12 ᠳ᠋ᠤᠭᠠᠷ ᠰᠠᠷ᠎ᠠ᠎ᠶᠢᠨ 14 ᠦ ᠡᠳᠦᠷ᠂ ᠪᠦᠬᠦ ᠣᠷᠣᠨ᠎ᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠰᠤᠷᠭᠠᠭᠤᠯᠢ᠎ᠶᠢᠨ ᠬᠦᠷᠢᠶᠡᠨ᠎ᠦ ᠰᠣᠩᠭᠣᠳᠠᠭ ᠵᠦᠴᠦᠭᠡ᠎ᠶᠢᠨ ᠦᠵᠡᠭᠦᠯᠭᠡ ᠲᠣᠭᠯᠠᠯᠲᠠ᠎ᠶᠢᠨ ᠠᠵᠢᠯᠯᠠᠭ᠎ᠠ ᠣᠷᠳᠣᠰ᠎ᠲᠤ ᠶᠠᠪᠤᠭᠳᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠦᠨ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠰᠤᠷᠭᠠᠭᠤᠯᠢ᠎ᠶᠢᠨ ᠬᠦᠷᠢᠶᠡᠨ᠎ᠦ ᠰᠣᠶᠣᠯ᠎ᠤᠨ ᠤᠤᠭᠠᠯ ᠰᠣᠳᠣᠨ ᠪᠦᠲᠦᠭᠡᠯ᠎ᠢ ᠬᠦᠴᠦᠯᠡᠨ ᠡᠭᠦᠳᠴᠡᠢ᠃
ᠲᠤᠰ ᠤᠳᠠᠭᠠᠨ᠎ᠤ ᠠᠵᠢᠯᠯᠠᠭ᠎ᠠ᠎ᠶᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠭᠣᠣᠯᠴᠢᠯᠠᠨ ᠡᠷᠬᠢᠯᠡᠵᠦ᠂ ᠣᠷᠳᠣᠰ ᠬᠣᠲᠠ᠎ᠶᠢᠨ ᠰᠤᠷᠭᠠᠨ ᠬᠥᠮᠦᠵᠢᠯ ᠪᠡᠶ᠎ᠡ᠎ᠶᠢᠨ ᠲᠠᠮᠢᠷ᠎ᠤᠨ ᠲᠣᠪᠴᠢᠶ᠎ᠠ᠂ ᠥᠪᠥᠷ ᠮᠣᠩᠭᠣᠯ᠎ᠤᠨ ᠦᠨᠳᠦᠰᠦᠲᠡᠨ᠎ᠦ ᠴᠡᠴᠡᠷᠯᠢᠭ᠎ᠦᠨ ᠪᠠᠭ᠍ᠰᠢ᠎ᠶᠢᠨ ᠲᠤᠰᠬᠠᠢ ᠮᠡᠷᠭᠡᠵᠢᠯ᠎ᠦᠨ ᠳᠡᠭᠡᠳᠦ ᠰᠤᠷᠭᠠᠭᠤᠯᠢ ᠳᠠᠭᠠᠭᠠᠴᠢᠯᠠᠨ ᠡᠷᠭᠢᠯᠡᠵᠦ᠂ ᠪᠦᠬᠦ ᠣᠷᠣᠨ᠎ᠤ 12 ᠠᠢᠮᠠᠭ ᠬᠤᠳᠠ᠎ᠠᠴᠠ ᠢᠷᠡᠭᠰᠡᠨ 13 ᠰᠢᠯᠢᠳᠡᠭ ᠪᠦᠲᠦᠭᠡᠯ᠎ᠢ ᠦᠵᠡᠭᠦᠯᠵᠡᠢ᠂ ᠡᠯ᠎ᠡ ᠵᠦᠴᠦᠭᠡ᠎ᠶᠢᠨ ᠪᠦᠲᠦᠭᠡᠯ ᠨᠢ ᠲᠠᠢᠰᠠᠨ᠎ᠤ ᠤᠷᠠᠯᠢᠭ᠋᠎ᠢᠶᠠᠷ ᠬᠣᠯᠪᠣᠭᠠᠰᠤ ᠪᠣᠯᠭᠠᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠂ ᠪᠦᠯᠬᠦᠮᠳᠡᠨ ᠲᠡᠮᠡᠴᠡᠭᠰᠡᠨ ᠴᠠᠭ ᠦᠶ᠎ᠡ᠎ᠶᠢᠨ ᠳᠦᠷᠰᠦ ᠪᠠᠢᠳᠠᠯ᠎ᠢ ᠠᠮᠢᠳᠤᠯᠢᠭ᠋᠎ᠢᠶᠠᠷ ᠢᠯᠡᠷᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠨᠢᠭᠡ ᠭᠡᠷ᠎ᠦᠨ ᠬᠥᠮᠥᠨ ᠮᠡᠲᠦ ᠡᠶ᠎ᠡ ᠵᠣᠬᠢᠴᠠᠩᠭᠤᠢ ᠠᠶᠠᠰ᠎ᠢ ᠬᠥᠭᠵᠢᠮᠳᠡᠵᠦ᠂ ᠵᠠᠯᠠᠭᠤᠴᠤᠳ ᠪᠠᠭᠠᠴᠤᠳ᠎ᠲᠤ 《ᠦᠵᠡᠯ ᠰᠠᠨᠠᠭ᠎ᠠ ᠤᠯᠤᠰ ᠲᠦᠷᠦ᠎ᠶᠢᠨ ᠶᠡᠬᠡ ᠬᠢᠴᠢᠶᠡᠯ》᠎ᠢ ᠦᠵᠡᠭᠦᠯᠵᠡᠢ᠃ 《ᠥᠷᠭᠡᠨ ᠤᠯᠠᠨ ᠰᠤᠷᠤᠭ᠍ᠴᠢᠳ ᠵᠠᠯᠠᠭᠤ ᠨᠠᠰᠤᠨ᠎ᠤ ᠬᠠᠷᠠᠴᠠ᠎ᠪᠠᠷ ᠲᠡᠦᠬᠡ᠎ᠶᠢ ᠲᠠᠢᠯᠪᠤᠷᠢᠯᠠᠵᠤ᠂ ᠴᠢᠩ ᠦᠨᠡᠨᠴᠢ ᠲᠣᠭᠯᠠᠯᠲᠠ᠎ᠪᠠᠷ ᠬᠠᠢᠷ᠎ᠠ ᠰᠡᠳᠬᠢᠯᠭᠡ᠎ᠶᠢ ᠲᠠᠢᠯᠪᠤᠷᠢᠯᠠᠵᠤ᠂ ᠰᠢᠨ᠎ᠡ᠎ᠶᠢ ᠡᠭᠦᠳᠬᠦ ᠰᠡᠳᠬᠢᠬᠦᠢ᠎ᠪᠡᠷ ᠳᠦᠷᠢ ᠲᠥᠷᠬᠦ᠎ᠶᠢ ᠪᠦᠲᠦᠭᠡᠵᠦ᠂ ᠵᠣᠬᠢᠶᠠᠨ ᠪᠦᠲᠦᠭᠡᠬᠦ ᠶᠠᠪᠤᠴᠠ᠎ᠳᠤ ᠳᠤᠮᠳᠠᠳᠤ᠎ᠶᠢᠨ ᠦᠨᠳᠦᠰᠦᠲᠡᠨ᠎ᠦ ᠤᠯᠠᠨ ᠡᠰᠢᠲᠦ ᠨᠢᠭᠡ ᠴᠣᠭᠴᠠᠲᠤ ᠲᠥᠯᠥᠪ ᠪᠠᠢᠳᠠᠯ᠎ᠤᠨ ᠲᠤᠬᠠᠢ ᠣᠢᠯᠠᠭᠠᠯᠲᠠ᠎ᠪᠠᠨ ᠤᠯᠠᠮ ᠨᠢᠭᠡ ᠠᠯᠬᠤᠮ ᠭᠦᠨᠵᠡᠭᠡᠢᠷᠡᠭᠦᠯᠬᠦ᠎ᠶᠢ ᠬᠦᠰᠡᠵᠦ ᠪᠠᠢᠨ᠎ᠠ᠃ ᠥᠷᠭᠡᠨ ᠤᠯᠠᠨ ᠪᠠᠭ᠍ᠰᠢ ᠨᠠᠷ ᠨᠡᠩ ᠤᠯᠠᠨ ᠭᠤᠸ᠎ᠠ ᠰᠠᠢᠬᠠᠨ᠎ᠢᠶᠠᠷ ᠬᠥᠮᠥᠨ᠎ᠢ ᠬᠥᠮᠥᠵᠢᠭᠦᠯᠬᠦ᠂ ᠰᠣᠶᠣᠯ᠎ᠢᠶᠠᠷ ᠬᠥᠮᠥᠨ᠎ᠢ ᠬᠥᠮᠥᠵᠢᠭᠦᠯᠬᠦ ᠪᠦᠲᠦᠮᠵᠢᠲᠡᠢ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠵᠦ᠂ ᠴᠠᠭ ᠦᠶ᠎ᠡ᠎ᠶᠢᠨ ᠵᠣᠷᠢᠭ᠋ ᠰᠠᠨᠠᠭ᠎ᠠ᠎ᠶᠢ ᠪᠠᠳᠠᠷᠠᠭᠤᠯᠤᠭᠰᠠᠨ᠂ ᠦᠨᠳᠦᠰᠦᠲᠡᠨ᠎ᠦ ᠪᠦᠯᠬᠦᠮᠳᠡᠯ᠎ᠢ ᠢᠯᠡᠷᠡᠭᠦᠯᠦᠭᠰᠡᠨ᠂ ᠪᠠᠭ᠍ᠰᠢ ᠰᠤᠷᠤᠭ᠍ᠴᠢᠳ᠎ᠤᠨ ᠪᠠᠬᠠᠷᠬᠠᠯ᠎ᠢ ᠶᠡᠬᠡᠳᠡ ᠣᠯᠣᠭᠰᠠᠨ ᠰᠤᠷᠭᠠᠭᠤᠯᠢ᠎ᠶᠢᠨ ᠬᠦᠷᠢᠶᠡᠨ᠎ᠦ ᠰᠣᠶᠣᠯ᠎ᠤᠨ ᠰᠣᠳᠣᠨ ᠪᠦᠲᠦᠭᠡᠯ᠎ᠢ ᠨᠡᠩ ᠤᠯᠠᠨ ᠭᠠᠷᠭᠠᠬᠤ᠎ᠶᠢ ᠬᠦᠰᠡᠵᠦ ᠪᠠᠢᠨ᠎ᠠ᠃》 ᠭᠡᠵᠦ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ᠎ᠤᠨ ᠭᠠᠵᠠᠷ᠎ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃
ᠲᠠᠨᠢᠯᠴᠠᠭᠤᠯᠤᠭᠰᠠᠨ᠎ᠢᠶᠠᠷ᠂ ᠰᠤᠷᠭᠠᠨ ᠬᠥᠮᠦᠵᠢᠯ᠎ᠦᠨ ᠲᠢᠩᠬᠢᠮ ᠪᠠᠰᠠ ᠡᠲᠡᠭᠡᠷ ᠰᠢᠯᠢᠳᠡᠭ ᠵᠦᠴᠦᠭᠡᠨᠦᠭᠦᠳᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠵᠤ ᠲᠣᠭᠣᠷᠢᠨ ᠲᠣᠭᠯᠠᠬᠤ᠎ᠶᠢ ᠠᠬᠢᠭᠤᠯᠵᠤ᠂ ᠣᠶᠤᠨ ᠤᠬᠠᠭᠠᠨ ᠪᠠ ᠬᠠᠢᠷ᠎ᠠ ᠰᠡᠳᠬᠢᠯᠭᠡ᠎ᠶᠢ ᠰᠢᠩᠭᠡᠭᠡᠭᠰᠡᠨ ᠰᠢᠯᠢᠳᠡᠭ ᠪᠦᠲᠦᠭᠡᠯ᠎ᠢ ᠨᠠᠩ ᠥᠷᠭᠡᠨ ᠬᠡᠪᠴᠢᠶᠡᠨ᠎ᠳᠦ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠬᠥᠮᠦᠵᠢᠯ᠎ᠦᠨ ᠦᠷ᠎ᠡ᠎ᠶᠢ ᠰᠠᠴᠤᠬᠤ ᠪᠣᠯᠭᠠᠨ᠎ᠠ᠃