11 ᠳ᠋ᠦ᠍ᠭᠡᠷ ᠰᠠᠷ᠎ᠠ ᠵᠢᠨ 22 24 ᠤ ᠡᠳᠦᠷ᠂ 《2025 ᠣᠨ᠎ᠤ ᠲᠣᠭ᠋ᠠᠨ᠎ᠤ ᠤᠬᠠᠭ᠋ᠠᠨ ᠣᠶᠤᠨᠴᠢ ᠡᠷᠳᠡᠮ ᠰᠢᠨᠵᠢᠯᠡᠭᠡᠨ᠎ᠤ ᠬᠤᠷᠠᠯ》᠎ᠢ ᠥᠪᠥᠷ ᠮᠣᠩᠭᠤᠯ᠎ᠤᠨ ᠪᠠᠭᠰᠢ ᠵᠢᠨ ᠶᠡᠭᠡ ᠰᠤᠷᠭ᠋ᠠᠭᠤᠯᠢ᠎ᠳᠤ ᠬᠤᠷᠠᠯᠳᠤᠭᠤᠯᠪᠠ᠃ ᠰᠲ᠋ᠠᠨᠹᠦ᠋ ᠶᠡᠭᠡ ᠰᠤᠷᠭ᠋ᠠᠭᠤᠯᠢ᠂ ᠪᠡᠭᠡᠵᠢᠩ ᠶᠡᠭᠡ ᠰᠤᠷᠭ᠋ᠠᠭᠤᠯᠢ᠂ ᠴᠢᠩᠬᠤᠸᠠ ᠶᠡᠭᠡ ᠰᠤᠷᠭ᠋ᠠᠭᠤᠯᠢ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠱᠠᠩᠬᠠᠶ ᠵᠠᠮ ᠬᠠᠷᠢᠯᠴᠠᠭ᠋ᠠᠨ᠎ᠤ ᠶᠡᠭᠡ ᠰᠤᠷᠭ᠋ᠠᠭᠤᠯᠢ᠂ ᠰᠢ ᠠᠨ ᠵᠠᠮ ᠬᠠᠷᠢᠯᠴᠠᠭ᠋ᠠᠨ᠎ᠤ ᠶᠡᠭᠡ ᠰᠤᠷᠭ᠋ᠠᠭᠤᠯᠢ᠂ ᠶᠡᠭᠡ ᠰᠤᠷᠭ᠋ᠠᠭᠤᠯᠢ ᠵᠡᠷᠭᠡ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠨᠠᠷᠠᠲᠤ ᠶᠡᠭᠡ ᠳᠡᠭᠡᠳᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠵᠢᠨ ᠲᠤᠰᠬᠠᠶ ᠮᠡᠷᠭᠡᠵᠢᠯᠲᠡᠨ ᠡᠷᠳᠡᠮᠲᠡᠳ ᠬᠥᠬᠡᠬᠤᠲᠠ᠎ᠳᠤ ᠴᠤᠭᠯᠠᠷᠠᠵᠤ᠂ ᠬᠠᠮᠲᠤ ᠲᠣᠭ᠋ᠠᠨ᠎ᠤ ᠤᠬᠠᠭ᠋ᠠᠨ ᠪᠠ ᠣᠶᠤᠨᠴᠢ ᠬᠤᠰᠢᠭᠤᠷᠠᠯ ᠠᠰᠠᠭᠤᠳᠠᠯ᠎ᠤᠨ ᠲᠣᠭᠤᠷᠢᠨ᠎ᠳᠤ ᠰᠤᠳᠤᠯᠤᠨ ᠶᠠᠷᠢᠯᠴᠠᠵᠤ ᠰᠠᠨᠠᠯ ᠵᠶ᠋ᠠᠨ ᠂ ᠲᠣᠭ᠋ᠠᠨ᠎ᠤ ᠤᠬᠠᠭ᠋ᠠᠨ ᠪᠠ ᠵᠣᠬᠢᠶᠠᠮᠠᠯ ᠣᠶᠤᠨ᠎ᠤ ᠬᠦᠷᠢᠶᠡᠨ᠎ᠳᠠᠬᠢ ᠡᠷᠳᠡᠮ ᠰᠢᠨᠵᠢᠯᠡᠭᠡᠨ᠎ᠤ ᠰᠣᠯᠢᠯᠴᠠᠭ᠎ᠠ᠎ᠳᠤ ᠥᠨᠳᠥᠷ ᠬᠢᠷᠢ ᠲᠦᠪᠰᠢᠨ ᠪᠥᠬᠦᠶ ᠲᠠᠪᠴᠠᠩ ᠬᠠᠩᠭ᠋ᠠᠭᠰᠠᠨ ᠪᠠᠶ᠋ᠢᠨ᠎ᠠ᠃

ᠬᠤᠷᠠᠯ᠎ᠨᠢ 《 ᠪᠤᠳᠤᠬᠤ ᠠᠷᠭ᠎ᠠ ᠰᠢᠯᠢᠳᠡᠭᠵᠢᠭᠦᠯᠬᠦ》᠂ 《AI ᠵᠠᠭᠪᠤᠷ ᠲᠣᠭ᠋ᠠᠨ᠎ᠤ ᠤᠬᠠᠭ᠋ᠠᠨ᠎ᠤ ᠰᠠᠭᠤᠷᠢ》᠂ 《ᠣᠶᠤᠨᠴᠢ ᠰᠢᠨ᠎ᠡ ᠠᠷᠭ᠎ᠠ 》᠂ 《ᠹᠢᠽᠢᠺ᠎ᠤᠨ ᠮᠡᠳᠡᠭᠡ ᠵᠠᠩᠭᠢ ᠵᠢᠨ ᠮᠡᠳᠡᠷᠡᠯ᠎ᠤᠨ (PINs) ᠠᠬᠢᠴᠠ》 ᠵᠡᠷᠭᠡ ᠵᠥᠪᠯᠡᠬᠦ ᠰᠡᠳᠦᠪ᠎ᠤᠨ ᠲᠣᠭᠤᠷᠢᠨ᠎ᠳᠤ᠂ ᠣᠯᠠᠨ ᠲᠠᠯᠠᠪᠤᠷ ᠲᠤᠰᠬᠠᠶ ᠰᠡᠳᠦᠪᠲᠦ ᠮᠡᠳᠡᠭᠦᠯᠦᠯᠲᠡ ᠵᠢ ᠡᠷᠭᠢᠯᠡᠪᠡ᠃ ᠲᠤᠰᠬᠠᠶ ᠮᠡᠷᠭᠡᠵᠢᠯᠲᠡᠳ ᠥᠪᠡᠷ ᠥᠪᠡᠷ᠎ᠤᠨ ᠪᠦᠯᠬᠦᠮ᠎ᠤᠨ ᠬᠠᠮᠤᠭ᠎ᠤᠨ ᠰᠢᠨ᠎ᠡ ᠰᠤᠳᠤᠯᠭ᠋ᠠᠨ᠎ᠤ ᠦᠷ᠎ᠡ ᠪᠦᠲᠦᠭᠡᠯ ᠬᠤᠪᠢᠶᠠᠯᠴᠠᠭᠰᠠᠨ ᠪᠥᠭᠡᠳ ᠪᠠᠭᠰᠢ ᠪᠣᠯᠤᠨ ᠰᠤᠳᠤᠯᠬᠤ ᠰᠤᠷᠤᠭᠴᠢᠳ᠎ᠲᠠᠢ ᠬᠠᠯᠠᠭᠤᠨ ᠶᠠᠷᠢᠯᠴᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠦᠯᠬᠦᠮ᠎ᠤᠨ ᠰᠤᠳᠤᠯᠭ᠋ᠠᠨ᠎ᠳᠤ ᠴᠣ᠋ ᠰᠢᠨ᠎ᠡ ᠰᠡᠳᠬᠢᠮᠵᠢ ᠵᠢ ᠪᠠᠶ᠋ᠢᠨ᠎ᠠ᠃

ᠬᠤᠷᠠᠯ᠎ᠤᠨ ᠬᠤᠭᠤᠴᠠᠭ᠋ᠠᠨ᠎ᠳᠤ᠂ ᠬᠤᠷᠠᠯ᠎ᠳᠤ ᠣᠷᠣᠯᠴᠠᠭᠰᠠᠳ ᠪᠠᠰᠠ ᠥᠪᠥᠷ ᠮᠣᠩᠭᠤᠯ᠎ᠤᠨ ᠪᠠᠭᠰᠢ ᠵᠢᠨ ᠶᠡᠭᠡ ᠰᠤᠷᠭ᠋ᠠᠭᠤᠯᠢ ᠵᠢᠨ ᠵᠣᠬᠢᠶᠠᠮᠠᠯ ᠵᠢᠯᠣᠭᠤᠳᠬᠤ ᠥᠷᠥᠭᠡ᠂ ᠵᠣᠬᠢᠶᠠᠮᠠᠯ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠂ ᠣᠶᠤᠨᠴᠢ ᠰᠤᠷᠭ᠋ᠠᠨ ᠬᠥᠮᠦᠵᠢᠯ ᠪᠡᠶᠡᠴᠢᠯᠡᠨ ᠣᠶ᠋ᠢᠯᠠᠭ᠋ᠠᠬᠤ ᠢ ᠲᠤᠬᠠᠶ ᠵᠢᠨ ᠭᠠᠵᠠᠷ ᠪᠠᠶ᠋ᠢᠴᠠᠭ᠋ᠠᠵᠤ᠂ ᠥᠪᠥᠷ ᠮᠣᠩᠭᠤᠯ᠎ᠤᠨ ᠪᠠᠭᠰᠢ ᠵᠢᠨ ᠶᠡᠭᠡ ᠰᠤᠷᠭ᠋ᠠᠭᠤᠯᠢ ᠵᠢᠨ ᠲᠣᠭ᠋ᠠᠨ᠎ᠤ ᠤᠬᠠᠭ᠋ᠠᠨ᠎ᠤ ᠣᠯᠭᠤᠬᠤ ᠰᠤᠷᠭ᠋ᠠᠨ ᠬᠥᠮᠦᠵᠢᠯ᠎ᠤᠨ ᠲᠤᠷᠰᠢᠯᠭ᠎ᠠ ᠵᠢ ᠭᠦᠨᠵᠡᠭᠡᠶ ᠣᠶ᠋ᠢᠯᠠᠭ᠋ᠠᠪᠠ᠃
ᠣᠶ᠋ᠢᠷ᠎ᠠ ᠵᠢᠨ ᠵᠢᠯ᠂ ᠥᠪᠥᠷ ᠮᠣᠩᠭᠤᠯ᠎ᠤᠨ ᠪᠠᠭᠰᠢ ᠵᠢᠨ ᠶᠡᠭᠡ ᠰᠤᠷᠭ᠋ᠠᠭᠤᠯᠢ ᠲᠣᠭ᠋ᠠᠨ᠎ᠤ ᠤᠬᠠᠭ᠋ᠠᠨ᠎ᠤ ᠰᠠᠭᠤᠷᠢ ᠰᠤᠳᠤᠯᠭ᠋ᠠᠨ᠂ ᠴᠢᠳᠠᠪᠤᠷᠢᠲᠠᠨ ᠬᠥᠮᠦᠵᠢᠭᠦᠯᠬᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠠᠪᠴᠠᠩ᠎ᠤᠨ ᠪᠠᠶ᠋ᠢᠭᠤᠯᠤᠯᠲᠠ ᠪᠠ《ᠲᠣᠭ᠋ᠠᠨ᠎ᠤ ᠤᠬᠠᠭ᠋ᠠᠨ + ᠣᠶᠤᠨ ᠴᠢᠳᠠᠪᠤᠷᠢ》 ᠵᠢᠨ ᠰᠣᠯᠪᠢᠴᠠᠨ ᠰᠢᠨ᠎ᠡ ᠵᠢ ᠡᠭᠦᠳᠬᠦ ᠲᠠᠯ᠎ᠠ᠎ᠪᠠᠷ ᠢᠯᠡᠳᠲᠡ ᠠᠮᠵᠢᠯᠲᠠ ᠣᠯᠵᠤ᠂ ᠲᠣᠭ᠋ᠠᠨ᠎ᠤ ᠤᠬᠠᠭ᠋ᠠᠨ᠎ᠤ ᠰᠢᠨᠵᠢᠯᠡᠭᠡᠨ ᠨᠢᠭᠡᠨᠲᠡ ᠰᠤᠷᠭ᠋ᠠᠭᠤᠯᠢ ᠵᠢᠨ ᠳᠠᠪᠠᠭᠤᠯᠢᠭ ᠰᠠᠭᠤᠷᠢ ᠰᠢᠨᠵᠢᠯᠡᠭᠡᠨ᠎ᠤ ᠰᠠᠯᠠᠭ᠎ᠠ ᠵᠢᠨ ᠨᠢᠭᠡ ᠪᠣᠯᠵᠣ᠂ ᠬᠠᠮᠤᠭ᠎ᠤᠨ ᠰᠢᠯᠢᠳᠡᠭ᠂ ᠲᠤᠭ᠎ᠠ ᠬᠡᠮᠵᠢᠭᠳᠡᠯ᠎ᠢ ᠪᠤᠳᠤᠬᠤ᠂ ᠣᠶᠤᠨᠴᠢ ᠠᠷᠭ᠎ᠠ ᠵᠡᠷᠭᠡ ᠴᠢᠭᠯᠡᠯ ᠵᠶ᠋ᠠᠷ ᠦᠷᠭᠦᠯᠵᠢᠯᠡᠨ ᠬᠦᠴᠦᠯᠡᠵᠦ᠂ ᠰᠤᠷᠭ᠋ᠠᠭᠤᠯᠢ ᠵᠢᠨ 《ᠵᠣᠬᠢᠶᠠᠮᠠᠯ ᠣᠶᠤᠨ + ᠰᠠᠭᠤᠷᠢ 》 ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠬᠤ᠎ᠳᠤ ᠴᠢᠬᠤᠯᠠ ᠲᠤᠯᠭ᠋ᠠᠭᠤᠷᠢᠯᠠᠯ ᠬᠠᠩᠭ᠋ᠠᠭᠰᠠᠨ ᠪᠠᠶ᠋ᠢᠨ᠎ᠠ᠃