11 ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ᠎ᠵᠢᠨ᠎ᠫᠢᠩ᠎ᠤᠨ ᠭᠤᠸᠠᠩᠳᠦ᠋ᠩ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠳ᠋ᠦ᠋ ᠬᠤᠢ ᠯᠢᠶᠠᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
ᠬᠤᠷᠠᠯ᠎ᠠᠴᠠ᠂ ᠪᠦᠬᠦ ᠨᠠᠮ ᠪᠦᠬᠦ ᠤᠯᠤᠰ ᠵᠶ᠋ᠠᠷ ᠵᠶ᠋ᠠᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ 《ᠠᠷᠪᠠᠨ ᠲᠠᠪᠤᠨ ᠵᠢᠯ》᠎ᠤᠨ ᠲᠥᠯᠥᠪᠵᠢᠭᠦᠯᠭᠡ ᠵᠢ ᠂ 《ᠠᠷᠪᠠᠨ ᠲᠠᠪᠤᠳᠤᠭ᠋ᠠᠷ ᠲᠠᠪᠤᠨ ᠵᠢᠯ》 ᠴᠢᠬᠤᠯᠠ ᠴᠠᠭ ᠮᠥᠴᠡ᠎ᠳᠤ᠂ ᠶᠡᠷᠦᠩᠬᠡᠢ ᠱᠦᠵᠢ ᠰᠢ᠎ᠵᠢᠨ᠎ᠫᠢᠩ ᠭᠤᠸᠠᠩᠳᠦ᠋ᠩ᠎ᠳᠤ ᠭᠦᠨᠵᠡᠭᠡᠶ᠋ᠢᠷᠡᠨ ᠪᠠᠶ᠋ᠢᠴᠠᠭ᠋ᠠᠵᠤ᠂ ᠠᠯᠢ ᠣᠯᠠᠨ ᠴᠢᠬᠤᠯᠠ ᠶᠠᠷᠢᠶ᠎ᠠ ᠂ ᠠᠯᠢ ᠣᠯᠠᠨ ᠴᠢᠬᠤᠯᠠ ᠵᠢᠭ᠋ᠠᠪᠤᠷᠢ ᠨᠢ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ᠎ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ᠎ᠲᠠᠢ ᠶᠤᠮ᠃ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠣᠳᠣᠬᠠᠨ᠎ᠤ ᠪᠠ ᠬᠤᠶ᠋ᠢᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠶᠡᠭᠡ ᠤᠯᠤᠰ ᠲᠥᠷᠥ ᠵᠢᠨ ᠡᠭᠦᠷᠭᠡ ᠂ ᠪᠦᠬᠦᠨ᠎ᠢ ᠬᠠᠮᠤᠷᠤᠭᠰᠠᠨ ᠤᠬᠠᠭᠤᠯᠤᠨ ᠵᠢ ᠱᠠᠲᠤ ᠬᠤᠪᠢᠶᠠᠨ ᠲᠥᠷᠥᠯ ᠬᠤᠪᠢᠶᠠᠨ ᠥᠷᠨᠢᠭᠦᠯᠵᠦ᠂ ᠥᠷᠭᠡᠨ ᠣᠯᠠᠨ ᠺᠠᠳ᠋ᠷ ᠪᠠᠭᠰᠢ ᠵᠢ ᠬᠥᠲᠥᠯᠥᠨ ᠵᠢᠯᠣᠭᠤᠳᠴᠤ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠦᠨᠡᠨ ᠬᠦ᠌ ᠨᠢᠭᠡᠳᠬᠡᠵᠦ᠂ ᠰᠤᠷᠤᠯᠴᠠᠯᠭ᠎ᠠ ᠵᠢᠨ ᠦᠷ᠎ᠡ ᠪᠦᠲᠦᠭᠡᠯ ᠦᠨᠡᠨ ᠬᠦ᠌ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠳᠤ ᠰᠤᠷᠭ᠋ᠠᠨ ᠬᠥᠮᠦᠵᠢᠯ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠪᠠᠶ᠋ᠢᠭᠤᠯᠤᠯᠲᠠ ᠵᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭ᠋ᠠᠨ ᠬᠤᠪᠢᠷᠠᠭᠤᠯᠬᠤ ᠬᠡᠷᠡᠭᠲᠡᠶ᠃ ᠰᠤᠷᠭ᠋ᠠᠨ ᠬᠥᠮᠦᠵᠢᠯ᠎ᠤᠨ ᠠᠵᠢᠯ᠎ᠤᠨ ᠬᠤᠷᠢᠶᠠᠨ᠎ᠤ ᠨᠠᠮ᠎ᠤᠨ ᠰᠤᠷᠭ᠋ᠠᠭᠤᠯᠢ ᠵᠢᠨ ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠤᠯᠤᠰ ᠲᠦᠷᠦ ᠵᠢᠨ ᠬᠡᠪ ᠪᠣᠯᠪᠠᠰᠤᠷᠠᠯ᠎ᠢ ᠴᠢᠩᠭ᠋ᠠᠳᠬᠠᠬᠤ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠵᠢ ᠳᠡᠭᠡᠭᠰᠢᠯᠡᠭᠦᠯᠬᠦ᠎ᠳᠤ ᠠᠩᠬᠠᠷᠤᠯ ᠵᠶ᠋ᠠᠨ ᠂ ᠪᠣᠯᠪᠠᠰᠤᠷᠠᠯ᠎ᠤᠨ ᠲᠦᠷᠦᠯ ᠵᠦᠢ᠍ᠯ᠎ᠢ ᠲᠥᠯᠥᠪᠵᠢᠭᠦᠯᠦᠨ ᠬᠡᠷᠡᠭᠵᠢᠭᠦᠯᠵᠦ᠂ ᠨᠠᠮᠴᠢ ᠴᠢᠨᠠᠷ ᠴᠢᠩᠭ᠎ᠠ᠂ ᠬᠠᠷᠠᠭ᠋ᠠᠰᠤ ᠥᠷᠭᠡᠨ᠂ ᠰᠢᠨ᠎ᠡ ᠵᠢ ᠡᠭᠦᠳᠬᠦ ᠴᠢᠳᠠᠮᠠᠭ᠋ᠠᠢ᠂ ᠠᠳᠬᠤᠵᠤ ᠪᠣᠳᠠᠲᠠᠢ ᠠᠵᠢᠯᠯᠠᠬᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠥᠨᠳᠥᠷ ᠬᠡᠪ ᠪᠣᠯᠪᠠᠰᠤᠷᠠᠯ᠎ᠲᠠᠢ ᠺᠠᠳ᠋ᠷ᠎ᠤᠨ ᠡᠩᠨᠡᠭᠡ ᠵᠢ ᠬᠦᠴᠦᠯᠡᠨ ᠳᠠᠪᠲᠠᠨ ᠪᠣᠯᠪᠠᠰᠤᠷᠠᠭᠤᠯᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠢ᠃ ᠨᠠᠮ᠎ᠤᠨ ᠲᠡᠦᠬᠡ ᠵᠢᠨ ᠤᠬᠠᠭᠤᠯᠭ᠎ᠠ ᠬᠥᠮᠦᠵᠢᠯ᠎ᠢ ᠤᠯᠠᠮ ᠭᠦᠨᠵᠡᠭᠡᠶ᠋ᠢᠷᠡᠭᠦᠯᠵᠦ᠂ ᠬᠢᠴᠢᠶᠡᠯ᠎ᠳᠤ ᠂ ᠭᠤᠣᠯ ᠰᠡᠳᠦᠪᠲᠦ ᠠᠵᠢᠯᠯᠠᠭ᠎ᠠ᠂ ᠰᠤᠳᠤᠯᠤᠨ ᠰᠤᠷᠤᠯᠴᠠᠬᠤ ᠦᠢ᠍ᠯᠡᠳᠦᠯᠭᠡ᠂ ᠰᠤᠷᠭ᠋ᠠᠭᠤᠯᠢ ᠵᠢᠨ ᠬᠦᠷᠢᠶᠡᠨ᠎ᠤ ᠰᠣᠶᠣᠯ ᠵᠡᠷᠭᠡ ᠠᠷᠭ᠎ᠠ ᠬᠡᠯᠪᠡᠷᠢ᠎ᠪᠠᠷ ᠂ ᠬᠤᠪᠢᠰᠬᠠᠯ᠎ᠤᠨ ᠦᠯᠢᠭᠡᠷ᠎ᠢ ᠰᠠᠶ᠋ᠢᠲᠤᠷ ᠶᠠᠷᠢᠵᠤ᠂ ᠥᠷᠭᠡᠨ ᠤᠯᠠᠨ ᠵᠠᠯᠠᠭᠤᠴᠤᠳ ᠪᠠᠭ᠋ᠠᠴᠤᠳ᠎ᠢ ᠬᠦᠳᠦᠯᠦᠨ ᠵᠢᠯᠣᠭᠤᠳᠴᠤ ᠬᠤᠪᠢᠰᠬᠠᠯ᠎ᠤᠨ ᠤᠳᠤᠮᠰᠢᠯ᠎ᠢ ᠤᠯᠠᠮᠵᠢᠯᠠᠵᠤ᠂ ᠬᠤᠪᠢᠰᠬᠠᠯ᠎ᠤᠨ ᠤᠳᠤᠮᠰᠢᠯ᠎ᠢ ᠦᠷᠭᠦᠯᠵᠢᠯᠡᠭᠦᠯᠵᠦ᠂ ᠠᠯᠤᠰ ᠬᠡᠳᠤ ᠵᠢᠨ ᠬᠦᠰᠡᠯᠡᠩ ᠪᠣᠯᠤᠨ ᠤᠯᠤᠰ ᠵᠢᠳᠬᠦᠬᠦ ᠵᠣᠷᠢᠯᠲᠠ ᠵᠢ ᠪᠤᠢ ᠪᠣᠯᠭ᠋ᠠᠬᠤ ᠬᠡᠷᠡᠭᠲᠡᠢ ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