ᠪᠡᠯᠡᠨ ᠵᠣᠭᠣᠰ᠎ᠢᠶᠠᠷ ᠠᠯᠲᠠ ᠬᠤᠳᠠᠯᠳᠤᠨ ᠠᠪᠬᠤ᠎ᠳᠤ 10 ᠲᠦᠮᠡᠨ ᠲᠥᠭᠥᠷᠢᠭ᠎ᠡᠴᠡ ᠬᠡᠲᠦᠷᠡᠪᠡᠯ ᠳᠡᠭᠡᠭᠰᠢ ᠮᠡᠳᠡᠭᠦᠯᠬᠦ ᠬᠡᠷᠡᠭᠲᠡᠢ
《ᠦᠨᠡᠲᠦ ᠲᠡᠮᠦᠷᠯᠢᠭ ᠪᠠ ᠡᠷᠳᠡᠨᠢ᠎ᠶᠢᠨ ᠴᠢᠯᠠᠭᠤ᠎ᠶᠢᠨ ᠠᠵᠢᠯ ᠡᠷᠭᠢᠯᠡᠬᠦ ᠪᠠᠢᠭᠤᠯᠤᠮᠵᠢ᠎ᠶᠢᠨ ᠵᠣᠭᠣᠰ ᠤᠬᠢᠶᠠᠬᠤ᠎ᠶᠢ ᠡᠰᠡᠷᠭᠦᠴᠡᠬᠦ ᠪᠠ ᠰᠦᠷᠳᠡᠭᠦᠯᠦᠯ᠎ᠦᠨ ᠪᠡᠯᠡ ᠲᠣᠬᠢᠷᠠᠭᠤᠯᠭ᠎ᠠ᠎ᠶᠢ ᠡᠰᠡᠷᠭᠦᠴᠡᠬᠦ ᠬᠠᠮᠢᠶᠠᠷᠤᠯᠲᠠ᠎ᠶᠢᠨ ᠠᠷᠭ᠎ᠠ》᠎ᠶᠢ 8 ᠳ᠋ᠤᠭᠠᠷ ᠰᠠᠷ᠎ᠠ᠎ᠶᠢᠨ 1 ᠦ ᠡᠳᠦᠷ᠎ᠡᠴᠡ ᠡᠬᠢᠯᠡᠨ ᠬᠡᠷᠡᠭᠵᠢᠭᠦᠯᠦᠨ᠎ᠡ᠃ ᠬᠡᠷᠡᠭᠯᠡᠭᠴᠢ ᠭᠠᠭᠴᠠ ᠤᠳᠠᠭᠠᠨ᠎ᠤ ᠪᠤᠶᠤ ᠡᠳᠦᠷ᠎ᠦᠨ ᠨᠡᠶ᠋ᠢᠲᠡ ᠵᠣᠭᠣᠰ᠎ᠤᠨ ᠲᠣᠭ᠎ᠠ ᠨᠢ ᠠᠷᠠᠳ᠎ᠤᠨ ᠵᠣᠭᠣᠰ᠎ᠢᠶᠠᠷ 10 ᠲᠦᠮᠡᠨ ᠲᠥᠭᠥᠷᠢᠭ᠎ᠡᠴᠡ ᠳᠡᠭᠡᠭᠰᠢ (10 ᠲᠦᠮᠡᠨ ᠲᠥᠭᠥᠷᠢᠭ ᠪᠠᠭᠲᠠᠨ᠎ᠠ) ᠪᠤᠶᠤ ᠲᠡᠩᠴᠡᠭᠦᠦ ᠥᠷᠲᠡᠭᠲᠦ ᠭᠠᠳᠠᠭᠠᠳᠤ ᠵᠣᠭᠣᠰ᠎ᠤᠨ ᠪᠡᠯᠡᠨ ᠵᠣᠭᠣᠰ᠎ᠤᠨ ᠠᠷᠠᠯᠵᠢᠶ᠎ᠠ ᠬᠢᠬᠦ᠎ᠳᠦ ᠭᠦᠷᠪᠡᠯ᠂ ᠠᠵᠢᠯ ᠡᠷᠭᠢᠯᠡᠬᠦ ᠪᠠᠢᠭᠤᠯᠤᠮᠵᠢ ᠨᠢ ᠲᠣᠭᠲᠠᠭᠠᠯ ᠶᠣᠰᠣᠭᠠᠷ ᠠᠷᠠᠯᠵᠢᠶ᠎ᠠ ᠡᠭᠦᠰᠦᠭᠰᠡᠨ ᠡᠳᠦᠷ᠎ᠡᠴᠡ ᠡᠬᠢᠯᠡᠨ 5 ᠠᠵᠢᠯᠯᠠᠬᠤ ᠡᠳᠦᠷ᠎ᠦᠨ ᠳᠣᠲᠣᠷ᠎ᠠ ᠳᠤᠮᠳᠠᠳᠤ ᠤᠯᠤᠰ᠎ᠤᠨ ᠵᠣᠭᠣᠰ ᠤᠬᠢᠶᠠᠬᠤ᠎ᠶᠢ ᠡᠰᠡᠷᠭᠦᠴᠡᠬᠦ ᠬᠢᠨᠠᠨ ᠰᠢᠨᠵᠢᠵᠦ ᠵᠠᠳᠠᠯᠬᠤ ᠲᠥᠪ᠎ᠲᠦ ᠶᠡᠬᠡ ᠲᠣᠭᠠᠨ᠎ᠤ ᠠᠷᠠᠯᠵᠢᠶᠠᠨ᠎ᠤ ᠮᠡᠳᠡᠭᠦᠯᠦᠯᠲᠡ᠎ᠪᠡᠨ ᠲᠤᠰᠢᠶᠠᠬᠤ ᠬᠡᠷᠡᠭᠲᠡᠢ᠃
