ᠎ᠤᠨ ᠬᠡᠷᠡᠭ ᠶᠠᠪᠤᠳᠠᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠵᠢ ᠵᠥᠪᠰᠢᠶᠡᠷᠡᠬᠦ ᠪᠠᠷᠢᠮᠵᠢᠶ᠎ᠠ ᠵᠢ ᠨᠡᠢ᠌ᠲᠡᠯᠡᠨ᠂  ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠵᠦᠢ᠍ᠯ᠎ᠢ ᠳᠡᠰ ᠳᠡᠪᠰᠢᠭᠦᠯᠦᠨ ᠬᠢᠨᠠᠨ ᠪᠠᠢ᠌ᠴᠠᠭ᠋ᠠᠵᠤ᠂ ᠨᠡᠶ᠋ᠢᠭᠡᠮ᠎ᠤᠨ ᠬᠡᠷᠡᠭ ᠶᠠᠪᠤᠳᠠᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠴᠠᠭ᠋ᠠᠨ ᠨᠡᠷᠡᠰ᠎ᠢ ᠳᠣᠭᠲᠠᠭ᠋ᠠᠵᠤ᠂ ᠬᠢᠨᠠᠨ ᠪᠠᠶ᠋ᠢᠴᠠᠭ᠋ᠠᠵᠤ ᠰᠢᠯᠭ᠋ᠠᠨ ᠦᠨᠡᠯᠡᠬᠦ ᠠᠵᠢᠯᠯᠠᠭ᠎ᠠ ᠵᠢ ᠪᠦᠬᠦ ᠲᠠᠯ᠎ᠠ᠎ᠪᠠᠷ ᠵᠢᠷᠤᠮᠵᠢᠭᠤᠯᠤᠨ᠂ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠰᠤᠷᠭ᠋ᠠᠨ ᠬᠥᠮᠦᠵᠢᠯ᠎ᠤᠨ ᠪᠤᠰᠤ ᠵᠢᠭ᠋ᠠᠨ ᠰᠤᠷᠭ᠋ᠠᠯᠲᠠ ᠵᠢᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠪᠡ᠃ ᠪᠠᠭᠰᠢ ᠵᠢᠨ ᠠᠵᠢᠯ᠎ᠤᠨ ᠲᠠᠲᠠᠬᠤ ᠬᠦᠴᠦᠨ ᠪᠠ ᠪᠠᠭᠰᠢ ᠨᠠᠷ᠎ᠤᠨ ᠭᠦᠷᠲᠡᠭᠡᠮᠵᠢ ᠵᠢᠨ ᠲᠦᠷᠦᠭᠳᠡᠯ᠂ ᠵᠣᠯ ᠵᠢᠷᠭ᠋ᠠᠯᠲᠤ ᠲᠥᠷᠥᠭᠳᠡᠯ᠂ ᠥᠪᠡᠷ᠎ᠢ᠎ᠪᠠᠨ ᠢᠲᠡᠭᠡᠬᠦ ᠲᠦᠷᠦᠭᠳᠡᠯ᠂ ᠠᠮᠵᠢᠯᠲᠠ ᠪᠦᠲᠦᠮᠵᠢ ᠵᠢᠨ ᠲᠦᠷᠦᠭᠳᠡᠯ᠎ᠢ ᠢᠯᠡᠳᠲᠡ ᠴᠢᠩᠭ᠋ᠠᠷᠠᠭᠤᠯᠪᠠ᠃
      ᠳᠠᠷᠠᠭ᠎ᠠ ᠠᠯᠬᠤᠮ᠎ᠳᠤ᠂ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠶ᠋ᠢᠲᠤᠷ ᠪᠡᠶᠡᠯᠡᠭᠦᠯᠬᠦ ᠲᠣᠭᠣᠷᠢᠨ᠎ᠳᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠵᠢ ᠢᠮᠠᠭᠲᠠ ᠪᠠᠷᠢᠮᠲᠠᠯᠠᠵᠤ᠂ ᠳᠤᠮᠳᠠᠳᠤ  ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠨ᠂ ᠰᠤᠷᠭ᠋ᠠᠨ ᠬᠥᠮᠥᠵᠢᠯᠲᠡᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠤᠨ ᠦᠢ᠍ᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠵᠢᠨ ᠥᠨᠳᠥᠷ ᠬᠡᠪ ᠪᠣᠯᠪᠠᠰᠤᠷᠠᠯ᠎ᠲᠠᠢ ᠳᠤᠰᠬᠠᠢ ᠪᠠᠭᠰᠢ ᠵᠢᠨ ᠡᠩᠨᠡᠭᠡ ᠵᠢ ᠬᠦᠴᠦᠯᠡᠨ ᠰᠠᠶ᠋ᠢᠲᠤᠷ ᠪᠠᠶ᠋ᠢᠭᠤᠯᠵᠤ᠂ ᠨᠡᠩ ᠣᠯᠠᠨ ᠰᠢᠯᠢᠳᠡᠭ ᠴᠢᠳᠠᠪᠤᠷᠢᠲᠠᠨ᠎ᠢ ᠲᠠᠲᠠᠬᠤ ᠪᠤᠶᠤ ᠳᠡᠮᠵᠢᠵᠦ ᠬᠠᠯᠠᠭᠤᠨ ᠰᠡᠳᠬᠢᠯ ᠵᠶ᠋ᠡᠷ ᠪᠠᠭᠰᠢᠯᠠᠭᠤᠯᠵᠤ᠂ ᠨᠠᠰᠤᠨ ᠲᠤᠷᠰᠢᠳᠠ ᠪᠠᠭᠰᠢᠯᠠᠭᠤᠯᠵᠤ᠂ ᠪᠦᠬᠦ ᠣᠷᠣᠨ ᠎ᠤ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠤᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠎ᠳᠤ ᠰᠤᠷᠭ᠋ᠠᠨ ᠬᠥᠮᠦᠵᠢᠯ᠎ᠤᠨ ᠬᠦᠴᠦᠨ ᠴᠢᠳᠠᠯ ᠵᠶ᠋ᠠᠨ ᠡᠷᠭᠦᠨ᠎ᠡ᠃


      ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠄ ᠣᠶ᠋ᠢᠷ᠎ᠠ ᠵᠢᠨ ᠬᠤᠭᠤᠴᠠᠭ᠋ᠠᠨ᠎ᠳᠤ ᠥᠪᠡᠷᠲᠡᠭᠡᠨ ᠵᠠᠰᠠᠬᠤ ᠣᠷᠣᠨ ᠪᠣᠯᠤᠨ ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠴᠥᠮ ᠨᠡᠶ᠋ᠢᠭᠡᠮ᠎ᠤᠨ ᠬᠡᠷᠡᠭ ᠶᠠᠪᠤᠳᠠᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠴᠠᠭ᠋ᠠᠨ ᠨᠡᠷᠡᠰ᠎ᠢ ᠨᠡᠶ᠋ᠢᠲᠡᠯᠡᠵᠦ᠂ ᠨᠡᠶ᠋ᠢᠭᠡᠮ᠎ᠤᠨ ᠬᠡᠷᠡᠭ ᠶᠠᠪᠤᠳᠠᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠵᠢ ᠵᠢᠷᠤᠮᠵᠢᠭᠤᠯᠬᠤ᠎ᠪᠠᠷ ᠳᠤᠮᠳᠠᠳᠤ ᠪᠠᠭ᠎ᠠ ᠰᠤᠷᠭ᠋ᠠᠭᠤᠯᠢ  ᠵᠢᠨ ᠪᠠᠭᠰᠢ ᠵᠢᠨ ᠳᠠᠷᠤᠭ᠋ᠠᠰᠤ ᠵᠢ ᠬᠥᠩᠭᠡᠷᠡᠭᠦᠯᠬᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠵᠦ ᠪᠣᠢ᠂ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠳᠠᠷᠤᠭ᠋ᠠᠰᠤ ᠵᠢ ᠬᠥᠩᠭᠡᠷᠡᠭᠦᠯᠬᠦ ᠪᠣᠳᠠᠲᠠᠢ ᠠᠷᠭ᠎ᠠ ᠬᠡᠮᠵᠢᠶ᠎ᠡ ᠪᠣᠯᠤᠨ ᠣᠳᠣᠬᠠᠨ᠎ᠤ ᠠᠵᠢᠯ᠎ᠤᠨ ᠠᠬᠢᠴᠠ ᠵᠢ ᠲᠠᠨᠢᠯᠴᠠᠭᠤᠯᠵᠤ ᠥᠭᠭᠦᠨ᠎ᠡ ᠤᠤ?
      ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠰᠠᠭᠤᠷᠢ ᠰᠤᠷᠭ᠋ᠠᠨ ᠬᠥᠮᠦᠵᠢᠯ᠎ᠤᠨ ᠨᠢᠭᠡᠳᠦᠭᠡᠷ ᠭᠠᠵᠠᠷ᠎ᠤᠨ ᠳᠠᠷᠤᠭ᠎ᠠ᠂ ᠨᠢᠭᠡᠳᠦᠭᠡᠷ ᠳᠡᠰ᠎ᠤᠨ ᠪᠠᠶ᠋ᠢᠴᠠᠭ᠋ᠠᠨ ᠰᠤᠳᠤᠯᠤᠭᠴᠢ   ᠯᠢᠦ ᠰᠢᠩ ᠴᠧᠩ᠄
      ᠲᠠᠨ᠎ᠤ ᠠᠰᠠᠭᠤᠯᠲᠠ᠎ᠳᠤ ᠲᠠᠯᠠᠷᠬᠠᠵᠤ ᠪᠠᠶ᠋ᠢᠨ᠎ᠠ᠃ ᠶᠡᠷᠦᠩᠬᠡᠢ ᠱᠦᠵᠢ ᠰᠢ ᠵᠢᠨ ᠫᠢᠩ᠎ᠤᠨ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠡᠶ᠋ᠢᠭᠡᠮ᠎ᠤᠨ ᠬᠡᠷᠡᠭ ᠶᠠᠪᠤᠳᠠᠯ᠎ᠢ ᠳᠤᠮᠳᠠᠳᠤ ᠪᠠᠭ᠎ᠠ ᠰᠤᠷᠭ᠋ᠠᠭᠤᠯᠢ ᠵᠢᠨ ᠬᠦᠷᠢᠶᠡᠨ᠎ᠳᠤ ᠳᠤᠷ᠎ᠠ᠎ᠪᠠᠷ ᠵᠶ᠋ᠠᠨ ᠣᠷᠣᠭᠤᠯᠵᠤ ᠪᠠᠭᠰᠢ ᠵᠢᠨ ᠳᠠᠷᠤᠭ᠋ᠠᠰᠤ ᠵᠢ ᠬᠦᠨᠳᠦᠷᠡᠭᠦᠯᠬᠦ ᠠᠰᠠᠭᠤᠳᠠᠯ᠎ᠢ ᠪᠦᠲᠦᠮᠵᠢᠲᠡᠢ ᠬᠣᠷᠢᠭᠯᠠᠨ᠂ ᠪᠠᠭᠰᠢ ᠵᠢ ᠪᠦᠬᠦ ᠰᠡᠳᠬᠢᠯ ᠪᠦᠬᠦ ᠵᠣᠷᠢᠭ ᠵᠶ᠋ᠠᠷ ᠪᠢᠴᠢᠭ ᠵᠢᠭ᠋ᠠᠵᠤ ᠬᠥᠮᠦᠨ ᠬᠥᠮᠦᠵᠢᠭᠦᠯᠬᠦ ᠠᠵᠢᠯ᠎ᠳᠤ ᠣᠷᠣᠯᠴᠠᠭᠤᠯᠬᠤ ᠵᠢᠨ ᠲᠥᠯᠦᠭᠡ᠂ ᠲᠥᠪ᠎ᠤᠨ ᠰᠤᠷᠭ᠋ᠠᠨ ᠬᠥᠮᠦᠵᠢᠯ᠎ᠤᠨ ᠠᠵᠢᠯ᠎ᠢ ᠤᠳᠤᠷᠢᠳᠬᠤ ᠳᠤᠭᠤᠶ᠋ᠢᠯᠠᠩ᠎ᠤᠨ ᠨᠠᠷᠢᠨ ᠪᠢᠴᠢᠭ᠎ᠤᠨ ᠳᠤᠭᠤᠶ᠋ᠢᠯᠠᠩ᠎ᠤᠨ ᠨᠢᠭᠡᠳᠦᠯᠲᠡᠢ ᠲᠣᠬᠢᠷᠠᠭᠤᠯᠤᠯᠲᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ ᠨᠡᠶ᠋ᠢᠭᠡᠮ᠎ᠤᠨ ᠬᠡᠷᠡᠭ ᠶᠠᠪᠤᠳᠠᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠵᠤ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠳᠠᠷᠤᠭ᠋ᠠᠰᠤ ᠵᠢ ᠬᠥᠩᠭᠡᠷᠡᠭᠦᠯᠬᠦ ᠲᠤᠰᠬᠠᠢ ᠴᠡᠭᠴᠡᠯᠡᠨ ᠵᠠᠰᠠᠬᠤ ᠠᠵᠢᠯ᠎ᠢ ᠥᠷᠨᠢᠭᠦᠯᠪᠡ᠃
      ᠨᠢᠭᠡ᠎ᠳᠤ᠂ ᠪᠦᠬᠦ ᠲᠠᠯ᠎ᠠ᠎ᠪᠠᠷ ᠪᠠᠢ᠌ᠳᠠᠯ᠎ᠢ ᠣᠢ᠌ᠯᠠᠭ᠋ᠠᠨ ᠵᠢᠭᠰᠠᠭ᠋ᠠᠨ ᠪᠠᠶ᠋ᠢᠴᠠᠭ᠋ᠠᠵᠤ᠂ ᠥᠪᠡᠷ ᠵᠶ᠋ᠡᠨ ᠪᠠᠶ᠋ᠢᠴᠠᠭ᠋ᠠᠬᠤ ᠠᠵᠢᠯ᠎ᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 2024 ᠣᠨ᠎ᠤ 3 ᠰᠠᠷ᠎ᠠ᠎ᠠᠴᠠ ᠡᠬᠢᠯᠡᠨ᠂ ᠪᠦᠬᠦ ᠣᠷᠣᠨ᠎ᠤ 12 ᠠᠶ᠋ᠢᠮᠠᠭ ᠬᠣᠲᠠ᠎ᠳᠤ ᠪᠠᠢ᠌ᠳᠠᠯ᠎ᠢ ᠣᠢ᠌ᠯᠠᠭ᠋ᠠᠬᠤ ᠪᠠᠶ᠋ᠢᠴᠠᠭ᠋ᠠᠨ ᠰᠤᠳᠤᠯᠤᠯᠲᠠ ᠬᠢᠵᠦ᠂ ᠬᠣᠲᠠ ᠵᠢᠨ ᠲᠣᠭᠣᠷᠢᠭ᠂ ᠪᠠᠯᠭ᠋ᠠᠰᠤᠨ᠎ᠤ ᠲᠣᠭᠣᠷᠢᠭ᠂ ᠬᠥᠳᠡᠭᠡ ᠲᠣᠰᠬᠣᠨ᠎ᠤ ᠰᠤᠷᠭ᠋ᠠᠭᠤᠯᠢ ᠵᠢᠨ ᠪᠠᠭᠰᠢ ᠵᠢᠨ ᠣᠳᠣᠬᠠᠨ᠎ᠤ ᠬᠢᠴᠢᠶᠡᠯ ᠳᠠᠭ᠋ᠠᠭ᠋ᠠᠬᠤ ᠠᠩᠭᠢ ᠵᠢᠨ ᠲᠣᠭ᠎ᠠ᠂ ᠭᠠᠷᠠᠭ᠎ᠤᠨ ᠬᠢᠴᠢᠶᠡᠯ᠎ᠤᠨ ᠴᠠᠭ᠂ ᠬᠢᠴᠢᠶᠡᠯ ᠲᠥᠷᠦᠯ᠎ᠤᠨ ᠵᠢᠭ᠋ᠠᠨ ᠰᠤᠷᠭ᠋ᠠᠯᠲᠠ᠎ᠠᠴᠠ ᠭᠠᠳᠠᠨ᠎ᠠ ᠡᠭᠦᠷᠭᠡᠯᠡᠵᠦ ᠪᠠᠢ᠌ᠭ᠎ᠠ ᠰᠤᠷᠭ᠋ᠠᠭᠤᠯᠢ ᠵᠢᠨ ᠠᠵᠢᠯ ᠵᠢᠴᠢ ᠣᠶ᠋ᠢᠷ᠎ᠠ ᠵᠢᠨ ᠨᠢᠭᠡ ᠵᠢᠯ᠎ᠳᠤ ᠡᠭᠦᠷᠭᠡᠯᠡᠭᠰᠡᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ᠎ᠳᠤ ᠬᠣᠯᠪᠤᠭᠳᠠᠬᠤ ᠦᠭᠡᠢ ᠠᠵᠢᠯ᠎ᠤᠨ ᠪᠠᠶ᠋ᠢᠳᠠᠯ᠎ᠢ ᠪᠦᠬᠦ ᠲᠠᠯ᠎ᠠ᠎ᠪᠠᠷ ᠣᠶ᠋ᠢᠯᠠᠭ᠋ᠠᠪᠠ᠃
      ᠬᠣᠶᠠᠷ᠎ᠲᠤ᠂ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠵᠢ ᠲᠣᠭᠲᠠᠭ᠋ᠠᠵᠤ᠂ ᠶᠡᠷᠦᠩᠬᠡᠢ ᠲᠣᠭ᠎ᠠ ᠵᠢ ᠴᠢᠩᠭ᠎ᠠ ᠬᠢᠵᠠᠭ᠋ᠠᠷᠯᠠᠪᠠ᠃ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠰᠤᠷᠭ᠋ᠠᠨ ᠬᠥᠮᠦᠵᠢᠯ᠎ᠤᠨ ᠪᠤᠰᠤ ᠵᠢᠭ᠋ᠠᠨ ᠰᠤᠷᠭ᠋ᠠᠯᠲᠠ ᠵᠢᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠬᠦ ᠵᠢᠨ ᠲᠥᠯᠥᠭᠡ᠂ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠨᠡᠶ᠋ᠢᠭᠡᠮ᠎ᠤᠨ ᠬᠡᠷᠡᠭ ᠶᠠᠪᠤᠳᠠᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠶᠡᠷᠦᠩᠬᠡᠢ ᠲᠣᠭ᠎ᠠ ᠵᠢ ᠶᠡᠬᠡ᠎ᠪᠠᠷ ᠪᠠᠭ᠋ᠠᠰᠬᠠᠪᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠡᠯ᠎ᠡ ᠰᠠᠯᠠᠭ᠎ᠠ ᠮᠥᠴᠢᠷ᠂ ᠨᠢᠭᠡᠴᠢ ᠵᠢ ᠴᠠᠭ ᠲᠤᠬᠠᠢ᠎ᠳᠤ᠎ᠨᠢ ᠵᠣᠬᠢᠴᠠᠭᠤᠯᠵᠤ᠂ ᠳᠤᠮᠳᠠᠳᠤ ᠪᠠᠭ᠎ᠠ ᠰᠤᠷᠭ᠋ᠠᠭᠤᠯᠢ ᠪᠠ ᠪᠠᠭᠰᠢ ᠨᠠᠷ᠎ᠲᠤ ᠬᠣᠯᠪᠤᠭᠳᠠᠭᠰᠠᠨ ᠬᠢᠨᠠᠨ ᠪᠠᠶ᠋ᠢᠴᠠᠭ᠋ᠠᠵᠤ ᠰᠢᠯᠭ᠋ᠠᠨ ᠦᠨᠡᠯᠡᠬᠦ ᠪᠠ ᠨᠡᠶ᠋ᠢᠭᠡᠮ᠎ᠤᠨ ᠬᠡᠷᠡᠭ ᠶᠠᠪᠤᠳᠠᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠠᠵᠢᠯᠯᠠᠭ᠎ᠠ ᠵᠢ ᠨᠢᠭᠡᠳᠦᠯᠲᠡᠢ ᠵᠢᠷᠤᠮᠵᠢᠭᠤᠯᠵᠤ᠂ ᠬᠦᠴᠦᠨ ᠦᠭᠡᠢ ᠪᠣᠯᠭ᠋ᠠᠵᠤ ᠪᠣᠯᠬᠤ ᠵᠢ ᠡᠷᠡᠰ ᠬᠦᠴᠦᠨ ᠦᠭᠡᠢ ᠪᠣᠯᠭ᠋ᠠᠵᠤ᠂ ᠣᠷᠣᠭᠤᠯᠵᠤ ᠪᠣᠯᠬᠤ ᠣᠷᠣᠭᠤᠯᠵᠤ ᠪᠣᠯᠬᠤ ᠦᠭᠡᠢ ᠵᠢ ᠡᠷᠡᠰ ᠣᠷᠣᠭᠤᠯᠬᠤ ᠦᠭᠡᠢ᠂ ᠮᠡᠳᠡᠭᠦᠯᠦᠭᠰᠡᠨ ᠦᠭᠡᠢ ᠵᠢ ᠪᠥᠬᠦᠨ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠵᠤ ᠪᠣᠯᠬᠤ ᠦᠭᠡᠢ ᠵᠠᠷᠴᠢᠮ ᠵᠢᠴᠢ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠲᠥᠯᠥᠪᠯᠡᠭᠡ᠎ᠳᠠᠬᠢ ᠥᠷᠨᠢᠭᠦᠯᠵᠦ ᠪᠣᠯᠬᠤᠢ᠌ᠴᠠ ᠪᠤᠶᠤ ᠨᠢᠭᠡᠨᠲᠡ ᠰᠤᠷᠭ᠋ᠠᠭᠤᠯᠢ᠎ᠳᠤ ᠥᠷᠨᠢᠭᠦᠯᠦᠭᠰᠡᠨ ᠡᠯ᠎ᠡ ᠲᠥᠷᠥᠯ᠎ᠤᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠴᠠᠭ᠋ᠠᠨ ᠨᠡᠷᠡᠰ᠎ᠤᠨ ᠬᠡᠪᠴᠢᠶᠡᠨ᠎ᠳᠤ ᠣᠷᠣᠭᠤᠯᠬᠤ ᠦᠭᠡᠢ ᠱᠠᠭ᠋ᠠᠷᠳᠠᠯᠭ᠎ᠠ ᠶᠣᠰᠣᠭ᠋ᠠᠷ᠂ ᠡᠯ᠎ᠡ ᠲᠥᠷᠥᠯ᠎ᠤᠨ ᠬᠡᠷᠡᠭ ᠶᠠᠪᠤᠳᠠᠯ᠎ᠢ ᠪᠦᠬᠦ ᠲᠠᠯ᠎ᠠ᠎ᠪᠠᠷ ᠪᠠᠭ᠋ᠠᠰᠬᠠᠨ᠂ ᠣᠳᠣᠬᠠᠨ᠎ᠳᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠨᠡᠶ᠋ᠢᠭᠡᠮ᠎ᠤᠨ ᠬᠡᠷᠡᠭ ᠶᠠᠪᠤᠳᠠᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠵᠢ ᠪᠠᠭ᠋ᠠᠰᠬᠠᠨ 5 ᠵᠦᠢ᠍ᠯ ᠪᠣᠯᠭ᠋ᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠂ ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ ᠪᠠ ᠤᠬᠠᠭᠤᠯᠭ᠎ᠠ ᠬᠥᠮᠦᠵᠢᠯ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠬᠥᠮᠦᠵᠢᠯ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠵᠠᠯᠠᠭᠤᠴᠤᠳ ᠪᠠᠭ᠋ᠠᠴᠤᠳ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠤᠷᠤᠯᠳᠤᠭ᠋ᠠᠨ ᠵᠡᠷᠭᠡ 5 ᠵᠦᠢ᠍ᠯ᠎ᠤᠨ ᠠᠵᠢᠯᠯᠠᠭ᠎ᠠ ᠵᠢ ᠦᠯᠡᠳᠡᠭᠡᠪᠡ᠃
      ᠭᠤᠷᠪᠠ᠎ᠳᠤ᠂ ᠬᠢᠨᠠᠨ ᠰᠢᠯᠭ᠋ᠠᠬᠤ ᠲᠣᠭᠲᠠᠴᠠ ᠵᠢ ᠪᠠᠶ᠋ᠢᠭᠤᠯᠵᠤ᠂ ᠳᠠᠷᠤᠭ᠋ᠠᠰᠤ ᠵᠢ ᠬᠥᠩᠭᠡᠷᠡᠭᠦᠯᠬᠦ ᠵᠢ ᠴᠢᠩᠭ᠋ᠠᠳᠬᠠᠪᠠ᠃ 2025 ᠣᠨ᠎ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠵᠢᠴᠢ ᠡᠯ᠎ᠡ ᠠᠶ᠋ᠢᠮᠠᠭ ᠬᠣᠲᠠ ᠵᠢᠨ᠎ᠬᠢᠨ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ ᠡᠬᠢᠯᠡᠬᠦ᠎ᠠᠴᠠ ᠡᠮᠦᠨ᠎ᠡ ᠨᠡᠶ᠋ᠢᠭᠡᠮ᠎ᠤᠨ ᠬᠡᠷᠡᠭ ᠶᠠᠪᠤᠳᠠᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠴᠠᠭ᠋ᠠᠨ ᠨᠡᠷᠡᠰ᠎ᠢ ᠨᠡᠶ᠋ᠢᠲᠡᠯᠡᠵᠦ᠂ ᠵᠥᠪᠰᠢᠶᠡᠷᠡᠨ ᠣᠷᠣᠭᠤᠯᠬᠤ ᠪᠠᠷᠢᠮᠵᠢᠶ᠎ᠠ᠎ᠳᠤ ᠨᠡᠶ᠋ᠢᠴᠡᠬᠦ ᠵᠦᠢ᠍ᠯ᠎ᠢ ᠠᠳᠠᠯᠢ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠵᠦ᠂ ᠠᠳᠠᠯᠢ ᠱᠠᠲᠤᠨ᠎ᠤ ᠨᠠᠮ᠎ᠤᠨ  ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠢ ᠤᠳᠤᠷᠢᠳᠬᠤ ᠳᠤᠭᠤᠶ᠋ᠢᠯᠠᠩ᠎ᠳᠤ ᠮᠡᠳᠡᠭᠦᠯᠦᠨ ᠬᠢᠨᠠᠨ ᠪᠠᠢ᠌ᠴᠠᠭ᠋ᠠᠯᠭ᠋ᠠᠵᠤ ᠵᠥᠪᠰᠢᠶᠡᠷᠡᠭᠦᠯᠦᠭᠰᠡᠨ᠎ᠤ ᠳᠠᠷᠠᠭ᠎ᠠ᠂ ᠳᠡᠭᠡᠳᠦ ᠱᠠᠲᠤᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠢ ᠤᠳᠤᠷᠢᠳᠬᠤ ᠳᠤᠭᠤᠶ᠋ᠢᠯᠠᠩ᠎ᠳᠤ ᠮᠡᠳᠡᠭᠦᠯᠵᠦ ᠪᠦᠷᠢᠳᠬᠡᠨ ᠳᠠᠩᠰᠠᠯᠠᠭᠤᠯᠵᠤ᠂ ᠡᠯ᠎ᠡ ᠲᠥᠷᠥᠯ᠎ᠤᠨ ᠨᠡᠶ᠋ᠢᠭᠡᠮ᠎ᠤᠨ ᠬᠡᠷᠡᠭ ᠶᠠᠪᠤᠳᠠᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠵᠤ ᠳᠡᠰ ᠳᠡᠪᠰᠢᠭᠦᠯᠦᠨ ᠬᠢᠨᠠᠨ ᠪᠠᠢ᠌ᠴᠠᠭ᠋ᠠᠪᠠ᠃ ᠬᠥᠳᠡᠯᠦᠩᠭᠦᠢ ᠬᠢᠨᠠᠨ ᠪᠠᠢ᠌ᠴᠠᠭ᠋ᠠᠬᠤ ᠲᠣᠭᠲᠠᠴᠠ ᠵᠢ ᠵᠡᠷᠭᠡ᠎ᠪᠠᠷ ᠪᠠᠶ᠋ᠢᠭᠤᠯᠤᠨ ᠲᠡᠭᠦᠯᠳᠡᠷᠵᠢᠭᠦᠯᠵᠦ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠪᠣᠳᠠᠲᠤ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠪᠠ᠃
      ᠭᠤᠷᠪᠠᠨ ᠰᠠᠷ᠎ᠠ ᠭᠠᠷᠤᠢ ᠵᠢᠨ ᠴᠢᠷᠮᠠᠶ᠋ᠢᠯᠭ᠎ᠠ᠎ᠪᠠᠷ ᠳᠠᠮᠵᠢᠨ᠂ ᠣᠳᠣᠬᠠᠨ᠎ᠳᠤ᠂ ᠮᠠᠨ᠎ᠤ ᠣᠷᠣᠨ ᠨᠢᠭᠡᠨᠲᠡ ᠨᠡᠶ᠋ᠢᠭᠡᠮ᠎ᠤᠨ ᠬᠡᠷᠡᠭ ᠶᠠᠪᠤᠳᠠᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠵᠢ ᠵᠥᠪᠰᠢᠶᠡᠷᠡᠬᠦ ᠪᠠᠷᠢᠮᠵᠢᠶ᠎ᠠ ᠵᠢ ᠳᠠᠷᠤᠮᠠᠯᠯᠠᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠨᠡᠶ᠋ᠢᠭᠡᠮ᠎ᠤᠨ ᠬᠡᠷᠡᠭ ᠶᠠᠪᠤᠳᠠᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠴᠠᠭ᠋ᠠᠨ ᠨᠡᠷᠡᠰ᠎ᠢ ᠨᠡᠶ᠋ᠢᠲᠡᠯᠡᠵᠦ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠵᠦ ᠬᠢᠨᠠᠨ ᠪᠠᠶ᠋ᠢᠴᠠᠭ᠋ᠠᠬᠤ ᠲᠣᠭᠲᠠᠴᠠ ᠵᠢ ᠪᠠᠶ᠋ᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠪᠠᠭᠰᠢ ᠵᠢᠨ ᠳᠠᠷᠤᠭ᠋ᠠᠰᠤ ᠵᠢ ᠬᠥᠩᠭᠡᠷᠡᠭᠦᠯᠬᠦ ᠲᠤᠬᠠᠢ ᠵᠠᠭ᠋ᠠᠯᠳᠤᠵᠤ ᠢᠯᠡᠴᠢᠯᠡᠨ ᠮᠡᠳᠡᠭᠦᠯᠵᠦ ᠬᠢᠨᠠᠯᠲᠠ ᠲᠠᠯᠪᠢᠬᠤ ᠲᠠᠪᠴᠠᠩ᠎ᠢ ᠨᠢᠭᠡᠨᠲᠡ ᠪᠠᠶ᠋ᠢᠭᠤᠯᠵᠤ᠂ ᠪᠦᠬᠦ ᠣᠷᠣᠨ᠎ᠤ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ᠎ᠬᠢᠨ ᠴᠥᠮ ᠳᠠᠷᠤᠭ᠋ᠠᠰᠤ ᠵᠢ ᠬᠥᠩᠭᠡᠷᠡᠭᠦᠯᠬᠦ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠵᠢ ᠨᠡᠢ᠌ᠲᠡᠯᠡᠭᠰᠡᠨ᠎ᠤ ᠬᠠᠮᠲᠤ ᠳᠣᠪᠣᠶ᠋ᠢᠮ᠎ᠠ ᠠᠰᠠᠭᠤᠳᠠᠯ᠎ᠤᠨ ᠰᠦᠪᠡᠭᠴᠢ ᠵᠢ ᠰᠢᠯᠵᠢᠭᠦᠯᠦᠨ ᠲᠤᠰᠢᠶᠠᠬᠤ ᠲᠣᠭᠲᠠᠴᠠ ᠵᠢ ᠰᠠᠶ᠋ᠢᠲᠤᠷ ᠬᠡᠷᠡᠭᠯᠡᠵᠦ᠂ ᠨᠡᠶ᠋ᠢᠭᠡᠮ᠎ᠤᠨ ᠬᠡᠷᠡᠭ ᠶᠠᠪᠤᠳᠠᠯ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠠᠵᠢᠯᠯᠠᠭ᠎ᠠ ᠵᠢ ᠮᠥᠷᠳᠡᠬᠦ᠂ ᠪᠠᠶ᠋ᠢᠴᠠᠭ᠋ᠠᠬᠤ᠂ ᠲᠤᠰᠬᠠᠬᠤ᠂ ᠮᠡᠳᠡᠭᠳᠡᠬᠦ ᠠᠵᠢᠯ᠎ᠢ ᠰᠠᠶ᠋ᠢᠲᠤᠷ ᠠᠳᠬᠤᠪᠠ᠃
      ᠳᠠᠷᠠᠭ᠎ᠠ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠡᠯ᠎ᠡ ᠭᠠᠵᠠᠷ᠎ᠤᠨ ᠴᠠᠭ᠋ᠠᠨ ᠨᠡᠷᠡᠰ᠎ᠢ ᠨᠡᠶ᠋ᠢᠲᠡᠯᠡᠭᠰᠡᠨ᠎ᠤ ᠳᠠᠷᠠᠭ᠋ᠠᠬᠢ ᠠᠵᠢᠯ᠎ᠢ ᠦᠷᠭᠦᠯᠵᠢᠯᠡᠨ ᠬᠢᠨᠠᠨ ᠵᠢᠯᠣᠭᠣᠳᠬᠤ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠬᠡᠷᠡᠭᠵᠢᠭᠦᠯᠦᠭᠰᠡᠨ᠎ᠨᠢ ᠬᠦᠴᠦᠨ ᠦᠭᠡᠢ᠂ ᠬᠡᠯᠪᠡᠷᠢ ᠵᠢᠨ ᠲᠡᠳᠦᠢ ᠪᠠᠶ᠋ᠢᠬᠤ ᠵᠢ ᠰᠡᠷᠭᠡᠶ᠋ᠢᠯᠡᠵᠦ᠂ ᠪᠠᠭᠰᠢ᠎ᠳᠤ ᠬᠣᠯᠪᠤᠭᠳᠠᠬᠤ ᠵᠦᠢ᠍ᠯ᠎ᠢ ᠦᠨᠡᠨ ᠬᠦ᠌ ᠬᠥᠩᠭᠡᠷᠡᠭᠦᠯᠵᠦ᠂ ᠪᠠᠭᠰᠢ ᠨᠠᠷ ᠭᠣᠣᠯ ᠬᠠᠷᠢᠭᠤᠴᠠᠯᠭ᠎ᠠ ᠪᠠ ᠭᠣᠣᠯ ᠠᠵᠢᠯ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠨᠢᠭᠡ ᠰᠡᠳᠬᠢᠯ ᠵᠶ᠋ᠠᠷ ᠪᠢᠴᠢᠭ ᠵᠢᠭ᠋ᠠᠵᠤ ᠬᠥᠮᠦᠨ ᠬᠥᠮᠦᠵᠢᠭᠦᠯᠬᠦ ᠵᠢ ᠵᠣᠷᠢᠭᠵᠢᠭᠤᠯᠪᠠ᠃
                                                                   
      ᠳᠤᠮᠳᠠᠳᠤ ᠤᠯᠤᠰ᠎ᠤᠨ ᠰᠦᠯᠵᠢᠶᠡᠨ᠎ᠤ ᠰᠤᠷᠪᠤᠯᠵᠢᠯᠠᠭᠴᠢ᠄ ᠬᠥᠳᠡᠭᠡ ᠲᠣᠰᠬᠣᠨ᠎ᠤ ᠪᠠᠭᠰᠢ ᠮᠠᠨ᠎ᠤ ᠣᠷᠣᠨ᠎ᠤ ᠪᠠᠭᠰᠢ ᠵᠢᠨ ᠡᠩᠨᠡᠭᠡᠨ᠎ᠳᠤ ᠴᠢᠬᠤᠯᠠ ᠶᠡᠬᠡ ᠬᠠᠷᠢᠴᠠᠯ᠎ᠢ ᠡᠵᠡᠯᠡᠵᠦ ᠪᠣᠢ᠂ ᠰᠠᠶᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ ᠮᠠᠨ᠎ᠤ ᠣᠷᠣᠨ ᠎ᠤ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠡᠯ᠎ᠡ ᠵᠦᠢ᠍ᠯ᠎ᠤᠨ ᠠᠷᠭ᠎ᠠ ᠵᠢ ᠲᠠᠨᠢᠯᠴᠠᠭᠤᠯᠬᠤ᠎ᠳᠤ᠎ᠪᠠᠨ᠂ ᠣᠶ᠋ᠢᠷ᠎ᠠ ᠵᠢᠨ ᠵᠢᠯ᠂ ᠮᠠᠨ᠎ᠤ ᠣᠷᠣᠨ ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠎ᠤ 《ᠪᠦᠯᠬᠦᠮ ᠪᠠᠶ᠋ᠢᠭᠤᠯᠬᠤ ᠮᠠᠶᠢᠭ》 ᠵᠶ᠋ᠠᠷ ᠬᠠᠪᠰᠤᠷᠤᠨ ᠲᠡᠳᠬᠦᠬᠦ ᠪᠠ ᠰᠢᠯᠢᠳᠡᠭ ᠢᠳᠡᠷ ᠵᠠᠯᠠᠭᠤ ᠪᠠᠭᠰᠢ ᠬᠥᠳᠡᠭᠡ ᠲᠣᠰᠬᠣᠨ᠎ᠤ ᠰᠤᠷᠭ᠋ᠠᠨ ᠬᠥᠮᠦᠵᠢᠯ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠥᠳᠡᠭᠡ ᠲᠣᠰᠬᠣᠨ᠎ᠤ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠶᠡᠬᠡ᠎ᠪᠠᠷ ᠴᠢᠩᠭ᠋ᠠᠳᠬᠠᠪᠠ ᠭᠡᠵᠡᠢ᠂ ᠲᠦᠷᠦᠭᠦᠯᠡᠨ ᠬᠢᠬᠦ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠵᠤ ᠡᠨᠡ ᠬᠦ᠌ ᠠᠵᠢᠯ᠎ᠢ ᠶᠠᠭ᠋ᠠᠬᠢᠵᠤ ᠨᠢᠭᠡᠳᠦᠯᠲᠡᠢ ᠲᠥᠯᠥᠪᠯᠡᠨ ᠪᠠᠶ᠋ᠢᠷᠢᠯᠠᠭᠤᠯᠵᠤ᠂ ᠨᠠᠢ᠌ᠳᠠᠪᠤᠷᠢᠵᠢᠭᠤᠯᠤᠨ ᠠᠬᠢᠭᠤᠯᠵᠤ᠂ ᠦᠷ᠎ᠡ ᠪᠦᠲᠦᠮᠵᠢ ᠶᠠᠮᠠᠷ ᠪᠤᠢ?
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ ᠎ᠤᠨ ᠴᠢᠳᠠᠪᠤᠷᠢᠲᠠᠨ᠎ᠢ ᠬᠥᠭᠵᠢᠭᠦᠯᠬᠦ ᠲᠥᠪ᠎ᠤᠨ ᠳᠡᠳ᠋ ᠡᠷᠬᠢᠯᠡᠭᠴᠢ  ᠰᠣ᠌ ᠺᠦᠨ
      ᠲᠠᠨ᠎ᠤ ᠠᠰᠠᠭᠤᠯᠲᠠ᠎ᠳᠤ ᠲᠠᠯᠠᠷᠬᠠᠵᠤ ᠪᠠᠶ᠋ᠢᠨ᠎ᠠ᠃
      ᠣᠶ᠋ᠢᠷ᠎ᠠ ᠵᠢᠨ ᠵᠢᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ᠎ᠤᠨ ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠎ᠤ 《ᠪᠦᠯᠬᠦᠮ ᠪᠠᠶ᠋ᠢᠭᠤᠯᠬᠤ ᠮᠠᠶᠢᠭ》 ᠵᠶ᠋ᠡᠷ ᠬᠠᠪᠰᠤᠷᠤᠨ ᠲᠡᠳᠬᠦᠬᠦ᠎ᠪᠠᠷ ᠵᠢᠯᠣᠭᠣᠳᠤᠮᠵᠢ ᠪᠣᠯᠭ᠋ᠠᠵᠤ᠂ ᠥᠨᠳᠥᠷ ᠲᠦᠪᠰᠢᠨ ᠵᠶ᠋ᠠᠷ ᠠᠬᠢᠭᠤᠯᠬᠤ᠂ ᠪᠠᠢ᠌ᠳᠠᠯ᠎ᠳᠤ᠎ᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠵᠢ ᠪᠠᠷᠢᠮᠲᠠᠯᠠᠨ᠂ ᠡᠯ᠎ᠡ ᠲᠠᠯ᠎ᠠ ᠵᠢᠨ ᠡᠬᠢ ᠪᠠᠶᠠᠯᠢᠭ᠎ᠢ ᠢᠳᠡᠪᠬᠢᠲᠡᠢ ᠡᠮᠬᠢᠯᠡᠨ ᠨᠡᠶ᠋ᠢᠯᠡᠭᠦᠯᠵᠦ᠂ ᠬᠦᠴᠦᠷᠬᠡᠭ ᠵᠶ᠋ᠠᠷ ᠪᠠᠭᠤᠷᠠᠢ ᠵᠢ ᠳᠠᠶ᠋ᠢᠴᠢᠯᠠᠬᠤ᠂ ᠬᠠᠮᠲᠤ᠎ᠳᠤ᠎ᠪᠠᠨ ᠬᠥᠭᠵᠢᠭᠦᠯᠬᠦ ᠤᠭ ᠰᠠᠨᠠᠭ᠎ᠠ ᠵᠢ ᠪᠦᠲᠦᠮᠵᠢᠲᠡᠢ ᠪᠡᠶᠡᠯᠡᠭᠦᠯᠵᠦ᠂ ᠤᠯᠠᠮᠵᠢᠯᠠᠯᠲᠤ 《ᠰᠤᠷᠭ᠋ᠠᠨ ᠬᠥᠮᠦᠵᠢᠯ᠎ᠢ           ᠳᠡᠮᠵᠢᠬᠦ》 《ᠨᠡᠮᠡᠬᠦ ᠠᠷᠭ᠎ᠠ》 ᠵᠢ 《ᠪᠦᠯᠬᠦᠮ ᠪᠠᠶ᠋ᠢᠭᠤᠯᠬᠤ ᠮᠠᠶᠢᠭ》 ᠵᠶ᠋ᠠᠷ ᠬᠠᠪᠰᠤᠷᠤᠨ ᠲᠡᠳᠬᠦᠬᠦ 《ᠦᠷᠡᠵᠢᠭᠦᠯᠬᠦ ᠠᠷᠭ᠎ᠠ》 ᠪᠣᠯᠭ᠋ᠠᠨ ᠬᠤᠪᠢᠷᠠᠭᠤᠯᠬᠤ ᠵᠢ ᠪᠦᠲᠦᠮᠵᠢᠲᠡᠢ ᠪᠡᠶᠡᠯᠡᠭᠦᠯᠪᠡ᠃
       ᠦᠵᠦ ᠲᠥᠯᠥᠪᠯᠡᠭᠡ ᠵᠢ ᠰᠠᠶ᠋ᠢᠲᠤᠷ ᠬᠢᠬᠦ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ ᠎ᠤ ᠨᠠᠮ᠎ᠤᠨ  ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠰᠤᠷᠭ᠋ᠠᠨ ᠬᠥᠮᠦᠵᠢᠯ᠎ᠤᠨ ᠲᠢᠩᠬᠢᠮ ᠵᠡᠷᠭᠡ ᠨᠠᠢ᠍ᠮᠠᠨ ᠰᠠᠯᠠᠭ᠎ᠠ ᠮᠥᠴᠢᠷ ᠬᠠᠮᠲᠤᠷᠠᠨ 《ᠭᠤᠷᠪᠠ᠎ᠳᠤ ᠦᠢ᠍ᠯᠡᠴᠢᠯᠡᠵᠦ ᠨᠢᠭᠡ ᠵᠢ ᠠᠬᠢᠭᠤᠯᠬᠤ》 ᠺᠠᠳ᠋ᠷ ᠴᠢᠳᠠᠪᠤᠷᠢᠲᠠᠨ᠎ᠤ ᠪᠦᠯᠬᠦᠮ ᠪᠠᠶ᠋ᠢᠭᠤᠯᠬᠤ ᠮᠠᠶᠢᠭ ᠵᠶ᠋ᠠᠷ ᠬᠠᠪᠰᠤᠷᠤᠨ ᠲᠡᠳᠬᠦᠬᠦ ᠠᠵᠢᠯᠯᠠᠭ᠎ᠠ ᠵᠢ ᠥᠷᠨᠢᠭᠦᠯᠵᠦ᠂ ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠎ᠤ 《ᠪᠦᠯᠬᠦᠮ ᠪᠠᠶ᠋ᠢᠭᠤᠯᠬᠤ ᠮᠠᠶᠢᠭ》 ᠵᠶ᠋ᠠᠷ ᠬᠠᠪᠰᠤᠷᠤᠨ ᠲᠡᠳᠬᠦᠬᠦ ᠵᠢ ᠤᠯᠤᠰ᠎ᠤᠨ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠠᠴᠠ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠪᠠᠭᠤᠷᠠᠢ ᠭᠠᠵᠠᠷ ᠣᠷᠣᠨ᠎ᠳᠤ ᠬᠦᠷᠲᠡᠯ᠎ᠡ ᠥᠷᠭᠡᠳᠬᠡᠵᠦ᠂ ᠬᠠᠪᠰᠤᠷᠤᠨ ᠲᠡᠳᠬᠦᠬᠦ ᠡᠭᠦᠷᠭᠡ᠂ ᠬᠠᠷᠠᠭ᠋ᠠᠯᠵᠠᠯ᠎ᠢ ᠪᠠᠲᠤᠯᠠᠬᠤ ᠪᠠ ᠤᠷᠮᠠᠰᠢᠭᠤᠯᠬᠤ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠨ᠂ ᠤᠷᠲᠤ ᠬᠤᠭᠤᠴᠠᠭ᠋ᠠᠨ᠎ᠤ ᠪᠦᠲᠦᠮᠵᠢᠲᠡᠢ ᠬᠠᠪᠰᠤᠷᠤᠨ ᠲᠡᠳᠬᠦᠬᠦ ᠲᠣᠭᠲᠠᠴᠠ ᠵᠢ ᠪᠠᠶ᠋ᠢᠭᠤᠯᠵᠤ᠂ 《ᠨᠢᠭᠡ ᠰᠢᠶᠠᠨ ᠨᠢᠭᠡ ᠬᠡᠷᠡᠭ᠂ ᠨᠢᠭᠡ ᠰᠤᠷᠭ᠋ᠠᠭᠤᠯᠢ ᠨᠢᠭᠡ ᠠᠷᠭ᠎ᠠ ᠪᠣᠳᠣᠯᠭ᠎ᠠ》 ᠭᠡᠬᠦ ᠠᠷᠭ᠎ᠠ ᠵᠢᠨ 《ᠪᠦᠯᠬᠦᠮ ᠪᠠᠶ᠋ᠢᠭᠤᠯᠬᠤ ᠮᠠᠶᠢᠭ》  ᠵᠶ᠋ᠡᠷ ᠬᠠᠪᠰᠤᠷᠤᠨ ᠲᠡᠳᠬᠦᠬᠦ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠪᠠ᠃ ᠠᠵᠢᠯᠲᠠᠨ᠎ᠢ ᠰᠣᠩᠭᠣᠨ ᠲᠣᠮᠢᠯᠠᠬᠤ ᠠᠵᠢᠯ᠎ᠢ ᠰᠠᠶ᠋ᠢᠲᠤᠷ ᠬᠢᠬᠦ ᠲᠠᠯ᠎ᠠ᠎ᠪᠠᠷ ᠂ ᠳᠤᠰᠠᠯᠠᠮᠵᠢ ᠭᠦᠷᠲᠡᠬᠦ ᠰᠤᠷᠭ᠋ᠠᠭᠤᠯᠢ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠨᠠᠷᠢᠯᠢᠭ ᠣᠨᠣᠴᠠᠲᠠᠢ ᠵᠣᠯᠭ᠋ᠠᠭᠤᠯᠵᠤ᠂ ᠰᠤᠷᠭ᠋ᠠᠭᠤᠯᠢ ᠵᠢᠨ ᠬᠥᠭᠵᠢᠯᠲᠡ ᠵᠢᠨ ᠬᠠᠨᠳᠤᠰᠢ ᠪᠠ ᠭᠠᠵᠠᠷ ᠣᠷᠣᠨ᠎ᠤ ᠠᠵᠤ ᠦᠢ᠍ᠯᠡᠰ᠎ᠤᠨ ᠳᠠᠪᠠᠭᠤᠯᠢᠭ᠎ᠲᠠᠢ ᠤᠶᠠᠯᠳᠤᠭᠤᠯᠤᠨ᠂ ᠬᠡᠷᠡᠭᠴᠡᠭᠡ᠎ᠳᠤ᠎ᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠣᠯᠠᠨ ᠳᠡᠰ ᠳᠠᠪᠬᠤᠷᠭ᠎ᠠ᠎ᠪᠠᠷ ᠰᠣᠩᠭᠣᠨ ᠲᠣᠮᠢᠯᠠᠬᠤ ᠵᠢ ᠪᠠᠷᠢᠮᠲᠠᠯᠠᠵᠤ᠂ ᠪᠠᠭᠰᠢ ᠵᠢᠨ ᠡᠩᠨᠡᠭᠡ ᠵᠢ ᠰᠢᠯᠢᠳᠡᠭᠵᠢᠭᠦᠯᠦᠨ ᠬᠦᠴᠦᠷᠬᠡᠭᠵᠢᠭᠦᠯᠪᠡ᠃ 2022 ᠣᠨ ᠎ᠠᠴᠠ ᠨᠠᠭ᠋ᠠᠰᠢ᠂ 3236 ᠪᠠᠭᠰᠢ ᠵᠢ ᠰᠣᠩᠭᠣᠨ ᠲᠣᠮᠢᠯᠠᠵᠤ ᠪᠠᠭᠤᠷᠠᠢ ᠰᠤᠷᠭ᠋ᠠᠭᠤᠯᠢ᠎ᠳᠤ ᠣᠴᠢᠭᠤᠯᠵᠤ ᠬᠣᠷᠰᠢᠶᠠᠯᠠᠨ ᠲᠡᠳᠬᠦᠪᠡ᠃ ᠦᠢ᠍ᠯᠡᠴᠢᠯᠡᠭᠡᠨ᠎ᠤ ᠪᠠᠲᠤᠯᠠᠭ᠎ᠠ ᠵᠢ ᠰᠠᠶ᠋ᠢᠲᠤᠷ ᠬᠢᠬᠦ ᠲᠠᠯ᠎ᠠ᠎ᠪᠠᠷ᠂ ᠬᠠᠷᠢᠴᠠᠯ ᠶᠣᠰᠣᠭ᠋ᠠᠷ ᠪᠠᠭᠰᠢ ᠵᠢ ᠠᠰ᠎ᠲᠤ᠎ᠨᠢ ᠬᠠᠪᠰᠤᠷᠤᠨ ᠳᠡᠳᠬᠦᠵᠦ ᠮᠡᠷᠭᠡᠵᠢᠯ᠎ᠤᠨ ᠴᠣᠯᠠ ᠳᠣᠭᠲᠠᠭ᠋ᠠᠨ ᠠᠵᠢᠯ᠎ᠤᠨ ᠪᠠᠶ᠋ᠢᠷᠢ᠎ᠳᠤ ᠤᠷᠢᠬᠤ᠂ ᠰᠤᠷᠭ᠋ᠠᠭᠤᠯᠢ ᠵᠢᠨ ᠳᠣᠲᠤᠷ᠎ᠠ ᠠᠵᠢᠯ᠎ᠤᠨ ᠪᠠᠶ᠋ᠢᠷᠢ᠎ᠳᠤ ᠤᠷᠢᠬᠤ ᠦᠷᠢᠰᠦᠯᠳᠦᠭᠡᠨ᠎ᠢ ᠲᠤᠰᠠᠭ᠋ᠠᠷ ᠶᠠᠪᠤᠭᠳᠠᠭᠤᠯᠬᠤ ᠵᠢ ᠲᠣᠳᠣᠷᠬᠠᠶ᠋ᠢᠯᠠᠪᠠ᠃ ᠭᠠᠵᠠᠷ ᠣᠷᠣᠨ᠎ᠢ ᠲᠤᠰᠠᠯᠠᠬᠤ ᠰᠠᠯᠠᠭ᠎ᠠ ᠮᠥᠴᠢᠷ᠎ᠨᠢ ᠲᠤᠰ ᠱᠠᠲᠤᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠵᠢ ᠰᠠᠶ᠋ᠢᠲᠤᠷ ᠬᠢᠪᠡ᠂ ᠵᠢᠱ᠌ᠢᠶᠡᠯᠡᠪᠡᠯ᠂ ᠬᠢᠩᠭ᠋ᠠᠨ ᠠᠶ᠋ᠢᠮᠠᠭ ᠨᠢᠭᠲᠠ ᠬᠠᠷᠢᠯᠴᠠᠵᠤ ᠦᠢ᠍ᠯᠡᠴᠢᠯᠡᠬᠦ ᠵᠡᠷᠭᠡ 10 ᠪᠣᠳᠠᠲᠠᠢ ᠪᠠᠲᠤᠯᠠᠭ᠋ᠠᠨ᠎ᠤ ᠠᠷᠭ᠎ᠠ ᠬᠡᠮᠵᠢᠶ᠎ᠡ ᠳᠤᠷᠠᠳᠪᠠ᠃
      ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠎ᠤ 《ᠪᠦᠯᠬᠦᠮ ᠪᠠᠶ᠋ᠢᠭᠤᠯᠬᠤ ᠮᠠᠶᠢᠭ》 ᠵᠶ᠋ᠠᠷ ᠬᠠᠪᠰᠤᠷᠤᠨ ᠲᠡᠳᠬᠦᠬᠦ ᠠᠵᠢᠯ᠎ᠢ ᠥᠷᠨᠢᠭᠦᠯᠬᠦ ᠶᠠᠪᠤᠴᠠ᠎ᠳᠤ᠂ ᠣᠨᠣᠯᠵᠢᠬᠤᠨ ᠵᠶ᠋ᠠᠷ ᠬᠥᠲᠥᠯᠥᠨ ᠳᠠᠭ᠋ᠠᠭᠤᠯᠬᠤ ᠵᠢ ᠴᠢᠬᠤᠯᠠᠴᠢᠯᠠᠵᠤ᠂ ᠡᠯ᠎ᠡ ᠬᠠᠪᠰᠤᠷᠤᠨ ᠲᠡᠳᠬᠦᠬᠦ ᠪᠦᠯᠬᠦᠮ᠎ᠠᠴᠠ ᠲᠤᠰᠠᠯᠠᠮᠵᠢ ᠬᠦᠷᠲᠡᠭᠰᠡᠨ ᠰᠤᠷᠭ᠋ᠠᠭᠤᠯᠢ ᠵᠢ ᠬᠠᠪᠰᠤᠷᠤᠨ  ᠬᠥᠭᠵᠢᠭᠦᠯᠬᠦ ᠲᠥᠯᠥᠪᠵᠢᠭᠦᠯᠭᠡ ᠲᠣᠭᠲᠠᠭ᠋ᠠᠨ᠂ ᠳᠦᠷᠢᠮ ᠲᠣᠭᠲᠠᠭ᠋ᠠᠯ᠎ᠢ ᠲᠡᠭᠦᠯᠳᠡᠷᠵᠢᠭᠦᠯᠵᠦ᠂ ᠲᠡᠷᠢᠭᠦᠨ᠎ᠤ ᠵᠢᠭ᠋ᠠᠨ ᠰᠤᠷᠭ᠋ᠠᠯᠲᠠ ᠵᠢᠨ ᠬᠠᠮᠢᠶᠠᠷᠤᠯᠲᠠ ᠵᠢᠨ ᠣᠨᠣᠯᠵᠢᠬᠤᠨ᠎ᠢ 《ᠬᠥᠷᠥᠰᠥ ᠰᠢᠷᠣᠢ᠎ᠲᠠᠢ᠎ᠨᠢ ᠬᠠᠮᠲᠤ》 ᠲᠤᠰᠠᠯᠠᠮᠵᠢ ᠬᠦᠷᠲᠡᠬᠦ ᠰᠤᠷᠭ᠋ᠠᠭᠤᠯᠢ᠎ᠳᠤ ᠣᠷᠣᠭᠤᠯᠵᠤ᠂ ᠲᠤᠰᠠᠯᠠᠮᠵᠢ ᠬᠦᠷᠲᠡᠭᠰᠡᠨ ᠰᠤᠷᠭ᠋ᠠᠭᠤᠯᠢ ᠵᠢᠨ ᠲᠠᠪᠠᠯᠳᠠᠳᠤ ᠮᠠᠶᠢᠭ᠎ᠤᠨ ᠬᠥᠭᠵᠢᠯᠲᠡ᠎ᠳᠤ ᠬᠠᠪᠰᠤᠷᠤᠮᠵᠢ ᠦᠵᠡᠭᠦᠯᠪᠡ᠃ ᠵᠢᠭ᠋ᠠᠬᠤ ᠵᠢ ᠰᠤᠳᠤᠯᠬᠤ ᠵᠢᠨ ᠬᠥᠲᠦᠯᠦᠨ ᠳᠠᠭ᠋ᠠᠭᠤᠯᠬᠤ ᠵᠢ ᠴᠢᠬᠤᠯᠠᠴᠢᠯᠠᠵᠤ᠂ ᠰᠤᠷᠭ᠋ᠠᠭᠤᠯᠢ ᠵᠢᠨ ᠵᠢᠭ᠋ᠠᠬᠤ ᠵᠢ ᠰᠤᠳᠤᠯᠬᠤ᠎ᠪᠠᠷ ᠲᠤᠰᠠᠯᠠᠮᠵᠢ ᠬᠦᠷᠲᠡᠭᠰᠡᠨ ᠰᠤᠷᠭ᠋ᠠᠭᠤᠯᠢ ᠵᠢᠨ ᠪᠠᠭᠰᠢ ᠵᠢ ᠬᠠᠪᠰᠤᠷᠤᠨ ᠵᠢᠭ᠋ᠠᠬᠤ ᠰᠤᠷᠬᠤ ᠦᠨᠡᠯᠡᠬᠦ ᠵᠢ ᠨᠢᠭᠡ ᠴᠣᠭᠴᠠᠵᠢᠭᠤᠯᠤᠭᠰᠠᠨ ᠵᠢᠭ᠋ᠠᠨ ᠰᠤᠷᠭ᠋ᠠᠯᠲᠠ ᠵᠢᠨ ᠵᠠᠭᠪᠤᠷ᠎ᠢ ᠪᠠᠶ᠋ᠢᠭᠤᠯᠵᠤ᠂ ᠰᠣᠳᠤᠯᠬᠤ ᠠᠷᠭ᠎ᠠ ᠵᠠᠮ᠂ ᠵᠢᠭ᠋ᠠᠬᠤ ᠵᠢ ᠰᠤᠳᠤᠯᠬᠤ ᠠᠵᠢᠯᠯᠠᠭ᠎ᠠ᠂ ᠦᠢ᠍ᠯᠡᠳᠦᠯᠭᠡ ᠵᠢᠨ ᠠᠵᠢᠯᠯᠠᠭ᠎ᠠ᠂ ᠳᠠᠰᠬᠠᠯ ᠎ᠤᠨ ᠬᠠᠮᠢᠶᠠᠷᠤᠯᠲᠠ᠂ ᠴᠢᠨᠠᠷ ᠴᠢᠨᠰᠠᠭ᠋ᠠᠨ᠎ᠤ ᠬᠢᠨᠠᠨ ᠰᠢᠯᠭ᠋ᠠᠯᠲᠠ ᠵᠢ ᠵᠢᠷᠤᠮᠵᠢᠭᠤᠯᠤᠨ᠂ ᠲᠤᠰᠠᠯᠠᠮᠵᠢ ᠬᠦᠷᠲᠡᠭᠰᠡᠨ ᠰᠤᠷᠭ᠋ᠠᠭᠤᠯᠢ ᠵᠢᠨ ᠪᠠᠭᠰᠢ ᠵᠢ ᠬᠠᠪᠰᠤᠷᠤᠨ ᠥᠳᠲᠡᠷ ᠲᠦᠷᠭᠡᠨ ᠪᠣᠶ᠋ᠢᠵᠢᠭᠤᠯᠵᠤ᠂ ᠪᠠᠭᠰᠢ ᠵᠢᠨ ᠪᠦᠯᠬᠦᠮ᠎ᠢ ᠬᠠᠪᠰᠤᠷᠤᠨ 65000 ᠭᠠᠷᠤᠢ ᠤᠳᠠᠭ᠎ᠠ ᠰᠤᠷᠭ᠋ᠠᠭᠤᠯᠢ ᠵᠢᠨ ᠵᠢᠭ᠋ᠠᠬᠤ  ᠵᠢ ᠰᠣᠳᠤᠯᠬᠤ ᠵᠢ ᠥᠷᠨᠢᠭᠦᠯᠪᠡ᠃ ᠡᠭᠦᠨ᠎ᠠᠴᠠ ᠭᠠᠳᠠᠨ᠎ᠠ᠂ ᠪᠢᠳᠡ ᠪᠠᠰᠠ ᠣᠷᠣᠨ ᠨᠤᠲᠤᠭ᠎ᠤᠨ ᠪᠠᠭᠰᠢ ᠵᠢᠨ ᠦᠰᠦᠨ ᠪᠣᠶ᠋ᠢᠵᠢᠯᠲᠠ ᠵᠢ ᠴᠢᠬᠤᠯᠠᠴᠢᠯᠠᠵᠤ᠂ ᠬᠠᠪᠰᠤᠷᠤᠨ ᠲᠡᠳᠬᠦᠬᠦ ᠪᠦᠯᠬᠦᠮ᠎ᠤᠨ᠎ᠬᠢᠨ ᠡᠭᠦᠳᠡ ᠨᠡᠭᠡᠭᠡᠬᠦ ᠬᠢᠴᠢᠶᠡᠯ᠂ ᠵᠢᠱ᠌ᠢᠶ᠎ᠡ ᠦᠵᠡᠭᠦᠯᠬᠦ ᠬᠢᠴᠢᠶᠡᠯ᠂ ᠢᠯᠡ ᠬᠢᠴᠢᠶᠡᠯ᠎ᠢ ᠲᠥᠪᠯᠡᠷᠡᠭᠦᠯᠦᠨ ᠨᠡᠭᠡᠭᠡᠵᠦ᠂ ᠲᠤᠰᠠᠯᠠᠮᠵᠢ ᠬᠦᠷᠲᠡᠬᠦ ᠰᠤᠷᠭ᠋ᠠᠭᠤᠯᠢ ᠵᠢᠨ ᠪᠠᠭᠰᠢ᠎ᠲᠠᠢ 2000 ᠭᠠᠷᠤᠢ ᠬᠣᠣᠰ 《ᠪᠠᠭᠰᠢ ᠠᠵᠢᠯᠲᠠᠨ ᠬᠣᠷᠰᠢᠶᠠᠯᠠᠵᠤ》᠂ ᠰᠤᠷᠤᠯᠴᠠᠯᠭ᠎ᠠ ᠵᠢᠨ ᠬᠠᠮᠲᠤ ᠵᠢᠨ ᠴᠣᠭᠴᠠ ᠵᠢ ᠪᠣᠢ ᠪᠣᠯᠭ᠋ᠠᠪᠠ᠃ ᠬᠠᠮᠲᠤ᠎ᠳᠤ᠎ᠪᠠᠨ ᠵᠢᠭ᠋ᠠᠨ ᠰᠤᠷᠭ᠋ᠠᠬᠤ᠂ ᠬᠠᠮᠲᠤ᠎ᠳᠤ᠎ᠪᠠᠨ ᠬᠢᠴᠢᠶᠡᠯ ᠪᠡᠯᠡᠳᠬᠡᠬᠦ᠂ ᠬᠠᠮᠲᠤ᠎ᠳᠤ᠎ᠪᠠᠨ ᠵᠢᠭ᠋ᠠᠨ ᠰᠤᠷᠭ᠋ᠠᠯᠲᠠ ᠵᠢᠨ ᠲᠥᠯᠥᠪᠯᠡᠭᠡ ᠲᠣᠭᠲᠠᠭ᠋ᠠᠬᠤ᠎ᠪᠠᠷ ᠳᠠᠮᠵᠢᠭᠤᠯᠤᠨ᠂ ᠬᠠᠮᠲᠤ᠎ᠳᠤ᠎ᠪᠠᠨ ᠥᠰᠦᠨ ᠪᠣᠶ᠋ᠢᠵᠢᠬᠤ ᠵᠢ ᠠᠬᠢᠭᠤᠯᠵᠤ᠂ ᠨᠢᠭᠡ ᠰᠠᠯᠠᠭ᠎ᠠ ᠯᠠᠪᠳᠠᠭᠤᠨ ᠪᠠᠲᠤᠲᠠᠢ ᠰᠢᠯᠢᠳᠡᠭ ᠪᠠᠭᠰᠢ ᠵᠢᠨ ᠡᠩᠨᠡᠭᠡ ᠵᠢ ᠬᠦᠴᠦᠯᠡᠨ ᠪᠠᠶ᠋ᠢᠭᠤᠯᠵᠤ᠂ 《ᠴᠢᠰᠤ ᠶᠡᠭᠦᠯᠡᠬᠦ》᠎ᠠᠴᠠ 《ᠴᠢᠰᠤ ᠪᠦᠲᠦᠭᠡᠬᠦ》 ᠲᠡᠢ᠌ᠰᠢ ᠬᠤᠪᠢᠷᠠᠭᠤᠯᠬᠤ ᠵᠢ ᠪᠡᠶᠡᠯᠡᠭᠦᠯᠪᠡ᠃
      ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠳᠤ ᠲᠦᠰᠢᠭᠯᠡᠨ᠂ ᠪᠢᠳᠡ ᠪᠡᠭᠡᠵᠢᠩ ᠎ᠤᠨ ᠳᠡᠮᠵᠢᠯᠭᠡ ᠵᠢ ᠣᠯᠵᠤ᠂ ᠪᠡᠭᠡᠵᠢᠩ ᠥᠪᠥᠷ ᠮᠣᠩᠭᠣᠯ᠎ᠤᠨ ᠳᠤᠮᠳᠠᠳᠤ ᠪᠠᠭ᠎ᠠ ᠰᠤᠷᠭ᠋ᠠᠭᠤᠯᠢ ᠬᠣᠷᠰᠢᠶᠠᠯᠠᠨ ᠪᠠᠶ᠋ᠢᠭᠤᠯᠬᠤ ᠵᠢ ᠠᠬᠢᠭᠤᠯᠵᠤ᠂ 2023 ᠣᠨ᠎ᠳᠤ ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠬᠠᠮᠵᠢᠯᠴᠠᠭ᠋ᠠᠨ᠎ᠤ ᠣᠶᠤᠨᠴᠢ ᠲᠠᠪᠴᠠᠩ᠎ᠢ ᠡᠬᠢᠯᠡᠨ ᠠᠵᠢᠯᠯᠠᠭᠤᠯᠵᠤ᠂ ᠮᠠᠨ᠎ᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠥᠪᠥᠷ ᠮᠣᠩᠭᠣᠯ᠎ᠤᠨ ᠣᠶᠤᠨᠴᠢ ᠰᠤᠷᠭ᠋ᠠᠨ ᠬᠥᠮᠦᠵᠢᠯ᠎ᠤᠨ ᠲᠠᠪᠴᠠᠩ᠎ᠤᠨ ᠨᠢᠭᠡ ᠥᠷᠲᠡᠭᠡ ᠮᠠᠶᠢᠭ ᠵᠶ᠋ᠠᠷ ᠳᠠᠮᠵᠢᠭᠤᠯᠤᠨ ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠬᠠᠮᠵᠢᠯᠴᠠᠭ᠋ᠠᠨ᠎ᠤ ᠣᠶᠤᠨᠴᠢ ᠲᠠᠪᠴᠠᠩ᠎ᠳᠤ ᠭᠠᠷᠬᠤ ᠵᠢ ᠪᠡᠶᠡᠯᠡᠭᠦᠯᠵᠦ᠂ ᠪᠡᠭᠡᠵᠢᠩ᠎ᠤᠨ ᠲᠣᠭ᠋ᠠᠵᠢᠭᠰᠠᠨ ᠰᠤᠷᠭ᠋ᠠᠨ ᠬᠥᠮᠦᠵᠢᠯ᠎ᠤᠨ ᠲᠥᠪ᠎ᠤᠨ ᠰᠢᠯᠢᠳᠡᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠭᠥᠷᠳᠡᠵᠦ᠂ ᠪᠡᠭᠡᠵᠢᠩ᠎ᠤᠨ ᠰᠤᠷᠭ᠋ᠠᠭᠤᠯᠢ᠎ᠲᠠᠢ ᠢᠵᠢᠯ ᠠᠯᠬᠤᠮᠲᠤ ᠬᠢᠴᠢᠶᠡᠯ᠎ᠤᠨ ᠲᠠᠩᠬᠢᠮ᠂ ᠢᠵᠢᠯ ᠠᠯᠬᠤᠮᠲᠤ ᠵᠢᠭ᠋ᠠᠬᠤ ᠵᠢ ᠰᠤᠳᠤᠯᠬᠤ ᠵᠢ ᠥᠷᠨᠢᠭᠦᠯᠪᠡ᠃ 2024 ᠣᠨ᠎ᠤ ᠳᠡᠭᠡᠷ᠎ᠡ ᠬᠠᠭ᠋ᠠᠰ ᠵᠢᠯ᠎ᠳᠤ᠂ ᠮᠠᠨ᠎ᠤ ᠣᠷᠣᠨ ᠪᠡᠭᠡᠵᠢᠩ᠎ᠤᠨ ᠰᠢᠯᠢᠳᠡᠭ ᠰᠤᠷᠭ᠋ᠠᠭᠤᠯᠢ᠎ᠲᠠᠢ 5 ᠤᠳᠠᠭ᠎ᠠ 《ᠢᠵᠢᠯ ᠠᠯᠬᠤᠮᠲᠤ ᠬᠢᠴᠢᠶᠡᠯ᠎ᠤᠨ ᠲᠠᠩᠬᠢᠮ᠂ ᠢᠵᠢᠯ ᠠᠯᠬᠤᠮᠲᠤ ᠵᠢᠭ᠋ᠠᠬᠤ ᠵᠢ ᠰᠤᠳᠤᠯᠬᠤ》 ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ᠂ 3000 ᠭᠠᠷᠤᠢ ᠪᠠᠭᠰᠢ ᠵᠢ ᠨᠥᠯᠥᠭᠡᠯᠡᠨ ᠳᠠᠶ᠋ᠢᠴᠢᠯᠠᠵᠤ ᠣᠷᠣᠯᠴᠠᠭᠤᠯᠪᠠ᠃
      ᠳᠡᠭᠡᠷ᠎ᠡ ᠳᠤᠷᠠᠳᠤᠭᠰᠠᠨ 《ᠪᠦᠯᠬᠦᠮ ᠪᠠᠶ᠋ᠢᠭᠤᠯᠬᠤ ᠮᠠᠶᠢᠭ ᠵᠶ᠋ᠠᠷ ᠬᠠᠪᠰᠤᠷᠤᠨ ᠲᠡᠳᠬᠦᠬᠦ ᠪᠠ ᠪᠡᠭᠡᠵᠢᠩ ᠥᠪᠥᠷ ᠮᠣᠩᠭᠣᠯ᠎ᠤᠨ ᠠᠵᠢᠯ ᠲᠥᠷᠥᠯ ᠵᠶ᠋ᠠᠷ ᠵᠶ᠋ᠠᠨ ᠬᠠᠮᠵᠢᠯᠴᠠᠬᠤ᠎ᠪᠠᠷ ᠳᠠᠮᠵᠢᠨ᠂ ᠮᠠᠨ᠎ᠤ ᠣᠷᠣᠨ᠎ᠤ ᠰᠤᠷᠭ᠋ᠠᠨ ᠬᠥᠮᠦᠵᠢᠯ᠎ᠤᠨ ᠰᠠᠭᠤᠷᠢ᠎ᠪᠠᠷ ᠠᠨᠠᠢ ᠭᠠᠵᠠᠷ ᠣᠷᠣᠨ᠎ᠤ ᠪᠠᠭᠰᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠴᠢᠳᠠᠪᠤᠷᠢ᠂ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ᠂ ᠰᠤᠷᠭ᠋ᠠᠭᠤᠯᠢ ᠵᠢᠨ ᠬᠠᠮᠢᠶᠠᠷᠤᠯᠲᠠ ᠪᠠ ᠪᠦᠬᠦᠯᠢ ᠴᠣᠭᠴᠠ᠎ᠪᠠᠷ ᠬᠥᠮᠦᠨ ᠬᠥᠮᠦᠵᠢᠭᠦᠯᠬᠦ ᠬᠢᠷᠢ ᠲᠦᠪᠰᠢᠨ ᠴᠥᠮ ᠢᠯᠡᠳᠲᠡ ᠳᠡᠭᠡᠭᠰᠢᠯᠡᠵᠦ᠂ ᠮᠠᠨ᠎ᠤ ᠣᠷᠣᠨ᠎ᠤ ᠬᠣᠰᠢᠭᠤ ᠰᠢᠶᠠᠨ ᠵᠢᠴᠢ ᠲᠡᠭᠦᠨ᠎ᠠᠴᠠ ᠳᠣᠷᠣᠭᠰᠢᠬᠢ ᠳᠤᠮᠳᠠᠳᠤ ᠪᠠᠭ᠎ᠠ ᠰᠤᠷᠭ᠋ᠠᠭᠤᠯᠢ ᠪᠣᠯᠤᠨ ᠬᠣᠲᠠ ᠵᠢᠨ ᠲᠣᠭᠣᠷᠢᠭ᠎ᠤᠨ ᠰᠤᠷᠭ᠋ᠠᠭᠤᠯᠢ ᠵᠢᠨ ᠵᠣᠬᠢᠴᠠᠩᠭᠤᠢ ᠬᠥᠭᠵᠢᠯᠲᠡ ᠵᠢ ᠠᠬᠢᠭᠤᠯᠤᠨ᠂ ᠰᠤᠷᠭ᠋ᠠᠨ ᠬᠥᠮᠦᠵᠢᠯ᠎ᠤᠨ ᠵᠥᠷᠢᠶ᠎ᠡ ᠵᠢ ᠲᠦᠷᠭᠡᠳᠬᠡᠨ ᠪᠠᠭ᠋ᠠᠰᠬᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠪᠠᠲᠤ ᠴᠢᠩᠭ᠎ᠠ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠪᠠ᠃


      ᠰᠢᠨᠬᠤᠸᠠ ᠬᠣᠷᠢᠶᠠᠨ᠎ᠤ ᠥᠪᠥᠷ ᠮᠣᠩᠭᠣᠯ᠎ᠳᠠᠬᠢ ᠬᠤᠪᠢᠶᠠᠷᠢ ᠬᠣᠷᠢᠶᠠᠨ᠎ᠤ ᠰᠤᠷᠪᠤᠯᠵᠢᠯᠠᠭᠴᠢ᠄ ᠰᠠᠶᠢᠬᠠᠨ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ᠎ᠳᠤ ᠣᠯᠠᠨ ᠰᠠᠯᠠᠭ᠎ᠠ ᠮᠥᠴᠢᠷ ᠎ᠤᠨ᠎ᠬᠢᠨ ᠵᠡᠷᠭᠡ᠎ᠪᠠᠷ ᠬᠦᠴᠦᠯᠡᠵᠦ᠂ ᠣᠯᠠᠨ ᠠᠷᠭ᠎ᠠ ᠵᠢ ᠵᠡᠷᠭᠡ᠎ᠪᠠᠷ ᠬᠡᠷᠡᠭᠯᠡᠬᠦ ᠴᠢᠬᠤᠯᠠᠲᠠᠢ ᠭᠡᠵᠦ ᠶᠠᠷᠢᠪᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠲᠣᠭ᠋ᠠᠨ᠎ᠤ ᠰᠠᠯᠠᠭ᠎ᠠ ᠮᠥᠴᠢᠷ᠎ᠤᠨ᠎ᠬᠢᠨ ᠪᠠᠭᠰᠢ ᠵᠢᠨ ᠣᠷᠣᠨ  ᠲᠣᠭ᠋ᠠᠨ᠎ᠤ ᠪᠠᠲᠤᠯᠠᠭ᠎ᠠ ᠵᠢ ᠴᠢᠩᠭ᠋ᠠᠳᠬᠠᠬᠤ ᠲᠠᠯ᠎ᠠ᠎ᠪᠠᠷ ᠶᠠᠮᠠᠷ ᠲᠥᠷᠥ ᠵᠢᠨ ᠪᠣᠳᠣᠯᠭ᠎ᠠ ᠪᠠ ᠠᠷᠭ᠎ᠠ ᠬᠡᠮᠵᠢᠶ᠎ᠡ ᠠᠪᠤᠭᠰᠠᠨ ᠪᠣᠢ?
      ᠥᠪᠡᠷᠲᠡᠭᠡᠨ ᠵᠠᠰᠠᠬᠤ ᠣᠷᠣᠨ᠎ᠤ ᠣᠷᠣᠨ ᠲᠣᠭ᠋ᠠᠨ᠎ᠤ ᠠᠯᠪᠠᠨ ᠭᠡᠷ᠎ᠤᠨ ᠳᠥᠷᠪᠡᠳᠦᠭᠡᠷ ᠭᠠᠵᠠᠷ᠎ᠤᠨ ᠳᠠᠷᠤᠭ᠎ᠠ   ᠵᠠᠩ ᠨᠠᠨ᠄
       ᠳᠣᠣᠷ᠎ᠠ ᠪᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠣᠷᠣᠨ ᠲᠣᠭ᠋ᠠᠨ᠎ᠤ ᠠᠯᠪᠠᠨ ᠭᠡᠷ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠠᠵᠢᠯᠲᠠᠨ᠎ᠤ ᠣᠷᠣᠨ ᠲᠣᠭ᠋ᠠᠨ᠎ᠤ ᠲᠣᠬᠢᠷᠠᠭᠤᠯᠤᠯᠲᠠ ᠵᠢ ᠰᠢᠯᠢᠳᠡᠭᠵᠢᠭᠦᠯᠬᠦ᠂ ᠳᠡᠭᠡᠳᠦ ᠰᠤᠷᠭ᠋ᠠᠭᠤᠯᠢ ᠵᠢᠨ ᠠᠵᠢᠯᠲᠠᠨ᠎ᠤ ᠶᠡᠷᠦᠩᠬᠡᠢ ᠲᠣᠭ᠋ᠠᠨ᠎ᠤ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠠᠬᠢᠭᠤᠯᠬᠤ ᠵᠡᠷᠭᠡ ᠲᠠᠯ᠎ᠠ᠎ᠪᠠᠷ ᠳᠦᠭᠦᠮ ᠶᠠᠷᠢᠶ᠎ᠠ᠃ 

      ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠠᠵᠢᠯᠲᠠᠨ ᠠᠵᠢᠯᠴᠢᠨ᠎ᠤ ᠣᠷᠣᠨ ᠲᠣᠭ᠋ᠠᠨ᠎ᠤ ᠲᠣᠬᠢᠷᠠᠭᠤᠯᠤᠯᠲᠠ ᠵᠢ ᠰᠢᠯᠢᠳᠡᠭᠵᠢᠭᠦᠯᠬᠦ ᠲᠠᠯ᠎ᠠ᠎ᠪᠠᠷ᠂ ᠨᠢᠭᠡ᠎ᠳᠤ᠂ ᠬᠣᠲᠠ ᠬᠥᠳᠡᠭᠡ ᠵᠢᠨ ᠣᠷᠣᠨ ᠲᠣᠭ᠋ᠠᠨ᠎ᠤ ᠪᠠᠷᠢᠮᠵᠢᠶ᠎ᠠ ᠵᠢ ᠨᠢᠭᠡᠳᠭᠡᠪᠡ᠃ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ  ᠵᠢᠨ ᠣᠷᠣᠨ ᠲᠣᠭ᠋ᠠᠨ᠎ᠤ ᠬᠠᠮᠢᠶᠠᠷᠤᠯᠲᠠ ᠵᠢᠨ ᠠᠷᠭ᠎ᠠ》᠎ᠳᠤ 《ᠠᠩᠭᠢ ᠪᠣᠯᠤᠨ ᠪᠠᠭᠰᠢ ᠵᠢᠨ ᠬᠠᠷᠢᠴᠠᠯ》 ᠪᠠ 《ᠰᠤᠷᠤᠭᠴᠢ ᠪᠣᠯᠤᠨ ᠪᠠᠭᠰᠢ ᠵᠢᠨ ᠬᠠᠷᠢᠴᠠᠯ》᠎ᠢ ᠤᠶᠠᠯᠳᠤᠭᠤᠯᠬᠤ ᠠᠷᠭ᠎ᠠ ᠮᠠᠶᠢᠭ᠎ᠢ ᠬᠡᠷᠡᠭᠯᠡᠨ᠂ ᠪᠠᠭᠰᠢ ᠠᠵᠢᠯᠲᠠᠨ ᠠᠵᠢᠯᠴᠢᠨ᠎ᠤ ᠣᠷᠣᠨ ᠲᠣᠭ᠎ᠠ ᠵᠢ ᠬᠢᠨᠠᠨ ᠲᠣᠭᠲᠠᠭ᠋ᠠᠵᠤ᠂ ᠠᠳᠠᠯᠢ ᠪᠤᠰᠤ ᠭᠠᠵᠠᠷ ᠣᠷᠣᠨ᠂ ᠬᠣᠲᠠ ᠬᠥᠳᠡᠭᠡ᠂ ᠰᠤᠷᠭ᠋ᠠᠭᠤᠯᠢ ᠵᠢᠴᠢ ᠰᠤᠷᠤᠯᠭ᠎ᠠ ᠵᠢᠨ ᠱᠠᠲᠤᠨ ᠎ᠤ ᠬᠣᠭᠣᠷᠣᠨᠳᠣᠬᠢ ᠪᠠᠭᠰᠢ ᠠᠵᠢᠯᠲᠠᠨ ᠠᠵᠢᠯᠴᠢᠨ᠎ᠤ ᠣᠷᠣᠨ ᠲᠣᠭ᠎ᠠ ᠵᠢ ᠬᠥᠳᠡᠯᠦᠩᠭᠦᠢ᠎ᠪᠠᠷ ᠲᠣᠬᠢᠷᠠᠭᠤᠯᠤᠨ᠂ ᠪᠠᠭᠰᠢ ᠵᠢᠨ ᠣᠷᠣᠨ ᠲᠣᠭ᠋ᠠᠨ᠎ᠤ ᠲᠣᠬᠢᠷᠠᠭᠤᠯᠤᠯᠲᠠ ᠵᠢ ᠦᠷᠭᠦᠯᠵᠢᠯᠡᠨ ᠰᠢᠯᠢᠳᠡᠭᠵᠢᠭᠦᠯᠵᠦ᠂ ᠳᠦᠷᠢᠮ᠎ᠤᠨ ᠲᠠᠯ᠎ᠠ᠎ᠠᠴᠠ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠠᠵᠢᠯᠲᠠᠨ ᠠᠵᠢᠯᠴᠢᠨ᠎ᠤ ᠣᠷᠣᠨ ᠲᠣᠭ᠋ᠠᠨ᠎ᠤ ᠬᠠᠮᠢᠶᠠᠷᠤᠯᠲᠠ ᠵᠢ ᠨᠡᠩ ᠰᠢᠨᠵᠢᠯᠡᠬᠦ ᠤᠬᠠᠭ᠋ᠠᠨᠴᠢ᠎ᠪᠠᠷ ᠵᠢᠷᠤᠮᠵᠢᠭᠤᠯᠬᠤ ᠵᠢ ᠪᠠᠲᠤᠯᠠᠪᠠ᠃ ᠬᠣᠶᠠᠷ᠎ᠲᠤ᠂ ᠨᠠᠶ᠋ᠢᠷᠠᠭᠤᠯᠤᠨ ᠵᠣᠬᠢᠶᠠᠬᠤ ᠡᠬᠢ ᠪᠠᠶᠠᠯᠢᠭ᠎ᠢ ᠪᠦᠲᠦᠮᠵᠢᠲᠡᠢ ᠪᠥᠭᠡᠳ ᠠᠮᠢᠳᠤᠯᠢᠭ ᠪᠣᠯᠭ᠋ᠠᠪᠠ᠃ ᠡᠯ᠎ᠡ ᠭᠠᠵᠠᠷ᠎ᠤᠨ ᠰᠤᠷᠤᠭᠴᠢ ᠵᠢᠨ ᠢᠷᠡᠯᠲᠡ ᠵᠢᠨ ᠪᠠᠶ᠋ᠢᠳᠠᠯ᠎ᠢ ᠦᠨᠳᠦᠰᠦᠯᠡᠨ᠂ ᠡᠯ᠎ᠡ ᠠᠶ᠋ᠢᠮᠠᠭ ᠬᠣᠲᠠ ᠵᠢᠨ ᠬᠢᠨᠠᠨ ᠲᠣᠭᠲᠠᠭ᠋ᠠᠭᠰᠠᠨ ᠣᠷᠣᠨ ᠲᠣᠭ᠋ᠠᠨ᠎ᠤ ᠶᠡᠷᠦᠩᠬᠡᠢ ᠲᠣᠭ᠎ᠠ 26.9 ᠲᠦᠮᠡᠨ ᠬᠥᠮᠦᠨ ᠪᠣᠯᠪᠠ᠃ ᠡᠯ᠎ᠡ ᠭᠠᠵᠠᠷ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠦᠨᠳᠦᠰᠦᠨ ᠣᠷᠣᠨ ᠲᠣᠭ᠎ᠠ ᠵᠢ ᠪᠦᠬᠦ ᠲᠠᠯ᠎ᠠ᠎ᠪᠠᠷ ᠪᠠᠲᠤᠯᠠᠭᠰᠠᠨ ᠰᠠᠭᠤᠷᠢᠨ ᠳᠡᠭᠡᠷ᠎ᠡ᠂ ᠳᠠᠬᠢᠨ ᠵᠣᠬᠢᠬᠤ ᠬᠠᠷᠢᠴᠠᠯ ᠵᠶ᠋ᠡᠷ ᠨᠡᠮᠡᠯᠲᠡ ᠣᠷᠣᠨ ᠲᠣᠭ᠎ᠠ ᠵᠢ ᠬᠢᠨᠠᠨ ᠲᠣᠭᠲᠠᠭ᠋ᠠᠵᠤ ᠪᠠᠭᠰᠢ ᠵᠢ ᠳᠠᠪᠲᠠᠨ ᠪᠣᠯᠪᠠᠰᠤᠷᠠᠭᠤᠯᠬᠤ᠂ ᠰᠤᠷᠭ᠋ᠠᠨ ᠬᠥᠮᠦᠵᠢᠯ᠎ᠢ ᠳᠡᠮᠵᠢᠵᠦ ᠰᠣᠯᠢᠯᠴᠠᠬᠤ ᠵᠡᠷᠭᠡ ᠣᠷᠣᠨ ᠲᠣᠭ᠋ᠠᠨ᠎ᠤ ᠬᠡᠷᠡᠭᠴᠡᠭᠡ ᠱᠠᠭ᠋ᠠᠷᠳᠠᠯᠭ᠎ᠠ ᠵᠢ ᠪᠠᠲᠤᠯᠠᠬᠤ᠎ᠳᠤ ᠬᠡᠷᠡᠭᠯᠡᠵᠦ᠂ ᠰᠠᠭᠤᠷᠢ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠦᠨᠳᠦᠰᠦᠨ ᠬᠡᠷᠡᠭᠴᠡᠭᠡ ᠵᠢ ᠭᠦᠢ᠍ᠴᠡᠳ ᠪᠠᠲᠤᠯᠠᠪᠠ᠃ ᠭᠤᠷᠪᠠ᠎ᠳᠤ᠂ ᠡᠬᠢ ᠪᠠᠶᠠᠯᠢᠭ᠎ᠤᠨ ᠡᠷᠭᠢᠯᠲᠡ ᠵᠢ ᠨᠠᠶ᠋ᠢᠷᠠᠭᠤᠯᠤᠨ ᠵᠣᠬᠢᠶᠠᠬᠤ ᠲᠣᠭᠲᠠᠴᠠ ᠵᠢ  ᠬᠡᠷᠡᠭᠵᠢᠭᠦᠯᠪᠡ᠃ ᠡᠯ᠎ᠡ ᠱᠠᠲᠤᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠣᠷᠣᠨ ᠲᠣᠭ᠋ᠠᠨ᠎ᠤ 《ᠡᠷᠭᠢᠯᠲᠡ ᠵᠢᠨ ᠲᠠᠲᠠᠭ᠋ᠠᠯ》᠎ᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ 2016 ᠣᠨ᠂ 2019 ᠣᠨ ᠪᠠ 2022 ᠣᠨ᠎ᠳᠤ ᠭᠤᠷᠪᠠ ᠤᠳᠠᠭ᠎ᠠ           ᠶᠡᠷᠦᠩᠬᠡᠢ ᠲᠣᠭ᠋ᠠᠨ᠎ᠤ ᠳᠣᠲᠣᠷ᠎ᠠ 1.37 ᠲᠦᠮᠡᠨ ᠪᠠᠭᠰᠢ ᠵᠢᠨ ᠣᠷᠣᠨ ᠲᠣᠭ᠎ᠠ ᠵᠢ ᠬᠥᠳᠡᠯᠦᠩᠭᠦᠢ ᠲᠣᠬᠢᠷᠠᠭᠤᠯᠵᠤ᠂ ᠰᠤᠷᠤᠭᠴᠢ ᠵᠢᠨ ᠢᠷᠡᠯᠲᠡ ᠵᠢᠨ ᠭᠠᠵᠠᠷ᠎ᠢ ᠪᠠᠲᠤᠯᠠᠬᠤ ᠡᠷᠴᠢᠮ᠎ᠢ ᠭᠣᠣᠯᠳᠠᠯᠭ᠎ᠠ᠎ᠲᠠᠢ ᠴᠢᠩᠭ᠋ᠠᠷᠠᠭᠤᠯᠵᠤ᠂ ᠭᠣᠣᠯᠳᠠᠯᠭ᠎ᠠ᠎ᠲᠠᠢ ᠭᠠᠵᠠᠷ ᠣᠷᠣᠨ᠎ᠤ ᠪᠠᠭᠰᠢ ᠵᠢᠨ ᠣᠷᠣᠨ ᠲᠣᠭ᠎ᠠ ᠳᠤᠲᠠᠭᠳᠠᠵᠤ ᠪᠠᠶ᠋ᠢᠭ᠎ᠠ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠪᠡ᠃ ᠳᠥᠷᠪᠡ᠎ᠳᠤ᠂ 《ᠰᠢᠶᠠᠨ᠎ᠠᠴᠠ ᠬᠠᠮᠢᠶᠠᠷᠴᠤ ᠰᠤᠷᠭ᠋ᠠᠭᠤᠯᠢ᠎ᠠᠴᠠ           ᠤᠷᠢᠬᠤ》 ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠬᠠᠮᠢᠶ᠎ᠠ ᠪᠦᠬᠦᠢ ᠠᠵᠢᠯ᠎ᠢ ᠠᠬᠢᠭᠤᠯᠪᠠ᠃ ᠪᠦᠬᠦ ᠣᠷᠣᠨ ᠠᠵᠢᠯ ᠦᠢ᠍ᠯᠡᠰ᠎ᠤᠨ ᠨᠢᠭᠡᠴᠢ ᠵᠢᠨ ᠢᠯᠡ ᠎ᠪᠠᠷ ᠤᠷᠢᠵᠤ ᠬᠡᠷᠡᠭᠯᠡᠬᠦ ᠬᠣᠭᠣᠰᠤᠨ ᠣᠷᠣᠨ ᠲᠣᠭ᠋ᠠᠨ᠎ᠤ ᠲᠥᠯᠥᠪᠯᠡᠭᠡ ᠵᠢ ᠬᠢᠨᠠᠨ ᠵᠥᠪᠰᠢᠶᠡᠷᠡᠬᠦ ᠡᠷᠬᠡ ᠮᠡᠳᠡᠯ᠎ᠢ ᠡᠯ᠎ᠡ ᠠᠶ᠋ᠢᠮᠠᠭ ᠬᠣᠲᠠ᠎ᠳᠤ ᠪᠠᠭᠤᠯᠭ᠋ᠠᠵᠤ᠂ ᠲᠤᠬᠠᠢ ᠵᠢᠨ ᠭᠠᠵᠠᠷ᠎ᠤᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠠᠵᠢᠯᠲᠠᠨ ᠠᠵᠢᠯᠴᠢᠨ᠎ᠤ ᠣᠷᠣᠨ ᠲᠣᠭ᠋ᠠᠨ᠎ᠤ ᠶᠡᠷᠦᠩᠬᠡᠢ ᠲᠣᠭ᠋ᠠᠨ᠎ᠤ ᠳᠣᠲᠣᠷ᠎ᠠ ᠲᠤᠰ ᠱᠠᠲᠤᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠠᠵᠢᠯᠲᠠᠨ ᠠᠵᠢᠯᠴᠢᠨ᠎ᠤ ᠣᠷᠣᠨ ᠲᠣᠭ᠎ᠠ ᠵᠢ ᠡᠵᠡᠨ ᠮᠡᠳᠡᠨ ᠲᠣᠬᠢᠷᠠᠭᠤᠯᠵᠤ᠂ ᠬᠣᠲᠠ ᠬᠥᠳᠡᠭᠡ ᠵᠢ ᠨᠢᠭᠡ ᠴᠣᠭᠴᠠᠵᠢᠭᠤᠯᠤᠭᠰᠠᠨ ᠰᠤᠷᠭ᠋ᠠᠭᠤᠯᠢ ᠡᠷᠬᠢᠯᠡᠬᠦ ᠬᠡᠷᠡᠭᠴᠡᠭᠡ ᠱᠠᠭ᠋ᠠᠷᠳᠠᠯᠭ᠎ᠠ ᠵᠢ ᠪᠦᠲᠦᠮᠵᠢᠲᠡᠢ ᠬᠠᠩᠭ᠋ᠠᠪᠠ᠃
