《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠵᠢᠶᠡᠨ᠎ᠤ ᠠᠮᠤᠷ ᠲᠦᠪᠰᠢᠨ᠎ᠤ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠤᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠤᠯᠢ》 ᠵᠡᠷᠭᠡ ᠬᠠᠤᠯᠢ ᠴᠠᠭ᠋ᠠᠵᠠ ᠬᠠᠤᠯᠢ ᠢ ᠭᠦᠨᠵᠡᠭᠡᠶ ᠲᠤᠭᠤᠰᠢᠯᠠᠭᠤᠯᠵᠤ᠂ ᠰᠤᠷᠭ᠋ᠠᠨ ᠬᠥᠮᠦᠵᠢᠯ᠎ᠤᠨ ᠶᠠᠮᠤᠨ᠎ᠤ ᠰᠦᠯᠵᠢᠶᠡᠨ᠎ᠤ ᠠᠮᠤᠷ ᠲᠦᠪᠰᠢᠨ᠎ᠤ ᠴᠢᠳᠠᠪᠤᠷᠢ ᠵᠢ ᠳᠡᠭᠡᠭᠰᠢᠯᠡᠭᠦᠯᠬᠦ ᠲᠤᠬᠠᠶ ᠪᠠᠶ᠋ᠢᠷᠢᠯᠠᠭᠤᠯᠤᠯᠲᠠ ᠲᠣᠬᠢᠷᠠᠭᠤᠯᠤᠯᠲᠠ ᠵᠢ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠣᠶ᠋ᠢᠷ᠎ᠠ᠎ᠳᠤ 2025 ᠣᠨ᠎ᠤ ᠪᠥᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠰᠦᠯᠵᠢᠶᠡᠨ᠎ᠤ ᠠᠮᠤᠷ ᠲᠦᠪᠰᠢᠨ᠎ᠤ ᠳᠠᠭ᠋ᠠᠷᠢᠯᠲᠠ ᠰᠣᠷᠢᠯᠲᠠ ᠪᠠ ᠪᠠᠴᠢᠮ ᠪᠠᠶ᠋ᠢᠳᠠᠯ᠎ᠢ ᠰᠣᠷᠢᠯᠲᠠ ᠵᠣᠬᠢᠶᠠᠨ ᠪᠠᠶ᠋ᠢᠭᠤᠯᠵᠤ ᠃ ᠤᠳᠠᠭ᠋ᠠᠨ᠎ᠤ ᠰᠣᠷᠢᠯᠲᠠ ᠤᠳᠤᠷᠢᠳᠤᠮᠵᠢ ᠪᠣᠯᠭ᠋ᠠᠵᠤ᠂ ᠪᠥᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠰᠦᠯᠵᠢᠶᠡᠨ᠎ᠤ ᠠᠮᠤᠷ ᠲᠦᠪᠰᠢᠨ ᠰᠡᠷᠭᠡᠶ᠋ᠢᠯᠡᠨ ᠬᠠᠮᠠᠭ᠋ᠠᠯᠠᠬᠤ ᠬᠢᠷᠢ ᠲᠦᠪᠰᠢᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ ᠵᠢ ᠪᠥᠬᠦ ᠲᠠᠯ᠎ᠠ᠎ᠪᠠᠷ ᠰᠢᠯᠭ᠋ᠠᠨ ᠪᠠᠶ᠋ᠢᠴᠠᠭ᠋ᠠᠬᠤ ᠵᠢᠨ ᠬᠠᠮᠲᠤ ᠳᠡᠭᠡᠭᠰᠢᠯᠡᠭᠦᠯᠵᠦ᠂ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠠᠮᠤᠷ ᠲᠦᠪᠰᠢᠨ᠎ᠤ ᠰᠠᠭᠤᠷᠢ ᠵᠢ ᠤᠯᠠᠮ ᠨᠢᠭᠡ ᠠᠯᠬᠤᠮ ᠪᠠᠲᠤᠳᠬᠠᠪᠠ᠃
ᠰᠣᠷᠢᠯᠲᠠ 69 ᠰᠡᠷᠭᠡᠶ᠋ᠢᠯᠡᠨ ᠬᠠᠮᠠᠭ᠋ᠠᠯᠠᠬᠤ ᠵᠢ ᠵᠣᠬᠢᠶᠠᠨ ᠪᠠᠶ᠋ᠢᠭᠤᠯᠵᠤ᠂ ᠡᠯ᠎ᠡ ᠠᠶ᠋ᠢᠮᠠᠭ ᠬᠤᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ ᠵᠢᠨ ᠫᠣᠷᠲ᠋ᠧᠯ ᠰᠦᠯᠵᠢᠶ᠎ᠡ᠂ ᠣᠶᠤᠨᠴᠢ ᠰᠤᠷᠭ᠋ᠠᠨ ᠬᠥᠮᠦᠵᠢᠯ᠎ᠤᠨ ᠲᠠᠪᠴᠠᠩ ᠡᠬᠢ ᠪᠠᠶᠠᠯᠢᠭ᠎ᠤᠨ ᠲᠠᠪᠴᠠᠩ ᠵᠢᠴᠢ ᠡᠯ᠎ᠡ ᠶᠡᠭᠡ ᠳᠡᠭᠡᠳᠦ ᠰᠤᠷᠭ᠋ᠠᠭᠤᠯᠢ ᠵᠢᠨ ᠨᠢᠭᠡᠳᠦᠯᠲᠡᠶ ᠫᠣᠷᠲ᠋ᠧᠯ ᠰᠦᠯᠵᠢᠶ᠎ᠡ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠢᠶᠠᠷᠤᠯᠲᠠ᠂ ᠰᠤᠷᠭ᠋ᠠᠭᠤᠯᠢ ᠵᠢᠨ ᠬᠦᠷᠢᠶᠡᠨ᠎ᠤ ᠪᠦᠷᠢᠨ ᠴᠢᠳᠠᠮᠵᠢᠲᠤ ᠺᠠᠷᠲ᠂ ᠤᠨ ᠬᠠᠮᠢᠶᠠᠷᠤᠯᠲᠠ ᠵᠢᠨ ᠰᠢᠰᠲ᠋ᠧᠮ ᠵᠡᠷᠭᠡ 217 ᠳᠤ ᠬᠤᠯᠪᠣᠭᠳᠠᠵᠠᠶ᠃ ᠳᠠᠭ᠋ᠠᠷᠢᠯᠲᠠ ᠲᠠᠯ᠎ᠠ ᠵᠢᠨ᠎ᠬᠢᠨ 38 ᠡᠩᠨᠡᠭᠡ 105 ᠬᠥᠮᠦᠨ ᠵᠣᠬᠢᠶᠠᠨ ᠪᠠᠶ᠋ᠢᠭᠤᠯᠵᠤ᠂ ᠣᠷᠣᠨ᠎ᠤ ᠳᠣᠲᠣᠷᠠᠬᠢ ᠡᠯ᠎ᠡ ᠰᠤᠷᠭ᠋ᠠᠭᠤᠯᠢ ᠵᠢᠨ ᠪᠠᠭᠰᠢ ᠰᠤᠷᠤᠭᠴᠢ᠎ᠪᠠᠷ ᠪᠦᠷᠢᠯᠳᠦᠭᠰᠡᠨ 20 ᠡᠩᠨᠡᠭᠡ ᠵᠢ ᠪᠠᠭᠲᠠᠭ᠋ᠠᠵᠤ᠂ ᠫᠧᠩ ᠴᠧᠩ ᠰᠦᠯᠵᠢᠶᠡᠨ᠎ᠤ ᠥᠪᠥᠷ ᠮᠣᠩᠭᠤᠯ ᠬᠤᠪᠢᠶᠠᠷᠢ ᠂ ᠣᠷᠣᠨ᠎ᠤ ᠭᠠᠳᠠᠨᠠᠬᠢ 14 ᠵᠢ ᠠᠮᠵᠢᠯᠲᠠ ᠲᠠᠢ ᠣᠷᠣᠭᠤᠯᠤᠨ ᠠᠪᠴᠢᠷᠠᠭᠰᠠᠨ ᠪᠥᠭᠡᠳ 2 ᠡᠩᠨᠡᠭᠡ ᠪᠠ 15 ᠮᠡᠷᠭᠡᠵᠢᠯ᠎ᠤᠨ ᠠᠵᠢᠯᠲᠠᠨ᠎ᠢ ᠲᠣᠬᠢᠷᠠᠭᠤᠯᠵᠤ᠂ ᠣᠯᠠᠨ ᠲᠠᠰ ᠳᠠᠪᠬᠤᠷᠭ᠎ᠠ ᠵᠢᠨ᠂ ᠪᠥᠬᠦ ᠲᠠᠯ᠎ᠠ ᠵᠢᠨ ᠪᠠᠴᠢᠮ ᠪᠠᠶ᠋ᠢᠳᠠᠯ᠎ᠢ ᠰᠣᠷᠢᠯᠲᠠ ᠵᠢᠨ ᠠᠵᠢᠯᠯᠠᠭ᠎ᠠ ᠵᠢ ᠪᠡᠶᠡᠯᠡᠭᠦᠯᠪᠡ᠃
ᠣᠶ᠋ᠢᠷ᠎ᠠ ᠵᠢᠨ ᠵᠢᠯ᠂ ᠪᠥᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠰᠦᠯᠵᠢᠶᠡᠨ᠎ᠤ ᠠᠮᠤᠷ ᠲᠦᠪᠰᠢᠨ᠎ᠤ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠡᠯ᠎ᠡ ᠨᠢᠭᠡᠴᠢ ᠵᠢᠨ ᠠᠮᠤᠷ ᠲᠦᠪᠰᠢᠨ᠎ᠤ ᠤᠬᠠᠮᠰᠠᠷ᠎ᠢ ᠨᠡᠶ᠋ᠢᠳᠡᠮ ᠴᠢᠩᠭ᠋ᠠᠷᠠᠭᠤᠯᠤᠨ᠂ ᠬᠠᠮᠢᠶᠠᠷᠤᠯᠲᠠ ᠵᠢᠨ ᠲᠣᠭᠲᠠᠯᠴᠠᠭ᠎ᠠ ᠵᠢ ᠡᠳᠦᠷ ᠢᠷᠡᠬᠦᠶ᠎ᠡ ᠲᠡᠭᠦᠯᠳᠡᠷᠵᠢᠭᠦᠯᠵᠦ᠂ ᠰᠡᠷᠭᠡᠶ᠋ᠢᠯᠡᠨ ᠬᠠᠮᠠᠭ᠋ᠠᠯᠠᠬᠤ ᠴᠢᠳᠠᠪᠤᠷᠢ ᠪᠠᠲᠤᠯᠠᠭ᠎ᠠ ᠵᠢᠨ ᠣᠷᠣᠭᠤᠯᠤᠯᠲᠠ ᠵᠢ ᠲᠣᠭᠲᠠᠭᠤᠨ ᠵᠶ᠋ᠠᠷ ᠳᠡᠭᠡᠭᠰᠢᠯᠡᠭᠦᠯᠵᠦ᠂ ᠪᠦᠬᠦᠯᠢ ᠴᠣᠭᠴᠠ ᠵᠢᠨ ᠠᠵᠢᠯ᠎ᠢ ᠯᠠᠪᠳᠠᠭᠤᠨ ᠪᠠᠲᠤᠲᠠᠢ ᠠᠬᠢᠭᠤᠯᠪᠠ᠃ ᠤᠳᠠᠭ᠋ᠠᠨ᠎ᠤ ᠰᠣᠷᠢᠯᠲᠠ᠎ᠳᠤ᠂ ᠲᠠᠭ᠋ᠠᠷᠢᠬᠤ ᠪᠠ ᠬᠤᠶᠠᠷ ᠲᠠᠯ᠎ᠠ᠎ᠪᠠᠷ ᠵᠶ᠋ᠠᠨ ᠰᠠᠶ᠋ᠢᠨ ᠰᠠᠶ᠋ᠢᠬᠠᠨ ᠮᠡᠷᠭᠡᠵᠢᠯ᠎ᠤᠨ ᠬᠡᠪ ᠪᠣᠯᠪᠠᠰᠤᠷᠠᠯ ᠪᠣᠯᠤᠨ ᠪᠣᠳᠠᠲᠤ ᠴᠢᠳᠠᠪᠤᠷᠢ᠎ᠪᠠᠨ ᠢᠯᠡᠷᠡᠭᠦᠯᠵᠦ᠂ ᠡᠯ᠎ᠡ ᠵᠦᠢ᠍ᠯ᠎ᠤᠨ ᠡᠭᠦᠷᠭᠡ ᠪᠡᠶᠡᠯᠡᠭᠦᠯᠵᠦ᠂ ᠦᠨᠡᠨ ᠪᠣᠳᠠᠲᠠᠢ ᠰᠦᠯᠵᠢᠶᠡᠨ᠎ᠤ ᠣᠷᠴᠢᠨ ᠠᠮᠤᠷ ᠲᠦᠪᠰᠢᠨ᠎ᠤ ᠬᠠᠮᠠᠭ᠋ᠠᠯᠠᠯᠲᠠ ᠪᠣᠯᠤᠨ ᠬᠠᠮᠵᠢᠯᠴᠠᠨ ᠰᠢᠢ᠍ᠳᠪᠦᠷᠢᠯᠡᠬᠦ ᠲᠦᠪᠰᠢᠨ᠎ᠢ ᠪᠦᠲᠦᠮᠵᠢᠲᠡᠢ ᠳᠡᠭᠡᠭᠰᠢᠯᠡᠭᠦᠯᠪᠡ᠃
ᠠᠯᠬᠤᠮ᠎ᠳᠤ᠂ ᠪᠥᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠰᠦᠯᠵᠢᠶᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ᠂ ᠬᠠᠤᠯᠢ ᠶᠣᠰᠣᠭ᠋ᠠᠷ ᠲᠣᠭᠲᠠᠭ᠋ᠠᠯ᠎ᠳᠤ ᠨᠡᠶ᠋ᠢᠴᠡᠭᠰᠡᠨ ᠬᠠᠮᠢᠶᠠᠷᠤᠯᠲᠠ ᠵᠢ ᠴᠢᠩᠭ᠋ᠠᠳᠬᠠᠬᠤ᠂ ᠪᠠᠷᠢᠮᠵᠢᠶ᠎ᠠ ᠵᠢᠷᠤᠮᠵᠢᠯ᠎ᠢ ᠲᠡᠭᠦᠯᠳᠡᠷᠵᠢᠭᠦᠯᠬᠦ᠂ ᠠᠮᠤᠷ ᠲᠦᠪᠰᠢᠨ᠎ᠤ ᠤᠬᠠᠮᠰᠠᠷ᠎ᠢ ᠲᠦᠭᠡᠮᠡᠯᠵᠢᠭᠦᠯᠬᠦ᠂ ᠴᠢᠬᠤᠯᠠ ᠰᠢᠰᠲ᠋ᠧᠮ ᠬᠠᠩᠭ᠋ᠠᠯᠭ᠎ᠠ ᠵᠢᠨ ᠬᠡᠯᠬᠢᠶ᠎ᠡ ᠵᠢᠨ ᠠᠮᠤᠷ ᠲᠦᠪᠰᠢᠨ ᠵᠡᠷᠭᠡ ᠭᠤᠤᠯᠳᠠᠯᠭ᠎ᠠ᠎ᠲᠠᠢ ᠡᠭᠦᠷᠭᠡ ᠵᠢᠨ ᠲᠣᠭᠤᠷᠢᠨ᠎ᠳᠤ᠂ ᠰᠦᠯᠵᠢᠶᠡᠨ᠎ᠤ ᠠᠮᠤᠷ ᠲᠦᠪᠰᠢᠨ᠎ᠤ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠰᠢᠰᠲ᠋ᠧᠮ᠎ᠲᠠᠢ ᠠᠬᠢᠭᠤᠯᠤᠨ᠎ᠠ᠃ 《᠂ ᠂ 》 ᠶᠡᠷᠦᠩᠬᠡᠶ᠋ᠢᠯᠡᠭᠰᠡᠨ ᠰᠡᠷᠭᠡᠶ᠋ᠢᠯᠡᠯᠲᠡ ᠵᠢᠨ ᠪᠠᠶ᠋ᠢᠭᠤᠯᠬᠤ᠎ᠪᠠᠷ ᠳᠠᠮᠵᠢᠭᠤᠯᠤᠨ᠂《 ᠪᠣᠯᠪᠠᠰᠤᠷᠠᠯ᠎ᠢ ᠣᠷᠣᠯᠠᠭᠤᠯᠬᠤ᠂ ᠪᠣᠯᠪᠠᠰᠤᠷᠠᠯ ᠵᠶ᠋ᠠᠷ ᠥᠭᠡᠷᠡᠴᠢᠯᠡᠯᠲᠡ ᠵᠢ ᠠᠬᠢᠭᠤᠯᠬᠤ᠂ ᠰᠡᠷᠭᠡᠶ᠋ᠢᠯᠡᠯᠲᠡ ᠵᠢ ᠪᠠᠬᠢᠵᠢᠭᠦᠯᠬᠦ》 ᠣᠷᠴᠢᠯ᠎ᠤᠨ ᠲᠣᠭᠲᠠᠴᠠ ᠵᠢ ᠪᠠᠶ᠋ᠢᠭᠤᠯᠵᠤ᠂ 《ᠡᠩ᠎ᠤᠨ ᠦᠶ᠎ᠡ ᠪᠠ ᠦᠶ᠎ᠡ ᠵᠢ ᠤᠶᠠᠯᠳᠤᠭᠤᠯᠬᠤ》 ᠠᠵᠢᠯᠯᠠᠭ᠋ᠠᠨ᠎ᠤ ᠵᠠᠭᠪᠤᠷ᠎ᠢ ᠪᠦᠷᠢᠯᠳᠦᠭᠦᠯᠵᠦ᠂ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠰᠦᠯᠵᠢᠶᠡᠨ᠎ᠤ ᠠᠮᠤᠷ ᠲᠦᠪᠰᠢᠨ᠎ᠤ ᠪᠦᠬᠦᠯᠢ ᠴᠣᠭᠴᠠ ᠵᠢᠨ ᠰᠡᠷᠭᠡᠶ᠋ᠢᠯᠡᠨ ᠬᠠᠮᠠᠭ᠋ᠠᠯᠠᠬᠤ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠵᠦ᠂ ᠰᠤᠷᠭ᠋ᠠᠨ ᠬᠥᠮᠦᠵᠢᠯ᠎ᠤᠨ ᠪᠠᠶ᠋ᠢᠯᠳᠤᠬᠤ ᠪᠤᠳᠤᠯᠭ᠎ᠠ ᠵᠢᠨ ᠠᠵᠢᠯᠯᠠᠭ᠎ᠠ ᠵᠢ ᠬᠠᠮᠠᠭ᠋ᠠᠯᠠᠵᠤ᠂ ᠡᠬᠡ ᠤᠯᠤᠰ᠎ᠤᠨ ᠤᠮᠠᠷᠠᠲᠤ ᠵᠢᠨ ᠰᠤᠷᠭ᠋ᠠᠨ ᠬᠥᠮᠦᠵᠢᠯ᠎ᠤᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ᠎ᠠ᠃