ᠰᠢᠨ᠎ᠡ ᠬᠡᠪᠯᠡᠯ᠎ᠦᠨ ᠠᠵᠢᠯ᠎ᠤᠨ ᠨᠥᠯᠥᠭᠡᠨᠦ ᠡᠪᠡᠳᠴᠢᠨ᠎ᠦ ᠲᠥᠷᠥᠯ ᠪᠠ ᠭᠠᠷᠴᠠᠭ᠎ᠢ ᠬᠡᠷᠡᠭᠵᠢᠭᠦᠯᠦᠨ᠎ᠡ᠂ ᠠᠵᠢᠯ᠎ᠤᠨ ᠨᠥᠯᠥᠭᠡᠨᠦ ᠡᠪᠡᠳᠴᠢᠨ᠎ᠦ ᠲᠥᠷᠥᠯ᠎ᠢ 12 ᠶᠡᠬᠡ ᠲᠥᠷᠥᠯ᠎ᠦᠨ 135 ᠵᠦᠢᠯ ᠪᠣᠯᠭᠠᠨ ᠨᠡᠮᠡᠭᠳᠡᠭᠦᠯᠪᠡ
ᠰᠢᠨ᠎ᠡ ᠬᠡᠪᠯᠡᠯ᠎ᠦᠨ 《ᠠᠵᠢᠯ᠎ᠤᠨ ᠨᠥᠯᠥᠭᠡᠨᠦ ᠡᠪᠡᠳᠴᠢᠨ᠎ᠦ ᠲᠥᠷᠥᠯ ᠪᠠ ᠭᠠᠷᠴᠠᠭ》᠎ᠢ 8 ᠳ᠋ᠤᠭᠠᠷ ᠰᠠᠷ᠎ᠠ᠎ᠶᠢᠨ 1 ᠦ ᠡᠳᠦᠷ᠎ᠡᠴᠡ ᠡᠬᠢᠯᠡᠨ ᠬᠡᠷᠡᠭᠵᠢᠭᠦᠯᠦᠨ᠎ᠡ᠃ ᠠᠵᠢᠯ᠎ᠤᠨ ᠨᠥᠯᠥᠭᠡᠨᠦ ᠡᠪᠡᠳᠴᠢᠨ᠎ᠦ ᠲᠥᠷᠥᠯ᠎ᠢ ᠤᠤᠯ᠎ᠤᠨ 10 ᠶᠡᠬᠡ ᠲᠥᠷᠥᠯ᠎ᠦᠨ 132 ᠵᠦᠢᠯ ᠪᠠᠢᠭᠰᠠᠨ᠎ᠠᠴᠠ 12 ᠶᠡᠬᠡ ᠲᠥᠷᠥᠯ᠎ᠦᠨ 135 ᠵᠦᠢᠯ ᠪᠣᠯᠭᠠᠨ ᠲᠣᠬᠢᠷᠠᠭᠤᠯᠪᠠ᠂ ᠡᠭᠦᠨ᠎ᠳᠦ ᠠᠵᠢᠯ᠎ᠤᠨ ᠴᠢᠨᠠᠷᠲᠠᠢ ᠪᠤᠯᠴᠢᠩ ᠠᠷᠤᠭ ᠶᠠᠰᠤᠨ᠎ᠤ ᠡᠪᠡᠳᠴᠢᠨ᠂ ᠠᠵᠢᠯ᠎ᠤᠨ ᠴᠢᠨᠠᠷᠲᠠᠢ ᠣᠶᠤᠨ᠎ᠤ ᠪᠠ ᠦᠶ᠋ᠯᠡ ᠠᠵᠢᠯᠯᠠᠭᠠᠨ᠎ᠤ ᠰᠠᠭᠠᠳ ᠭᠡᠬᠦ 2 ᠲᠥᠷᠥᠯ᠎ᠢ ᠨᠡᠮᠡᠭᠳᠡᠭᠦᠯᠵᠡᠢ᠃
ᠵᠠᠰᠠᠭ᠎ᠤᠨ ᠶᠠᠪᠤᠳᠠᠯ᠎ᠤᠨ ᠳ᠋ᠠᠢᠲ᠋ᠠ᠎ᠶᠢᠨ ᠠᠮᠤᠷ ᠲᠦᠪᠰᠢᠨ ᠡᠮᠬᠢ ᠵᠢᠷᠤᠮ᠎ᠲᠠᠢ ᠥᠨᠳᠥᠷ ᠪᠦᠲᠦᠮᠵᠢᠲᠡᠶ ᠬᠠᠮᠲᠤ᠎ᠪᠠᠷ ᠡᠳ᠋ᠯᠡᠨ ᠠᠰᠢᠭᠯᠠᠬᠤ᠎ᠶᠢ ᠠᠬᠢᠭᠤᠯᠤᠨ᠎ᠠ
《ᠵᠠᠰᠠᠭ᠎ᠤᠨ ᠶᠠᠪᠤᠳᠠᠯ᠎ᠤᠨ ᠳ᠋ᠠᠢᠲ᠋ᠠ᠎ᠶᠢ ᠬᠠᠮᠲᠤ᠎ᠪᠠᠷ ᠡᠳ᠋ᠯᠡᠬᠦ ᠳᠦᠷᠢᠮ》᠎ᠢ 8 ᠳ᠋ᠤᠭᠠᠷ ᠰᠠᠷ᠎ᠠ᠎ᠶᠢᠨ 1 ᠦ ᠡᠳᠦᠷ᠎ᠡᠴᠡ ᠡᠬᠢᠯᠡᠨ ᠬᠡᠷᠡᠭᠵᠢᠭᠦᠯᠦᠨ᠎ᠡ᠃ ᠨᠥᠬᠥᠴᠡᠯ ᠦᠭᠡᠢ᠎ᠪᠡᠷ ᠬᠠᠮᠲᠤ᠎ᠪᠠᠷ ᠡᠳ᠋ᠯᠡᠬᠦ ᠲᠥᠷᠥᠯ᠎ᠦᠨ ᠳ᠋ᠠᠢᠲ᠋ᠠ᠎ᠳᠤ᠂ ᠬᠠᠮᠢᠶ᠎ᠠ ᠪᠦᠬᠦᠢ ᠰᠠᠯᠠᠭ᠎ᠠ ᠮᠥᠴᠢᠷ ᠬᠡᠷᠡᠭᠯᠡᠬᠦ ᠭᠤᠶᠤᠴᠢᠯᠠᠯ᠎ᠢ ᠣᠯᠣᠭᠰᠠᠨ᠎ᠤ ᠳᠠᠷᠠᠭ᠎ᠠ᠂ 1 ᠠᠵᠢᠯᠯᠠᠬᠤ ᠡᠳᠦᠷ᠎ᠦᠨ ᠳᠣᠲᠣᠷ᠎ᠠ ᠬᠠᠮᠲᠤ᠎ᠪᠠᠷ ᠡᠳ᠋ᠯᠡᠬᠦ᠎ᠶᠢ ᠵᠥᠪᠰᠢᠶᠡᠷᠡᠬᠦ ᠡᠰᠡᠬᠦ᠎ᠶᠢᠨ ᠬᠠᠷᠢᠭᠤᠯᠲᠠ ᠥᠭᠬᠦ ᠬᠡᠷᠡᠭᠲᠡᠢ; ᠬᠠᠮᠲᠤ᠎ᠪᠠᠷ ᠡᠳ᠋ᠯᠡᠬᠦ ᠨᠥᠬᠥᠴᠡᠯ᠎ᠲᠠᠢ ᠲᠥᠷᠥᠯ᠎ᠳᠦ 10 ᠠᠵᠢᠯᠯᠠᠬᠤ ᠡᠳᠦᠷ᠎ᠦᠨ ᠳᠣᠲᠣᠷ᠎ᠠ ᠬᠠᠷᠢᠭᠤᠯᠲᠠ ᠥᠭᠬᠦ ᠬᠡᠷᠡᠭᠲᠡᠢ᠃
ᠬᠢᠲᠠᠳ ᠬᠡᠷᠴᠢᠮ ᠡᠮ᠎ᠦᠨ ᠴᠢᠨᠠᠷ᠎ᠢ ᠪᠠᠲᠤᠯᠠᠬᠤ ᠬᠤᠭᠤᠴᠠᠭ᠎ᠠ᠎ᠶᠢ ᠠᠯᠪᠠᠳᠠᠯᠭ᠎ᠠ᠎ᠪᠠᠷ ᠲᠣᠳᠣᠷᠬᠠᠢᠯᠠᠨ᠎ᠠ
《ᠬᠢᠲᠠᠳ ᠬᠡᠷᠴᠢᠮ ᠡᠮ᠎ᠦᠨ ᠱᠣᠰᠢᠭ᠎ᠠ᠎ᠶᠢᠨ ᠬᠠᠮᠢᠶᠠᠷᠤᠯᠲᠠ᠎ᠶᠢᠨ ᠲᠣᠭᠲᠠᠭᠠᠯ》᠎ᠢ ᠦᠨᠳᠦᠰᠦᠯᠡᠪᠡᠯ᠂ 8 ᠳ᠋ᠤᠭᠠᠷ ᠰᠠᠷ᠎ᠠ᠎ᠶᠢᠨ 1 ᠦ ᠡᠳᠦᠷ᠎ᠡᠴᠡ ᠡᠬᠢᠯᠡᠨ᠂ ᠬᠢᠲᠠᠳ ᠬᠡᠷᠴᠢᠮ ᠡᠮ᠎ᠦᠨ ᠳᠣᠲᠣᠷ᠂ ᠭᠠᠳᠠᠷ ᠱᠣᠰᠢᠭ᠎ᠠ᠎ᠳᠤ ᠡᠷᠬᠡᠪᠰᠢ ᠴᠢᠨᠠᠷ᠎ᠢ ᠪᠠᠲᠤᠯᠠᠬᠤ ᠬᠤᠭᠤᠴᠠᠭ᠎ᠠ ᠵᠡᠷᠭᠡ ᠮᠡᠳᠡᠭᠡ ᠵᠠᠩᠭᠢ᠎ᠶᠢ ᠲᠣᠳᠣᠷᠬᠠᠢᠯᠠᠬᠤ ᠬᠡᠷᠡᠭᠲᠡᠢ᠃ ᠴᠢᠨᠠᠷ᠎ᠢ ᠪᠠᠲᠤᠯᠠᠬᠤ ᠬᠤᠭᠤᠴᠠᠭ᠎ᠠ᠎ᠶᠢ ᠬᠢᠲᠠᠳ ᠬᠡᠷᠴᠢᠮ ᠡᠮ ᠦᠢᠯᠡᠳᠪᠦᠷᠢᠯᠡᠬᠦ ᠠᠵᠤ ᠠᠬᠤᠢᠯᠠᠯ ᠪᠡᠶ᠎ᠡ᠎ᠪᠡᠨ ᠳᠠᠭᠠᠭᠠᠵᠤ ᠰᠤᠳᠤᠯᠤᠨ ᠲᠣᠭᠲᠠᠭᠠᠨ᠎ᠠ᠂ 8 ᠳ᠋ᠤᠭᠠᠷ ᠰᠠᠷ᠎ᠠ᠎ᠶᠢᠨ 1 ᠦ ᠡᠳᠦᠷ᠎ᠡᠴᠡ ᠡᠮᠦᠨ᠎ᠡ ᠤᠤᠯ᠎ᠤᠨ ᠪᠠᠭᠯᠠᠭ᠎ᠠ᠂ ᠱᠣᠰᠢᠭ᠎ᠠ᠎ᠶᠢ ᠬᠡᠷᠡᠭᠯᠡᠨ ᠵᠠᠬ᠎ᠠ ᠳᠡᠯᠭᠡᠭᠦᠷ᠎ᠲᠦ ᠭᠠᠷᠭᠠᠭᠰᠠᠨ ᠬᠢᠲᠠᠳ ᠬᠡᠷᠴᠢᠮ ᠡᠮ᠎ᠢ ᠬᠡᠷᠡᠭᠯᠡᠵᠦ ᠳᠠᠭᠤᠰᠲᠠᠯ᠎ᠠ ᠨᠢ ᠦᠷᠭᠦᠯᠵᠢᠯᠡᠨ ᠪᠣᠷᠣᠯᠠᠭᠤᠯᠵᠤ᠂ ᠭᠦᠢᠯᠭᠡᠭᠡᠯᠡᠵᠦ ᠪᠣᠯᠣᠨ᠎ᠠ᠃
ᠵᠠᠩᠭᠢᠯᠠᠭ᠎ᠠ᠎ᠶᠢᠨ ᠮᠡᠳᠡᠭᠡ ᠵᠠᠩᠭᠢ᠎ᠶᠢᠨ ᠰᠠᠭᠤᠷᠢ ᠪᠡᠯᠡᠳᠬᠡᠮᠵᠢ᠎ᠶᠢᠨ ᠬᠤᠳᠠᠯᠳᠤᠭᠠᠨ᠎ᠳᠤ ᠬᠡᠷᠡᠭᠯᠡᠬᠦ ᠨᠢᠭᠤᠴᠠ ᠺᠣᠳ᠋᠎ᠤᠨ ᠬᠡᠷᠡᠭᠯᠡᠯᠲᠡ᠎ᠶᠢ ᠵᠢᠷᠤᠮᠵᠢᠭᠤᠯᠤᠨ᠎ᠠ
《ᠵᠠᠩᠭᠢᠯᠠᠭ᠎ᠠ᠎ᠶᠢᠨ ᠮᠡᠳᠡᠭᠡ ᠵᠠᠩᠭᠢ᠎ᠶᠢᠨ ᠰᠠᠭᠤᠷᠢ ᠪᠡᠯᠡᠳᠬᠡᠮᠵᠢ᠎ᠶᠢᠨ ᠬᠤᠳᠠᠯᠳᠤᠭᠠᠨ᠎ᠳᠤ ᠬᠡᠷᠡᠭᠯᠡᠬᠦ ᠨᠢᠭᠤᠴᠠ ᠺᠣᠳ᠋᠎ᠤᠨ ᠬᠡᠷᠡᠭᠯᠡᠯᠲᠡ᠎ᠶᠢᠨ ᠬᠠᠮᠢᠶᠠᠷᠤᠯᠲᠠ᠎ᠶᠢᠨ ᠲᠣᠭᠲᠠᠭᠠᠯ》᠎ᠢ 8 ᠳ᠋ᠤᠭᠠᠷ ᠰᠠᠷ᠎ᠠ᠎ᠶᠢᠨ 1 ᠦ ᠡᠳᠦᠷ᠎ᠡᠴᠡ ᠡᠬᠢᠯᠡᠨ ᠬᠡᠷᠡᠭᠵᠢᠭᠦᠯᠦᠨ᠎ᠡ᠃ ᠡᠵᠡᠩᠨᠡᠭᠴᠢ ᠵᠢᠯ ᠪᠦᠷᠢ᠎ᠶᠢᠨ 1 ᠳ᠋ᠦ᠍ᠭᠡᠷ ᠰᠠᠷ᠎ᠠ᠎ᠶᠢᠨ 31 ᠦ ᠡᠳᠦᠷ᠎ᠡᠴᠡ ᠡᠮᠦᠨ᠎ᠡ ᠬᠠᠷᠢᠶ᠎ᠠ ᠪᠦᠬᠦᠢ ᠬᠠᠮᠠᠭᠠᠯᠠᠯᠲᠠ᠎ᠶᠢᠨ ᠠᠵᠢᠯ᠎ᠤᠨ ᠰᠠᠯᠠᠭ᠎ᠠ ᠮᠥᠴᠢᠷ᠎ᠲᠦ᠎ᠪᠡᠨ ᠳᠡᠭᠡᠷ᠎ᠡ ᠨᠢᠭᠡ ᠵᠢᠯ᠎ᠦᠨ ᠵᠠᠩᠭᠢᠯᠠᠭ᠎ᠠ᠎ᠶᠢᠨ ᠮᠡᠳᠡᠭᠡ ᠵᠠᠩᠭᠢ᠎ᠶᠢᠨ ᠰᠠᠭᠤᠷᠢ ᠪᠡᠯᠡᠳᠬᠡᠮᠵᠢ᠎ᠶᠢᠨ ᠬᠤᠳᠠᠯᠳᠤᠭᠠᠨ᠎ᠳᠤ ᠬᠡᠷᠡᠭᠯᠡᠬᠦ ᠨᠢᠭᠤᠴᠠ ᠺᠣᠳ᠋᠎ᠤᠨ ᠬᠡᠷᠡᠭᠯᠡᠯᠲᠡ ᠵᠢᠴᠢ ᠬᠤᠳᠠᠯᠳᠤᠭᠠᠨ᠎ᠳᠤ ᠬᠡᠷᠡᠭᠯᠡᠬᠦ ᠨᠢᠭᠤᠴᠠ ᠺᠣᠳ᠋᠎ᠤᠨ ᠬᠡᠷᠡᠭᠯᠡᠯᠲᠡ᠎ᠶᠢᠨ ᠠᠮᠤᠷ ᠲᠦᠪᠰᠢᠨ᠎ᠦ ᠴᠢᠨᠠᠷ᠎ᠤᠨ ᠦᠨᠡᠯᠡᠨ ᠵᠢᠱ᠌ᠢᠯᠲᠡ᠎ᠶᠢ ᠥᠷᠨᠢᠭᠦᠯᠦᠭᠰᠡᠨ ᠪᠠᠢᠳᠠᠯ᠎ᠢᠶᠠᠨ ᠮᠡᠳᠡᠭᠦᠯᠬᠦ ᠬᠡᠷᠡᠭᠲᠡᠢ᠃
ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶᠢᠨ ᠰᠠᠯᠠᠭ᠎ᠠ ᠮᠥᠴᠢᠷ᠎ᠦᠨ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠦᠢᠯᠡ ᠠᠵᠢᠯᠯᠠᠭ᠎ᠠ᠎ᠨᠢ ᠵᠢᠷᠤᠮᠵᠢᠭᠤᠯᠤᠨ᠎ᠠ
《ᠢᠨᠲᠧᠷ ᠰᠦᠯᠵᠢᠶᠡᠨ᠎ᠦ ᠮᠡᠳᠡᠭᠡ ᠵᠠᠩᠭᠢ᠎ᠶᠢᠨ ᠰᠠᠯᠠᠭ᠎ᠠ ᠮᠥᠴᠢᠷ᠎ᠦᠨ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠲᠠᠰᠤᠯᠤᠯᠲᠠ᠎ᠶᠢᠨ ᠡᠷᠬᠡ᠎ᠶᠢᠨ ᠦᠨᠳᠦᠰᠦᠨ ᠪᠠᠷᠢᠮᠵᠢᠶ᠎ᠠ᠎ᠶᠢ ᠬᠡᠷᠡᠭᠯᠡᠬᠦ ᠲᠣᠭᠲᠠᠭᠠᠯ》᠎ᠢ 8 ᠳ᠋ᠤᠭᠠᠷ ᠰᠠᠷ᠎ᠠ᠎ᠶᠢᠨ 1 ᠦ ᠡᠳᠦᠷ᠎ᠡᠴᠡ ᠡᠬᠢᠯᠡᠨ ᠬᠡᠷᠡᠭᠵᠢᠭᠦᠯᠦᠨ᠎ᠡ᠃ 《ᠲᠣᠭᠲᠠᠭᠠᠯ》᠎ᠳᠤ ᠳᠤᠷᠠᠳᠤᠭᠰᠠᠨ᠎ᠢᠶᠠᠷ᠂ ᠢᠨᠲᠧᠷ ᠰᠦᠯᠵᠢᠶᠡᠨ᠎ᠦ ᠮᠡᠳᠡᠭᠡ ᠵᠠᠩᠭᠢ᠎ᠶᠢᠨ ᠰᠠᠯᠠᠭ᠎ᠠ ᠮᠥᠴᠢᠷ᠎ᠦᠨ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠲᠠᠰᠤᠯᠤᠯᠲᠠ᠎ᠶᠢᠨ ᠡᠷᠬᠡ᠎ᠶᠢᠨ ᠦᠨᠳᠦᠰᠦᠨ ᠪᠠᠷᠢᠮᠵᠢᠶ᠎ᠠ᠎ᠶᠢ ᠰᠢᠢᠳᠬᠡᠯ ᠥᠯᠥ ᠣᠯᠭᠣᠬᠤ᠂ ᠬᠥᠩᠭᠡᠷᠡᠭᠦᠯᠦᠨ ᠰᠢᠢᠳᠬᠡᠬᠦ᠂ ᠬᠥᠩᠭᠡᠨ᠎ᠢᠶᠡᠷ ᠰᠢᠢᠳᠬᠡᠬᠦ᠂ ᠡᠩ᠎ᠦᠨ ᠰᠢᠢᠳᠬᠡᠯ᠂ ᠬᠦᠨᠳᠦ᠎ᠪᠡᠷ ᠰᠢᠢᠳᠬᠡᠬᠦ ᠵᠡᠷᠭᠡ ᠲᠠᠰᠤᠯᠤᠯᠲᠠ᠎ᠶᠢᠨ ᠲᠠᠰ ᠳᠠᠷᠠᠭᠠᠯᠠᠯ ᠬᠤᠪᠢᠶᠠᠪᠠ᠃
ᠵᠠᠰᠠᠯ ᠴᠢᠮᠡᠭᠯᠡᠯ᠎ᠦᠨ ᠡᠳ᠋᠎ᠦᠨ ᠠᠮᠤᠷ ᠲᠦᠪᠰᠢᠨ᠎ᠦ ᠲᠦᠭᠰᠢᠭᠦᠷᠢ᠎ᠶᠢᠨ ᠬᠢᠨᠠᠨ ᠰᠢᠨᠵᠢᠯᠲᠡ᠎ᠶᠢ ᠴᠢᠩᠭᠠᠳᠬᠠᠨ᠎ᠠ
《ᠵᠠᠰᠠᠯ ᠴᠢᠮᠡᠭᠯᠡᠯ᠎ᠦᠨ ᠡᠳ᠋᠎ᠦᠨ ᠠᠮᠤᠷ ᠲᠦᠪᠰᠢᠨ᠎ᠦ ᠲᠦᠭᠰᠢᠭᠦᠷᠢ᠎ᠶᠢ ᠬᠢᠨᠠᠨ ᠰᠢᠨᠵᠢᠯᠲᠡ ᠪᠠ ᠦᠨᠡᠯᠡᠯᠲᠡ᠎ᠶᠢᠨ ᠬᠠᠮᠢᠶᠠᠷᠤᠯᠲᠠ᠎ᠶᠢᠨ ᠠᠷᠭ᠎ᠠ》᠎ᠶᠢ 8 ᠳ᠋ᠤᠭᠠᠷ ᠰᠠᠷ᠎ᠠ᠎ᠶᠢᠨ 1 ᠦ ᠡᠳᠦᠷ᠎ᠡᠴᠡ ᠡᠬᠢᠯᠡᠨ ᠬᠡᠷᠡᠭᠵᠢᠭᠦᠯᠦᠨ᠎ᠡ᠃ 《ᠠᠷᠭ᠎ᠠ》᠎ᠳᠤ ᠵᠠᠰᠠᠯ ᠴᠢᠮᠡᠭᠯᠡᠯ᠎ᠦᠨ ᠡᠳ᠋᠎ᠦᠨ ᠠᠮᠤᠷ ᠲᠦᠪᠰᠢᠨ᠎ᠦ ᠲᠦᠭᠰᠢᠭᠦᠷᠢ᠎ᠶᠢ ᠬᠢᠨᠠᠨ ᠰᠢᠨᠵᠢᠬᠦ ᠪᠠ ᠦᠨᠡᠯᠡᠬᠦ ᠭᠣᠣᠯ ᠬᠠᠷᠠᠯᠲᠠ᠎ᠶᠢ ᠲᠣᠳᠣᠷᠬᠠᠢ ᠲᠣᠭᠲᠠᠭᠠᠵᠤ᠂ ᠬᠠᠤᠯᠢ ᠪᠤᠰᠤ᠎ᠪᠠᠷ ᠠᠮᠠᠷᠬᠠᠨ ᠨᠡᠮᠡᠬᠦ ᠮᠥᠷᠲᠡᠭᠡᠨ ᠬᠥᠮᠥᠨ᠎ᠦ ᠪᠡᠶ᠎ᠡ᠎ᠶᠢᠨ ᠡᠷᠡᠭᠦᠯ ᠮᠡᠨᠳᠦ᠎ᠳᠦ ᠬᠣᠣᠷ ᠬᠥᠨᠥᠭᠡᠯ ᠤᠴᠠᠷᠠᠭᠤᠯᠬᠤ ᠪᠣᠳᠠᠰ ᠵᠡᠷᠭᠡ ᠲᠠᠪᠤᠨ ᠶᠡᠬᠡ ᠲᠥᠷᠥᠯ᠎ᠦᠨ ᠲᠦᠭᠰᠢᠭᠦᠷᠢᠲᠦ ᠪᠣᠳᠠᠰ᠎ᠢ ᠭᠣᠣᠯᠳᠠᠯᠭ᠎ᠠ᠎ᠲᠠᠢ ᠬᠢᠨᠠᠨ ᠰᠢᠨᠵᠢᠨ᠎ᠡ᠃
ᠤᠯᠤᠰ᠎ᠤᠨ ᠪᠠᠷᠢᠮᠵᠢᠶ᠎ᠠ᠎ᠪᠠᠷ ᠣᠶᠤᠯᠢᠭ᠋ ᠣᠷᠣ᠌᠎ᠶᠢᠨ ᠪᠦᠲᠦᠭᠡᠭᠳᠡᠬᠦᠨ᠎ᠦ ᠵᠠᠬ᠎ᠠ ᠳᠡᠯᠭᠡᠭᠦᠷ᠎ᠢ ᠵᠢᠷᠤᠮᠵᠢᠭᠤᠯᠤᠨ᠎ᠠ
《ᠣᠶᠤᠯᠢᠭ᠋ ᠣᠷᠣ᠌》᠎ᠶᠢᠨ ᠤᠯᠤᠰ᠎ᠤᠨ ᠪᠠᠷᠢᠮᠵᠢᠶ᠎ᠠ᠎ᠶᠢ 8 ᠳ᠋ᠤᠭᠠᠷ ᠰᠠᠷ᠎ᠠ᠎ᠶᠢᠨ 1 ᠦ ᠡᠳᠦᠷ᠎ᠡᠴᠡ ᠡᠬᠢᠯᠡᠨ ᠬᠡᠷᠡᠭᠵᠢᠭᠦᠯᠦᠨ᠎ᠡ᠃ ᠪᠠᠷᠢᠮᠵᠢᠶ᠎ᠠ᠎ᠳᠤ ᠣᠶᠤᠯᠢᠭ᠋ ᠣᠷᠣ᠌᠎ᠶᠢᠨ ᠦᠢᠯᠡᠳᠬᠦᠨ᠎ᠦ ᠮᠡᠷᠭᠡᠵᠢᠯ᠎ᠦᠨ ᠱᠠᠭᠠᠷᠳᠠᠯᠭ᠎ᠠ᠎ᠶᠢ ᠠᠩᠬ᠎ᠠ ᠤᠳᠠᠭ᠎ᠠ ᠲᠣᠭᠲᠠᠭᠠᠵᠠᠢ᠂ ᠡᠭᠦᠨ᠎ᠳᠦ ᠭᠠᠳᠠᠷ ᠪᠦᠲᠦᠴᠡ᠂ ᠰᠢᠲᠠᠯᠲᠠ᠎ᠶᠢ ᠬᠣᠷᠢᠭ᠍ᠯᠠᠬᠤ ᠴᠢᠳᠠᠮᠵᠢ᠂ ᠬᠣᠣᠷᠲᠠᠢ ᠪᠣᠳᠠᠰ᠎ᠤᠨ ᠬᠡᠮᠵᠢᠶᠡᠨ᠎ᠦ ᠬᠢᠵᠠᠭᠠᠷ᠂ ᠮᠧᠬᠠᠨᠢᠭ᠋᠎ᠤᠨ ᠠᠮᠤᠷ ᠲᠦᠪᠰᠢᠨ᠂ ᠴᠠᠬᠢᠯᠭᠠᠨ᠎ᠤ ᠠᠮᠤᠷ ᠲᠦᠪᠰᠢᠨ ᠵᠡᠷᠭᠡ ᠱᠠᠭᠠᠷᠳᠠᠯᠭᠠᠨᠤᠭᠤᠳᠢ ᠲᠣᠳᠣᠷᠬᠠᠢᠯᠠᠵᠤ᠂ ᠬᠡᠦᠬᠡᠳ᠎ᠦᠨ ᠣᠨᠢᠰᠤ᠂ ᠠᠵᠢᠯᠯᠠᠭᠠᠨ᠎ᠤ ᠬᠤᠷᠳᠤᠴᠠ᠂ ᠴᠠᠬᠢᠯᠭᠠᠨ ᠬᠠᠩᠭᠠᠯᠭ᠎ᠠ᠎ᠶᠢ ᠵᠣᠭᠰᠤᠭᠠᠬᠤ ᠵᠡᠷᠭᠡ ᠨᠡᠢᠳᠡᠮ᠎ᠦᠨ ᠱᠠᠭᠠᠷᠳᠠᠯᠭ᠎ᠠ ᠵᠢᠴᠢ ᠮᠡᠳᠡᠭᠡ ᠵᠠᠩᠭᠢᠴᠢᠯᠠᠯᠲᠠ᠂ ᠬᠠᠷᠢᠯᠴᠠᠨ ᠡᠵᠡᠮᠳᠡᠬᠦ ᠵᠡᠷᠭᠡ ᠪᠣᠳᠠᠲᠠᠢ ᠱᠠᠭᠠᠷᠳᠠᠯᠭ᠎ᠠ᠎ᠶᠢ ᠳᠤᠷᠠᠳᠤᠭᠰᠠᠨ ᠪᠠᠢᠨ᠎ᠠ᠃
ᠴᠠᠬᠢᠯᠭᠠᠨ ᠱᠠᠲᠤ᠂ ᠠᠶᠠᠨᠴᠢᠳ᠎ᠤᠨ ᠵᠥᠭᠡᠭᠡᠪᠦᠷᠢ᠎ᠶᠢᠨ ᠳᠡᠭᠦᠵᠢᠩ ᠵᠠᠮ ᠵᠡᠷᠭᠡ ᠣᠨᠴᠠ ᠲᠥᠷᠥᠯ᠎ᠦᠨ ᠲᠥᠬᠦᠭᠡᠷᠦᠮᠵᠢ᠎ᠶᠢ ᠡᠭᠡᠭᠦᠯᠦᠨ ᠠᠪᠴᠢᠷᠠᠬᠤ ᠬᠠᠮᠢᠶᠠᠷᠤᠯᠲᠠ᠎ᠳᠤ ᠣᠷᠣᠭᠤᠯᠪᠠ
《ᠡᠮᠵᠡᠭ ᠲᠡᠢ ᠣᠨᠴᠠ ᠲᠥᠷᠥᠯ᠎ᠦᠨ ᠲᠥᠬᠦᠭᠡᠷᠦᠮᠵᠢ᠎ᠶᠢ ᠡᠭᠡᠭᠦᠯᠦᠨ ᠠᠪᠴᠢᠷᠠᠬᠤ ᠬᠠᠮᠢᠶᠠᠷᠤᠯᠲᠠ᠎ᠶᠢᠨ ᠳᠦᠷᠢᠮ》᠎ᠢ 8 ᠳ᠋ᠤᠭᠠᠷ ᠰᠠᠷ᠎ᠠ᠎ᠶᠢᠨ 1 ᠦ ᠡᠳᠦᠷ᠎ᠡᠴᠡ ᠡᠬᠢᠯᠡᠨ ᠬᠡᠷᠡᠭᠵᠢᠭᠦᠯᠦᠨ᠎ᠡ᠃ ᠴᠠᠬᠢᠯᠭᠠᠨ ᠱᠠᠲᠤ᠂ ᠠᠶᠠᠨᠴᠢᠳ᠎ᠤᠨ ᠵᠥᠭᠡᠭᠡᠪᠦᠷᠢ᠎ᠶᠢᠨ ᠳᠡᠭᠦᠵᠢᠩ ᠵᠠᠮ᠂ ᠲᠣᠮᠣ᠌ ᠬᠡᠯᠪᠡᠷᠢ᠎ᠶᠢᠨ ᠵᠤᠭ᠎ᠠ ᠴᠡᠩᠭᠡᠯ᠎ᠦᠨ ᠪᠡᠯᠡᠳᠬᠡᠮᠵᠢ᠎ᠶᠢ ᠪᠠᠭᠲᠠᠭᠠᠭᠰᠠᠨ ᠣᠨᠴᠠ ᠲᠥᠷᠥᠯ᠎ᠦᠨ ᠲᠥᠬᠦᠭᠡᠷᠦᠮᠵᠢ᠎ᠶᠢ ᠡᠭᠡᠭᠦᠯᠦᠨ ᠠᠪᠴᠢᠷᠠᠬᠤ ᠬᠠᠮᠢᠶᠠᠷᠤᠯᠲᠠ᠎ᠳᠤ ᠣᠷᠣᠭᠤᠯᠤᠨ᠎ᠠ᠃