      ᠳᠡᠭᠡᠳᠦ ᠰᠤᠷᠭ᠋ᠠᠭᠤᠯᠢ ᠵᠢᠨ ᠠᠵᠢᠯᠲᠠᠨ᠎ᠤ ᠶᠡᠷᠦᠩᠬᠡᠢ ᠲᠣᠭ᠋ᠠᠨ᠎ᠤ ᠬᠠᠮᠢᠶᠠᠷᠤᠯᠲᠠ ᠵᠢ ᠠᠬᠢᠭᠤᠯᠬᠤ ᠲᠠᠯ᠎ᠠ᠎ᠪᠠᠷ᠂ ᠨᠢᠭᠡ᠎ᠳᠤ᠂ ᠳᠡᠭᠡᠳᠦ ᠰᠤᠷᠭ᠋ᠠᠭᠤᠯᠢ ᠵᠢᠨ ᠠᠵᠢᠯᠲᠠᠨ᠎ᠤ ᠶᠡᠷᠦᠩᠬᠡᠢ ᠲᠣᠭ᠎ᠠ  ᠵᠢ ᠪᠠᠷᠢᠮᠵᠢᠶ᠎ᠠ ᠶᠣᠰᠣᠭ᠋ᠠᠷ ᠰᠢᠨᠵᠢᠯᠡᠬᠦ ᠤᠬᠠᠭ᠋ᠠᠨᠴᠢ᠎ᠪᠠᠷ ᠬᠢᠨᠠᠨ ᠳᠣᠭᠲᠠᠭ᠋ᠠᠪᠠ᠃ ᠲᠡᠷᠢᠭᠦᠨ᠎ᠤ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢᠨ ᠶᠡᠬᠡ ᠳᠡᠭᠡᠳᠦ ᠰᠤᠷᠭ᠋ᠠᠭᠤᠯᠢ ᠵᠢᠨ ᠬᠢᠨᠠᠨ ᠵᠥᠪᠰᠢᠶᠡᠷᠡᠭᠰᠡᠨ ᠠᠵᠢᠯᠲᠠᠨ᠎ᠤ ᠶᠡᠷᠦᠩᠬᠡᠢ ᠲᠣᠭ᠎ᠠ᠎ᠳᠤ ᠲᠥᠷᠥ ᠵᠢᠨ ᠪᠣᠳᠣᠯᠭ᠎ᠠ ᠵᠢᠨ ᠬᠠᠷᠠᠭ᠋ᠠᠯᠵᠠᠯ ᠦᠵᠡᠭᠦᠯᠵᠦ᠂ 《ᠰᠤᠷᠤᠭᠴᠢ ᠪᠣᠯᠤᠨ ᠪᠠᠭᠰᠢ ᠵᠢᠨ ᠬᠠᠷᠢᠴᠠᠯ》 ᠶᠣᠰᠣᠭ᠋ᠠᠷ ᠲᠤᠰᠬᠠᠢ ᠲᠣᠮᠢᠯᠠᠭᠰᠠᠨ ᠪᠠᠭᠰᠢ ᠵᠢᠨ ᠶᠡᠷᠦᠩᠬᠡᠢ ᠲᠣᠭ᠎ᠠ ᠵᠢ ᠬᠢᠨᠠᠨ ᠳᠣᠭᠲᠠᠭ᠋ᠠᠪᠠ᠃ 《ᠣᠷᠣᠨ ᠲᠣᠭ᠎ᠠ + ᠡᠵᠡᠮᠳᠡᠬᠦ           ᠲᠣᠭ᠎ᠠ》 ᠭᠡᠬᠦ ᠠᠵᠢᠯᠲᠠᠨ᠎ᠤ ᠶᠡᠷᠦᠩᠬᠡᠢ ᠲᠣᠭ᠋ᠠᠨ᠎ᠤ ᠬᠠᠮᠢᠶᠠᠷᠤᠯᠲᠠ ᠵᠢᠨ ᠵᠠᠭᠪᠤᠷ ᠵᠶ᠋ᠠᠷ ᠳᠠᠮᠵᠢᠭᠤᠯᠤᠨ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠡᠷᠭᠡ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ 14 ᠶᠡᠬᠡ ᠳᠡᠭᠡᠳᠦ ᠰᠤᠷᠭ᠋ᠠᠭᠤᠯᠢ᠎ᠳᠤ 2 ᠲᠦᠮᠡ ᠭᠠᠷᠤᠢ ᠪᠠᠭᠰᠢ  ᠵᠢᠨ ᠶᠡᠷᠦᠩᠬᠡᠢ ᠲᠣᠭ᠎ᠠ ᠵᠢ ᠬᠢᠨᠠᠨ ᠲᠣᠭᠲᠠᠭ᠋ᠠᠪᠠ᠃ ᠡᠯ᠎ᠡ ᠠᠶ᠋ᠢᠮᠠᠭ ᠬᠣᠲᠠ ᠵᠢᠨ ᠨᠠᠮ᠎ᠤᠨ ᠬᠣᠷᠢᠶᠠᠨ᠎ᠤ ᠣᠷᠣᠨ ᠲᠣᠭ᠋ᠠᠨ ᠠᠯᠪᠠᠨ ᠭᠡᠷ ᠪᠠ ᠬᠥᠬᠡᠬᠣᠲᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠡᠷᠭᠡ 9 ᠠᠶ᠋ᠢᠮᠠᠭ ᠬᠣᠲᠠ ᠵᠢᠨ ᠬᠠᠷᠢᠶ᠎ᠠ ᠳᠡᠭᠡᠳᠦ ᠰᠤᠷᠭ᠋ᠠᠭᠤᠯᠢ ᠵᠢᠨ ᠬᠢᠨᠠᠨ ᠲᠣᠭᠲᠠᠭ᠋ᠠᠭᠰᠠᠨ ᠪᠠᠭᠰᠢ ᠵᠢᠨ ᠶᠡᠷᠦᠩᠬᠡᠢ ᠲᠣᠭ᠎ᠠ 6000 ᠭᠠᠷᠤᠢ ᠪᠣᠢ᠃ ᠬᠣᠶᠠᠷ᠎ᠲᠤ᠂ ᠳᠡᠭᠡᠳᠦ ᠰᠤᠷᠭ᠋ᠠᠭᠤᠯᠢ ᠵᠢᠨ ᠠᠵᠢᠯᠲᠠᠨ᠎ᠤ ᠣᠷᠣᠨ ᠲᠣᠭ᠋ᠠᠨ᠎ᠤ ᠪᠦᠲᠦᠴᠡ ᠵᠢ ᠵᠦᠢ ᠵᠣᠬᠢᠰᠲᠠᠢ ᠳᠣᠭᠲᠠᠭ᠋ᠠᠪᠠ᠃ ᠡᠯ᠎ᠡ ᠶᠡᠬᠡ ᠳᠡᠭᠡᠳᠦ ᠰᠤᠷᠭ᠋ᠠᠭᠤᠯᠢ ᠵᠢᠨ ᠠᠵᠢᠯᠲᠠᠨ᠎ᠤ ᠶᠡᠷᠦᠩᠬᠡᠢ ᠲᠣᠭ᠋ᠠᠨ᠎ᠤ ᠪᠦᠲᠦᠴᠡ ᠵᠢ ᠬᠢᠨᠠᠨ ᠲᠣᠭᠲᠠᠭ᠋ᠠᠬᠤ᠎ᠳᠤ᠎ᠪᠠᠨ ᠪᠠᠭᠰᠢ ᠰᠤᠷᠤᠭᠴᠢ ᠵᠢᠨ ᠬᠠᠷᠢᠴᠠᠯ ᠵᠶ᠋ᠠᠷ ᠲᠤᠰᠬᠠᠢ ᠲᠣᠮᠢᠯᠠᠭᠰᠠᠨ ᠪᠠᠭᠰᠢ ᠵᠢᠨ ᠶᠡᠷᠦᠩᠬᠡᠢ ᠲᠣᠭ᠎ᠠ ᠵᠢ ᠴᠢᠩᠭ᠎ᠠ ᠵᠢᠷᠤᠮᠯᠠᠨ᠂ ᠨᠠᠮ ᠵᠠᠰᠠᠭ᠎ᠤᠨ ᠬᠠᠮᠢᠶᠠᠷᠤᠯᠲᠠ ᠵᠢᠨ ᠠᠵᠢᠯᠲᠠᠨ ᠪᠣᠯᠤᠨ ᠵᠢᠭ᠋ᠠᠨ ᠰᠤᠷᠭ᠋ᠠᠯᠲᠠ ᠵᠢ ᠬᠠᠪᠰᠤᠷᠤᠨ ᠵᠢᠯᠣᠭᠣᠳᠬᠤ ᠠᠵᠢᠯᠲᠠᠨ᠎ᠤ ᠬᠠᠷᠢᠴᠠᠯ᠎ᠢ ᠪᠠᠭ᠋ᠠᠰᠬᠠᠨ᠂ ᠣᠷᠣᠨ ᠲᠣᠭ᠋ᠠᠨ᠎ᠤ ᠡᠬᠢ ᠪᠠᠶᠠᠯᠢᠭ᠎ᠢ ᠪᠠᠲᠤᠯᠠᠬᠤ ᠭᠣᠣᠯᠳᠠᠯᠭ᠎ᠠ᠎ᠲᠠᠢ ᠬᠢᠴᠢᠶᠡᠯ ᠲᠥᠷᠥᠯ᠂ ᠭᠣᠣᠯᠳᠠᠯᠭ᠎ᠠ᠎ᠲᠠᠢ ᠬᠦᠷᠢᠶ᠎ᠡ᠂ ᠭᠣᠣᠯᠳᠠᠯᠭ᠎ᠠ᠎ᠲᠠᠢ ᠬᠥᠮᠦᠰ᠎ᠢ ᠦᠨᠡᠨ ᠬᠦ᠌ ᠪᠠᠲᠤᠯᠠᠵᠤ᠂ ᠶᠡᠬᠡ ᠳᠡᠭᠡᠳᠦ ᠰᠤᠷᠭ᠋ᠠᠭᠤᠯᠢ ᠵᠢᠨ ᠪᠠᠭᠰᠢ ᠵᠢᠨ ᠡᠩᠨᠡᠭᠡᠨ᠎ᠤ ᠳᠤᠰᠬᠠᠢ ᠮᠡᠷᠭᠡᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ ᠪᠠᠲᠤᠯᠠᠭ᠎ᠠ ᠬᠠᠩᠭ᠋ᠠᠪᠠ᠃
      ᠴᠢᠳᠠᠪᠤᠷᠢᠲᠠᠨ᠎ᠤ ᠣᠷᠣᠨ ᠲᠣᠭ᠋ᠠᠨ᠎ᠤ ᠪᠠᠲᠤᠯᠠᠭ᠎ᠠ ᠵᠢ ᠴᠢᠩᠭ᠋ᠠᠳᠬᠠᠬᠤ ᠲᠠᠯ᠎ᠠ᠎ᠪᠠᠷ᠂ ᠨᠢᠭᠡ᠎ᠳᠤ᠂ 2023 ᠣᠨ᠎ᠤ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠤ ᠣᠷᠣᠨ ᠲᠣᠭ᠋ᠠᠨ᠎ᠤ ᠰᠠᠨᠠᠯ᠎ᠳᠤ ᠰᠢᠨ᠎ᠡ᠎ᠪᠠᠷ ᠵᠠᠰᠠᠪᠤᠷᠢ ᠣᠷᠣᠭᠤᠯᠪᠠ᠃ ᠳᠡᠭᠡᠳᠦ ᠳᠡᠰ᠎ᠤᠨ ᠴᠢᠳᠠᠪᠤᠷᠢᠲᠠᠨ᠎ᠤ ᠣᠷᠣᠨ ᠲᠣᠭ᠋ᠠᠨ᠎ᠤ 《ᠡᠷᠭᠢᠯᠲᠡ ᠵᠢᠨ ᠲᠠᠲᠠᠭ᠋ᠠᠯ》᠎ᠢ 2016 ᠣᠨ᠎ᠤ 600᠎ᠠᠴᠠ 2000 ᠪᠣᠯᠭ᠋ᠠᠨ ᠨᠡᠮᠡᠵᠦ᠂ ᠰᠤᠷᠭ᠋ᠠᠨ ᠬᠥᠮᠦᠵᠢᠯ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠳᠡᠭᠡᠳᠦ ᠳᠡᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠡᠷᠡᠭᠴᠡᠭᠡ ᠱᠠᠭ᠋ᠠᠷᠳᠠᠯᠭ᠎ᠠ ᠵᠢ  ᠪᠠᠲᠤᠯᠠᠪᠠ᠃ ᠣᠷᠣᠨ ᠲᠣᠭ᠎ᠠ ᠳᠤᠲᠠᠭᠳᠠᠵᠤ ᠪᠠᠶ᠋ᠢᠭ᠎ᠠ ᠶᠡᠬᠡ ᠳᠡᠭᠡᠳᠦ ᠰᠤᠷᠭ᠋ᠠᠭᠤᠯᠢ᠎ᠳᠤ 《ᠨᠢᠭᠡ ᠵᠢ ᠣᠷᠣᠭᠤᠯᠤᠨ ᠠᠪᠴᠢᠷᠠᠪᠠᠯ ᠨᠢᠭᠡ ᠵᠢ ᠪᠠᠲᠤᠯᠠᠬᠤ》 ᠪᠠᠶ᠋ᠢᠩᠭᠤ ᠵᠢᠨ ᠣᠷᠣᠨ ᠲᠣᠭ᠋ᠠᠨ᠎ᠤ ᠬᠡᠷᠡᠭᠴᠡᠭᠡ ᠱᠠᠭ᠋ᠠᠷᠳᠠᠯᠭ᠎ᠠ ᠵᠢ           ᠪᠠᠲᠤᠯᠠᠪᠠ᠃ ᠬᠣᠶᠠᠷ᠎ᠲᠤ᠂ 《ᠰᠠᠭ᠋ᠠᠳ ᠦᠭᠡᠢ ᠨᠡᠪᠲᠡᠷᠡᠬᠦ ᠵᠠᠮ》 ᠵᠶ᠋ᠠᠷ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠬᠣᠭᠣᠰᠤᠨ ᠣᠷᠣᠨ ᠲᠣᠭ᠎ᠠ ᠵᠢ ᠬᠡᠷᠡᠭᠯᠡᠬᠦ ᠲᠥᠯᠥᠪᠯᠡᠭᠡ ᠵᠢ ᠨᠢᠭᠡᠳᠦᠯᠲᠡᠢ ᠲᠥᠯᠦᠪᠯᠡᠪᠡ᠃ ᠭᠦᠢ᠍ᠴᠡᠳᠬᠡᠬᠦ ᠴᠤᠪᠤᠷᠠᠯ᠎ᠤᠨ ᠴᠠᠭ᠎ᠤᠨ ᠬᠢᠵᠠᠭ᠋ᠠᠷ᠎ᠢ ᠴᠣᠮᠬᠠᠳᠬᠠᠵᠤ᠂ ᠶᠡᠬᠡ ᠳᠡᠭᠡᠳᠦ ᠰᠤᠷᠭ᠋ᠠᠭᠤᠯᠢ ᠡᠵᠡᠨ ᠮᠡᠳᠡᠵᠦ ᠤᠷᠢᠬᠤ ᠵᠢ ᠳᠡᠮᠵᠢᠪᠡ᠃ ᠡᠨᠡ ᠵᠢᠯ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠡᠷᠭᠡ 12 ᠶᠡᠬᠡ ᠳᠡᠭᠡᠳᠦ ᠰᠤᠷᠭ᠋ᠠᠭᠤᠯᠢ᠎ᠳᠤ 300 ᠭᠠᠷᠤᠢ ᠳᠡᠭᠡᠳᠦ ᠳᠡᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠣᠷᠣᠨ ᠲᠣᠭ᠋ᠠᠨ᠎ᠤ ᠪᠠᠲᠤᠯᠠᠭ᠎ᠠ ᠬᠠᠩᠭ᠋ᠠᠭᠰᠠᠨ ᠪᠠᠶ᠋ᠢᠨ᠎ᠠ᠃
      ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠠᠴᠠ ᠪᠠᠲᠤᠯᠠᠭᠰᠠᠨ 《ᠲᠣᠭᠲᠠᠭ᠋ᠠᠯ》᠎ᠳᠤ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠤ ᠪᠠᠶ᠋ᠢᠭᠤᠯᠤᠯ ᠲᠣᠭᠲᠠᠴᠠ ᠵᠢ ᠨᠢᠭᠡ ᠴᠣᠭᠴᠠᠵᠢᠭᠤᠯᠤᠨ ᠥᠭᠡᠷᠡᠴᠢᠯᠡᠬᠦ ᠵᠢ ᠨᠢᠭᠡᠳᠦᠯᠲᠡᠢ ᠲᠥᠯᠥᠪᠯᠡᠨ ᠠᠬᠢᠭᠤᠯᠬᠤ ᠲᠤᠬᠠᠢ ᠲᠣᠳᠣᠷᠬᠠᠢ ᠳᠤᠷᠠᠳᠪᠠ᠃ ᠳᠠᠷᠠᠭ᠎ᠠ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠣᠷᠣᠨ ᠲᠣᠭ᠋ᠠᠨ᠎ᠤ ᠠᠯᠪᠠᠨ ᠭᠡᠷ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠲᠠᠢ ᠨᠢᠭᠲᠠ ᠬᠠᠮᠵᠢᠯᠴᠠᠨ᠂ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ᠎ᠳᠤ ᠦᠷᠭᠦᠯᠵᠢᠯᠡᠨ ᠬᠦᠴᠦᠨ ᠨᠡᠮᠡᠷᠢᠯᠡᠵᠦ᠂ ᠮᠠᠨ᠎ᠤ ᠣᠷᠣᠨ᠎ᠤ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠪᠠᠶ᠋ᠢᠭᠤᠯᠤᠮᠵᠢ ᠣᠷᠣᠨ ᠲᠣᠭ᠋ᠠᠨ᠎ᠤ ᠠᠯᠪᠠᠨ ᠭᠡᠷ᠎ᠤᠨ ᠬᠦᠴᠦᠨ ᠴᠢᠳᠠᠯ ᠵᠶ᠋ᠠᠨ ᠡᠷᠭᠦᠨ᠎ᠡ᠃


      ᠳᠤᠮᠳᠠᠳᠤ ᠤᠯᠤᠰ᠎ᠤᠨ ᠰᠤᠷᠭ᠋ᠠᠨ ᠬᠥᠮᠦᠵᠢᠯ ᠰᠣᠨᠢᠨ᠎ᠤ ᠰᠤᠷᠪᠤᠯᠵᠢᠯᠠᠭᠴᠢ᠄ ᠪᠠᠭᠰᠢ ᠵᠢᠨ ᠲᠤᠰᠢᠶᠠᠯ᠎ᠤᠨ ᠴᠣᠯᠠ ᠵᠢ ᠲᠣᠭᠲᠠᠭ᠋ᠠᠨ ᠤᠷᠢᠬᠤ ᠠᠵᠢᠯ ᠪᠣᠯ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢᠨ ᠴᠢᠬᠤᠯᠠ ᠠᠭᠤᠯᠭ᠎ᠠ᠂ ᠪᠠᠭᠰᠢ ᠵᠢᠨ ᠠᠰᠢᠭ ᠲᠤᠰᠠ᠎ᠲᠠᠢ ᠰᠢᠭᠤᠳ ᠬᠣᠯᠪᠣᠭᠳᠠᠵᠤ ᠪᠠᠶ᠋ᠢᠳᠠᠭ᠂ ᠣᠶ᠋ᠢᠷ᠎ᠠ ᠵᠢᠨ ᠵᠢᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠪᠠᠭᠰᠢ ᠵᠢᠨ ᠲᠤᠰᠢᠶᠠᠯ᠎ᠤᠨ ᠴᠣᠯᠠ ᠵᠢ ᠳᠣᠭᠲᠠᠭ᠋ᠠᠨ ᠤᠷᠢᠬᠤ ᠠᠵᠢᠯ᠎ᠳᠤ ᠶᠠᠮᠠᠷ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠠᠪᠤᠭᠰᠠᠨ ᠪᠤᠢ?
