ᠣᠢᠷ᠎ᠠ᠎ᠳᠤ᠂ ᠡᠳ᠋᠎ᠦᠨ ᠵᠠᠰᠠᠭ᠎ᠤᠨ ᠶᠠᠮᠤᠨ ᠵᠡᠷᠭᠡ ᠰᠠᠯᠠᠭ᠎ᠠ ᠮᠥᠴᠢᠷ 《ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠬᠥᠭᠵᠢᠯᠲᠡ᠎ᠶᠢ ᠳᠡᠮᠵᠢᠬᠦ ᠪᠡᠯᠡ ᠮᠥᠩᠭᠥᠨ᠎ᠦ ᠬᠠᠮᠢᠶᠠᠷᠤᠯᠲᠠ᠎ᠶᠢᠨ ᠠᠷᠭ᠎ᠠ》᠎ᠳᠤ ᠵᠠᠰᠠᠪᠤᠷᠢ ᠣᠷᠣᠭᠤᠯᠵᠤ ᠳᠠᠷᠤᠮᠠᠯᠯᠠᠨ ᠶᠠᠪᠤᠭᠤᠯᠪᠠ᠂ ᠪᠢᠴᠢᠭ ᠮᠠᠲᠧᠷᠢᠶᠠᠯ᠎ᠳᠤ ᠳᠤᠷᠠᠳᠤᠭᠰᠠᠨ᠎ᠢᠶᠠᠷ ᠄
ᠰᠤᠷᠭᠠᠭᠤᠯᠢ᠎ᠳᠤ ᠣᠷᠣᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠭᠡᠯ᠎ᠢ ᠬᠡᠯᠲᠦᠷᠢᠭᠦᠯᠬᠦ ᠲᠦᠷᠦ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ᠎ᠠ᠃ ᠨᠥᠬᠥᠴᠡᠯ᠎ᠳᠦ ᠨᠡᠢᠴᠡᠬᠦ ᠠᠯᠪᠠᠨ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠴᠡᠴᠡᠷᠯᠢᠭ᠎ᠲᠦ ᠪᠠᠢᠭ᠎ᠠ ᠬᠡᠦᠬᠡᠳ᠎ᠢ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠭᠡᠯ᠎ᠢ ᠬᠡᠯᠲᠦᠷᠢᠭᠦᠯᠬᠦ ᠬᠡᠷᠡᠭᠲᠡᠢ᠃ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠦᠨ ᠵᠥᠪᠰᠢᠶᠡᠷᠡᠯ᠎ᠢᠶᠡᠷ ᠪᠠᠢᠭᠤᠯᠤᠭᠰᠠᠨ ᠠᠷᠠᠳ᠎ᠡᠴᠡ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠲᠦ ᠰᠤᠷᠤᠯᠴᠠᠵᠤ ᠪᠠᠢᠭ᠎ᠠ ᠰᠤᠷᠭᠠᠭᠤᠯᠢ᠎ᠳᠤ ᠣᠷᠣᠬᠤ ᠨᠠᠰᠤᠨ᠎ᠤ ᠬᠡᠦᠬᠡᠳ᠎ᠲᠦ᠂ ᠲᠤᠬᠠᠢ᠎ᠶᠢᠨ ᠭᠠᠵᠠᠷ᠎ᠤᠨ ᠠᠳᠠᠯᠢ ᠲᠥᠷᠥᠯ᠎ᠦᠨ ᠠᠯᠪᠠᠨ᠎ᠡᠴᠡ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠭᠡᠯ᠎ᠡᠴᠡ ᠬᠡᠯᠲᠦᠷᠢᠭᠦᠯᠬᠦ ᠬᠢᠷᠢ ᠲᠦᠪᠰᠢᠨ᠎ᠢᠶᠡᠷ ᠯᠠᠪᠯᠠᠯᠲᠠ ᠪᠣᠯᠭᠠᠭᠠᠳ ᠰᠦᠢᠳᠭᠡᠯ᠎ᠢ ᠨᠢ ᠵᠣᠬᠢᠬᠤ ᠬᠡᠮᠵᠢᠶ᠎ᠡ᠎ᠪᠡᠷ ᠬᠠᠰᠤᠵᠤ ᠬᠡᠯᠲᠦᠷᠢᠭᠦᠯᠦᠨ᠎ᠡ᠃
ᠤᠯᠤᠰ᠎ᠠᠴᠠ ᠨᠢᠭᠡᠳᠦᠯᠲᠡᠢ ᠬᠡᠷᠡᠭᠵᠢᠭᠦᠯᠵᠦ ᠪᠠᠢᠭ᠎ᠠ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠭᠡᠯ᠎ᠢ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠪᠠᠷ ᠬᠡᠷᠡᠭᠰᠡᠬᠦ ᠪᠡᠯᠡ ᠮᠥᠩᠭᠥ᠎ᠶᠢ ᠲᠥᠪ ᠪᠠ ᠣᠷᠣᠨ ᠨᠤᠲᠤᠭ᠎ᠤᠨ ᠡᠳ᠋᠎ᠦᠨ ᠵᠠᠰᠠᠭ ᠬᠠᠮᠲᠤ᠎ᠪᠠᠷ ᠡᠭᠦᠷᠭᠡᠯᠡᠨ᠎ᠡ᠃ ᠲᠥᠪ᠎ᠦᠨ ᠡᠳ᠋᠎ᠦᠨ ᠵᠠᠰᠠᠭ ᠨᠢ ᠬᠢᠨᠠᠨ ᠲᠣᠭᠲᠠᠭᠠᠭᠰᠠᠨ ᠡᠯ᠎ᠡ ᠮᠤᠵᠢ᠎ᠶᠢᠨ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠭᠡᠯ᠎ᠢ ᠬᠡᠯᠲᠦᠷᠢᠭᠦᠯᠬᠦ ᠡᠳ᠋᠎ᠦᠨ ᠵᠠᠰᠠᠭ᠎ᠤᠨ ᠨᠥᠬᠥᠪᠦᠷᠢ᠎ᠶᠢᠨ ᠪᠠᠷᠢᠮᠵᠢᠶ᠎ᠠ᠂ ᠴᠡᠴᠡᠷᠯᠢᠭ᠎ᠲᠦ ᠪᠠᠢᠭ᠎ᠠ ᠬᠡᠦᠬᠡᠳ᠎ᠦᠨ ᠲᠣᠭ᠎ᠠ ᠵᠢᠴᠢ ᠲᠥᠪ ᠪᠠ ᠣᠷᠣᠨ ᠨᠤᠲᠤᠭ᠎ᠤᠨ ᠬᠤᠪᠢᠶᠠᠨ ᠡᠭᠦᠷᠭᠡᠯᠡᠬᠦ ᠬᠠᠷᠢᠴᠠᠯ᠎ᠢ ᠦᠨᠳᠦᠰᠦᠯᠡᠨ᠂ ᠲᠥᠪ᠎ᠦᠨ ᠡᠳ᠋᠎ᠦᠨ ᠵᠠᠰᠠᠭ᠎ᠤᠨ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠢ ᠬᠡᠯᠲᠦᠷᠢᠭᠦᠯᠬᠦ ᠡᠳ᠋᠎ᠦᠨ ᠵᠠᠰᠠᠭ᠎ᠤᠨ ᠨᠥᠬᠥᠪᠦᠷᠢ᠎ᠶᠢᠨ ᠪᠡᠯᠡ ᠮᠥᠩᠭᠥ᠎ᠶᠢ ᠬᠢᠨᠠᠨ ᠲᠣᠭᠲᠠᠭᠠᠨ᠎ᠠ᠃
