10 ᠳ᠋ᠤᠭ᠋ᠠᠷ ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 2025 ᠣᠨ᠎ᠤ ᠭᠤᠷᠪᠠᠳᠤᠭ᠋ᠠᠷ ᠤᠯᠠᠷᠢᠯ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢᠨ ᠬᠤᠷᠠᠯ ᠬᠤᠷᠠᠯᠳᠤᠭᠤᠯᠵᠤ᠂ ᠲᠢᠩᠬᠢᠮ᠎ᠤᠨ ᠪᠠᠶ᠋ᠢᠭᠤᠯᠭ᠎ᠠ ᠵᠢᠨ ᠡᠯ᠎ᠡ ᠭᠠᠵᠠᠷ ᠲᠠᠰᠤᠭ ᠪᠠ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠭᠤᠤᠯᠳᠠᠯᠭ᠎ᠠ᠎ᠲᠠᠢ ᠠᠵᠢᠯ ᠠᠬᠢᠭᠤᠯᠤᠭᠰᠠᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠠᠯᠬᠤᠮ᠎ᠤᠨ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠳ᠋ᠦ᠋ ᠬᠤᠢ ᠯᠢᠶᠠᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠳ ᠠᠬᠤᠢ ᠲᠠᠯᠠᠪᠠᠶ᠎ᠳᠤ ᠃
ᠬᠤᠷᠠᠯ᠎ᠠᠴᠠ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠠᠶ᠋ᠢᠲᠤᠷ ᠰᠤᠷᠤᠯᠴᠠᠵᠤ᠂ ᠰᠠᠶ᠋ᠢᠲᠤᠷ ᠤᠬᠠᠭᠤᠯᠵᠤ᠂ ᠰᠠᠶ᠋ᠢᠲᠤᠷ ᠲᠤᠭᠤᠰᠢᠯᠠᠭᠤᠯᠬᠤ ᠵᠢ ᠣᠳᠣᠬᠠᠨ᠎ᠤ ᠪᠠ ᠬᠤᠶ᠋ᠢᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠶᠡᠭᠡ ᠤᠯᠤᠰ ᠲᠦᠷᠦ ᠵᠢᠨ ᠡᠭᠦᠷᠭᠡ ᠪᠣᠯᠭ᠋ᠠᠵᠤ᠂ ᠴᠢᠬᠤᠯᠠ ᠪᠠᠶ᠋ᠢᠷᠢᠨ᠎ᠳᠤ ᠲᠠᠯᠪᠢᠨ ᠴᠢᠩᠭ᠎ᠠ ᠰᠠᠶ᠋ᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠰᠠᠶ᠋ᠢᠲᠤᠷ ᠬᠢᠵᠦ᠂ 《ᠬᠤᠶᠠᠷ ᠬᠠᠯᠬᠠᠪᠴᠢ》᠂ 《ᠬᠤᠶᠠᠷ ᠰᠠᠭᠤᠷᠢᠨ》᠂ 《ᠨᠢᠭᠡ ᠪᠠᠬᠢᠯᠡᠯᠲᠡ》 ᠵᠢ ᠪᠦᠳᠦᠭᠡᠨ ᠪᠠᠶ᠋ᠢᠭᠤᠯᠬᠤ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠰᠤᠷᠭ᠋ᠠᠨ ᠬᠥᠮᠦᠵᠢᠯ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ᠂ ᠰᠤᠷᠭ᠋ᠠᠨ ᠬᠥᠮᠦᠵᠢᠯ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠴᠠᠭ ᠦᠶ᠎ᠡ ᠵᠢᠨ ᠰᠡᠳᠦᠪ᠎ᠢ ᠰᠠᠶ᠋ᠢᠲᠤᠷ ᠬᠠᠷᠢᠭᠤᠯᠬᠤ ᠬᠡᠷᠡᠭᠲᠡᠢ᠃ ᠭᠤᠤᠯᠳᠠᠯᠭ᠎ᠠ᠎ᠲᠠᠢ ᠠᠵᠢᠯ᠎ᠤᠨ ᠡᠭᠦᠷᠭᠡ ᠵᠢ ᠡᠷᠡᠰ ᠰᠠᠶ᠋ᠢᠲᠤᠷ ᠪᠡᠶᠡᠯᠡᠭᠦᠯᠵᠦ᠂ 《ᠠᠷᠪᠠᠨ ᠲᠠᠪᠤᠨ ᠵᠢᠯ》᠎ᠤᠨ ᠠᠵᠢᠯ᠎ᠤᠨ ᠦᠷ᠎ᠡ ᠪᠦᠲᠦᠮᠵᠢ ᠪᠠ ᠠᠵᠢᠯ᠎ᠤᠨ ᠬᠢᠯᠠᠰ ᠴᠡᠭ᠎ᠢ ᠪᠥᠬᠦ ᠲᠠᠯ᠎ᠠ᠎ᠪᠠᠷ ᠡᠮᠬᠢᠯᠡᠨ ᠳ᠋ᠦᠩᠨᠡᠵᠦ᠂ ᠲᠣᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ᠂ ᠲᠤᠰᠬᠠᠶ ᠴᠡᠭᠴᠡᠯᠡᠨ ᠵᠠᠰᠠᠬᠤ᠂ ᠪᠠᠶ᠋ᠢᠴᠠᠭ᠋ᠠᠵᠤ ᠬᠢᠨᠠᠨ ᠰᠢᠯᠭ᠋ᠠᠬᠤ ᠵᠡᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠯ᠎ᠡ ᠵᠦᠢ᠍ᠯ᠎ᠤᠨ ᠠᠵᠢᠯ ᠪᠣᠳᠠᠲᠠᠶ ᠪᠥᠭᠡᠳ ᠨᠠᠷᠢᠯᠢᠭ ᠬᠢᠬᠦ ᠬᠡᠷᠡᠭᠲᠡᠶ᠃ ᠰᠤᠷᠭ᠋ᠠᠨ ᠬᠥᠮᠦᠵᠢᠯ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠥᠭᠡᠷᠡᠴᠢᠯᠡᠯᠲᠡ ᠵᠢᠨ ᠲᠤᠷᠰᠢᠯᠲᠠ ᠵᠢᠨ ᠡᠭᠦᠷᠭᠡ ᠵᠢ ᠪᠣᠳᠠᠲᠠᠶ ᠪᠥᠭᠡᠳ ᠨᠠᠷᠢᠯᠢᠭ ᠠᠳᠬᠤᠵᠤ᠂ ᠲᠤᠷᠰᠢᠯᠲᠠ ᠵᠢᠨ ᠦᠷ᠎ᠡ ᠪᠦᠲᠦᠮᠵᠢ᠎ᠪᠠᠷ ᠰᠤᠷᠭ᠋ᠠᠨ ᠬᠥᠮᠦᠵᠢᠯ᠎ᠤᠨ ᠬᠥᠭᠵᠢᠯᠲᠡ ᠵᠢ ᠠᠬᠢᠭᠤᠯᠬᠤ ᠬᠡᠷᠡᠭᠲᠡᠶ᠃ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠦᠷᠭᠦᠯᠵᠢᠯᠡᠨ ᠪᠠᠬᠢᠵᠢᠭᠦᠯᠵᠦ᠂ ᠠᠷᠭ᠎ᠠ ᠬᠡᠮᠵᠢᠶ᠎ᠡ ᠠᠪᠴᠤ ᠠᠶᠤᠯ ᠲᠦᠭᠰᠢᠭᠦᠷᠢ ᠬᠡᠮ᠎ᠢ ᠴᠢᠩᠭ᠎ᠠ ᠰᠡᠷᠭᠡᠶ᠋ᠢᠯᠡᠵᠦ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠠᠮᠤᠷ ᠲᠦᠪᠰᠢᠨ ᠲᠣᠭᠲᠠᠭᠤᠨ᠎ᠢ ᠦᠨᠡᠨ ᠬᠦ᠌ ᠪᠠᠲᠤᠯᠠᠬᠤ ᠬᠡᠷᠡᠭᠲᠡᠶ᠃ ᠡᠷᠡᠰ ᠭᠤᠶ᠋ᠢᠪᠢᠰᠢ ᠦᠭᠡᠢ ᠨᠠᠮ᠎ᠢ ᠴᠢᠩᠭ᠎ᠠ ᠵᠠᠰᠠᠵᠤ᠂ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠋ᠠᠨ᠎ᠤ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠡᠷᠡᠭ ᠵᠶ᠋ᠠᠷ ᠥᠭᠡᠷᠡᠴᠢᠯᠡᠯᠲᠡ ᠵᠢ ᠠᠬᠢᠭᠤᠯᠬᠤ ᠵᠢ ᠴᠢᠩᠭ᠋ᠠᠳᠬᠠᠵᠤ᠂ ᠳᠡᠷᠭᠡᠳᠡᠬᠢ ᠶᠠᠪᠤᠳᠠᠯ ᠳᠡᠷᠭᠡᠳᠡᠬᠢ ᠬᠥᠮᠦᠨ ᠵᠶ᠋ᠠᠷ ᠂ ᠪᠢᠰᠢᠷᠡᠨ ᠵᠢᠷᠦᠬᠡᠰᠢᠶᠡᠬᠦ ᠵᠢ ᠮᠡᠳᠡᠬᠦ᠂ ᠰᠡᠷᠡᠮᠵᠢᠯᠡᠬᠦ᠂ ᠬᠤᠷᠢᠭ᠎ᠠ ᠱᠤᠭᠤᠮ᠎ᠢ ᠰᠠᠬᠢᠬᠤ ᠵᠢ ᠪᠡᠶᠡᠯᠡᠭᠦᠯᠵᠦ᠂ ᠰᠤᠷᠲᠠᠯ ᠴᠢᠬᠡᠴᠢ ᠣᠪᠣᠷ ᠲᠥᠪ ᠰᠠᠶ᠋ᠢᠨ ᠰᠠᠶ᠋ᠢᠬᠠᠨ ᠤᠯᠤᠰ ᠲᠦᠷᠦ ᠵᠢᠨ ᠠᠮᠢ ᠠᠬᠤᠢ᠎ᠪᠠᠷ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠬᠥᠭᠵᠢᠯᠲᠡ ᠵᠢ ᠬᠠᠮᠠᠭ᠋ᠠᠯᠠᠬᠤ ᠬᠡᠷᠡᠭᠲᠡᠢ ᠃
ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠬᠦᠨ᠂ ᠨᠢᠭᠡᠳᠦᠭᠡᠷ ᠬᠤᠶᠠᠳᠤᠭ᠋ᠠᠷ ᠳᠡᠰ᠎ᠤᠨ ᠲᠣᠭᠤᠷᠢᠨ ᠪᠠᠶ᠋ᠢᠴᠠᠭ᠋ᠠᠭᠴᠢ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠂ ᠲᠢᠩᠬᠢᠮ᠎ᠤᠨ ᠪᠠᠶ᠋ᠢᠭᠤᠯᠭ᠎ᠠ ᠵᠢᠨ ᠡᠯ᠎ᠡ ᠭᠠᠵᠠᠷ ᠲᠠᠰᠤᠭ ᠵᠢᠴᠢ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