      ᠥᠪᠡᠷᠲᠡᠭᠡᠨ ᠵᠠᠰᠠᠬᠤ ᠣᠷᠣᠨ᠎ᠤ ᠬᠥᠮᠦᠨ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠵᠢᠯ ᠦᠢ᠍ᠯᠡᠰ᠎ᠤᠨ ᠨᠢᠭᠡᠴᠢ ᠵᠢᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ   ᠭᠥᠩ ᠿᠠᠨ᠄
      ᠲᠠᠨ᠎ᠤ ᠠᠰᠠᠭᠤᠯᠲᠠ᠎ᠳᠤ ᠲᠠᠯᠠᠷᠬᠠᠵᠤ ᠪᠠᠶ᠋ᠢᠨ᠎ᠠ᠃
      ᠣᠶ᠋ᠢᠷ᠎ᠠ ᠵᠢᠨ ᠵᠢᠯ᠂ ᠪᠢᠳᠡ ᠲᠤᠰᠬᠠᠢ ᠮᠡᠷᠭᠡᠵᠢᠯ᠎ᠤᠨ ᠪᠠᠭᠰᠢ ᠵᠢ ᠬᠥᠭᠵᠢᠭᠦᠯᠬᠦ ᠬᠡᠷᠡᠭᠴᠡᠭᠡ ᠱᠠᠭ᠋ᠠᠷᠳᠠᠯᠭ᠎ᠠ᠎ᠳᠤ ᠰᠠᠭᠤᠷᠢᠯᠠᠨ᠂ ᠠᠵᠢᠯ᠎ᠤᠨ ᠪᠠᠶ᠋ᠢᠷᠢ ᠵᠢᠨ ᠪᠠᠶ᠋ᠢᠷᠢᠯᠠᠭᠤᠯᠤᠯᠲᠠ ᠵᠢ ᠰᠢᠯᠢᠳᠡᠭᠵᠢᠭᠦᠯᠬᠦ᠂ ᠳᠤᠰᠢᠶᠠᠯ᠎ᠤᠨ ᠴᠣᠯᠠ ᠵᠢ ᠬᠢᠨᠠᠨ ᠲᠣᠭᠲᠠᠭ᠋ᠠᠬᠤ ᠵᠢ ᠲᠡᠭᠦᠯᠳᠡᠷᠵᠢᠭᠦᠯᠬᠦ ᠪᠠ ᠰᠢᠨ᠎ᠡ ᠵᠢ ᠡᠭᠦᠳᠬᠦ ᠠᠵᠢᠯᠲᠠᠨ᠎ᠢ ᠤᠷᠢᠨ ᠬᠡᠷᠡᠭᠯᠡᠬᠦ ᠵᠡᠷᠭᠡ ᠲᠠᠯ᠎ᠠ᠎ᠠᠴᠠ ᠲᠥᠷᠥ ᠵᠢᠨ ᠪᠣᠳᠣᠯᠭ᠎ᠠ ᠵᠢᠨ ᠬᠠᠷᠠᠭ᠋ᠠᠯᠵᠠᠯ ᠪᠠ ᠳᠦᠷᠢᠮ᠎ᠤᠨ ᠪᠠᠲᠤᠯᠠᠭ᠎ᠠ ᠬᠠᠩᠭ᠋ᠠᠪᠠ᠃
      ᠨᠢᠭᠡ᠎ᠳᠤ᠂ ᠡᠯ᠎ᠡ ᠲᠥᠷᠥᠯ᠎ᠤᠨ ᠪᠠᠭᠰᠢ ᠵᠢᠨ ᠲᠤᠰᠬᠠᠢ ᠮᠡᠷᠭᠡᠵᠢᠯ᠎ᠤᠨ ᠳᠡᠭᠡᠳᠦ ᠳᠡᠰ᠎ᠤᠨ ᠠᠵᠢᠯ᠎ᠤᠨ ᠪᠠᠶ᠋ᠢᠷᠢ ᠵᠢᠨ ᠬᠠᠷᠢᠴᠠᠯ᠎ᠢ ᠳᠡᠭᠡᠭᠰᠢᠯᠡᠭᠦᠯᠪᠡ᠃ ᠡᠯ᠎ᠡ ᠱᠠᠲᠤᠨ᠎ᠤ ᠡᠯ᠎ᠡ ᠲᠥᠷᠥᠯ᠎ᠤᠨ ᠪᠠᠭᠰᠢ ᠵᠢᠨ ᠲᠤᠰᠬᠠᠢ ᠮᠡᠷᠭᠡᠵᠢᠯ᠎ᠤᠨ ᠳᠡᠭᠡᠳᠦ ᠳᠡᠰ᠎ᠤᠨ ᠠᠵᠢᠯ᠎ᠤᠨ ᠪᠠᠶ᠋ᠢᠷᠢ ᠵᠢᠨ ᠪᠠᠢ᠌ᠷᠢᠯᠠᠭᠤᠯᠤᠯᠲᠠ ᠵᠢᠨ ᠬᠠᠷᠢᠴᠠᠯ᠎ᠢ ᠳᠡᠭᠡᠭᠰᠢᠯᠡᠭᠦᠯᠵᠦ᠂ ᠣᠨᠴᠠᠭ᠋ᠠᠢ᠌ᠯᠠᠨ ᠬᠣᠰᠢᠭᠤ ᠰᠢᠶᠠᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠳᠡᠭᠡᠳᠦ ᠳᠡᠰ᠎ᠤᠨ ᠠᠵᠢᠯ᠎ᠤᠨ ᠪᠠᠶ᠋ᠢᠷᠢ ᠵᠢᠨ ᠪᠠᠢ᠌ᠷᠢᠯᠠᠭᠤᠯᠤᠯᠲᠠ ᠵᠢᠨ  ᠬᠠᠷᠢᠴᠠᠯ᠎ᠢ 20% ᠬᠦᠷᠲᠡᠯ᠎ᠡ ᠳᠡᠭᠡᠭᠰᠢᠯᠡᠭᠦᠯᠪᠡ᠃ ᠡᠭᠦᠨ᠎ᠤ ᠬᠠᠮᠲᠤ᠂ ᠬᠣᠰᠢᠭᠤ ᠰᠢᠶᠠᠨ᠎ᠤ 30 ᠵᠢᠯ᠎ᠠᠴᠠ ᠳᠡᠭᠡᠭᠰᠢ ᠪᠠᠭᠰᠢᠯᠠᠭᠰᠠᠨ᠂ ᠰᠤᠮᠤ ᠰᠢᠶᠠᠩ ᠪᠠᠯᠭ᠋ᠠᠰᠤᠨ᠎ᠤ 20 ᠵᠢᠯ ᠎ᠠᠴᠠ ᠳᠡᠭᠡᠭᠰᠢ ᠪᠠᠭᠰᠢᠯᠠᠭᠰᠠᠨ ᠰᠢᠯᠢᠳᠡᠭ ᠪᠠᠭᠰᠢ ᠵᠢᠨ ᠠᠵᠢᠯ᠎ᠤᠨ ᠠᠮᠠᠷᠠᠯᠲᠠ᠎ᠳᠤ᠎ᠪᠠᠨ ᠭᠠᠷᠬᠤ ᠴᠠᠭ᠎ᠢ ᠤᠷᠲᠤᠳᠬᠠᠨ ᠤᠷᠢᠵᠤ ᠬᠡᠷᠡᠭᠯᠡᠬᠦ ᠵᠢ ᠵᠦᠪᠰᠢᠶᠡᠷᠡᠪᠡ; ᠳᠤᠮᠳᠠᠳᠤ ᠪᠠᠭ᠎ᠠ ᠰᠤᠷᠭ᠋ᠠᠭᠤᠯᠢ ᠵᠢᠨ ᠵᠢᠩᠬᠢᠨᠢ ᠳᠡᠭᠡᠳᠦ ᠳᠡᠰ᠎ᠤᠨ ᠪᠠᠭᠰᠢ ᠵᠢ 《ᠳᠠᠷᠤᠢ᠎ᠳᠤ᠎ᠨᠢ ᠬᠢᠨᠠᠨ ᠲᠣᠭᠲᠠᠭ᠋ᠠᠵᠤ ᠳᠠᠷᠤᠢ᠎ᠳᠤ᠎ᠨᠢ ᠤᠷᠢᠬᠤ》 ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠵᠢ ᠵᠥᠪᠰᠢᠶᠡᠷᠡᠵᠦ᠂ ᠲᠤᠰᠬᠠᠢ ᠮᠡᠷᠭᠡᠵᠢᠯ᠎ᠤᠨ ᠬᠢᠷᠢ ᠭᠡᠮ᠎ᠢ ᠣᠯᠤᠭᠰᠠᠨ ᠴᠠᠭ᠎ᠠᠴᠠ ᠳᠠᠷᠤᠢ᠎ᠳᠤ᠎ᠨᠢ ᠤᠷᠢᠨ ᠬᠡᠷᠡᠭᠯᠡᠵᠦ ᠪᠣᠯᠤᠨ᠎ᠠ᠂ ᠪᠠᠰᠠ ᠨᠥᠬᠥᠴᠡᠯ ᠪᠦᠷᠢᠳᠦᠭᠦᠯᠦᠭᠰᠡᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯ᠎ᠤᠨ ᠬᠣᠶᠠᠳᠤᠭ᠋ᠠᠷ ᠳᠡᠰ᠎ᠤᠨ ᠠᠵᠢᠯ᠎ᠤᠨ ᠪᠠᠶ᠋ᠢᠷᠢ᠎ᠳᠤ ᠤᠷᠢᠨ ᠬᠡᠷᠡᠭᠯᠡᠬᠦ ᠵᠢ ᠬᠢᠨᠠᠨ           ᠵᠥᠪᠰᠢᠶᠡᠷᠡᠨ᠎ᠡ᠃
      ᠬᠣᠶᠠᠷ᠎ᠲᠤ᠂ ᠣᠨᠴᠠᠭ᠋ᠠᠢ ᠠᠵᠢᠯ᠎ᠤᠨ ᠪᠠᠶ᠋ᠢᠷᠢ᠎ᠳᠤ ᠲᠤᠯᠭ᠋ᠠᠮ ᠱᠠᠭ᠋ᠠᠷᠳᠠᠭᠳᠠᠵᠤ ᠪᠠᠶ᠋ᠢᠭ᠎ᠠ ᠰᠢᠯᠢᠳᠡᠭ ᠪᠠᠭᠰᠢ ᠵᠢ ᠣᠷᠣᠭᠤᠯᠤᠨ ᠠᠪᠴᠢᠷᠠᠪᠠ᠃ ᠪᠦᠬᠦ ᠣᠷᠣᠨ᠎ᠤ ᠡᠯ᠎ᠡ ᠳᠤᠮᠳᠠᠳᠤ ᠪᠠᠭ᠎ᠠ ᠰᠤᠷᠭ᠋ᠠᠭᠤᠯᠢ᠂ ᠳᠡᠭᠡᠳᠦ ᠰᠤᠷᠭ᠋ᠠᠭᠤᠯᠢ ᠰᠢᠯᠢᠳᠡᠭ ᠪᠠᠭᠰᠢ ᠵᠢ ᠣᠷᠣᠭᠤᠯᠤᠨ ᠠᠪᠴᠢᠷᠠᠬᠤ ᠵᠢ ᠵᠣᠷᠢᠭᠵᠢᠭᠤᠯᠵᠤ᠂ ᠠᠵᠢᠯ᠎ᠤᠨ ᠪᠠᠶ᠋ᠢᠷᠢ ᠵᠢᠨ ᠦᠯᠡᠳᠡᠪᠦᠷᠢ ᠣᠷᠣᠨ ᠲᠣᠭ᠎ᠠ ᠬᠦᠷᠦᠯᠴᠡᠬᠦ ᠦᠭᠡᠢ ᠪᠣᠯ ᠲᠤᠰᠬᠠᠢ ᠮᠡᠷᠭᠡᠵᠢᠯ᠎ᠤᠨ ᠠᠵᠢᠯ᠎ᠤᠨ ᠪᠠᠶ᠋ᠢᠷᠢ ᠵᠢᠨ 5%᠎ᠪᠠᠷ ᠣᠨᠴᠠᠭ᠋ᠠᠢ ᠠᠵᠢᠯ᠎ᠤᠨ ᠪᠠᠶ᠋ᠢᠷᠢ ᠵᠢ ᠳᠤᠰᠠᠭ᠋ᠠᠷ ᠬᠢᠨᠠᠨ ᠲᠣᠭᠲᠠᠭ᠋ᠠᠵᠤ ᠪᠣᠯᠤᠨ᠎ᠠ᠃ 《ᠬᠣᠣᠰ ᠲᠡᠷᠢᠭᠦᠨ》᠎ᠤ ᠶᠡᠬᠡ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠳᠡᠮᠵᠢᠬᠦ ᠵᠢᠨ ᠲᠥᠯᠥᠭᠡ᠂ ᠣᠨᠴᠠᠭ᠋ᠠᠢ ᠠᠵᠢᠯ᠎ᠤᠨ ᠪᠠᠶ᠋ᠢᠷᠢ ᠵᠢᠨ ᠲᠣᠬᠢᠷᠠᠭᠤᠯᠬᠤ ᠬᠠᠷᠢᠴᠠᠯ᠎ᠢ 10% ᠬᠦᠷᠲᠡᠯ᠎ᠡ ᠳᠡᠭᠡᠭᠰᠢᠯᠡᠭᠦᠯᠵᠦ᠂ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠶ᠋ᠢᠭ᠎ᠠ ᠰᠢᠯᠢᠳᠡᠭ ᠢᠳᠡᠷ ᠵᠠᠯᠠᠭᠤ ᠪᠠᠭᠰᠢ ᠵᠢ ᠲᠤᠰᠬᠠᠶ᠋ᠢᠯᠠᠨ ᠤᠷᠢᠵᠤ  ᠬᠡᠷᠡᠭᠯᠡᠪᠡ᠃ ᠣᠳᠣ ᠪᠠᠶ᠋ᠢᠭ᠎ᠠ ᠲᠥᠷᠥ ᠵᠢᠨ ᠪᠣᠳᠣᠯᠭ᠎ᠠ ᠵᠢ ᠠᠰᠢᠭᠯᠠᠨ ᠪᠠᠭᠰᠢ ᠤᠷᠢᠵᠤ ᠬᠡᠷᠡᠭᠯᠡᠬᠦ ᠵᠢ ᠬᠠᠩᠭ᠋ᠠᠵᠤ ᠳᠡᠶ᠋ᠢᠯᠬᠦ ᠦᠭᠡᠢ ᠪᠣᠯ 《ᠨᠡᠢ᠌ᠲᠡᠯᠢᠭ ᠬᠡᠷᠡᠭ ᠤᠴᠢᠷ᠎ᠢ ᠵᠥᠪᠯᠡᠬᠦ》 ᠠᠷᠭ᠎ᠠ ᠮᠠᠶᠢᠭ ᠵᠶ᠋ᠠᠷ ᠳᠠᠮᠵᠢᠭᠤᠯᠤᠨ᠂ ᠠᠵᠢᠯ᠎ᠤᠨ ᠪᠠᠶ᠋ᠢᠷᠢ ᠵᠢᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠵᠦ᠂ ᠤᠷᠢᠵᠤ ᠬᠡᠷᠡᠭᠯᠡᠬᠦ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠵᠦ ᠪᠣᠯᠤᠨ᠎ᠠ᠃
      ᠭᠤᠷᠪᠠ᠎ᠳᠤ᠂ ᠬᠠᠨᠳᠤᠯᠭ᠋ᠠᠲᠠᠢ ᠠᠵᠢᠯ᠎ᠤᠨ ᠪᠠᠶ᠋ᠢᠷᠢ᠎ᠪᠠᠷ ᠦᠨᠳᠦᠰᠦᠨ ᠱᠠᠲᠤᠨ᠎ᠳᠤ ᠰᠢᠯᠢᠳᠡᠭ ᠪᠠᠭᠰᠢ ᠵᠢ ᠦᠯᠡᠳᠡᠭᠡᠪᠡ᠃ ᠰᠢᠯᠢᠳᠡᠭ ᠪᠠᠭᠰᠢ ᠦᠨᠳᠦᠰᠦᠨ ᠱᠠᠲᠤᠨ᠎ᠳᠤ ᠦᠨᠳᠦᠰᠦᠯᠡᠵᠦ᠂ ᠰᠤᠷᠭ᠋ᠠᠨ ᠬᠥᠮᠥᠵᠢᠯ᠎ᠤᠨ ᠦᠢ᠍ᠯᠡᠰ᠎ᠲᠤ ᠰᠡᠳᠬᠢᠯ ᠠᠮᠤᠷ ᠠᠵᠢᠯᠯᠠᠬᠤ ᠵᠢ ᠤᠯᠠᠮ ᠨᠢᠭᠡ ᠠᠯᠬᠤᠮ ᠵᠣᠷᠢᠭᠵᠢᠭᠤᠯᠵᠤ ᠬᠥᠲᠥᠯᠥᠨ ᠵᠢᠯᠣᠭᠣᠳᠬᠤ ᠵᠢᠨ ᠲᠥᠯᠥᠭᠡ᠂ ᠪᠢᠳᠡ ᠬᠣᠰᠢᠭᠤ ᠰᠢᠶᠠᠨ᠎ᠠᠴᠠ ᠳᠣᠷᠣᠭᠰᠢᠬᠢ ᠳᠤᠮᠳᠠᠳᠤ ᠪᠠᠭ᠎ᠠ ᠰᠤᠷᠭ᠋ᠠᠭᠤᠯᠢ᠎ᠳᠤ 10% ᠵᠢᠨ 《ᠬᠠᠨᠳᠤᠯᠭ᠋ᠠᠲᠠᠢ ᠠᠵᠢᠯ᠎ᠤᠨ ᠪᠠᠶ᠋ᠢᠷᠢ》 ᠵᠢ ᠳᠤᠰᠠᠭ᠋ᠠᠷ ᠪᠠᠢ᠌ᠷᠢᠯᠠᠭᠤᠯᠵᠤ᠂ ᠦᠨᠳᠦᠰᠦᠨ ᠱᠠᠲᠤᠨ᠎ᠤ ᠳᠡᠭᠡᠳᠦ ᠳᠡᠰ᠎ᠤᠨ ᠪᠠᠭᠰᠢ ᠵᠢ ᠬᠢᠨᠠᠨ ᠲᠣᠭᠲᠠᠭ᠋ᠠᠬᠤ ᠪᠠ ᠨᠡᠢ᠌ᠭᠡᠮ᠎ᠠᠴᠠ ᠬᠢᠨᠠᠨ ᠲᠣᠭᠲᠠᠭ᠋ᠠᠬᠤ ᠬᠣᠶᠠᠷ ᠲᠥᠷᠥᠯ᠎ᠤᠨ ᠴᠢᠳᠠᠪᠤᠷᠢᠲᠠᠨ᠎ᠢ ᠵᠦᠪᠰᠢᠶᠡᠷᠡᠵᠦ᠂ ᠪᠠᠶ᠋ᠢᠩᠭᠤ ᠵᠢᠨ ᠠᠵᠢᠯ᠎ᠤᠨ ᠪᠠᠶ᠋ᠢᠷᠢ᠎ᠳᠤ ᠬᠡᠷᠡᠭᠯᠡᠨ ᠳᠡᠰ ᠳᠡᠪᠰᠢᠭᠦᠯᠵᠦ ᠪᠣᠯᠬᠤ ᠮᠥᠷᠲᠡᠭᠡᠨ ᠪᠠᠰᠠ 《ᠬᠠᠨᠳᠤᠯᠭ᠋ᠠᠲᠠᠢ ᠠᠵᠢᠯ᠎ᠤᠨ ᠪᠠᠶ᠋ᠢᠷᠢ》᠎ᠳᠤ ᠬᠡᠷᠡᠭᠯᠡᠨ ᠳᠡᠰ ᠳᠡᠪᠰᠢᠭᠦᠯᠵᠦ ᠪᠣᠯᠤᠨ᠎ᠠ᠃ 2023 ᠣᠨ᠎ᠳᠤ ᠬᠥᠳᠡᠭᠡ ᠲᠣᠰᠬᠣᠨ᠎ᠤ ᠰᠤᠷᠭ᠋ᠠᠭᠤᠯᠢ ᠵᠢᠨ ᠬᠠᠨᠳᠤᠯᠭ᠋ᠠᠲᠠᠢ ᠠᠵᠢᠯ᠎ᠤᠨ ᠪᠠᠶ᠋ᠢᠷᠢ ᠵᠢᠨ ᠬᠠᠷᠢᠴᠠᠯ᠎ᠢ ᠳᠠᠬᠢᠨᠲᠠ 15% ᠬᠦᠷᠲᠡᠯ᠎ᠡ ᠳᠡᠭᠡᠭᠰᠢᠯᠡᠭᠦᠯᠵᠦ᠂ ᠬᠠᠨᠳᠤᠯᠭ᠋ᠠᠲᠠᠢ ᠠᠵᠢᠯ᠎ᠤᠨ ᠪᠠᠶ᠋ᠢᠷᠢ ᠵᠢ ᠬᠠᠷᠢᠴᠠᠩᠭᠤᠢ ᠳᠦᠭᠦᠷᠭᠡᠵᠦ᠂ ᠤᠳᠠᠭ᠋ᠠᠨ ᠵᠢᠯ ᠦᠨᠳᠦᠰᠦᠨ ᠱᠠᠲᠤᠨ᠎ᠳᠤ ᠠᠵᠢᠯᠯᠠᠬᠤ ᠰᠢᠯᠢᠳᠡᠭ ᠪᠠᠭᠰᠢ᠎ᠳᠤ 《ᠠᠵᠢᠯ᠎ᠤᠨ ᠪᠠᠶ᠋ᠢᠷᠢ᠎ᠳᠤ ᠬᠥᠮᠦᠨ ᠦᠯᠡᠳᠡᠭᠡᠬᠦ》 ᠥᠰᠦᠨ ᠪᠣᠶ᠋ᠢᠵᠢᠬᠤ ᠣᠷᠣᠨ ᠵᠠᠢ ᠵᠢ ᠪᠣᠢ ᠪᠣᠯᠭ᠋ᠠᠵᠤ ᠥᠭᠪᠡ᠃
      ᠳᠥᠷᠪᠡ᠎ᠳᠤ᠂ ᠳᠤᠰᠢᠶᠠᠯ᠎ᠤᠨ ᠴᠣᠯᠠ ᠵᠢ ᠬᠢᠨᠠᠨ ᠳᠣᠭᠲᠠᠭ᠋ᠠᠬᠤ ᠵᠢ ᠦᠨᠳᠦᠰᠦᠨ ᠱᠠᠲᠤᠨ᠎ᠤ ᠰᠢᠯᠢᠳᠡᠭ ᠪᠠᠭᠰᠢ ᠲᠡᠢ᠌ᠰᠢ ᠬᠡᠯᠪᠡᠢ᠌ᠯᠭᠡᠪᠡ᠃ ᠪᠢᠳᠡ ᠪᠠᠭᠰᠢ ᠵᠢᠨ  ᠳᠤᠰᠢᠶᠠᠯ᠎ᠤᠨ ᠴᠣᠯᠠ  ᠵᠢ ᠬᠢᠨᠠᠨ ᠲᠣᠭᠲᠠᠭ᠋ᠠᠬᠤ ᠲᠥᠷᠥ ᠵᠢᠨ ᠪᠣᠳᠣᠯᠭ᠎ᠠ ᠵᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠵᠢᠭ᠋ᠠᠨ ᠰᠤᠷᠭ᠋ᠠᠯᠲᠠ ᠵᠢᠨ ᠨᠢᠭᠡᠳᠦᠭᠡᠷ ᠹᠷᠣᠨᠲ ᠪᠠ ᠵᠢᠭ᠋ᠠᠨ ᠰᠤᠷᠭ᠋ᠠᠯᠲᠠ ᠵᠢᠨ ᠠᠵᠢᠯ᠎ᠤᠨ ᠬᠢᠷᠢ ᠪᠦᠲᠦᠮᠵᠢ᠎ᠪᠠᠷ ᠲᠣᠪᠣᠶ᠋ᠢᠮ᠎ᠠ ᠪᠠᠭᠰᠢ ᠲᠡᠶ᠋ᠢᠰᠢ ᠬᠡᠯᠪᠡᠶ᠋ᠢᠯᠭᠡᠬᠦ ᠤᠷᠮᠠᠰᠢᠭᠤᠯᠬᠤ ᠲᠣᠭᠲᠠᠴᠠ ᠵᠢ ᠪᠠᠶ᠋ᠢᠭᠤᠯᠵᠤ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠤᠨ ᠰᠢᠯᠢᠳᠡᠭ ᠪᠠᠭᠰᠢ᠎ᠳᠤ ᠴᠢᠭᠯᠡᠭᠦᠯᠦᠨ᠂ ᠥᠭᠦᠯᠡᠯ᠎ᠤᠨ ᠱᠠᠭ᠋ᠠᠷᠳᠠᠯᠭ᠎ᠠ ᠵᠢ ᠰᠤᠯᠠᠷᠠᠭᠤᠯᠬᠤ ᠪᠤᠶᠤ ᠱᠠᠭ᠋ᠠᠷᠳᠠᠯᠭ᠎ᠠ ᠭᠠᠷᠭ᠋ᠠᠬᠤ ᠦᠭᠡᠢ ᠪᠠᠶ᠋ᠢᠵᠤ᠂ ᠬᠣᠰᠢᠭᠤ ᠰᠢᠶᠠᠨ ᠵᠢᠴᠢ ᠲᠡᠭᠦᠨ᠎ᠠᠴᠠ ᠳᠣᠷᠣᠭᠰᠢᠬᠢ ᠳᠤᠮᠳᠠᠳᠤ ᠪᠠᠭ᠎ᠠ ᠰᠤᠷᠭ᠋ᠠᠭᠤᠯᠢ ᠎ᠳᠤ 《ᠬᠠᠨᠳᠤᠯᠭ᠎ᠠ᠎ᠲᠠᠢ ᠦᠨᠡᠯᠡᠬᠦ᠂ ᠬᠠᠨᠳᠤᠯᠭ᠎ᠠ᠎ᠲᠠᠢ ᠬᠡᠷᠡᠭᠯᠡᠬᠦ》 ᠬᠢᠨᠠᠨ ᠲᠣᠭᠲᠠᠭ᠋ᠠᠬᠤ ᠰᠢᠨ᠎ᠡ ᠠᠷᠭ᠎ᠠ ᠵᠢ  ᠳᠣᠭᠲᠠᠭ᠋ᠠᠭᠰᠠᠨ ᠵᠶ᠋ᠠᠷ ᠪᠠᠷᠠᠬᠤ ᠦᠭᠡᠢ᠂ ᠪᠠᠰᠠ ᠣᠳᠣ ᠵᠢᠨ ᠪᠠᠢ᠌ᠭ᠎ᠠ ᠳᠡᠭᠡᠳᠦ ᠳᠡᠰ᠎ᠤᠨ ᠳᠤᠰᠢᠶᠠᠯ᠎ᠤᠨ ᠴᠣᠯᠠ ᠵᠢᠨ10% ᠵᠢᠨ ᠳᠣᠲᠣᠷ᠎ᠠ᠂ ᠠᠵᠢᠯ ᠵᠶ᠋ᠠᠨ ᠤᠷᠳᠤᠳᠬᠠᠭᠰᠠᠨ ᠳᠡᠭᠡᠳᠦ ᠳᠡᠰ᠎ᠤᠨ ᠳᠤᠰᠢᠶᠠᠯ᠎ᠤᠨ ᠴᠣᠯᠠ ᠮᠡᠳᠡᠭᠦᠯᠬᠦ ᠵᠢ ᠵᠥᠪᠰᠢᠶᠡᠷᠡᠪᠡ᠃
      ᠲᠠᠪᠤ᠎ᠳᠤ᠂ ᠶᠡᠬᠡ ᠳᠡᠭᠡᠳᠦ ᠰᠤᠷᠭ᠋ᠠᠭᠤᠯᠢ ᠵᠢᠨ ᠬᠥᠮᠦᠨ ᠬᠡᠷᠡᠭᠯᠡᠬᠦ ᠭᠣᠣᠯ ᠴᠣᠭᠴᠠ᠎ᠳᠤ ᠳᠤᠰᠢᠶᠠᠯ᠎ᠤᠨ ᠴᠣᠯᠠ ᠲᠣᠭᠲᠠᠭ᠋ᠠᠨ ᠤᠷᠢᠬᠤ ᠡᠷᠬᠡ ᠵᠢ ᠭᠦᠢ᠍ᠴᠡᠳ  ᠪᠠᠭᠤᠯᠭ᠋ᠠᠪᠠ ᠃ ᠪᠢᠳᠡ ᠶᠡᠬᠡ ᠳᠡᠭᠡᠳᠦ ᠰᠤᠷᠭ᠋ᠠᠭᠤᠯᠢ᠎ᠳᠤ ᠪᠠᠭᠰᠢ ᠵᠢᠨ ᠳᠤᠰᠢᠶᠠᠯ᠎ᠤᠨ ᠴᠣᠯᠠ ᠵᠢ ᠬᠢᠨᠠᠨ ᠲᠣᠭᠲᠠᠭ᠋ᠠᠬᠤ ᠪᠠ ᠠᠵᠢᠯ᠎ᠤᠨ ᠪᠠᠶ᠋ᠢᠷᠢ᠎ᠳᠤ ᠤᠷᠢᠨ ᠬᠡᠷᠡᠭᠯᠡᠬᠦ ᠵᠢ ᠡᠵᠡᠨ ᠮᠡᠳᠡᠬᠦ ᠡᠷᠬᠡ ᠵᠢ ᠭᠦᠢ᠍ᠴᠡᠳ ᠪᠠᠭᠤᠯᠭ᠋ᠠᠪᠠ᠂ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭ᠋ᠠᠭᠤᠯᠢ 《ᠵᠢᠷᠭᠤᠭ᠎ᠠ ᠵᠢ ᠡᠵᠡᠨ ᠮᠡᠳᠡᠬᠦ》 ᠵᠢ ᠪᠡᠶᠡᠯᠡᠭᠦᠯᠪᠡ᠂ ᠲᠤᠬᠠᠢ᠌ᠯᠠᠪᠠᠯ᠂ ᠶᠡᠬᠡ ᠳᠡᠭᠡᠳᠦ ᠰᠤᠷᠭ᠋ᠠᠭᠤᠯᠢ ᠵᠢᠨ ᠳᠤᠰᠢᠶᠠᠯ᠎ᠤᠨ ᠴᠣᠯᠠ ᠵᠢ ᠡᠵᠡᠨ ᠮᠡᠳᠡᠨ ᠬᠢᠨᠠᠨ ᠲᠣᠭᠲᠠᠭ᠋ᠠᠵᠤ᠂ ᠰᠤᠷᠭ᠋ᠠᠭᠤᠯᠢ ᠵᠢᠨ ᠳᠣᠲᠣᠭ᠋ᠠᠳᠤ ᠵᠢᠨ ᠠᠵᠢᠯ᠎ᠤᠨ ᠪᠠᠶ᠋ᠢᠷᠢ ᠵᠢᠨ ᠲᠣᠬᠢᠷᠠᠭᠤᠯᠤᠯᠲᠠ ᠵᠢ ᠡᠵᠡᠨ ᠮᠡᠳᠡᠨ ᠬᠠᠮᠢᠶᠠᠷᠴᠤ᠂ ᠡᠯ᠎ᠡ ᠲᠥᠷᠥᠯ᠎ᠤᠨ ᠠᠵᠢᠯ᠎ᠤᠨ ᠪᠠᠶ᠋ᠢᠷᠢ ᠵᠢ ᠡᠵᠡᠨ ᠮᠡᠳᠡᠨ ᠲᠣᠬᠢᠷᠠᠭᠤᠯᠵᠤ᠂ ᠲᠤᠰᠬᠠᠢ ᠮᠡᠷᠭᠡᠵᠢᠯ᠎ᠤᠨ ᠠᠵᠢᠯ᠎ᠤᠨ ᠪᠠᠶ᠋ᠢᠷᠢ᠎ᠳᠤ ᠤᠷᠢᠨ ᠬᠡᠷᠡᠭᠯᠡᠬᠦ ᠨᠥᠬᠥᠴᠡᠯ᠎ᠢ ᠡᠵᠡᠨ ᠮᠡᠳᠡᠨ ᠲᠣᠭᠲᠠᠭ᠋ᠠᠵᠤ᠂ ᠠᠵᠢᠯ᠎ᠤᠨ ᠪᠠᠶ᠋ᠢᠷᠢ ᠵᠢᠨ ᠬᠣᠭᠣᠰᠣᠨ ᠣᠷᠣᠨ᠎ᠢ ᠦᠨᠳᠦᠰᠦᠯᠡᠨ ᠤᠷᠢᠨ ᠬᠡᠷᠡᠭᠯᠡᠬᠦ ᠵᠢᠱ᠌ᠢᠭᠳᠡᠭᠴᠢ ᠵᠢ ᠳᠣᠭᠲᠠᠭ᠋ᠠᠬᠤ ᠪᠣᠯᠤᠨ᠎ᠠ᠂ ᠮᠠᠰᠲ᠋ᠧᠷ᠎ᠠᠴᠠ ᠳᠡᠭᠡᠭᠰᠢᠬᠢ ᠡᠷᠳᠡᠮ᠎ᠤᠨ ᠴᠣᠯᠠ ᠣᠯᠭᠣᠬᠤ ᠡᠷᠬᠡ᠎ᠲᠠᠢ ᠶᠡᠬᠡ ᠳᠡᠭᠡᠳᠦ ᠰᠤᠷᠭ᠋ᠠᠭᠤᠯᠢ ᠪᠠᠰᠠ ᠲᠤᠰᠬᠠᠢ ᠮᠡᠷᠭᠡᠵᠢᠯ᠎ᠤᠨ ᠬᠣᠶᠠᠳᠤᠭ᠋ᠠᠷ ᠳᠡᠰ᠎ᠤᠨ ᠠᠵᠢᠯ᠎ᠤᠨ ᠪᠠᠶ᠋ᠢᠷᠢ᠎ᠳᠤ ᠬᠢᠨᠠᠨ ᠵᠥᠪᠰᠢᠶᠡᠷᠡᠵᠦ ᠤᠷᠢᠨ ᠬᠡᠷᠡᠭᠯᠡᠬᠦ ᠠᠵᠢᠯ᠎ᠢ ᠡᠵᠡᠨ ᠮᠡᠳᠡᠨ ᠥᠷᠨᠢᠭᠦᠯᠵᠦ ᠪᠣᠯᠤᠨ᠎ᠠ᠃
      ᠳᠠᠷᠠᠭ᠎ᠠ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ 《ᠬᠥᠮᠦᠨ ᠵᠶ᠋ᠠᠷ ᠦᠨᠳᠦᠰᠦ ᠪᠣᠯᠭ᠋ᠠᠵᠤ᠂ ᠰᠤᠷᠭ᠋ᠠᠨ ᠬᠥᠮᠦᠵᠢᠯ᠎ᠢ ᠲᠡᠷᠢᠭᠦᠨ᠎ᠳᠤ ᠲᠠᠯᠪᠢᠬᠤ》 ᠰᠡᠳᠬᠢᠮᠵᠢ᠎ᠪᠠᠷ᠂ ᠪᠠᠭᠰᠢ ᠨᠠᠷ᠎ᠤᠨ ᠠᠩᠬᠠᠷᠤᠯ ᠬᠠᠨᠳᠤᠭᠤᠯᠵᠤ ᠪᠠᠶ᠋ᠢᠭ᠎ᠠ  ᠳᠤᠰᠢᠶᠠᠯ᠎ᠤᠨ ᠴᠣᠯᠠ ᠵᠢ ᠬᠢᠨᠠᠨ ᠲᠣᠭᠲᠠᠭ᠋ᠠᠬᠤ᠂ ᠠᠵᠢᠯ᠎ᠤᠨ ᠪᠠᠶ᠋ᠢᠷᠢ᠎ᠳᠤ ᠤᠷᠢᠨ ᠬᠡᠷᠡᠭᠯᠡᠬᠦ ᠵᠡᠷᠭᠡ ᠲᠠᠯ᠎ᠠ᠎ᠪᠠᠷ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠠᠭᠰᠢ ᠵᠢᠨ ᠬᠥᠭᠵᠢᠯᠲᠡ ᠵᠢᠨ ᠵᠠᠮ᠎ᠢ ᠰᠠᠭ᠋ᠠᠳ ᠦᠭᠡᠢ ᠨᠡᠪᠲᠡᠷᠡᠭᠦᠯᠵᠦ᠂ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠪᠣᠯᠤᠨ᠎ᠠ᠃


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号