ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
@ ᠪᠦᠬᠦ ᠤᠯᠤᠰ᠎ᠤᠨ ᠰᠢᠶᠠᠨ᠎ᠤ ᠳᠤᠮᠳᠠᠳᠤ ᠰᠤᠷᠭᠠᠭᠤᠯᠢ᠎ᠶᠢᠨ ᠰᠣᠷᠣᠭᠴᠢ᠂ ᠡᠳᠡᠭᠡᠷ ᠰᠠᠢᠨ ᠴᠢᠮᠡᠭᠡ ᠪᠠᠢᠨ᠎ᠠ!
ᠨᠡᠶ᠋ᠢᠲᠡᠯᠡᠭᠰᠡᠨ ᠴᠠᠭ᠄ 2025-09-29

ᠲᠦᠷᠦᠭᠦᠬᠡᠨ᠂ ᠰᠤᠷᠭᠠᠨ ᠬᠥᠮᠦᠵᠢᠯ᠎ᠦᠨ ᠶᠠᠮᠤᠨ ᠵᠡᠷᠭᠡ ᠵᠢᠷᠭᠤᠭᠠᠨ ᠰᠠᠯᠠᠭ᠎ᠠ ᠮᠥᠴᠢᠷ 《ᠰᠢᠶᠠᠨ᠎ᠤ ᠬᠡᠪᠴᠢᠶᠡᠨ᠎ᠳᠡᠬᠢ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ᠎ᠤ ᠲᠥᠯᠥᠪᠯᠡᠭᠡ》᠎ᠶᠢ ᠳᠠᠷᠤᠮᠠᠯᠯᠠᠨ ᠶᠠᠪᠤᠭᠤᠯᠵᠤ᠂ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠭᠠᠭᠤᠯᠢ ᠡᠷᠭᠢᠯᠡᠬᠦ ᠦᠢᠯᠡ ᠠᠵᠢᠯᠯᠠᠭ᠎ᠠ᠎ᠶᠢ ᠴᠢᠩᠭ᠎ᠠ ᠵᠢᠷᠤᠮᠵᠢᠭᠤᠯᠬᠤ᠂ ᠰᠤᠷᠭᠠᠨ ᠬᠥᠮᠦᠵᠢᠯ᠎ᠦᠨ ᠠᠮᠢ ᠠᠬᠤᠢ᠎ᠶᠢ ᠰᠢᠯᠢᠳᠡᠭᠵᠢᠭᠦᠯᠬᠦ᠎ᠶᠢᠨ ᠲᠠᠯ᠎ᠠ᠎ᠪᠠᠷ ᠪᠣᠳᠠᠲᠠᠢ ᠪᠠᠢᠷᠢᠯᠠᠭᠤᠯᠪᠠ᠃ ᠰᠤᠷᠤᠭ᠍ᠴᠢᠳ᠎ᠤᠨ ᠬᠢᠴᠢᠶᠡᠯ ᠣᠷᠣᠬᠤ᠂ ᠪᠠᠭ᠍ᠰᠢ᠎ᠶᠢᠨ ᠵᠢᠭᠠᠨ ᠰᠤᠷᠭᠠᠯᠲᠠ᠎ᠳᠤ ᠶᠠᠮᠠᠷ ᠶᠠᠮᠠᠷ ᠬᠤᠪᠢᠷᠠᠯᠲᠠ ᠭᠠᠷᠬᠤ ᠪᠣᠶ? ᠬᠠᠮᠲᠤ᠎ᠪᠠᠷ ᠦᠵᠡᠵᠡᠭᠡᠶ᠎ᠡ —

ᠰᠤᠷᠤᠭ᠍ᠴᠢ ᠡᠯᠰᠡᠬᠦ —

ᠲᠣᠭᠲᠠᠭᠠᠯ᠎ᠠᠴᠠ ᠵᠥᠷᠢᠴᠡᠨ ᠣᠷᠣᠨ ᠪᠦᠰᠡ ᠠᠯᠤᠰᠯᠠᠭᠠᠳ ᠣᠷᠣᠢᠯᠠᠭᠰᠠᠨ ᠰᠤᠷᠤᠭ᠍ᠴᠢ ᠡᠯᠰᠡᠬᠦ᠎ᠶᠢ ᠴᠡᠭᠴᠡᠯᠡᠨ ᠵᠠᠰᠠᠵᠤ᠂ ᠰᠢᠶᠠᠨ᠎ᠤ ᠳᠤᠮᠳᠠᠳᠤ ᠰᠤᠷᠭᠠᠭᠤᠯᠢ᠎ᠶᠢᠨ ᠰᠢᠯᠢᠳᠡᠭ ᠰᠤᠷᠤᠭ᠍ᠴᠢ᠎ᠶᠢᠨ ᠢᠷᠡᠯᠲᠡ᠎ᠶᠢᠨ ᠠᠯᠳᠠᠭᠳᠠᠬᠤ᠎ᠶᠢ ᠰᠡᠷᠭᠡᠢᠯᠡᠨ᠎ᠡ᠃

