12 ᠳ᠋ᠤᠭ᠋ᠠᠷ ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠪᠥᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠭᠠᠯ᠎ᠤᠨ ᠠᠶᠤᠯ᠎ᠢ ᠰᠡᠷᠭᠡᠶ᠋ᠢᠯᠡᠨ ᠡᠵᠡᠮᠳᠡᠬᠦ ᠪᠠ ᠡᠪᠦᠯ᠎ᠤᠨ ᠤᠯᠠᠷᠢᠯ᠎ᠤᠨ ᠠᠮᠤᠷ ᠲᠦᠪᠰᠢᠨ᠎ᠤ ᠠᠵᠢᠯ᠎ᠤᠨ ᠸᠢᠳᠢᠣ᠋ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠵᠢᠶᠦ᠋ᠨ ᠰᠢ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃

ᠬᠤᠷᠠᠯ᠎ᠠᠴᠠ᠂ ᠡᠯ᠎ᠡ ᠭᠠᠵᠠᠷ ᠡᠯ᠎ᠡ ᠰᠤᠷᠭ᠋ᠠᠭᠤᠯᠢ ᠭᠠᠯ᠎ᠤᠨ ᠠᠶᠤᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠵᠤ᠂ ᠥᠨᠳᠥᠷ ᠪᠠᠷᠢᠯᠭ᠎ᠠ ᠵᠢᠨ ᠬᠦᠨᠳᠦ ᠶᠡᠭᠡ ᠭᠠᠯ᠎ᠤᠨ ᠠᠶᠤᠯ᠎ᠤᠨ ᠲᠦᠭᠰᠢᠭᠦᠷᠢ ᠵᠢᠨ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠪᠠ ᠡᠪᠦᠯ᠎ᠤᠨ ᠤᠯᠠᠷᠢᠯ᠎ᠤᠨ ᠭᠠᠯ᠎ᠤᠨ ᠠᠶᠤᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠲᠣᠣᠷ ᠲᠠᠲᠠᠬᠤ ᠮᠠᠶᠢᠭ᠂ ᠢᠷᠣᠭ᠋ᠠᠷ ᠠᠮᠤᠷ ᠲᠦᠪᠰᠢᠨ᠎ᠤ ᠶᠡᠭᠡ ᠪᠠᠶ᠋ᠢᠴᠠᠭ᠋ᠠᠯᠲᠠ ᠵᠢ ᠥᠷᠨᠢᠭᠦᠯᠵᠦ᠂ ᠪᠠᠶ᠋ᠢᠷᠢ᠂ ᠬᠤᠭᠤᠯᠠᠨ ᠭᠡᠷ᠂ ᠲᠤᠷᠰᠢᠯᠲᠠ ᠵᠢᠨ ᠲᠠᠰᠤᠭ᠂ ᠨᠣᠮ᠎ᠤᠨ ᠰᠠᠩ᠂ ᠴᠠᠬᠢᠯᠭ᠋ᠠᠨ ᠲᠦᠭᠡᠭᠡᠬᠦ ᠲᠠᠰᠤᠭ ᠵᠡᠷᠭᠡ ᠬᠥᠮᠦᠨ ᠣᠯᠠᠨ ᠴᠤᠭᠯᠠᠷᠠᠬᠤ ᠲᠠᠯᠠᠪᠤᠷ ᠪᠠ ᠣᠷᠣᠨ ᠪᠠᠶ᠋ᠢᠷᠢ ᠵᠢ ᠭᠤᠣᠯᠳᠠᠯᠭ᠎ᠠ᠎ᠲᠠᠢ ᠵᠢᠭᠰᠠᠭ᠋ᠠᠨ ᠪᠠᠶ᠋ᠢᠴᠠᠭ᠋ᠠᠬᠤ ᠬᠡᠷᠡᠭᠲᠡᠶ᠃ ᠭᠠᠯ ᠤᠨᠲᠠᠷᠠᠭ᠋ᠠᠬᠤ ᠪᠡᠯᠡᠳᠬᠡᠮᠵᠢ ᠲᠥᠬᠦᠭᠡᠷᠦᠮᠵᠢ ᠵᠢ ᠪᠦᠷᠢᠨ ᠭᠦᠢ᠍ᠴᠡᠳ᠂ ᠪᠦᠷᠢᠨ ᠪᠦᠲᠦᠨ ᠪᠠᠶ᠋ᠢᠯᠭ᠋ᠠᠬᠤ ᠵᠢ ᠦᠨᠡᠨ ᠬᠦ᠌ ᠂ 《ᠠᠮᠢ ᠨᠠᠰᠤᠨ᠎ᠤ ᠵᠠᠮ》᠎ᠢ ᠲᠤᠰᠬᠠᠶ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ 《ᠴᠣᠩᠬᠤ ᠲᠣᠤᠷ᠎ᠢ ᠨᠤᠷᠠᠭ᠋ᠠᠬᠤ》ᠠᠵᠢᠯᠯᠠᠭ᠎ᠠ ᠵᠢ ᠬᠡᠷᠡᠭᠵᠢᠭᠦᠯᠵᠦ᠂ ᠲᠠᠷᠬᠠᠭ᠋ᠠᠬᠤ ᠵᠠᠮ᠂ ᠪᠥᠭᠯᠡᠬᠦ᠂ ᠪᠢᠲᠡᠭᠦᠮᠵᠢᠯᠡᠬᠦ ᠠᠰᠠᠭᠤᠳᠠᠯ᠎ᠤᠨ ᠳᠠᠯᠳᠠ ᠭᠡᠮ᠎ᠢ ᠡᠷᠡᠰ ᠴᠡᠭᠴᠡᠯᠡᠨ ᠵᠠᠰᠠᠬᠤ ᠬᠡᠷᠡᠭᠲᠡᠶ᠃ ᠰᠤᠷᠭ᠋ᠠᠭᠤᠯᠢ ᠵᠢᠨ ᠬᠦᠷᠢᠶᠡᠨ᠎ᠳᠤ ᠴᠠᠬᠢᠯᠭ᠋ᠠᠨ ᠬᠡᠢ ᠬᠡᠷᠡᠭᠯᠡᠬᠦ ᠠᠵᠢᠯᠯᠠᠭ᠎ᠠ ᠵᠢ ᠴᠢᠩᠭ᠎ᠠ ᠵᠢᠷᠤᠮᠵᠢᠭᠤᠯᠵᠤ᠂ ᠪᠠᠶ᠋ᠢᠷᠢ ᠵᠢᠨ ᠭᠡᠷ᠎ᠤᠨ ᠲᠣᠭᠲᠠᠭ᠋ᠠᠯ᠎ᠢ ᠵᠥᠷᠢᠴᠡᠨ ᠴᠠᠬᠢᠯᠭ᠋ᠠᠨ ᠬᠡᠷᠡᠭᠯᠡᠬᠦ ᠂ ᠬᠠᠭᠤᠴᠢᠷᠠᠬᠤ ᠵᠡᠷᠭᠡ ᠠᠰᠠᠭᠤᠳᠠᠯ᠎ᠢ ᠲᠦᠢ᠍ᠯᠪᠤᠷᠢᠲᠠᠢ ᠪᠠᠶ᠋ᠢᠴᠠᠭ᠋ᠠᠬᠤ ᠬᠡᠷᠡᠭᠲᠡᠢ᠃ ᠰᠤᠷᠭ᠋ᠠᠭᠤᠯᠢ ᠵᠢᠨ ᠬᠦᠷᠢᠶᠡᠨ᠎ᠤ ᠭᠠᠯ᠎ᠤᠨ ᠠᠶᠤᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠲᠡᠭᠦᠯᠳᠡᠷᠵᠢᠭᠦᠯᠵᠦ᠂ ᠭᠠᠯ ᠤᠨᠲᠠᠷᠠᠭ᠋ᠠᠬᠤ ᠰᠣᠷᠢᠯᠲᠠ ᠵᠢ ᠲᠣᠭᠲᠠᠮᠠᠯ ᠬᠤᠭᠤᠴᠠᠭ᠎ᠠ᠎ᠲᠠᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠠᠭᠰᠢ ᠰᠤᠷᠤᠭᠴᠢᠳ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ ᠪᠠ ᠥᠪᠡᠷ᠎ᠢ᠎ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ᠃ ᠭᠠᠯ ᠤᠨᠲᠠᠷᠠᠭ᠋ᠠᠬᠤ ᠠᠮᠤᠷ ᠲᠦᠪᠰᠢᠨ᠎ᠤ ᠬᠥᠮᠦᠵᠢᠯ᠎ᠢ ᠥᠷᠨᠢᠭᠦᠯᠵᠦ᠂ ᠭᠠᠯ ᠤᠨᠲᠠᠷᠠᠭ᠋ᠠᠬᠤ ᠠᠮᠤᠷ ᠲᠦᠪᠰᠢᠨ᠎ᠤ ᠮᠡᠳᠡᠯᠭᠡ ᠵᠢ ᠥᠷᠭᠡᠨ ᠵᠶ᠋ᠠᠷ ᠤᠬᠠᠭᠤᠯᠬᠤ ᠬᠡᠷᠡᠭᠲᠡᠶ ᠃
ᠬᠤᠷᠠᠯ᠎ᠠᠴᠠ᠂ ᠡᠯ᠎ᠡ ᠭᠠᠵᠠᠷ᠎ᠤᠨ᠎ᠬᠢᠨ ᠪᠠᠭᠰᠢ ᠰᠤᠷᠤᠭᠴᠢᠳ᠎ᠤᠨ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠡᠷᠡᠰ ᠰᠠᠬᠢᠵᠤ᠂ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠢ ᠂ ᠵᠥᠷᠢᠴᠡᠯ ᠵᠠᠭᠤᠷᠠᠯᠳᠤᠭ᠋ᠠᠨ᠎ᠢ ᠵᠢᠭᠰᠠᠭ᠋ᠠᠨ ᠪᠠᠶ᠋ᠢᠴᠠᠭ᠋ᠠᠬᠤ ᠵᠢ ᠭᠦᠨᠵᠡᠭᠡᠶ᠋ᠢᠷᠡᠭᠦᠯᠵᠦ᠂ ᠭᠡᠷ ᠪᠦᠯᠢ ᠪᠠ ᠰᠤᠷᠭ᠋ᠠᠭᠤᠯᠢ ᠬᠠᠮᠵᠢᠯᠴᠠᠨ ᠬᠥᠮᠦᠨ ᠬᠥᠮᠦᠵᠢᠭᠦᠯᠬᠦ ᠵᠢ ᠴᠢᠩᠭ᠋ᠠᠳᠬᠠᠬᠤ ᠬᠡᠷᠡᠭᠲᠡᠢ᠃ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠬᠤᠷᠢᠭ᠎ᠠ ᠱᠤᠭᠤᠮ᠎ᠢ ᠡᠷᠡᠰ ᠰᠠᠬᠢᠵᠤ᠂ ᠰᠤᠷᠭ᠋ᠠᠭᠤᠯᠢ ᠵᠢᠨ ᠬᠦᠷᠢᠶᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠰᠤᠷᠭ᠋ᠠᠭᠤᠯᠢ ᠵᠢᠨ ᠳᠣᠲᠣᠭ᠋ᠠᠳᠤ ᠵᠢᠨ ᠲᠣᠭᠤᠷᠢᠨ ᠴᠠᠭᠳᠠᠵᠤ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ ᠰᠤᠷᠭ᠋ᠠᠭᠤᠯᠢ ᠵᠢᠨ ᠡᠭᠦᠳᠡᠨ᠎ᠤ ᠨᠢᠭᠡᠳᠦᠭᠡᠷ ᠪᠣᠭᠤᠮᠲᠠ ᠵᠢ ᠡᠷᠡᠰ ᠰᠠᠬᠢᠬᠤ ᠬᠡᠷᠡᠭᠲᠡᠢ᠃ ᠡᠪᠦᠯ᠎ᠤᠨ ᠤᠯᠠᠷᠢᠯ᠎ᠤᠨ ᠠᠮᠤᠷ ᠲᠦᠪᠰᠢᠨ᠎ᠤ ᠠᠵᠢᠯ᠎ᠢ ᠰᠠᠶ᠋ᠢᠲᠤᠷ ᠠᠳᠬᠤᠵᠤ᠂ 《ᠰᠤᠷᠭ᠋ᠠᠭᠤᠯᠢ ᠵᠢᠨ ᠬᠦᠷᠢᠶᠡᠨ᠎ᠤ ᠬᠤᠭᠤᠯᠠ》᠂ ᠵᠢᠭ᠋ᠠᠨ ᠰᠤᠷᠭ᠋ᠠᠯᠲᠠ ᠵᠢᠨ ᠵᠠᠬᠢᠶᠠᠯᠠᠬᠤ᠂ ᠰᠤᠷᠭ᠋ᠠᠭᠤᠯᠢ ᠵᠢᠨ ᠬᠤᠪᠴᠠᠰᠤ ᠬᠤᠳᠠᠯᠳᠤᠨ ᠠᠪᠬᠤ ᠲᠤᠰᠬᠠᠢ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ ᠠᠬᠢᠭᠤᠯᠬᠤ ᠬᠡᠷᠡᠭᠲᠡᠢ ᠃
ᠬᠤᠷᠠᠯ᠎ᠠᠴᠠ᠂ ᠡᠯ᠎ᠡ ᠭᠠᠵᠠᠷ᠎ᠤᠨ᠎ᠬᠢᠨ ᠬᠠᠷᠢᠭᠤᠴᠠᠯᠭ᠎ᠠ ᠵᠢ ᠴᠢᠩᠭ᠎ᠠ ᠪᠣᠳᠠᠲᠠᠶ᠋ᠢᠵᠢᠭᠤᠯᠵᠤ᠂ 《ᠭᠤᠷᠪᠠ ᠵᠢ ᠬᠠᠮᠢᠶᠠᠷᠴᠤ ᠭᠤᠷᠪᠠ ᠵᠢ ᠡᠷᠬᠡᠪᠰᠢ ᠭᠦᠢ᠍ᠴᠡᠳᠬᠡᠬᠦ》 ᠵᠢ ᠴᠢᠩᠭ᠎ᠠ ᠨᠠᠶ᠋ᠢᠳᠠᠪᠤᠷᠢᠵᠢᠭᠤᠯᠵᠤ᠂ ᠳᠣᠲᠣᠭ᠋ᠠᠳᠤ ᠵᠢ ᠬᠠᠮᠠᠭ᠋ᠠᠯᠠᠬᠤ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠰᠣᠶᠣᠯ ᠵᠢᠭᠤᠯᠴᠢᠯᠠᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠵᠡᠷᠭᠡ ᠰᠠᠯᠠᠭ᠎ᠠ ᠮᠥᠴᠢᠷ᠎ᠲᠠᠢ ᠬᠠᠮᠵᠢᠯᠴᠠᠨ᠂ ᠵᠡᠷᠭᠡ᠎ᠪᠠᠷ ᠬᠠᠮᠲᠤ᠎ᠪᠠᠷ ᠬᠠᠮᠢᠶᠠᠷᠬᠤ ᠰᠤᠷᠭ᠋ᠠᠭᠤᠯᠢ ᠵᠢᠨ ᠠᠮᠤᠷ ᠲᠣᠭᠲᠠᠭᠤᠨ ᠠᠵᠢᠯ᠎ᠤᠨ ᠪᠦᠷᠢᠯᠳᠦᠭᠦᠯᠬᠦ ᠬᠡᠷᠡᠭᠲᠡᠶ᠃ ᠬᠢᠨᠠᠨ ᠵᠢᠯᠣᠭᠤᠳᠴᠤ ᠪᠠᠶ᠋ᠢᠴᠠᠭ᠋ᠠᠬᠤ ᠴᠢᠩᠭ᠋ᠠᠳᠬᠠᠵᠤ᠂ ᠠᠮᠤᠷ ᠲᠦᠪᠰᠢᠨ᠎ᠤ ᠬᠡᠮ᠎ᠢ ᠥᠪᠡᠰᠦᠪᠡᠨ ᠪᠠᠶ᠋ᠢᠴᠠᠭ᠋ᠠᠬᠤ᠂ ᠨᠡᠶ᠋ᠢᠳᠡᠮ ᠪᠠᠶ᠋ᠢᠴᠠᠭ᠋ᠠᠬᠤ ᠪᠠ ᠰᠣᠯᠪᠢᠴᠠᠭᠤᠯᠤᠨ ᠪᠠᠶ᠋ᠢᠴᠠᠭ᠋ᠠᠬᠤ ᠵᠢ ᠴᠢᠩᠭ᠎ᠠ ᠠᠳᠬᠤᠨ ᠨᠠᠷᠢᠯᠢᠭ ᠠᠳᠬᠤᠵᠤ᠂ ᠠᠰᠠᠭᠤᠳᠠᠯ᠎ᠤᠨ ᠬᠡᠮ ᠢ ᠴᠡᠭᠴᠡᠯᠡᠨ ᠰᠠᠶ᠋ᠢᠵᠢᠷᠠᠭᠤᠯᠬᠤ ᠵᠢ ᠴᠢᠩᠭ᠎ᠠ ᠠᠳᠬᠤᠵᠤ ᠪᠣᠳᠠᠲᠠᠶ ᠠᠳᠬᠤᠬᠤ ᠬᠡᠷᠡᠭᠲᠡᠶ᠃ ᠪᠦᠲᠦᠮᠵᠢᠲᠡᠢ ᠲᠣᠭᠲᠠᠴᠠ ᠵᠢ ᠪᠠᠶ᠋ᠢᠭᠤᠯᠵᠤ᠂ 《ᠣᠳᠣᠬᠠᠨ᠎ᠳᠤ ᠥᠭᠡᠷᠡᠴᠢᠯᠡᠬᠦ》ᠪᠠ 《ᠤᠷᠳᠤ ᠬᠤᠭᠤᠴᠠᠭ᠎ᠠ᠎ᠪᠠᠷ ᠪᠠᠶ᠋ᠢᠭᠤᠯᠬᠤ》ᠵᠢ ᠤᠶᠠᠯᠳᠤᠭᠤᠯᠵᠤ᠂ ᠭᠠᠵᠠᠷ ᠣᠷᠣᠨ᠎ᠤ ᠪᠠᠶ᠋ᠢᠳᠠᠯ ᠲᠤᠬᠢᠷᠠᠭᠤᠯᠤᠨ ᠠᠮᠤᠷ ᠲᠦᠪᠰᠢᠨ᠎ᠤ ᠠᠵᠢᠯ᠎ᠤᠨ ᠪᠦᠲᠦᠮᠵᠢᠲᠡᠢ ᠲᠣᠭᠲᠠᠴᠠ ᠵᠢ ᠪᠠᠶ᠋ᠢᠭᠤᠯᠬᠤ ᠬᠡᠷᠡᠭᠲᠡᠢ ᠃

ᠬᠤᠷᠠᠯ᠎ᠢ ᠰᠦᠯᠵᠢᠶᠡᠨ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠬᠤ ᠬᠡᠯᠪᠡᠷᠢ᠎ᠪᠠᠷ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠤᠯᠪᠤᠭᠳᠠᠬᠤ ᠭᠠᠵᠠᠷ ᠳᠠᠰᠤᠭ᠎ᠤᠨ ᠬᠠᠷᠢᠭᠤᠴᠠᠯᠭ᠋ᠠᠲᠠᠨ᠂ ᠡᠯ᠎ᠡ ᠠᠶ᠋ᠢᠮᠠᠭ ᠬᠤᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠂ ᠡᠯ᠎ᠡ ᠳᠡᠭᠡᠳᠦ ᠰᠤᠷᠭ᠋ᠠᠭᠤᠯᠢ ᠵᠢᠨ ᠬᠤᠯᠪᠣᠭᠳᠠᠯ ᠪᠥᠬᠦᠶ ᠬᠠᠷᠢᠭᠤᠴᠠᠯᠭ᠋ᠠᠲᠠᠨ ᠪᠣᠯᠤᠨ ᠬᠠᠮᠢᠶ᠎ᠠ ᠪᠥᠬᠦᠶ ᠲᠤᠬᠠᠶ᠋ᠢᠯᠠᠭᠰᠠᠨ ᠠᠵᠢᠯ᠎ᠤᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