ᠸᠠᠩ ᠸᠧᠶ ᠵᠥᠩ ᠬᠤᠷᠠᠯ᠎ᠢ ᠡᠷᠭᠢᠯᠡᠵᠡᠢ
11 ᠰᠠᠷ᠎ᠠ᠎ᠶ᠋ᠢᠨ 7 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠬᠦᠳᠡ ᠬᠤᠷᠠᠯ᠎ᠢ ᠬᠤᠷᠠᠯᠳᠤᠭᠤᠯᠬᠤ᠎ᠪᠠᠷ ᠲᠣᠭ᠍ᠲᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠪᠡ᠃
ᠬᠤᠷᠠᠯ ᠡᠴᠡ᠂ ᠶᠡᠷᠦᠩᠬᠡᠢ ᠱᠦᠵᠢ ᠰᠢ᠎ᠵᠢᠨ᠎ᠫᠢᠩ᠎ᠦᠨ ᠨᠠᠮ᠎ᠤᠨ ᠭᠠᠳᠠᠨᠠᠬᠢ ᠬᠥᠮᠦᠰ᠎ᠦᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠤᠶᠠᠯᠳᠤᠭᠤᠯᠤᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠦᠨ ᠬᠤᠭᠤᠴᠠᠭᠠᠨ᠎ᠤ ᠮᠠᠨ᠎ᠤ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠰᠠᠢᠲᠤᠷ ᠲᠥᠯᠥᠪᠵᠢᠭᠦᠯᠵᠦ᠍᠂ ᠮᠠᠨ᠎ᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠪᠠ ᠥᠭᠡᠷᠡᠴᠢᠯᠡᠯᠲᠡ ᠬᠥᠭ᠌ᠵᠢᠯᠲᠡ᠎ᠶ᠋ᠢᠨ ᠳᠤᠮᠳᠠᠬᠢ ᠱᠢᠨ᠎ᠡ ᠪᠠᠢᠳᠠᠯ ᠱᠢᠨ᠎ᠡ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠭᠦᠨᠵᠡᠭᠡᠢ ᠪᠠᠢᠴᠠᠭᠠᠨ ᠰᠤᠳᠤᠯᠵᠦ᠍᠂ ᠢᠳᠡᠪᠬᠢᠲᠡᠢ ᠠᠷᠭ᠎ᠠ ᠤᠬᠠᠭᠠᠨ ᠭᠠᠷᠭᠠᠨ᠂ ᠥᠪᠥᠷ ᠮᠣᠩᠭᠣᠯ᠎ᠤᠨ ᠶᠠᠪᠤᠳᠠᠯ᠎ᠢ ᠨᠡᠩ ᠰᠠᠢᠲᠤᠷ ᠬᠢᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ ᠡᠴᠡ᠂ ᠶᠡᠷᠦᠩᠬᠡᠶ ᠱᠦᠵᠢ ᠰᠢ᠎ᠵᠢᠨ᠎ᠫᠢᠩ᠎ᠦᠨ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠪᠥᠲᠥᠭᠡᠨ ᠪᠠᠢᠭᠤᠯᠤᠯᠲᠠ᠎ᠶ᠋ᠢᠨ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠭᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠣᠢᠯᠠᠭᠠᠵᠤ᠂ ᠨᠠᠩ ᠥᠷᠭᠡᠨ ᠬᠠᠷᠠᠭ᠎ᠠ᠂ ᠨᠠᠩ ᠢᠳᠡᠪᠬᠢᠲᠡᠶ ᠰᠠᠨᠠᠭᠠᠴᠢᠯᠠᠭᠠᠳᠤ ᠣᠪᠣᠷ ᠪᠠᠢᠳᠠᠯ᠎ᠢᠶᠠᠷ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠵᠦ᠍᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠡᠷᠴᠢᠮ᠎ᠢᠶᠡᠨ ᠴᠢᠩᠭᠠᠷᠠᠭᠤᠯᠵᠤ᠂ ᠥᠨᠳᠥᠷ ᠲᠦᠪᠱᠢᠨ ᠪᠥᠬᠥᠶ ᠨᠡᠭᠡᠭᠡᠯᠲᠡ᠎ᠪᠡᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠴᠢᠷᠮᠠᠢᠬᠤ ᠬᠡᠷᠡᠭ᠌ᠲᠡᠶ᠃ ᠪᠡᠭᠡᠵᠢᠩ ᠲᠢᠶᠠᠨᠵᠢᠨ ᠾᠸᠪᠸᠢ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ ᠪᠣᠯᠤᠨ ᠵᠡᠭᠦᠨ ᠬᠤᠢᠲᠤ ᠵᠢᠨ ᠭᠤᠷᠪᠠᠨ ᠮᠤᠵᠢ ᠵᠡᠷᠭᠡ ᠭᠠᠵᠠᠷ ᠣᠷᠣᠨ᠎ᠯᠤᠭ᠎ᠠ᠎ᠶ᠋ᠢᠨ ᠨᠡᠬᠡᠬᠡᠯᠳᠡ ᠬᠢᠵᠤ ᠬᠠᠮᠲᠤᠷᠠᠯᠴᠠᠬᠤ᠎ᠪᠠᠨ ᠤᠯᠠᠮ ᠨᠢᠭᠡ ᠠᠯᠬᠤᠮ ᠴᠢᠩᠭᠠᠳᠭᠠᠵᠤ᠂ ᠭᠠᠳᠠᠭᠠᠳᠤ᠎ᠶ᠋ᠢᠨ ᠵᠠᠬ᠎ᠠ ᠳᠡᠯᠭᠡᠭᠦᠷ᠎ᠢ ᠲᠦᠷᠭᠡᠨ ᠨᠡᠭᠡᠭᠡᠵᠦ᠍᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ᠎ᠶ᠋ᠢ ᠢᠳᠡᠪᠬᠢᠲᠡᠢ ᠲᠣᠭ᠍ᠲᠠᠪᠤᠷᠢᠵᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ᠎ᠳᠤ ᠨᠡᠩ ᠰᠠᠢ᠌ᠳᠤᠷ ᠠᠭᠤᠰᠤᠯᠴᠠᠬᠤ ᠬᠡᠷᠡᠭ᠌ᠲᠡᠢ᠃ ᠵᠢᠷᠤᠮᠵᠢᠭᠤᠯᠬᠤ ᠪᠠ ᠵᠢᠭᠠᠨ ᠵᠢᠯᠣᠭᠣᠳᠭᠤ᠎ᠪᠠᠨ ᠴᠢᠩᠭᠠᠳᠭᠠᠵᠤ᠂ ᠲᠡᠷᠢᠭᠦᠨ᠎ᠦ ᠭᠠᠵᠠᠷ ᠣᠷᠣᠨ᠎ᠤ ᠲᠣᠭ᠍ᠲᠠᠴᠠ ᠪᠣᠯᠤᠨ ᠲᠤᠷᠱᠢᠯᠭ᠎ᠠ᠎ᠶ᠋ᠢ ᠰᠤᠷᠤᠯᠴᠠᠨ ᠲᠣᠯᠢ ᠪᠣᠯᠭᠠᠵᠤ᠂ ᠮᠠᠨ᠎ᠤ ᠣᠷᠣᠨ᠎ᠤ ᠭᠠᠳᠠᠭᠠᠳᠤ ᠨᠡᠭᠡᠭᠡᠯᠲᠡ᠎ᠶ᠋ᠢᠨ ᠲᠠᠪᠴᠠᠩ᠎ᠤᠨ ᠴᠢᠳᠠᠪᠤᠷᠢ ᠳᠡᠰ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃
ᠬᠤᠷᠠᠯ᠎ᠡᠴᠡ᠂ ᠶᠡᠷᠦᠩᠬᠡᠢ ᠱᠦᠵᠢ ᠰᠢ᠎ᠵᠢᠨ᠎ᠫᠢᠩ᠎ᠦᠨ 《ᠵᠠᠭᠤᠨ ᠵᠢᠯ᠎ᠤᠨ ᠰᠠᠬᠢᠨ ᠬᠠᠮᠠᠭᠠᠯᠠᠯᠲᠠ — ᠪᠣᠷᠣ᠌ ᠬᠤᠳᠠ᠎ᠡᠴᠡ ᠬᠠᠭᠠᠨ᠎ᠤ ᠣᠷᠳᠣᠨ᠎ᠤ ᠮᠦᠽᠧᠢ᠎ᠳᠦ ᠬᠦᠷᠲᠡᠯ᠎ᠡ》 ᠦᠵᠡᠰᠬᠦᠯᠡᠩ᠎ᠢ ᠲᠣᠭᠣᠷᠢᠨ ᠦᠵᠡᠬᠦ ᠦᠶ᠎ᠡ᠎ᠶᠢᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠮᠠᠨ᠎ᠤ ᠣᠷᠣᠨ᠎ᠤ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠬᠤ ᠠᠵᠢᠯ᠎ᠢ ᠰᠠᠢᠲᠤᠷ ᠬᠢᠬᠦ ᠬᠡᠷᠡᠭᠲᠡᠢ᠃ ᠲᠡᠦᠬᠡ᠎ᠶᠢᠨ ᠳᠤᠷᠠᠰᠬᠠᠯᠲᠤ ᠵᠦᠢᠯᠡᠰ᠎ᠢ ᠬᠠᠮᠠᠭᠠᠯᠠᠬᠤ ᠬᠠᠤᠯᠢ ᠲᠣᠭᠲᠠᠭᠠᠯ᠎ᠢ ᠴᠢᠩᠭ᠎ᠠ ᠨᠠᠢᠳᠠᠪᠤᠷᠢᠵᠢᠭᠤᠯᠵᠤ᠂ ᠲᠡᠦᠬᠡ᠎ᠶᠢᠨ ᠳᠤᠷᠠᠰᠬᠠᠯᠲᠤ ᠵᠦᠢᠯᠡᠰ᠎ᠢ ᠬᠠᠮᠠᠭᠠᠯᠠᠬᠤ ᠴᠢᠳᠠᠪᠤᠷᠢ ᠪᠠ ᠲᠦᠪᠰᠢᠨ᠎ᠢᠶᠡᠨ ᠳᠡᠭᠡᠭᠰᠢᠯᠡᠭᠦᠯᠵᠦ᠂ ᠬᠣᠪᠣᠷ ᠨᠠᠨᠳᠢᠨ ᠰᠣᠶᠣᠯ᠎ᠤᠨ ᠥᠪ᠎ᠢ ᠨᠠᠷᠢᠨ ᠬᠢᠨᠠᠮᠠᠭᠠᠢ ᠰᠠᠬᠢᠨ ᠬᠠᠮᠠᠭᠠᠯᠠᠬᠤ ᠬᠡᠷᠡᠭᠲᠡᠢ᠃ ᠮᠠᠨ᠎ᠤ ᠣᠷᠣᠨ᠎ᠤ ᠡᠯᠪᠡᠭ ᠪᠠᠶᠠᠯᠢᠭ᠋ ᠰᠣᠶᠣᠯ᠎ᠤᠨ ᠡᠬᠢ ᠪᠠᠶᠠᠯᠢᠭ᠋᠎ᠲᠤ ᠰᠠᠭᠤᠷᠢᠯᠠᠵᠤ᠂ ᠲᠠᠷᠢᠶᠠᠯᠠᠩ᠂ ᠮᠠᠯ ᠠᠵᠤ ᠠᠬᠤᠢ᠂ ᠰᠣᠶᠣᠯ᠂ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ ᠬᠥᠭᠵᠢᠬᠦ᠎ᠶᠢ ᠠᠬᠢᠭᠤᠯᠬᠤ ᠬᠡᠷᠡᠭᠲᠡᠢ᠃ ᠮᠦᠽᠧᠢ᠎ᠶᠢᠨ ᠳᠡᠯᠭᠡᠨ ᠦᠵᠡᠭᠦᠯᠬᠦ ᠲᠦᠪᠰᠢᠨ ᠪᠣᠯᠣᠨ ᠰᠤᠷᠭᠠᠨ ᠬᠥᠮᠦᠵᠢᠬᠦᠯᠬᠦ ᠦᠢᠯᠡᠳᠦᠯ ᠴᠢᠳᠠᠮᠵᠢ᠎ᠶᠢ ᠳᠡᠭᠡᠭᠰᠢᠯᠡᠭᠦᠯᠵᠦ᠂ ᠲᠡᠦᠬᠡ᠎ᠶᠢᠨ ᠳᠤᠷᠠᠰᠬᠠᠯᠲᠤ ᠵᠦᠢᠯᠡᠰ᠎ᠢ ᠠᠮᠢᠳᠤᠯᠢᠭ᠍ᠵᠢᠭᠤᠯᠤᠨ ᠠᠰᠢᠭ᠍ᠯᠠᠬᠤ ᠠᠵᠢᠯ᠎ᠢ ᠦᠨᠡᠨ ᠬᠦ᠌ ᠰᠠᠢᠲᠤᠷ ᠬᠢᠬᠦ ᠬᠡᠷᠡᠭᠲᠡᠢ᠃ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠂ ᠨᠡᠢᠭᠡᠮ᠎ᠦᠨ ᠬᠥᠭᠵᠢᠯᠲᠡ ᠪᠠ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠮᠠᠭᠠᠯᠠᠯᠲᠠ᠎ᠶᠢᠨ ᠬᠠᠷᠢᠴᠠᠭ᠎ᠠ᠎ᠶᠢ ᠵᠥᠪ᠎ᠢᠶᠡᠷ ᠰᠢᠢᠳᠪᠦᠷᠢᠯᠡᠵᠦ᠂ ᠬᠠᠮᠠᠭᠠᠯᠠᠬᠤ᠎ᠶᠢᠨ ᠳᠠᠭᠠᠤ ᠬᠥᠭᠵᠢᠭᠦᠯᠵᠦ᠂ ᠬᠥᠭᠵᠢᠭᠦᠯᠬᠦ᠎ᠶᠢᠨ ᠳᠠᠭᠠᠤ ᠬᠠᠮᠠᠭᠠᠯᠠᠬᠤ᠎ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ ᠲᠥᠪ᠎ᠦᠨ ᠳᠠᠪᠬᠤᠷᠭ᠎ᠠ᠎ᠶᠢᠨ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ ᠲᠤᠰᠬᠠᠢ ᠠᠵᠢᠯ᠎ᠤᠨ ᠲᠣᠭᠲᠡᠴᠡ᠎ᠶᠢᠨ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠮᠠᠨ᠎ᠤ ᠣᠷᠣᠨ᠎ᠤ ᠬᠣᠯᠪᠣᠭᠳᠠᠯ ᠪᠦᠬᠦᠢ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠨᠠᠮ᠎ᠤᠨ ᠰᠤᠷᠲᠠᠯ᠎ᠤᠨ ᠪᠠᠢᠭᠤᠯᠤᠯᠲᠠ᠎ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠦᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ 《ᠵᠢᠷᠭᠤᠭ᠎ᠠ᠎ᠶᠢ ᠵᠠᠯᠠᠷᠠᠭᠤᠯᠤᠨ ᠵᠠᠰᠠᠬᠤ》 ᠭᠣᠣᠯᠳᠠᠯᠭ᠎ᠠ᠎ᠲᠠᠢ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠨᠢᠭᠡ᠎ᠡᠴᠡ ᠨᠥᠭᠥᠭᠡ᠎ᠶᠢ ᠵᠦᠢᠴᠢᠯᠡᠨ ᠮᠡᠳᠡᠵᠦ᠂ ᠵᠢᠭ᠍ᠰᠠᠭᠠᠨ ᠪᠠᠢᠴᠠᠭᠠᠬᠤ ᠪᠠ ᠴᠡᠭᠴᠡᠯᠡᠨ ᠰᠠᠢᠵᠢᠷᠠᠭᠤᠯᠬᠤ ᠠᠵᠢᠯ᠎ᠢ ᠭᠦᠨᠵᠡᠭᠡᠢ ᠨᠠᠷᠢᠯᠢᠭ᠋ ᠰᠠᠢᠲᠤᠷ ᠬᠢᠵᠦ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ ᠠᠵᠢᠯ᠎ᠤᠨ ᠨᠠᠩ ᠶᠡᠬᠡ ᠦᠷ᠎ᠡ ᠪᠦᠲᠦᠭᠡᠯ ᠣᠯᠬᠤ᠎ᠶᠢ ᠠᠬᠢᠭᠤᠯᠬᠤ ᠬᠡᠷᠡᠭᠲᠡᠢ᠃ ᠵᠠᠰᠠᠭ᠎ᠤᠨ ᠠᠵᠢᠯ᠎ᠤᠨ ᠠᠮᠵᠢᠯᠲᠠ ᠪᠦᠲᠦᠮᠵᠢ᠎ᠶᠢᠨ ᠲᠤᠬᠠᠢ ᠦᠵᠡᠯᠲᠡ᠎ᠶᠢᠨ ᠬᠥᠮᠦᠵᠢᠯ᠎ᠢ ᠦᠷᠭᠦᠯᠵᠢᠯᠡᠨ ᠪᠣᠳᠠᠲᠠᠢ ᠠᠳᠬᠤᠵᠤ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ᠎ᠢ ᠬᠥᠲᠥᠯᠥᠨ ᠵᠢᠯᠤᠭᠣᠳᠴᠤ ᠪᠣᠳᠠᠲᠠᠢ ᠠᠵᠢᠯᠯᠠᠬᠤ᠎ᠶᠢ ᠴᠢᠬᠤᠯᠠᠴᠢᠯᠠᠨ᠂ ᠪᠣᠳᠠᠲᠠᠢ ᠠᠵᠢᠯ ᠬᠢᠵᠦ᠂ ᠪᠣᠳᠠᠲᠤ ᠦᠷ᠎ᠡ ᠪᠦᠲᠦᠮᠵᠢ᠎ᠶᠢ ᠡᠷᠬᠢᠮᠯᠡᠨ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠬᠦ ᠰᠤᠷᠲᠠᠯ᠎ᠢ ᠠᠵᠢᠯ ᠬᠢᠵᠦ ᠦᠢᠯᠡᠰ ᠪᠣᠰᠬᠠᠬᠤ ᠪᠥᠬᠥ ᠶᠠᠪᠤᠴᠠ᠎ᠳᠤ ᠨᠠᠢᠳᠠᠪᠤᠷᠢᠵᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠪᠠᠲᠤ ᠴᠢᠩᠭ᠎ᠠ ᠰᠤᠷᠲᠠᠯ᠎ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠬᠦᠳᠡ ᠬᠤᠷᠠᠯ᠎ᠢ 11 ᠰᠠᠷ᠎ᠠ᠎ᠶᠢᠨ 13 ᠡᠴᠡ 14 ᠤ᠋ ᠡᠳᠦᠷ ᠪᠣᠯᠲᠠᠯ᠎ᠠ ᠬᠥᠬᠡᠡᠡᠣᠲᠠ᠎ᠳᠤ ᠬᠤᠷᠠᠯᠳᠤᠭᠤᠯᠬᠤ᠎ᠪᠠᠷ ᠲᠣᠭᠲᠠᠪᠠ᠂ ᠭᠣᠣᠯ ᠡᠭᠦᠷᠭᠡ ᠨᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠪᠠᠢᠩᠭᠤ᠎ᠶᠢᠨ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ᠎ᠶᠢ ᠰᠣᠨᠣᠰᠴᠤ᠂ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠰᠠᠨᠠᠭᠤᠯᠭ᠎ᠠ》᠎ᠶᠢᠨ ᠨᠣᠣᠷᠠᠭ᠎ᠢ ᠬᠢᠨᠠᠨ ᠵᠥᠪᠯᠡᠨ᠎ᠡ᠃
ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