12 ᠰᠠᠷ᠎ᠠ ᠵᠢᠨ 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠤᠷᠢᠶᠠᠨ᠎ᠤ ᠱᠦᠵᠢ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠳ᠋ᠦ᠋ ᠬᠤᠢ ᠯᠢᠶᠠᠩ ᠨᠠᠷ ᠥᠪᠥᠷ ᠮᠣᠩᠭᠤᠯ᠎ᠤᠨ ᠶᠡᠭᠡ ᠰᠤᠷᠭ᠋ᠠᠭᠤᠯᠢ ᠵᠢᠨ ᠦᠢ᠍ᠯᠡᠰ ᠪᠣᠰᠬᠠᠬᠤ ᠳᠡᠭᠡᠳᠦ ᠰᠤᠷᠭ᠋ᠠᠭᠤᠯᠢ᠂ ᠥᠪᠥᠷ ᠮᠣᠩᠭᠤᠯ᠎ᠤᠨ ᠹᠧᠩᠵᠸᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠴᠢᠩᠴᠧᠩ ᠳᠡᠭᠡᠳᠦ ᠰᠤᠷᠭ᠋ᠠᠭᠤᠯᠢ᠂ ᠥᠪᠥᠷ ᠮᠣᠩᠭᠤᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠭᠦᠨᠵᠡᠭᠡᠶ᠋ᠢᠷᠡᠵᠦ᠂ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠲᠤᠬᠠᠢ ᠵᠢᠨ ᠭᠠᠵᠠᠷ ᠪᠠᠶ᠋ᠢᠴᠠᠭ᠋ᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃
ᠳ᠋ᠦ᠋ ᠬᠤᠢ ᠯᠢᠶᠠᠩ ᠰᠤᠷᠭ᠋ᠠᠨ ᠬᠥᠮᠦᠵᠢᠯ᠎ᠤᠨ ᠠᠵᠢᠯ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠬᠤ ᠵᠢ ᠨᠠᠶ᠋ᠢᠳᠠᠪᠤᠷᠢᠵᠢᠭᠤᠯᠬᠤ ᠬᠡᠷᠡᠭᠲᠡᠢ᠃ 《ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠠᠷᠭ᠎ᠠ ᠬᠡᠮᠵᠢᠶ᠎ᠡ᠎ᠨᠦᠭᠦᠳ》᠎ᠢ ᠴᠢᠩᠭ᠎ᠠ ᠨᠠᠶ᠋ᠢᠳᠠᠪᠤᠷᠢᠵᠢᠭᠤᠯᠵᠤ᠂ ᠰᠤᠷᠭ᠋ᠠᠭᠤᠯᠢ ᠵᠢᠨ ᠳᠦᠷᠢᠮ ᠬᠢᠨᠠᠬᠤ ᠵᠢ ᠴᠠᠭ ᠲᠤᠬᠠᠶ ᠪᠡᠶᠡᠯᠡᠭᠦᠯᠦᠨ᠂ ᠨᠠᠮ᠎ᠤᠨ ᠪᠠᠶ᠋ᠢᠭᠤᠯᠤᠯᠲᠠ ᠵᠢᠨ ᠬᠤᠯᠪᠣᠭᠳᠠᠯ ᠪᠦᠬᠦᠢ ᠠᠭᠤᠯᠭ᠎ᠠ ᠵᠢ ᠰᠤᠷᠭ᠋ᠠᠭᠤᠯᠢ ᠵᠢᠨ ᠳᠦᠷᠢᠮ᠎ᠳᠤ ᠪᠢᠴᠢᠵᠦ ᠣᠷᠣᠭᠤᠯᠬᠤ ᠵᠢ ᠪᠠᠲᠤᠯᠠᠵᠤ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠲᠣᠭᠲᠠᠴᠠ ᠵᠢ ᠤᠯᠠᠮ ᠨᠢᠭᠡ ᠠᠯᠬᠤᠮ ᠪᠦᠷᠢᠨᠰᠢᠭᠦᠯᠦᠨ᠂ ᠰᠤᠷᠭ᠋ᠠᠭᠤᠯᠢ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠢ ᠵᠢᠷᠤᠮᠵᠢᠭᠤᠯᠵᠤ᠂ 《ᠴᠡᠭ ᠴᠡᠭ 》 ᠦᠨᠡᠯᠡᠬᠦ ᠵᠠᠭᠪᠤᠷ᠎ᠢ ᠬᠡᠷᠡᠭᠵᠢᠭᠦᠯᠬᠦ ᠬᠡᠷᠡᠭᠲᠡᠶ᠃ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠪᠠᠭ᠎ᠤᠨ ᠪᠦᠷᠢᠯᠳᠦᠬᠦᠨ ᠰᠤᠷᠭ᠋ᠠᠭᠤᠯᠢ ᠵᠢᠨ ᠬᠠᠮᠢᠶᠠᠷᠤᠯᠲᠠ ᠵᠢᠨ ᠳᠠᠪᠬᠤᠷᠭ᠎ᠠ ᠵᠢᠨ 《ᠬᠤᠣᠰ ᠴᠢᠭᠯᠡᠯ ᠵᠶ᠋ᠠᠷ ᠂ ᠰᠣᠯᠪᠢᠴᠠᠨ ᠲᠤᠰᠢᠶᠠᠯ 》ᠵᠢ ᠬᠦᠴᠦᠯᠡᠨ ᠠᠬᠢᠭᠤᠯᠵᠤ᠂ ᠨᠠᠮ᠎ᠤᠨ ᠪᠠᠶ᠋ᠢᠭᠤᠯᠤᠯᠲᠠ ᠵᠢᠨ ᠠᠵᠢᠯ ᠰᠤᠷᠭ᠋ᠠᠭᠤᠯᠢ ᠵᠢᠨ ᠦᠢ᠍ᠯᠡᠰ᠎ᠤᠨ ᠬᠥᠭᠵᠢᠯᠲᠡ ᠵᠢᠨ ᠭᠦᠨᠵᠡᠭᠡᠢ ᠠᠬᠢᠭᠤᠯᠬᠤ ᠬᠡᠷᠡᠭᠲᠡᠢ᠃ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠤᠭᠤᠰᠢᠯᠠᠭᠤᠯᠬᠤ ᠨᠠᠶ᠋ᠢᠳᠠᠪᠤᠷᠢᠵᠢᠭᠤᠯᠬᠤ ᠬᠡᠷᠡᠭᠲᠡᠶ᠃ ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠤᠨ᠂ ᠰᠤᠷᠭ᠋ᠠᠭᠤᠯᠢ ᠵᠢᠨ《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ ᠃ ᠭᠤᠤᠯ ᠰᠡᠳᠦᠪᠲᠦ ᠠᠩᠭᠢ ᠵᠢᠨ ᠬᠤᠷᠠᠯ᠂ ᠲᠤᠰᠬᠠᠶ ᠰᠡᠳᠦᠪᠲᠦ ᠲᠠᠶ᠋ᠢᠯᠤᠮᠵᠢ᠂ ᠰᠤᠷᠭ᠋ᠠᠭᠤᠯᠢ ᠵᠢᠨ ᠬᠦᠷᠢᠶᠡᠨ᠎ᠤ ᠷᠠᠳᠢᠣ᠋ ᠨᠡᠪᠲᠡᠷᠡᠭᠦᠯᠭᠡ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ ᠪᠠᠭᠰᠢ ᠰᠤᠷᠤᠭᠴᠢᠳ᠎ᠲᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠠᠬᠢ ᠮᠠᠨ᠎ᠤ ᠤᠯᠤᠰ᠎ᠤᠨ ᠬᠥᠭᠵᠢᠯᠲᠡ ᠵᠢᠨ ᠣᠯᠤᠭᠰᠠᠨ ᠴᠢᠬᠤᠯᠠ ᠶᠡᠭᠡ ᠠᠮᠵᠢᠯᠲᠠ ᠪᠦᠲᠦᠮᠵᠢ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠳᠠᠬᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠪᠠᠶ᠋ᠢᠳᠠᠯ ᠵᠢᠴᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠵᠢᠯᠣᠭᠤᠳᠬᠤ ᠦᠵᠡᠯ ᠰᠠᠨᠠᠭ᠎ᠠ ᠪᠣᠯᠤᠨ ᠡᠷᠬᠡᠪᠰᠢ ᠵᠢᠷᠤᠮᠯᠠᠬᠤ ᠵᠠᠷᠴᠢᠮ᠎ᠢ ᠲᠣᠳᠣᠷᠬᠠᠶ ᠲᠠᠶ᠋ᠢᠯᠪᠤᠷᠢᠯᠠᠨ᠂ ᠪᠠᠭᠰᠢ ᠰᠤᠷᠤᠭᠴᠢᠳ ᠤᠬᠠᠮᠰᠠᠷ᠎ᠠᠴᠠ᠎ᠪᠠᠨ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ ᠪᠠᠨ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠨᠢᠭᠡᠳᠬᠡᠬᠦ ᠬᠡᠷᠡᠭᠲᠡᠶ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠴᠣᠭᠴᠠᠯᠠᠯᠲᠠ ᠵᠢᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠤᠨᠴᠠᠯᠢᠬᠳᠤ ᠨᠠᠮ᠎ᠤᠨ ᠪᠠᠶ᠋ᠢᠭᠤᠯᠤᠯᠲᠠ ᠵᠢᠨ ᠲᠦᠷᠦᠯ ᠪᠤᠶ᠋ᠢᠵᠢᠭᠤᠯᠬᠤ ᠬᠡᠷᠡᠭᠲᠡᠢ᠃ ᠬᠤᠶᠠᠳᠤᠭ᠋ᠠᠷ ᠳᠡᠰ᠎ᠤᠨ ᠳᠡᠭᠡᠳᠦ ᠰᠤᠷᠭ᠋ᠠᠭᠤᠯᠢ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠴᠣᠭᠴᠠᠯᠠᠯᠲᠠ ᠵᠢ ᠪᠣᠳᠠᠲᠠᠢ ᠠᠳᠬᠤᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠰᠢᠯᠢᠳᠡᠭ᠎ᠢ ᠰᠣᠩᠭᠤᠨ ᠲᠤᠬᠢᠷᠠᠭᠤᠯᠵᠤ᠂ ᠨᠠᠮ᠎ᠤᠨ ᠭᠡᠰᠢᠭᠦᠨ᠎ᠢ ᠬᠥᠭᠵᠢᠭᠦᠯᠬᠦ ᠠᠵᠢᠯ᠎ᠢ ᠰᠠᠶ᠋ᠢᠲᠤᠷ ᠬᠢᠵᠦ᠂ 《ᠭᠤᠷᠪᠠᠨ ᠬᠤᠷᠠᠯ ᠨᠢᠭᠡ ᠬᠢᠴᠢᠶᠡᠯ》᠂ ᠭᠤᠣᠯ ᠰᠡᠳᠦᠪᠲᠦ ᠨᠠᠮ᠎ᠤᠨ ᠡᠳᠦᠷ ᠵᠡᠷᠭᠡ ᠬᠡᠯᠪᠡᠷᠢ᠎ᠪᠠᠷ ᠳᠠᠮᠵᠢᠭᠤᠯᠤᠨ ᠰᠢᠰᠲ᠋ᠧᠮ᠎ᠲᠠᠢ ᠰᠤᠷᠤᠯᠴᠠᠵᠤ᠂ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠨᠢᠭᠲᠠᠷᠠᠯ᠎ᠤᠨ ᠬᠦᠴᠦᠨ ᠪᠠ ᠨᠥᠯᠥᠭᠡᠯᠡᠬᠦ ᠬᠦᠴᠦᠨ᠎ᠢ ᠦᠨᠡᠨ ᠬᠦ᠌ ᠴᠢᠩᠭ᠋ᠠᠳᠬᠠᠬᠤ ᠬᠡᠷᠡᠭᠲᠡᠢ ᠃