ᠰᠢᠯᠢᠳᠡᠭ᠎ᠢ ᠨᠢ ᠥᠷᠭᠡᠳᠬᠡᠨ ᠴᠢᠨᠠᠷ᠎ᠢ ᠨᠢ ᠳᠡᠭᠡᠭᠰᠢᠯᠡᠭᠦᠯᠬᠦ ᠨᠥᠬᠥᠪᠦᠷᠢ᠎ᠶᠢᠨ ᠪᠡᠯᠡ ᠮᠥᠩᠭᠥ᠎ᠶᠢ ᠬᠥᠳᠡᠭᠡ ᠲᠣᠰᠬᠣᠨ᠎ᠤ ᠭᠠᠵᠠᠷ ᠣᠷᠣᠨ᠂ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠦ ᠭᠠᠵᠠᠷ ᠣᠷᠣᠨ᠂ ᠬᠢᠯᠢ ᠬᠢᠵᠠᠭᠠᠷ ᠣᠷᠣᠨ᠂ ᠶᠠᠳᠠᠭᠤ᠎ᠡᠴᠡ ᠠᠩᠭᠢᠵᠢᠷᠠᠭᠰᠠᠨ ᠭᠠᠵᠠᠷ ᠣᠷᠣᠨ ᠲᠡᠢᠰᠢ ᠭᠣᠣᠯᠳᠠᠯᠭ᠎ᠠ ᠲᠠᠢ ᠬᠡᠯᠪᠡᠢᠯᠭᠡᠬᠦ᠎ᠶᠢᠨ ᠬᠠᠮᠲᠤ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠰᠠᠯᠠᠭ᠎ᠠ ᠮᠥᠴᠢᠷ᠎ᠦᠨ ᠦᠨᠳᠦᠰᠦᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠢ ᠲᠣᠬᠢᠷᠠᠭᠤᠯᠬᠤ ᠵᠡᠷᠭᠡ ᠡᠯ᠎ᠡ ᠠᠷᠭ᠎ᠠ ᠵᠠᠮ᠎ᠤᠨ ᠪᠡᠯᠡ ᠮᠥᠩᠭᠥ ᠯᠦ᠍ᠭᠡ ᠨᠢᠭᠡᠳᠦᠯᠲᠡᠢ ᠲᠥᠯᠥᠪᠯᠡᠬᠦ ᠪᠠ ᠵᠣᠯᠭᠠᠭᠤᠯᠬᠤ᠎ᠶᠢ ᠰᠠᠢᠲᠤᠷ ᠬᠢᠵᠦ᠂ ᠪᠡᠯᠡ ᠮᠥᠩᠭᠥ᠂ ᠲᠥᠷᠥᠯ ᠵᠦᠢᠯ᠎ᠦᠨ ᠲᠣᠬᠢᠷᠠᠭᠤᠯᠤᠯᠲᠠ ᠳᠠᠪᠬᠤᠷᠳᠠᠨ ᠰᠣᠯᠪᠢᠴᠠᠬᠤ ᠪᠤᠶᠤ ᠳᠤᠲᠠᠭᠳᠠᠬᠤ᠎ᠶᠢ ᠰᠡᠷᠭᠡᠢᠯᠡᠬᠦ ᠬᠡᠷᠡᠭᠲᠡᠢ; ᠮᠤᠵᠢ᠎ᠶᠢᠨ ᠱᠠᠲᠤᠨ᠎ᠠᠴᠠ ᠳᠣᠷᠣᠭ᠍ᠰᠢᠬᠢ ᠡᠯ᠎ᠡ ᠱᠠᠲᠤᠨ᠎ᠤ ᠡᠳ᠋᠎ᠦᠨ ᠵᠠᠰᠠᠭ᠂ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠢ ᠰᠢᠮᠳᠠᠭᠤᠯᠵᠤ ᠪᠠᠢᠭᠠᠳ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠢ ᠬᠡᠯᠲᠦᠷᠢᠭᠦᠯᠬᠦ ᠨᠥᠬᠥᠪᠦᠷᠢ ᠪᠡᠯᠡ ᠮᠥᠩᠭᠥ᠎ᠶᠢ ᠪᠣᠯ ᠴᠠᠭ ᠲᠤᠬᠠᠢ᠎ᠳᠦ ᠨᠢ ᠭᠦᠢᠴᠡᠳ ᠲᠣᠭ᠎ᠠ᠎ᠪᠠᠷ ᠰᠠᠯᠭᠠᠨ ᠥᠭᠴᠦ᠂ ᠬᠡᠦᠬᠡᠳ᠎ᠦᠨ ᠴᠡᠴᠡᠷᠯᠢᠭ᠎ᠦᠨ ᠬᠡᠪ᠎ᠦᠨ ᠠᠵᠢᠯᠯᠠᠭ᠎ᠠ᠎ᠨᠢ ᠦᠨᠡᠨ ᠬᠦ᠌ ᠪᠠᠲᠤᠯᠠᠬᠤ ᠬᠡᠷᠡᠭ᠌ᠲᠡᠢ᠃