ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠷᠪᠣᠯᠵᠢᠯᠠᠭ᠎ᠠ
ᠲᠥᠪ ᠬᠤᠷᠢᠶᠠᠨ᠎ᠤ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠂ ᠡᠷᠬᠡ ᠰᠦᠷᠲᠦ ᠲᠠᠶ᠋ᠢᠯᠤᠯ ③
ᠨᠡᠶ᠋ᠢᠲᠡᠯᠡᠭᠰᠡᠨ ᠴᠠᠭ᠄ 2025-03-07

ᠬᠥᠳᠡᠭᠡ ᠲᠣᠰᠬᠤᠨ᠎ᠤ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠵᠤ᠂ ᠬᠥᠳᠡᠭᠡ ᠲᠣᠰᠬᠤᠨ᠎ᠤ ᠰᠤᠷᠤᠭᠴᠢᠳ᠎ᠤᠨ ᠰᠢᠮ᠎ᠡ ᠲᠡᠵᠢᠭᠡᠯᠲᠦ ᠬᠤᠭᠤᠯᠠᠨ᠎ᠤ ᠬᠠᠮᠢᠶᠠᠷᠤᠯᠲᠠ ᠵᠢ ᠪᠥᠬᠦ ᠲᠠᠯ᠎ᠠ᠎ᠪᠠᠷ ᠴᠢᠩᠭ᠋ᠠᠳᠬᠠᠨ᠎ᠠ

ᠰᠤᠷᠭ᠋ᠠᠨ ᠬᠥᠮᠦᠵᠢᠯ᠎ᠤᠨ ᠲᠠᠯ᠎ᠠ᠎ᠪᠠᠷ᠂ ᠭᠤᠣᠯᠳᠠᠯᠭ᠎ᠠ᠎ᠨᠢ ᠣᠷᠣᠨ ᠪᠦᠰᠡ ᠵᠢᠨ ᠰᠤᠷᠭ᠋ᠠᠨ ᠬᠥᠮᠦᠵᠢᠯ᠎ᠤᠨ  ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠪᠠᠶ᠋ᠢᠷᠢ᠎ᠳᠤ ᠰᠠᠭᠤᠬᠤ ᠳᠦᠷᠢᠮᠲᠦ ᠰᠤᠷᠭ᠋ᠠᠭᠤᠯᠢ ᠪᠠ ᠴᠢᠬᠤᠯᠠ ᠪᠥᠬᠦᠶ ᠪᠠᠭ᠎ᠠ ᠬᠡᠪᠴᠢᠶᠡᠨ᠎ᠤ ᠰᠤᠷᠭ᠋ᠠᠭᠤᠯᠢ ᠵᠢ ᠰᠠᠶ᠋ᠢᠲᠤᠷ ᠡᠷᠬᠢᠯᠡᠨ᠎ᠡ᠃ ᠪᠢᠴᠢᠭ ᠮᠠᠲ᠋ᠧᠷᠢᠶᠠᠯ᠎ᠳᠤ ᠣᠨᠴᠠᠭ᠋ᠠᠶ᠋ᠢᠯᠠᠨ ᠴᠢᠬᠤᠯᠠᠴᠢᠯᠠᠬᠤ᠎ᠳᠤ᠎ᠪᠠᠨ᠂ ᠬᠥᠳᠡᠭᠡ ᠲᠣᠰᠬᠤᠨ᠎ᠤ ᠰᠤᠷᠤᠭᠴᠢᠳ᠎ᠤᠨ ᠰᠢᠮ᠎ᠡ ᠲᠡᠵᠢᠭᠡᠯᠲᠦ ᠬᠤᠭᠤᠯᠠᠨ᠎ᠤ ᠬᠠᠮᠢᠶᠠᠷᠤᠯᠲᠠ ᠵᠢ ᠪᠥᠬᠦ ᠲᠠᠯ᠎ᠠ᠎ᠪᠠᠷ ᠴᠢᠩᠭ᠋ᠠᠳᠬᠠᠵᠤ᠂ ᠢᠳᠡᠭᠡᠨ᠎ᠤ ᠠᠮᠤᠷ ᠲᠦᠪᠰᠢᠨ ᠪᠠ  ᠪᠠᠯᠠ ᠮᠥᠩᠭᠦ ᠵᠢ ᠵᠢᠷᠤᠮᠵᠢᠭᠤᠯᠤᠨ ᠬᠡᠷᠡᠭᠯᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠡᠮᠴᠢᠯᠡᠭᠡᠨ᠎ᠤ ᠲᠠᠯ᠎ᠠ᠎ᠪᠠᠷ᠂ ᠭᠤᠣᠯᠳᠠᠯᠭ᠎ᠠ᠎ᠨᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯᠳᠠᠨ ᠪᠠ ᠦᠢ᠍ᠯᠡᠴᠢᠯᠡᠭᠡ  ᠵᠢ ᠳᠣᠷᠣᠭᠰᠢ  ᠪᠠᠭᠤᠯᠭ᠋ᠠᠬᠤ  ᠵᠢ ᠠᠬᠢᠭᠤᠯᠵᠤ᠂ ᠭᠤᠣᠯ ᠪᠣᠯᠬᠤ ᠰᠢᠶᠠᠩ ᠪᠠᠯᠭ᠋ᠠᠰᠤᠨ᠎ᠤ ᠡᠷᠡᠭᠦᠯ ᠬᠠᠮᠠᠭ᠋ᠠᠯᠠᠯ᠎ᠤᠨ ᠬᠤᠷᠢᠶ᠎ᠠ ᠵᠢ ᠰᠠᠶ᠋ᠢᠲᠤᠷ  ᠡᠷᠬᠢᠯᠡᠵᠤ᠂ ᠲᠠᠷᠢᠶᠠᠴᠢᠳ᠎ᠤᠨ ᠡᠪᠡᠳᠴᠢᠨ ᠦᠵᠡᠭᠦᠯᠵᠦ ᠡᠮᠨᠡᠭᠦᠯᠬᠦ᠎ᠳᠤ ᠎ᠨᠢ ᠨᠡᠩ ᠲᠦᠬᠦᠮ ᠪᠣᠯᠭ᠋ᠠᠨ᠎ᠠ᠃ ᠵᠠᠯᠭ᠋ᠠᠭ᠎ᠠ᠎ᠪᠠᠷ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠣᠷᠣᠯᠴᠠᠭᠰᠠᠨ ᠪᠠ ᠲᠤᠬᠠᠶ ᠵᠢᠨ ᠵᠢᠯ᠎ᠳᠤ ᠲᠠᠩᠰᠠ ᠲᠠᠶ᠋ᠢᠯᠤᠭᠰᠠᠨ ᠥᠬᠡᠶ ᠬᠥᠳᠡᠭᠡ ᠲᠣᠰᠬᠤᠨ᠎ᠤ ᠰᠠᠭᠤᠭ᠋ᠠᠯᠢ ᠠᠷᠠᠳ᠎ᠲᠤ ᠳᠠᠷᠠᠭ᠎ᠠ ᠵᠢᠯ᠎ᠤᠨ ᠬᠦᠨᠳᠦ ᠡᠪᠡᠳᠴᠢᠨ᠎ᠤ ᠳᠠᠭ᠋ᠠᠳᠬᠠᠯ ᠎ᠤᠨ ᠬᠠᠮᠤᠭ᠎ᠤᠨ ᠥᠨᠳᠥᠷ ᠳᠥᠯᠥᠬᠦ ᠬᠢᠵᠠᠭ᠋ᠠᠷ ᠲᠤᠭ᠎ᠠ ᠵᠢ ᠳᠡᠭᠡᠭᠰᠢᠯᠡᠭᠦᠯᠬᠦ᠎ᠪᠠᠷ ᠳᠠᠮᠵᠢᠭᠤᠯᠤᠨ ᠵᠣᠬᠢᠬᠤ ᠬᠡᠮᠵᠢᠶᠡᠨ ᠎ᠤ ᠵᠣᠷᠢᠭᠵᠢᠭᠤᠯᠤᠯ ᠥᠭᠴᠦ᠂ ᠳᠠᠭ᠋ᠠᠳᠬᠠᠯ᠎ᠳᠤ ᠣᠷᠣᠯᠴᠠᠭᠰᠠᠨ ᠲᠠᠷᠢᠶᠠᠴᠢᠳ᠎ᠲᠤ ᠪᠣᠳᠠᠲᠠᠶ ᠠᠰᠢᠭ  ᠬᠦᠷᠲᠡᠭᠡᠨ᠎ᠡ᠃ ᠨᠠᠰᠤᠵᠢᠯ᠎ᠤᠨ ᠠᠰᠠᠷᠠᠮᠵᠢ ᠵᠢᠨ ᠲᠠᠯ᠎ᠠ ᠎ᠪᠠᠷ᠂ ᠭᠤᠣᠯᠳᠠᠯᠭ᠎ᠠ᠎ᠨᠢ ᠬᠥᠳᠡᠭᠡ ᠲᠣᠰᠬᠤᠨ᠎ᠤ ᠨᠠᠰᠤᠵᠢᠭᠰᠠᠨ ᠬᠥᠮᠥᠨ ᠣᠯᠠᠳᠠᠵᠤ ᠪᠠᠶ᠋ᠢᠭ᠎ᠠ ᠬᠠᠨᠳᠤᠰᠢ᠎ᠳᠤ ᠴᠢᠭᠯᠡᠭᠦᠯᠦᠨ᠂ ᠬᠥᠳᠡᠭᠡ ᠲᠣᠰᠬᠤᠨ᠎ᠤ ᠨᠠᠰᠤᠵᠢᠯ᠎ᠤᠨ ᠠᠰᠠᠷᠠᠮᠵᠢ ᠵᠢᠨ ᠡᠪᠡᠷᠰᠢᠶᠡᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠥᠳᠡᠭᠡ ᠲᠣᠰᠬᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠨᠠᠰᠤᠵᠢᠯ᠎ᠤᠨ ᠰᠠᠭᠤᠷᠢ ᠠᠰᠠᠷᠠᠮᠵᠢ ᠵᠢᠨ ᠮᠥᠩᠭᠦ  ᠵᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠵᠦ᠂ ᠲᠠᠷᠢᠶᠠᠴᠢᠳ᠎ᠤᠨ ᠨᠠᠰᠤᠵᠢᠯ᠎ᠤᠨ ᠠᠰᠠᠷᠠᠮᠵᠢ ᠵᠢᠨ ᠲᠠᠯ᠎ᠠ ᠵᠢᠨ ᠬᠤᠶ᠋ᠢᠰᠢᠳᠠ ᠵᠢᠨ ᠵᠣᠪᠠᠨᠢᠯ᠎ᠢ ᠰᠢᠢ᠍ᠳᠪᠦᠷᠢᠯᠡᠨ᠎ᠡ᠃

ᠮᠠᠨ᠎ᠤ ᠤᠯᠤᠰ᠎ᠤᠨ ᠠᠮᠤ ᠪᠤᠳᠠᠭ᠋ᠠᠨ᠎ᠤ ᠬᠠᠩᠭ᠋ᠠᠯᠭ᠎ᠠ ᠶᠡᠷᠦᠩᠬᠡᠶ᠎ᠳᠤ᠎ᠪᠠᠨ ᠬᠡᠷᠡᠭᠴᠡᠭᠡᠨ᠎ᠠᠴᠠ᠎ᠪᠠᠨ ᠶᠡᠭᠡ ᠪᠢᠰᠢ᠂ ᠬᠠᠷᠢᠨ ᠮᠥᠨ ᠯᠡ ᠬᠠᠩᠭ᠋ᠠᠯᠭ᠎ᠠ ᠬᠡᠷᠡᠭᠴᠡᠭᠡ ᠵᠢᠨ ᠲᠡᠩᠴᠡᠭᠦᠷᠢᠲᠡᠶ ᠪᠠᠶ᠋ᠢᠳᠠᠯ ᠎ᠳᠤ᠎ᠪᠠᠨ ᠣᠷᠣᠰᠢᠵᠤ ᠪᠠᠶ᠋ᠢᠨ᠎ᠠ

ᠡᠨᠡ ᠵᠢᠯ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠬᠡᠷᠬᠢᠨ ᠠᠳᠬᠤᠬᠤ ᠲᠤᠬᠠᠢ ᠡᠶ᠋ᠢᠮᠦ ᠨᠢᠭᠡᠨ ᠴᠢᠮᠡᠭᠡ ᠳᠤᠭᠤᠯᠳᠠᠵᠤ ᠪᠣᠢ᠂ ᠠᠮᠤ ᠪᠤᠳᠠᠭ᠋ᠠᠨ᠎ᠤ ᠤᠨᠠᠯᠲᠠ ᠨᠡᠮᠡᠭᠳᠡᠪᠡ᠂ ᠳᠡᠭᠡᠷ᠎ᠡ᠎ᠨᠢ ᠠᠮᠤ ᠪᠤᠳᠠᠭ᠋ᠠᠨ᠎ᠤ ᠵᠠᠬ᠎ᠠ ᠳᠡᠯᠭᠡᠭᠦᠷ ᠴᠦ᠍ ᠨᠡᠯᠢᠶᠡᠳ ᠮᠠᠭᠤᠵᠢᠷᠠᠵᠤ᠂ ᠵᠠᠷᠢᠮ ᠡᠭᠦᠯᠳᠡᠷ᠎ᠤᠨ ᠦᠨ᠎ᠡ ᠬᠠᠩᠰᠢ ᠪᠠᠭᠤᠷᠠᠭᠰᠠᠨ ᠪᠣᠯᠬᠤᠷ ᠡᠨᠡ ᠵᠢᠯ᠎ᠤᠨ ᠠᠮᠤ ᠪᠤᠳᠠᠭ᠋ᠠᠨ᠎ᠤ ᠠᠵᠢᠯ᠎ᠤᠨ ᠡᠷᠴᠢᠮ᠎ᠢ ᠰᠤᠯᠠᠷᠠᠭᠤᠯᠪᠠᠯ ᠶᠠᠮᠠᠷ ᠵᠡᠷᠭᠡ ᠪᠣᠢ? ᠡᠭᠦᠨ᠎ᠤ ᠲᠤᠬᠠᠶ ᠲᠥᠪ ᠬᠤᠷᠢᠶᠠᠨ᠎ᠤ ᠲᠦᠷᠦ ᠵᠢᠨ ᠪᠤᠳᠤᠯᠭ᠎ᠠ ᠪᠣᠯ ᠲᠣᠳᠣᠷᠬᠠᠶ ᠶᠤᠮ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠴᠢᠩᠭ᠋ᠠᠳᠬᠠᠬᠤ᠎ᠠᠴᠠ ᠪᠢᠰᠢ ᠰᠤᠯᠠᠷᠠᠭᠤᠯᠵᠤ ᠪᠣᠯᠬᠤ ᠦᠭᠡᠢ᠃ ᠠᠮᠤ ᠪᠤᠳᠠᠭ᠋ᠠᠨ᠎ᠤ ᠦᠨ᠎ᠡ ᠬᠠᠩᠰᠢ ᠬᠡᠰᠡᠭ ᠬᠤᠭᠤᠴᠠᠭ᠋ᠠᠨ᠎ᠳᠤ ᠪᠣᠯᠣᠭᠰᠠᠨ᠎ᠠᠴᠠ ᠪᠣᠯᠣᠭ᠋ᠠᠳ ᠠᠮᠤ ᠪᠤᠳᠠᠭ᠋ᠠᠨ᠎ᠤ ᠦᠢ᠍ᠯᠡᠳᠪᠦᠷᠢᠯᠡᠯ ᠨᠢᠭᠡᠨᠲᠡ ᠵᠣᠪᠠᠭ᠍ᠤ ᠤᠴᠢᠷ ᠦᠭᠡᠢ ᠪᠣᠯᠴᠢᠬᠠᠯ᠎ᠠ ᠭᠡᠵᠦ ᠬᠦᠡᠭᠭᠡᠨ ᠬᠠᠭᠤᠳᠠᠮ ᠵᠶ᠋ᠠᠷ ᠬᠡᠯᠡᠵᠦ ᠶᠠᠭ᠋ᠠᠬᠢᠭᠰᠠᠨ ᠴᠤ᠌ ᠪᠣᠯᠬᠤ ᠦᠭᠡᠢ᠃ ᠨᠢᠭᠡ ᠲᠠᠯ᠎ᠠ᠎ᠪᠠᠷ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠨᠢ ᠵᠣᠬᠢᠬᠤ ᠬᠡᠮᠵᠢᠶᠡᠨ᠎ᠳᠤ ᠮᠥᠨ ᠯᠡ ᠲᠩᠷᠢ ᠵᠢᠨ ᠴᠢᠷᠠᠶ ᠵᠢ ᠬᠠᠷᠠᠨ ᠠᠮᠢᠳᠤᠷᠠᠵᠤ᠂ 《ᠬᠥᠮᠦᠨ ᠴᠢᠷᠮᠠᠶ᠋ᠢᠬᠤ》 ᠲᠡᠳᠦᠢ ᠪᠢᠰᠢ ᠪᠠᠰᠠ 《ᠲᠩᠷᠢ ᠵᠢᠨ ᠴᠢᠷᠠᠢ ᠵᠢ ᠬᠠᠷᠠᠬᠤ ᠴᠢᠬᠤᠯᠠᠲᠠᠢ ᠪᠠᠶ᠋ᠢᠳᠠᠭ》᠃ ᠤᠢ᠍ᠢ᠍ᠷ᠎ᠠ ᠵᠢᠨ ᠵᠢᠯ᠎ᠤᠳ᠎ᠲᠤ ᠬᠡᠴᠡᠭᠦᠦ ᠴᠠᠭ ᠠᠭᠤᠷ ᠵᠡᠷᠭᠡ ᠪᠠᠶ᠋ᠢᠭ᠋ᠠᠯᠢ ᠵᠢᠨ ᠭᠠᠮᠰᠢᠭ ᠤᠯᠠᠨ ᠡᠭᠦᠰᠴᠦ ᠲᠠᠬᠢᠨ ᠡᠭᠦᠰᠴᠦ ᠪᠠᠶ᠋ᠢᠭ᠎ᠠ ᠪᠣᠯᠬᠤᠷ ᠲᠣᠭᠲᠠᠭᠤᠨ ᠪᠤᠰᠤ ᠬᠦᠴᠦᠨ ᠵᠦᠢ᠍ᠯ ᠮᠠᠰᠢ ᠤᠯᠠᠨ ᠪᠠᠶ᠋ᠢᠨ᠎ᠠ᠂ ᠡᠶ᠋ᠢᠮᠦ᠎ᠠᠴᠠ ᠡᠷᠬᠡᠪᠰᠢ ᠭᠠᠮᠰᠢᠭ᠎ᠢ ᠡᠰᠡᠷᠭᠦᠴᠡᠨ ᠡᠯᠪᠡᠭ ᠬᠤᠷᠢᠶᠠᠯᠲᠠ ᠵᠢ ᠲᠡᠮᠡᠴᠡᠨ ᠤᠯᠬᠤ᠎ᠳᠤ ᠰᠠᠭᠤᠷᠢᠯᠠᠵᠤ᠂ ᠬᠦᠴᠢᠷ ᠪᠡᠷᠬᠡᠰᠢᠶᠡᠯ᠎ᠢ ᠲᠡᠷᠢᠭᠦᠨ᠎ᠳᠤ ᠲᠠᠯᠪᠢᠵᠤ᠂ ᠠᠮᠤᠷ ᠲᠦᠪᠰᠢᠨ ᠵᠶ᠋ᠠᠷ ᠬᠤᠷᠢᠶᠠᠯᠲᠠ ᠣᠯᠬᠤ ᠢᠯᠡᠳᠬᠡᠮᠵᠢ ᠵᠢ ᠨᠡᠩ ᠥᠨᠳᠥᠷ ᠪᠣᠯᠭ᠋ᠠᠬᠤ ᠬᠡᠷᠡᠭᠲᠡᠶ᠃ ᠨᠥᠭᠦᠭᠡ ᠲᠠᠯ᠎ᠠ᠎ᠪᠠᠷ᠂ ᠮᠠᠨ᠎ᠤ ᠤᠯᠤᠰ᠎ᠤᠨ ᠠᠮᠤ ᠪᠤᠳᠠᠭ᠋ᠠᠨ᠎ᠤ ᠬᠡᠷᠡᠭᠴᠡᠭᠡ ᠪᠠᠰᠠ ᠲᠠᠰᠤᠷᠠᠯᠲᠠ ᠦᠭᠡᠶ ᠥᠷᠭᠡᠳᠴᠦ᠂ 14 ᠳ᠋ᠦᠩᠰᠢᠭᠤᠷ ᠭᠠᠷᠤᠶ ᠬᠥᠮᠦᠨ᠎ᠤ ᠢᠳᠡᠬᠦ ᠬᠤᠭᠤᠯᠠ ᠪᠠᠶ᠋ᠢᠬᠤ ᠵᠢ ᠪᠠᠲᠤᠯᠠᠬᠤ ᠬᠡᠷᠡᠭᠲᠡᠢ ᠮᠥᠷᠲᠡᠭᠡᠨ ᠰᠠᠶ᠋ᠢᠨ ᠬᠤᠭᠤᠯᠠ ᠢᠳᠡᠬᠦ ᠵᠢ ᠬᠦᠰᠡᠵᠦ ᠪᠠᠶ᠋ᠢᠨ᠎ᠠ᠃ ᠤᠳᠤ ᠬᠡᠳᠦᠢ᠎ᠪᠠᠷ ᠬᠥᠮᠥᠰ᠎ᠤᠨ ᠬᠦᠨᠡᠰᠦᠨ ᠠᠮᠤ ᠢᠳᠡᠬᠦ᠎ᠨᠢ ᠪᠠᠭ᠎ᠠ ᠪᠣᠯᠣᠭᠰᠠᠨ ᠴᠤ᠌ ᠮᠢᠬ᠎ᠠ᠂ ᠥᠨᠳᠡᠭᠡ᠂ ᠰᠦ ᠢᠳᠡᠬᠦ᠎ᠨᠢ ᠶᠡᠭᠡ ᠪᠣᠯᠪᠠ᠂ ᠡᠳᠡᠭᠡᠷ᠎ᠢ ᠴᠥᠮ ᠤᠯᠠᠮ᠎ᠠᠴᠠ ᠤᠯᠠᠮ ᠠᠷᠪᠢᠨ ᠲᠡᠵᠢᠭᠡᠯ ᠪᠣᠷᠳᠣᠭ᠋ᠠᠨ᠎ᠤ ᠠᠮᠤ᠎ᠠᠴᠠ ᠤᠯᠠᠷᠢᠭᠤᠯᠵᠤ ᠰᠢᠢ᠍ᠳᠪᠦᠷᠢᠯᠡᠬᠦ ᠴᠢᠬᠤᠯᠠ ᠲᠠᠢ᠃ ᠮᠠᠨ᠎ᠤ ᠤᠯᠤᠰ᠎ᠤᠨ ᠠᠮᠤ ᠪᠤᠳᠠᠭ᠋ᠠᠨ᠎ᠤ ᠬᠠᠩᠭ᠋ᠠᠯᠭ᠎ᠠ ᠶᠡᠷᠦᠩᠬᠡᠶ᠎ᠳᠤ᠎ᠪᠠᠨ ᠬᠡᠷᠡᠭᠴᠡᠭᠡᠨ᠎ᠠᠴᠠ᠎ᠪᠠᠨ ᠶᠡᠭᠡ ᠪᠢᠰᠢ᠂ ᠬᠠᠷᠢᠨ ᠮᠥᠨ ᠯᠡ ᠬᠠᠩᠭ᠋ᠠᠯᠭ᠎ᠠ ᠬᠡᠷᠡᠭᠴᠡᠭᠡ ᠵᠢᠨ ᠲᠡᠩᠴᠡᠭᠦᠷᠢᠲᠡᠶ ᠪᠠᠶ᠋ᠢᠳᠠᠯ᠎ᠳᠤ᠎ᠪᠠᠨ ᠣᠷᠣᠰᠢᠵᠤ ᠪᠠᠶ᠋ᠢᠨ᠎ᠠ᠃ ᠲᠡᠦᠬᠡᠨ ᠲᠤᠷᠰᠢᠯᠭ᠎ᠠ ᠬᠠᠷᠠᠭᠤᠯᠤᠭᠰᠠᠨ ᠎ᠨᠢ᠂ ᠮᠠᠨ᠎ᠤ ᠤᠯᠤᠰ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠳᠡᠭᠡᠭᠰᠢᠯᠡᠭᠦᠯᠬᠦ᠎ᠳᠤ ᠶᠡᠷᠦ ᠎ᠨᠢ ᠮᠠᠰᠢ ᠬᠦᠴᠢᠷ᠂ ᠪᠠᠭᠤᠷᠠᠭᠤᠯᠬᠤ᠎ᠳᠤ ᠬᠠᠷᠢᠨ ᠬᠠᠷᠢᠴᠠᠩᠭᠤᠢ᠎ᠪᠠᠷ ᠠᠮᠠᠷᠬᠠᠨ ᠪᠠᠶ᠋ᠢᠳᠠᠭ᠂ ᠠᠵᠢᠯ᠎ᠤᠨ ᠡᠷᠴᠢᠮ ᠵᠶ᠋ᠠᠨ ᠰᠤᠯᠠᠷᠠᠭᠤᠯᠤᠭᠰᠠᠨ᠎ᠠᠴᠠ ᠪᠣᠯᠣᠭ᠋ᠠᠳ ᠦᠢ᠍ᠯᠡᠳᠪᠦᠷᠢᠯᠡᠯ᠎ᠢ ᠶᠡᠭᠡ᠎ᠪᠠᠷ ᠳᠡᠭᠡᠭᠰᠢᠯᠡᠭᠦᠯᠵᠦ ᠶᠡᠭᠡ᠎ᠪᠠᠷ ᠪᠠᠭᠤᠷᠠᠭᠤᠯᠵᠤ ᠶᠠᠭ᠋ᠠᠬᠢᠭᠰᠠᠨ ᠴᠤ᠌ ᠪᠣᠯᠬᠤ ᠦᠭᠡᠢ᠃ ᠡᠨᠡ ᠵᠢᠯ᠎ᠤᠨ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠵᠢ ᠦᠷᠭᠦᠯᠵᠢᠯᠡᠨ ᠲᠡᠷᠢᠭᠦᠨ ᠪᠠᠶ᠋ᠢᠷᠢᠨ᠎ᠳᠤ ᠲᠠᠯᠪᠢᠵᠤ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠵᠢ ᠦᠷᠭᠦᠯᠵᠢᠯᠡᠨ ᠴᠢᠩᠭ᠋ᠠᠳᠬᠠᠵᠤ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠨᠠᠭ᠋ᠠᠴᠢᠯᠠᠭ᠋ᠠᠲᠤ ᠡᠷᠬᠡ ᠵᠢ ᠪᠠᠲᠤ ᠡᠵᠡᠮᠳᠡᠵᠦ᠂ ᠥᠪᠡᠷ᠎ᠤᠨ ᠪᠤᠳᠠᠭ᠋ᠠᠨ ᠠᠶᠠᠭ᠎ᠠ᠎ᠪᠠᠨ ᠭᠠᠷ᠎ᠲᠤ᠎ᠪᠠᠨ ᠨᠡᠩ ᠯᠠᠪᠳᠠᠭᠤᠨ ᠪᠠᠲᠤ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃

ᠵᠠᠰᠠᠭ ᠵᠠᠬᠢᠷᠭ᠋ᠠᠨ᠎ᠤ ᠠᠷᠭ᠎ᠠ ᠪᠠᠷᠢᠯ᠎ᠳᠤ ᠲᠦᠰᠢᠭᠯᠡᠨ ᠭᠠᠵᠠᠷ ᠰᠢᠷᠣᠶ ᠵᠢ ᠠᠯᠪᠠ᠎ᠪᠠᠷ ᠰᠢᠯᠵᠢᠭᠦᠯᠵᠦ ᠡᠷᠭᠢᠯᠳᠦᠭᠦᠯᠬᠦ ᠠᠵᠢᠯᠯᠠᠭ᠎ᠠ ᠵᠢ ᠡᠷᠡᠰ ᠵᠠᠯᠠᠷᠠᠭᠤᠯᠤᠨ᠎ᠠ

ᠡᠷᠦᠭᠡ᠎ᠳᠤ ᠳᠠᠭ᠋ᠠᠭ᠋ᠠᠴᠢᠯᠠᠭᠤᠯᠤᠨ ᠡᠵᠡᠩᠨᠡᠭᠦᠯᠦᠭᠰᠡᠨ ᠰᠠᠭᠤᠷᠢᠨ ᠳᠡᠭᠡᠷ᠎ᠡ᠂ ᠳᠠᠭ᠋ᠠᠭ᠋ᠠᠴᠢᠯᠠᠭᠰᠠᠨ ᠭᠠᠵᠠᠷ᠎ᠤᠨ        《ᠭᠤᠷᠪᠠᠨ ᠡᠷᠬᠡ ᠵᠢ ᠰᠠᠯᠭ᠋ᠠᠬᠤ》᠎ᠪᠠᠷ ᠳᠠᠮᠵᠢᠭᠤᠯᠤᠨ᠂ ᠭᠠᠵᠠᠷ ᠰᠢᠷᠣᠶ ᠵᠢᠨ ᠡᠵᠡᠩᠨᠡᠯᠲᠡ ᠵᠢᠨ ᠡᠷᠬᠡ ᠵᠢ ᠡᠮᠬᠢ ᠵᠢᠷᠤᠮ᠎ᠲᠠᠢ᠎ᠪᠠᠷ ᠰᠢᠯᠵᠢᠭᠦᠯᠦᠨ ᠡᠷᠭᠢᠯᠳᠦᠭᠦᠯᠬᠦ ᠵᠢ ᠬᠥᠲᠥᠯᠥᠨ ᠵᠢᠯᠣᠭᠤᠳᠴᠤ᠂ ᠲᠠᠷᠢᠶᠠᠯᠠᠩ᠎ᠤᠨ ᠵᠣᠬᠢᠬᠤ ᠬᠡᠪᠴᠢᠶᠡᠲᠦ ᠡᠵᠡᠩᠨᠡᠯᠲᠡ ᠵᠢ ᠬᠥᠭᠵᠢᠭᠦᠯᠬᠦ ᠪᠣᠯ ᠤᠳᠤ ᠦᠶ᠎ᠡ ᠵᠢᠨ ᠲᠠᠷᠢᠶᠠᠯᠠᠩ᠎ᠢ ᠬᠥᠭᠵᠢᠭᠦᠯᠬᠦ ᠵᠢᠨ ᠵᠠᠶ᠋ᠢᠯᠠᠰᠢ ᠦᠭᠡᠢ ᠶᠠᠪᠤᠬᠤ ᠵᠠᠮ ᠮᠥᠨ᠂ ᠪᠠᠰᠠ ᠴᠤ᠌ ᠬᠥᠳᠡᠭᠡ ᠲᠣᠰᠬᠤᠨ᠎ᠤ ᠦᠨᠳᠦᠰᠦᠨ ᠡᠵᠡᠩᠨᠡᠯᠲᠡ ᠵᠢᠨ ᠲᠦᠷᠢᠮ᠎ᠢ ᠪᠠᠬᠢᠵᠢᠭᠦᠯᠦᠨ ᠲᠡᠭᠦᠯᠳᠡᠷᠵᠢᠭᠦᠯᠬᠦ ᠵᠢᠨ ᠴᠢᠬᠤᠯᠠ ᠲᠠᠯ᠎ᠠ ᠮᠥᠨ᠃ ᠣᠶ᠋ᠢᠷ᠎ᠠ ᠵᠢᠨ ᠵᠢᠯ᠎ᠤᠳ᠎ᠲᠤ᠂ ᠬᠥᠳᠡᠭᠡ ᠲᠣᠰᠬᠤᠨ᠎ᠤ ᠭᠠᠵᠠᠷ ᠰᠢᠷᠣᠶ ᠵᠢᠨ ᠳᠠᠭ᠋ᠠᠭ᠋ᠠᠴᠢᠯᠠᠯᠲᠠ ᠵᠢᠨ ᠬᠠᠷᠢᠴᠠᠭ᠎ᠠ ᠲᠣᠭᠲᠠᠭᠤᠨ ᠪᠠᠶ᠋ᠢᠵᠤ᠂ ᠳᠠᠭ᠋ᠠᠭ᠋ᠠᠴᠢᠯᠠᠯᠲᠠ ᠵᠢᠨ ᠭᠠᠵᠠᠷ᠎ᠤᠨ ᠡᠵᠡᠩᠨᠡᠯᠲᠡ ᠵᠢᠨ ᠡᠷᠬᠡ ᠵᠢ ᠰᠢᠯᠵᠢᠭᠦᠯᠦᠨ ᠡᠷᠭᠢᠯᠳᠦᠭᠦᠯᠵᠦ ᠪᠠᠶ᠋ᠢᠬᠤ᠎ᠨᠢ ᠶᠡᠷᠦᠩᠬᠡᠶ᠎ᠳᠤ᠎ᠪᠠᠨ ᠵᠢᠷᠤᠮᠵᠢᠭᠤᠨ ᠪᠥᠭᠡᠳ ᠡᠮᠬᠢ ᠳᠢᠭᠯᠢᠮ᠎ᠲᠠᠢ ᠪᠠᠶ᠋ᠢᠨ᠎ᠠ᠂ ᠭᠡᠪᠡᠴᠦ ᠵᠠᠷᠢᠮ ᠭᠠᠵᠠᠷ ᠣᠷᠣᠨ᠎ᠳᠤ ᠪᠠᠰᠠ ᠲᠦᠷᠢᠮ᠎ᠠᠴᠠ ᠵᠥᠷᠢᠴᠡᠨ ᠠᠵᠢᠯᠯᠠᠭᠤᠯᠤᠭᠰᠠᠨ ᠠᠰᠠᠭᠤᠳᠠᠯ᠎ᠤᠳ ᠭᠠᠷᠴᠠᠶ᠂ ᠪᠢᠴᠢᠭ ᠮᠠᠲ᠋ᠧᠷᠢᠶᠠᠯ᠎ᠳᠤ ᠡᠭᠦᠨ᠎ᠤ ᠲᠤᠬᠠᠶ ᠴᠢᠬᠤᠯᠠᠴᠢᠯᠠᠭᠰᠠᠨ ᠪᠠᠶ᠋ᠢᠨ᠎ᠠ᠃

ᠨᠢᠭᠡ᠎ᠳᠤ᠂ ᠭᠠᠵᠠᠷ ᠰᠢᠷᠣᠶ ᠵᠢ ᠰᠢᠯᠵᠢᠭᠦᠯᠦᠨ ᠡᠷᠭᠢᠯᠳᠦᠭᠦᠯᠬᠦ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠣᠨᠣᠴᠠᠲᠠᠢ ᠠᠳᠬᠤᠨ᠎ᠠ᠃ ᠲᠥᠪ ᠬᠤᠷᠢᠶᠠᠨ᠎ᠤ ᠱᠠᠭ᠋ᠠᠷᠳᠠᠯᠭ᠎ᠠ ᠮᠠᠰᠢ ᠲᠣᠳᠣᠷᠬᠠᠶ ᠪᠠᠶ᠋ᠢᠨ᠎ᠠ᠂ ᠳᠠᠭ᠋ᠠᠭ᠋ᠠᠴᠢᠯᠠᠭᠰᠠᠨ ᠭᠠᠵᠠᠷ᠎ᠤᠨ ᠡᠵᠡᠩᠨᠡᠯᠲᠡ ᠵᠢᠨ ᠡᠷᠬᠡ ᠵᠢ ᠰᠢᠯᠵᠢᠭᠦᠯᠦᠨ ᠡᠷᠭᠢᠯᠳᠦᠭᠦᠯᠬᠦ᠎ᠳᠤ ᠬᠠᠤᠯᠢ ᠶᠣᠰᠣᠭ᠋ᠠᠷ᠂ ᠰᠠᠨᠠᠭ᠋ᠠᠴᠢᠯᠠᠭ᠎ᠠ ᠵᠢᠨ᠂ ᠲᠥᠯᠥᠪᠦᠷᠢ᠎ᠲᠠᠢ ᠪᠠᠶ᠋ᠢᠬᠤ ᠵᠠᠷᠴᠢᠮ᠎ᠢ ᠵᠢᠷᠤᠮᠯᠠᠬᠤ ᠬᠡᠷᠡᠭᠲᠡᠶ᠂ ᠳᠠᠭ᠋ᠠᠭ᠋ᠠᠴᠢᠯᠠᠭᠰᠠᠨ ᠲᠠᠷᠢᠶᠠᠴᠢᠨ ᠡᠷᠤᠭᠡ ᠵᠢᠨ ᠰᠠᠨᠠᠭ᠎ᠠ᠎ᠠᠴᠠ ᠵᠥᠷᠢᠴᠡᠵᠦ ᠪᠣᠯᠬᠤ ᠦᠭᠡᠢ᠂ ᠲᠠᠷᠢᠶᠠᠴᠢᠳ᠎ᠤᠨ ᠡᠷᠬᠡ ᠠᠰᠢᠭ᠎ᠢ ᠬᠤᠬᠢᠷᠠᠭᠤᠯᠵᠤ ᠪᠣᠯᠬᠤ ᠦᠭᠡᠢ᠂ ᠭᠠᠵᠠᠷ ᠰᠢᠷᠣᠶ ᠵᠢᠨ ᠬᠡᠷᠡᠭᠯᠡᠯᠲᠡ ᠵᠢ ᠬᠤᠪᠢᠷᠠᠭᠤᠯᠵᠤ ᠪᠣᠯᠬᠤ ᠦᠭᠡᠢ᠂ ᠲᠠᠷᠢᠶᠠᠯᠠᠩ᠎ᠤᠨ ᠶᠡᠷᠦᠩᠬᠡᠶ᠋ᠢᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠪᠠ ᠲᠠᠷᠢᠶᠠᠯᠠᠩ᠎ᠤᠨ ᠠᠮᠢ ᠠᠬᠤᠶ ᠣᠷᠴᠢᠨ ᠠᠬᠤᠶ ᠵᠢ ᠡᠪᠳᠡᠵᠦ ᠪᠣᠯᠬᠤ ᠦᠭᠡᠢ᠃ ᠭᠠᠵᠠᠷ ᠰᠢᠷᠣᠶ ᠵᠢᠨ ᠡᠵᠡᠩᠨᠡᠯᠲᠡ ᠵᠢᠨ ᠡᠷᠬᠡ ᠵᠢ ᠰᠢᠯᠵᠢᠭᠦᠯᠦᠨ ᠡᠷᠭᠢᠯᠳᠦᠭᠦᠯᠬᠦ᠂ ᠲᠥᠪᠯᠡᠷᠡᠭᠦᠯᠬᠦ᠂ ᠬᠡᠪᠴᠢᠶᠡᠵᠢᠭᠦᠯᠦᠨ ᠡᠵᠡᠩᠨᠡᠬᠦ ᠬᠡᠮᠵᠢᠶ᠎ᠡ  ᠵᠢ ᠰᠠᠶ᠋ᠢᠲᠤᠷ ᠡᠵᠡᠮᠳᠡᠵᠦ᠂ ᠬᠤᠳᠠ ᠪᠠᠯᠭ᠋ᠠᠰᠤᠵᠢᠯᠳᠠ ᠵᠢᠨ ᠠᠬᠢᠴᠠ ᠪᠠ ᠬᠥᠳᠡᠭᠡ ᠲᠣᠰᠬᠤᠨ ᠎ᠤ ᠬᠥᠳᠡᠯᠮᠦᠷᠢ ᠬᠦᠴᠦᠨ᠎ᠤ ᠰᠢᠯᠵᠢᠯᠲᠡ ᠵᠢᠨ ᠬᠡᠪᠴᠢᠶ᠎ᠡ᠎ᠯᠦᠭᠡ ᠵᠣᠬᠢᠴᠠᠭᠤᠯᠵᠤ᠂ ᠲᠠᠷᠢᠶᠠᠯᠠᠩ ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠪᠰᠢᠯᠳᠠ ᠪᠠ ᠦᠢ᠍ᠯᠡᠳᠪᠦᠷᠢᠯᠡᠯ᠎ᠤᠨ ᠠᠷᠭ᠎ᠠ ᠪᠠᠷᠢᠯ᠎ᠤᠨ ᠰᠠᠶ᠋ᠢᠵᠢᠷᠠᠯᠲᠠ ᠵᠢᠨ ᠬᠡᠮᠵᠢᠶ᠎ᠡ᠎ᠯᠦᠭᠡ ᠵᠣᠬᠢᠴᠠᠭᠤᠯᠵᠤ᠂ ᠲᠠᠷᠢᠶᠠᠯᠠᠩ᠎ᠤᠨ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠬᠢᠷᠢ ᠲᠦᠪᠰᠢᠨ᠎ᠤ ᠳᠡᠭᠡᠭᠰᠢᠯᠡᠯᠲᠡ᠎ᠯᠦᠭᠡ ᠵᠣᠬᠢᠴᠠᠭᠤᠯᠬᠤ ᠬᠡᠷᠡᠭᠲᠡᠶ᠃

ᠬᠤᠶᠠᠷ᠎ᠲᠤ᠂ ᠭᠠᠵᠠᠷ ᠰᠢᠷᠣᠶ ᠵᠢ ᠰᠢᠯᠵᠢᠭᠦᠯᠦᠨ ᠡᠷᠭᠢᠯᠳᠦᠭᠦᠯᠬᠦ ᠵᠢᠨ ᠬᠠᠮᠢᠶᠠᠷᠤᠯᠲᠠ ᠦᠢ᠍ᠯᠡᠴᠢᠯᠡᠭᠡᠨ᠎ᠤ ᠲᠦᠷᠢᠮ᠎ᠢ ᠲᠡᠭᠦᠯᠳᠡᠷᠵᠢᠭᠦᠯᠦᠨ᠎ᠡ᠃ ᠭᠤᠣᠯᠳᠠᠯᠭ᠎ᠠ᠎ᠨᠢ ᠭᠠᠵᠠᠷ ᠰᠢᠷᠣᠶ ᠵᠢ ᠰᠢᠯᠵᠢᠭᠦᠯᠦᠨ ᠡᠷᠭᠢᠯᠳᠦᠭᠦᠯᠬᠦ᠎ᠢ ᠵᠢᠷᠤᠮᠵᠢᠭᠤᠯᠤᠨ ᠳᠦᠷᠢᠮᠵᠢᠭᠦᠯᠬᠦ ᠵᠢ ᠠᠬᠢᠭᠤᠯᠵᠤ᠂ ᠰᠢᠯᠵᠢᠭᠦᠯᠦᠨ ᠡᠷᠭᠢᠯᠳᠦᠭᠦᠯᠬᠦ ᠬᠤᠶᠠᠷ ᠲᠠᠯ᠎ᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠡᠷᠬᠡ ᠲᠡᠭᠰᠢ᠎ᠪᠠᠷ ᠬᠠᠮᠠᠭ᠋ᠠᠯᠠᠨ᠎ᠠ᠃ ᠡᠯ᠎ᠡ ᠭᠠᠵᠠᠷ᠎ᠤᠨ᠎ᠬᠢᠨ᠎ᠤ ᠰᠢᠯᠵᠢᠭᠦᠯᠦᠨ ᠡᠷᠭᠢᠯᠳᠦᠭᠦᠯᠬᠦ ᠦᠨ᠎ᠡ ᠵᠢᠨ ᠵᠢᠭ᠋ᠠᠯᠲᠠ ᠲᠤᠭ᠎ᠠ ᠵᠢ ᠨᠡᠶ᠋ᠢᠲᠡᠯᠡᠬᠦ᠂ ᠪᠣᠳᠠᠲᠤ ᠶᠠᠭᠤᠮ᠎ᠠ᠎ᠪᠠᠷ ᠲᠦᠷᠢᠶᠡᠰᠦ ᠪᠤᠳᠤᠬᠤ ᠵᠡᠷᠭᠡ ᠠᠷᠭ᠎ᠠ ᠮᠠᠶᠢᠭ ᠵᠶ᠋ᠠᠷ ᠰᠢᠯᠵᠢᠭᠦᠯᠦᠨ ᠡᠷᠭᠢᠯᠳᠦᠭᠦᠯᠬᠦ ᠵᠠᠷᠤᠳᠠᠯ᠎ᠢ ᠵᠦᠢ ᠵᠣᠬᠢᠰᠲᠠᠶ ᠬᠢᠷᠢ ᠲᠦᠪᠰᠢᠨ᠎ᠳᠤ ᠲᠣᠭᠲᠠᠪᠤᠷᠢᠵᠢᠭᠤᠯᠬᠤ ᠵᠢ ᠠᠬᠢᠭᠤᠯᠬᠤ ᠵᠢ ᠵᠣᠷᠢᠭᠵᠢᠭᠤᠯᠤᠨ᠎ᠠ᠂ ᠢᠩᠭᠢᠪᠡᠯ ᠰᠢᠯᠵᠢᠭᠦᠯᠦᠨ ᠡᠷᠭᠢᠯᠳᠦᠭᠦᠯᠬᠦ ᠵᠠᠷᠤᠳᠠᠯ ᠬᠡᠳᠦ ᠳᠣᠣᠷ᠎ᠠ ᠪᠣᠯᠣᠭᠰᠠᠨ᠎ᠠᠴᠠ ᠲᠠᠷᠢᠶᠠᠴᠢᠳ᠎ᠤᠨ ᠠᠰᠢᠭ ᠲᠤᠰᠠ ᠵᠢ ᠬᠤᠬᠢᠷᠠᠭᠤᠯᠬᠤ᠎ᠠᠴᠠ ᠵᠠᠶ᠋ᠢᠯᠠᠰᠬᠢᠵᠦ ᠪᠣᠯᠬᠤ ᠮᠥᠷᠲᠡᠭᠡᠨ ᠪᠠᠰᠠ ᠰᠢᠯᠵᠢᠭᠦᠯᠦᠨ ᠡᠷᠭᠢᠯᠳᠦᠭᠦᠯᠬᠦ ᠵᠠᠷᠤᠳᠠᠯ ᠬᠡᠳᠦ ᠥᠨᠳᠥᠷ ᠪᠣᠯᠣᠭᠰᠠᠨ᠎ᠠᠴᠠ ᠲᠠᠷᠢᠶᠠᠯᠠᠩ᠎ᠤᠨ ᠥᠷᠢᠰᠥᠯᠳᠦᠬᠦ ᠬᠦᠴᠦᠨ᠎ᠢ ᠨᠥᠯᠥᠭᠡᠯᠡᠬᠦ᠎ᠠᠴᠠ ᠰᠡᠷᠭᠡᠶ᠋ᠢᠯᠡᠵᠦ ᠴᠢᠳᠠᠨ᠎ᠠ᠃

ᠭᠤᠷᠪᠠ᠎ᠳᠤ᠂ ᠵᠠᠰᠠᠭ ᠵᠠᠬᠢᠷᠭ᠋ᠠᠨ᠎ᠤ ᠠᠷᠭ᠎ᠠ ᠪᠠᠷᠢᠯ᠎ᠳᠤ ᠲᠦᠰᠢᠭᠯᠡᠨ ᠭᠠᠵᠠᠷ ᠰᠢᠷᠣᠶ ᠵᠢ ᠠᠯᠪᠠᠳᠠᠯᠭ᠎ᠠ᠎ᠪᠠᠷ ᠰᠢᠯᠵᠢᠭᠦᠯᠦᠨ ᠡᠷᠭᠢᠯᠳᠦᠭᠦᠯᠬᠦ ᠠᠵᠢᠯᠯᠠᠭ᠎ᠠ ᠵᠢ ᠡᠷᠡᠰ ᠵᠠᠯᠠᠷᠠᠭᠤᠯᠤᠨ᠎ᠠ᠃ ᠳᠠᠭ᠋ᠠᠭ᠋ᠠᠴᠢᠯᠠᠯᠲᠠ ᠵᠢᠨ ᠭᠠᠵᠠᠷ᠎ᠢ ᠰᠢᠯᠵᠢᠭᠦᠯᠦᠨ ᠡᠷᠭᠢᠯᠳᠦᠭᠦᠯᠬᠦ᠎ᠳᠤ ᠣᠷᠣᠭᠤᠯᠬᠤ ᠡᠰᠡᠬᠦ᠂ ᠦᠨ᠎ᠡ ᠬᠠᠩᠰᠢ ᠵᠢ ᠬᠡᠷᠬᠢᠨ ᠲᠣᠭᠲᠠᠭ᠋ᠠᠬᠤ᠂ ᠬᠡᠯᠪᠡᠷᠢ ᠵᠢ ᠬᠡᠷᠬᠢᠨ ᠰᠣᠩᠭᠤᠬᠤ ᠵᠢ ᠲᠣᠭᠲᠠᠭ᠋ᠠᠬᠤ ᠡᠷᠬᠡ᠎ᠨᠢ ᠴᠥᠮ ᠲᠠᠷᠢᠶᠠᠴᠢᠨ ᠡᠷᠦᠬᠡ᠂ ᠲᠠᠷᠢᠶᠠᠴᠢᠳ᠎ᠤᠨ ᠬᠡᠯᠡᠭᠰᠡᠨ ᠵᠶ᠋ᠠᠷ ᠪᠣᠯᠭ᠋ᠠᠨ᠎ᠠ᠂ ᠭᠦᠢ᠍ᠴᠡᠳᠬᠡᠯ ᠲᠤᠭ᠎ᠠ ᠪᠠᠭᠤᠯᠭ᠋ᠠᠬᠤ᠂ ᠡᠭᠦᠷᠭᠡ ᠲᠣᠭᠲᠠᠭ᠋ᠠᠬᠤ ᠴᠢᠨᠠᠭᠰᠢᠯᠠᠪᠠᠯ ᠠᠯᠪᠠᠳᠠᠨ ᠵᠠᠷᠯᠢᠭᠳᠠᠵᠤ᠂ ᠲᠠᠷᠢᠶᠠᠴᠢᠳ᠎ᠢ ᠳᠠᠭ᠋ᠠᠭ᠋ᠠᠴᠢᠯᠠᠭᠰᠠᠨ ᠭᠠᠵᠠᠷ ᠰᠢᠷᠣᠶ᠎ᠠᠴᠠ᠎ᠨᠢ ᠠᠯᠪᠠᠳᠠᠯᠭ᠎ᠠ᠎ᠪᠠᠷ ᠰᠢᠬᠠᠨ ᠭᠠᠷᠭ᠋ᠠᠵᠤ ᠪᠣᠯᠬᠤ ᠦᠭᠡᠢ᠃ ᠵᠠᠷᠢᠮ ᠭᠠᠵᠠᠷ ᠣᠷᠣᠨ᠎ᠤ ᠭᠠᠵᠠᠷ ᠰᠢᠷᠣᠶ ᠵᠢ ᠰᠢᠯᠵᠢᠭᠦᠯᠦᠨ ᠡᠷᠭᠢᠯᠳᠦᠭᠦᠯᠬᠦ᠎ᠳᠤ ᠣᠷᠣᠭᠤᠯᠬᠤ᠎ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠡᠷᠢᠭᠦᠨ ᠨᠥᠬᠦᠴᠡᠯ ᠪᠣᠯᠭ᠋ᠠᠵᠤ᠂ ᠰᠢᠯᠵᠢᠭᠦᠯᠦᠨ ᠡᠷᠭᠢᠯᠳᠦᠭᠦᠯᠬᠦ᠎ᠳᠤ ᠣᠷᠣᠭᠤᠯᠬᠤ ᠲᠠᠯᠠᠪᠠᠶ᠂ ᠰᠢᠯᠵᠢᠭᠦᠯᠦᠨ ᠡᠷᠭᠢᠯᠳᠦᠭᠦᠯᠬᠦ ᠬᠠᠷᠢᠴᠠᠯ᠎ᠢ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠡᠰᠡᠬᠦᠯ᠎ᠡ ᠲᠥᠷᠥ ᠵᠢᠨ ᠪᠣᠳᠣᠯᠭ᠎ᠠ ᠵᠢᠨ ᠱᠠᠩᠨᠠᠯ᠎ᠳᠤ ᠣᠷᠣᠭᠤᠯᠵᠤ᠂ ᠭᠠᠵᠠᠷ ᠰᠢᠷᠣᠶ ᠵᠢ ᠰᠢᠯᠵᠢᠭᠦᠯᠦᠨ ᠡᠷᠭᠢᠯᠳᠦᠭᠦᠯᠬᠦ᠎ᠳᠤ ᠣᠷᠣᠭᠤᠯᠬᠤ ᠨᠣᠷᠮ᠎ᠠ ᠵᠢ ᠲᠥᠯᠥᠪᠵᠢᠭᠦᠯᠭᠡ ᠵᠢᠨ ᠭᠦᠢ᠍ᠴᠡᠳᠬᠡᠯ ᠲᠤᠭ᠎ᠠ ᠪᠤᠶᠤ ᠲᠥᠷᠥᠯ ᠵᠦᠢ᠍ᠯ᠎ᠢ ᠮᠡᠳᠡᠭᠦᠯᠬᠦ ᠨᠥᠬᠦᠴᠡᠯ ᠪᠣᠯᠭ᠋ᠠᠬᠤ ᠵᠡᠷᠭᠡ ᠵᠣᠬᠢᠰ ᠥᠬᠡᠶ ᠪᠠ ᠪᠤᠷᠤᠭᠤ ᠠᠷᠭ᠎ᠠ ᠬᠢᠳᠡᠯ᠎ᠢ ᠴᠠᠭ ᠲᠤᠬᠠᠶ᠎ᠳᠤ᠎ᠨᠢ ᠵᠠᠯᠠᠷᠠᠭᠤᠯᠬᠤ ᠬᠡᠷᠡᠭᠲᠡᠶ᠃

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号