ᠳ᠋ᠦ᠋ ᠬᠤᠢ ᠯᠢᠶᠠᠩ ᠪᠡᠶ᠎ᠡ ᠵᠢᠨ ᠲᠠᠮᠢᠷ᠎ᠢ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠪᠠᠶ᠋ᠢᠭᠤᠯᠤᠯᠲᠠ ᠵᠢᠨ ᠴᠢᠬᠤᠯᠠ ᠭᠤᠭᠴᠤᠭ᠎ᠠ ᠪᠣᠯᠭ᠋ᠠᠵᠤ᠂ ᠰᠤᠷᠤᠭᠴᠢᠳ᠎ᠤᠨ ᠡᠯ᠎ᠡ ᠲᠦᠷᠦᠯ᠎ᠤᠨ ᠪᠡᠶ᠎ᠡ ᠵᠢᠨ ᠲᠠᠮᠢᠷ᠎ᠤᠨ ᠠᠵᠢᠯᠯᠠᠭ᠎ᠠ᠎ᠳᠤ ᠣᠷᠣᠯᠴᠠᠬᠤ ᠵᠢ ᠂ ᠰᠤᠷᠤᠭᠴᠢᠳ᠎ᠢ ᠦᠷᠭᠦᠯᠵᠢᠯᠡᠨ ᠬᠦᠳᠦᠯᠦᠨ ᠵᠢᠯᠣᠭᠤᠳᠴᠤ ᠲᠠᠮᠢᠷ᠎ᠤᠨ ᠬᠥᠳᠡᠯᠭᠡᠭᠡᠨ᠎ᠤ ᠵᠣᠷᠢᠭ ᠰᠠᠨᠠᠭ᠎ᠠ᠎ᠪᠠᠨ ᠳᠠᠪᠲᠠᠨ ᠪᠣᠯᠪᠠᠰᠤᠷᠠᠭᠤᠯᠵᠤ᠂ ᠪᠡᠶ᠎ᠡ ᠮᠠᠬᠠᠪᠣᠳ ᠵᠶ᠋ᠠᠨ ᠴᠢᠭᠢᠷᠠᠭᠵᠢᠭᠤᠯᠬᠤ ᠬᠡᠷᠡᠭᠲᠡᠢ᠃ ᠠᠮᠤᠷ ᠲᠦᠪᠰᠢᠨ᠎ᠤ ᠬᠠᠷᠢᠭᠤᠴᠠᠯᠭ᠎ᠠ ᠵᠢ ᠴᠢᠩᠭ᠎ᠠ ᠠᠳᠬᠤᠵᠤ᠂ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠲᠣᠭᠲᠠᠴᠠ ᠵᠢ ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠠᠶᠤᠯ ᠲᠦᠭᠰᠢᠭᠦᠷᠢ ᠵᠢᠨ ᠭᠡᠮ ᠪᠦᠬᠦ ᠲᠠᠯ᠎ᠠ᠎ᠪᠠᠷ ᠪᠠᠶ᠋ᠢᠴᠠᠭ᠋ᠠᠵᠤ᠂ ᠭᠠᠯ ᠤᠨᠲᠠᠷᠠᠭ᠋ᠠᠬᠤ ᠠᠮᠤᠷ ᠲᠦᠪᠰᠢᠨ᠂ ᠢᠳᠡᠭᠡᠨ᠎ᠤ ᠠᠮᠤᠷ ᠲᠦᠪᠰᠢᠨ᠂ ᠪᠠᠶ᠋ᠢᠷᠢ ᠵᠢᠨ ᠠᠮᠤᠷ ᠲᠦᠪᠰᠢᠨ ᠵᠡᠷᠭᠡ ᠠᠵᠢᠯ᠎ᠢ ᠭᠤᠣᠯᠳᠠᠯᠭ᠎ᠠ᠎ᠲᠠᠢ ᠰᠠᠶ᠋ᠢᠲᠤᠷ ᠬᠢᠵᠦ᠂ ᠰᠤᠷᠭ᠋ᠠᠭᠤᠯᠢ ᠵᠢᠨ ᠠᠮᠤᠷ ᠲᠦᠪᠰᠢᠨ ᠲᠣᠭᠲᠠᠭᠤᠨ᠎ᠢ ᠪᠠᠲᠤᠯᠠᠬᠤ ᠬᠡᠷᠡᠭᠲᠡᠢ ᠃
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠤᠶᠠᠳᠤᠭ᠋ᠠᠷ ᠳᠡᠰ᠎ᠤᠨ ᠲᠣᠭᠤᠷᠢᠨ ᠪᠠᠶ᠋ᠢᠴᠠᠭ᠋ᠠᠭᠴᠢ᠂ ᠬᠥᠬᠡᠬᠤᠲᠠ ᠣᠷᠣᠨ᠎ᠤ ᠠᠷᠠᠳ᠎ᠠᠴᠠ ᠡᠷᠬᠢᠯᠡᠭᠰᠡᠨ ᠳᠡᠭᠡᠳᠦ ᠰᠤᠷᠭ᠋ᠠᠭᠤᠯᠢ ᠵᠢᠨ ᠨᠠᠮ᠎ᠤᠨ ᠬᠤᠷᠢᠶᠠᠨ᠎ᠤ ᠱᠦᠵᠢ ᠦ᠋ ᠰᠢᠤ ᠵᠧᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠤᠯᠪᠣᠭᠳᠠᠯ ᠪᠦᠬᠦᠢ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠨᠥᠬᠦᠳ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠪᠠ᠃