ᠬᠠᠷᠢᠶᠠᠲᠤ ᠣᠷᠣᠨ᠎ᠠᠴᠠ ᠰᠣᠷᠣᠭ᠍ᠴᠢ ᠡᠯᠰᠡᠬᠦ ᠪᠠ 《ᠠᠯᠪᠠᠨ᠎ᠤ ᠬᠢ ᠪᠠ ᠠᠷᠠᠳ᠎ᠤᠨ ᠬᠢ ᠬᠠᠮᠲᠤ᠎ᠪᠠᠷ ᠡᠯᠰᠡᠬᠦ》 ᠲᠥᠷᠥ᠎ᠶᠢᠨ ᠪᠣᠳᠣᠯᠭ᠎ᠠ᠎ᠶᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠵᠤ᠂ ᠮᠤᠵᠢ᠎ᠶᠢᠨ ᠬᠠᠷᠢᠶ᠎ᠠ᠂ ᠮᠤᠵᠢ᠎ᠶᠢᠨ ᠲᠥᠪ ᠬᠣᠲᠠ᠎ᠶᠢᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠲᠣᠭᠲᠠᠭᠠᠯ᠎ᠠᠴᠠ ᠵᠥᠷᠢᠴᠡᠨ ᠰᠢᠶᠠᠨ᠎ᠤ ᠬᠡᠪᠴᠢᠶᠡᠨ᠎ᠡᠴᠡ ᠣᠷᠣᠢᠯᠠᠭᠰᠠᠨ ᠰᠣᠷᠣᠭ᠍ᠴᠢ ᠡᠯᠰᠡᠬᠦ᠎ᠶᠢ ᠴᠢᠩᠭ᠎ᠠ ᠴᠠᠭᠠᠵᠠᠯᠠᠨ᠎ᠠ᠃

ᠰᠢᠶᠠᠨ᠎ᠤ ᠳᠤᠮᠳᠠᠳᠤ ᠰᠤᠷᠭᠠᠭᠤᠯᠢ᠎ᠶᠢᠨ ᠰᠣᠷᠣᠭ᠍ᠴᠢ ᠡᠯᠰᠡᠬᠦ ᠲᠥᠯᠥᠪᠯᠡᠭᠡ᠎ᠶᠢ ᠵᠦᠢ ᠵᠣᠬᠢᠰᠲᠠᠢ ᠲᠣᠭᠲᠠᠭᠠᠵᠤ᠂ ᠲᠥᠯᠥᠪᠯᠡᠭᠡ ᠦᠭᠡᠢ᠎ᠪᠡᠷ ᠪᠠ ᠲᠥᠯᠥᠪᠯᠡᠭᠡ᠎ᠡᠴᠡ ᠬᠡᠲᠦᠷᠡᠭᠦᠯᠦᠨ ᠰᠣᠷᠣᠭ᠍ᠴᠢ ᠡᠯᠰᠡᠬᠦ᠎ᠶᠢ ᠴᠢᠩᠭ᠎ᠠ ᠴᠠᠭᠠᠵᠠᠯᠠᠵᠤ᠂ ᠰᠤᠷᠭᠠᠭᠤᠯᠢ᠎ᠶᠢᠨ ᠬᠠᠷᠢᠶ᠎ᠠ᠎ᠶᠢ ᠵᠦᠭᠡᠷ ᠡᠵᠡᠯᠡᠬᠦ᠂ ᠰᠣᠷᠣᠭ᠍ᠴᠢ᠎ᠶᠢᠨ ᠢᠷᠡᠯᠲᠡ᠎ᠶᠢ ᠣᠷᠣᠨ ᠪᠦᠰᠡ ᠠᠯᠤᠰᠯᠠᠨ ᠲᠠᠲᠠᠨ ᠠᠪᠬᠤ᠎ᠶᠢ ᠴᠢᠩᠭ᠎ᠠ ᠴᠠᠭᠠᠵᠠᠯᠠᠨ᠎ᠠ᠃

ᠶᠡᠬᠡ ᠳᠡᠭᠡᠳᠦ ᠰᠤᠷᠭᠠᠭᠤᠯᠢ᠎ᠶᠢᠨ ᠰᠤᠷᠤᠭ᠍ᠴᠢ ᠡᠯᠰᠡᠬᠦ ᠲᠤᠰᠬᠠᠢ ᠲᠥᠯᠥᠪᠯᠡᠭᠡ᠎ᠶᠢ ᠬᠡᠷᠡᠭᠵᠢᠭᠦᠯᠦᠨ᠎ᠡ᠃ ᠶᠡᠬᠡ ᠳᠡᠭᠡᠳᠦ ᠰᠤᠷᠭᠠᠭᠤᠯᠢ᠎ᠶᠢᠨ ᠰᠣᠷᠣᠭ᠍ᠴᠢ ᠡᠯᠰᠡᠬᠦ ᠲᠤᠰᠬᠠᠢ ᠲᠥᠯᠥᠪᠯᠡᠭᠡ᠎ᠶᠢᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠰᠢᠯᠢᠳᠡᠭᠵᠢᠭᠦᠯᠵᠦ᠂ ᠨᠥᠬᠥᠴᠡᠯ᠎ᠳᠦ ᠨᠡᠢᠴᠡᠬᠦ ᠰᠢᠶᠠᠨ᠎ᠤ ᠳᠤᠮᠳᠠᠳᠤ ᠰᠤᠷᠭᠠᠭᠤᠯᠢ᠎ᠶᠢ ᠬᠡᠷᠡᠭᠵᠢᠭᠦᠯᠬᠦ ᠬᠡᠪᠴᠢᠶᠡᠨ᠎ᠳᠦ ᠣᠷᠣᠭᠤᠯᠵᠤ᠂ ᠰᠤᠷᠭᠠᠨ ᠬᠥᠮᠦᠵᠢᠯ᠎ᠦᠨ ᠰᠠᠭᠤᠷᠢ ᠠᠨᠠᠢᠬᠠᠨ ᠭᠠᠵᠠᠷ ᠣᠷᠣᠨ ᠲᠡᠢᠰᠢ ᠬᠡᠯᠪᠡᠢᠯᠭᠡᠬᠦ ᠡᠷᠴᠢᠮ᠎ᠢᠶᠡᠨ ᠴᠢᠩᠭᠠᠷᠠᠭᠤᠯᠤᠨ᠎ᠠ᠃

ᠰᠤᠷᠭᠠᠭᠤᠯᠢ ᠡᠷᠭᠢᠯᠡᠬᠦ ᠨᠥᠬᠥᠴᠡᠯ —

ᠰᠢᠶᠠᠨ᠎ᠤ ᠳᠤᠮᠳᠠᠳᠤ ᠰᠤᠷᠭᠠᠭᠤᠯᠢ᠎ᠨᠤᠭᠤᠳ᠎ᠢ ᠰᠢᠨ᠎ᠡ᠎ᠪᠡᠷ ᠪᠠᠶ᠋ᠢᠭᠤᠯᠬᠤ ᠪᠤᠶᠤ ᠥᠭᠡᠷᠡᠴᠢᠯᠡᠨ ᠥᠷᠭᠡᠳᠬᠡᠵᠦ᠂ ᠪᠠᠢᠷᠢ᠎ᠳᠤ ᠰᠠᠭᠤᠬᠤ ᠳᠦᠷᠢᠮᠲᠦ ᠰᠤᠷᠭᠠᠭᠤᠯᠢ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠠᠯᠪᠠᠨ᠎ᠠᠴᠠ ᠡᠷᠬᠢᠯᠡᠭᠰᠡᠨ᠎ᠦ ᠰᠤᠷᠤᠯᠭ᠎ᠠ᠎ᠶᠢᠨ ᠣᠷᠣᠨ ᠲᠣᠭᠠᠨ᠎ᠤ ᠬᠠᠩᠭᠠᠯᠭ᠎ᠠ᠎ᠶᠢ ᠲᠦᠷᠭᠡᠪᠴᠢᠯᠡᠨ ᠥᠷᠭᠡᠳᠬᠡᠨ᠎ᠡ᠃

ᠰᠤᠷᠬᠤ ᠨᠠᠰᠤᠨ᠎ᠤ ᠬᠥᠮᠥᠨ ᠠᠮᠠ᠎ᠶᠢᠨ ᠬᠤᠪᠢᠷᠠᠯᠲᠠ᠎ᠶᠢᠨ ᠪᠠᠢᠳᠠᠯ᠎ᠢ ᠦᠨᠳᠦᠰᠦᠯᠡᠨ᠂ ᠣᠷᠭᠢᠯ ᠦᠶ᠎ᠡ᠎ᠳᠦ ᠰᠤᠷᠭᠠᠭᠤᠯᠢ᠎ᠶᠢᠨ ᠬᠡᠪᠴᠢᠶᠡᠵᠢᠯ ᠪᠠ ᠠᠩᠭᠢ᠎ᠶᠢᠨ ᠲᠣᠭ᠎ᠠ᠎ᠶᠢᠨ ᠪᠠᠷᠢᠮᠵᠢᠶ᠎ᠠ᠎ᠶᠢ ᠵᠣᠬᠢᠰᠲᠠᠢ᠎ᠪᠠᠷ ᠠᠭᠤᠵᠢᠭᠤ ᠲᠠᠯᠪᠢᠵᠤ᠂ 66 ᠬᠥᠮᠥᠨ ᠵᠢᠴᠢ ᠲᠡᠭᠦᠨ᠎ᠡᠴᠡ ᠳᠡᠭᠡᠭᠰᠢᠬᠢ ᠬᠡᠲᠦ ᠶᠡᠬᠡ ᠠᠩᠭᠢ᠎ᠶᠢᠨ ᠲᠣᠭ᠎ᠠ᠎ᠶᠢ ᠴᠢᠩᠭ᠎ᠠ ᠬᠢᠵᠠᠭᠠᠷᠯᠠᠨ᠎ᠠ᠃

ᠰᠤᠷᠭᠠᠭᠤᠯᠢ᠎ᠶᠢᠨ ᠣᠷᠣᠨ ᠵᠠᠢ᠎ᠶᠢᠨ ᠪᠦᠲᠦᠴᠡ᠎ᠶᠢ ᠰᠢᠯᠢᠳᠡᠭᠵᠢᠭᠦᠯᠵᠦ᠂ ᠪᠠᠷᠢᠯᠭ᠎ᠠ᠎ᠶᠢᠨ ᠬᠡᠪᠴᠢᠶᠡᠵᠢᠯ᠎ᠢ ᠵᠣᠬᠢᠰᠲᠠᠢ᠎ᠪᠠᠷ ᠨᠡᠮᠡᠭᠳᠡᠭᠦᠯᠦᠨ᠂ ᠰᠤᠷᠤᠭ᠍ᠴᠢᠳ᠎ᠤᠨ ᠬᠥᠳᠡᠯᠭᠡᠭᠡᠨ᠎ᠦ ᠲᠠᠯᠠᠪᠤᠷ᠎ᠢ ᠭᠠᠷᠭᠠᠵᠤ᠂ ᠵᠢᠭᠠᠨ ᠰᠤᠷᠭᠠᠯᠲᠠ ᠪᠠ ᠠᠮᠢᠳᠤᠷᠠᠯ᠎ᠤᠨ ᠨᠥᠬᠥᠴᠡᠯ᠎ᠢ ᠰᠠᠢᠵᠢᠷᠠᠭᠤᠯᠤᠨ᠎ᠠ᠃

ᠰᠢᠨ᠎ᠡ᠎ᠪᠡᠷ ᠪᠠᠶ᠋ᠢᠭᠤᠯᠬᠤ ᠲᠥᠷᠥᠯ ᠵᠦᠢᠯ᠎ᠳᠦ ᠵᠢᠭᠠᠨ ᠰᠤᠷᠭᠠᠯᠲᠠ᠎ᠶᠢᠨ ᠠᠰᠠᠷ᠂ ᠰᠣᠷᠣᠭ᠍ᠴᠢ᠎ᠶᠢᠨ ᠪᠠᠢᠷᠢ᠎ᠶᠢ ᠤᠷᠢᠳ᠎ᠢᠶᠠᠷ ᠪᠠᠢᠭᠤᠯᠵᠤ᠂ ᠰᠢᠨ᠎ᠡ᠎ᠪᠡᠷ ᠨᠡᠮᠡᠭᠳᠡᠭᠰᠡᠨ ᠰᠤᠷᠤᠯᠭ᠎ᠠ᠎ᠶᠢᠨ ᠣᠷᠣᠨ ᠲᠣᠭᠠᠨ᠎ᠤ ᠬᠠᠩᠭᠠᠯᠭ᠎ᠠ᠎ᠶᠢ ᠦᠨᠡᠨ ᠬᠦ᠌ ᠪᠠᠲᠤᠯᠠᠨ᠎ᠠ᠃

ᠳ᠋ᠢᠭᠢᠲ ᠰᠤᠷᠭᠠᠭᠤᠯᠢ᠎ᠶᠢᠨ ᠬᠦᠷᠢᠶᠡᠨ᠎ᠦ ᠪᠠᠢᠭᠤᠯᠤᠯᠲᠠ᠎ᠶᠢ ᠴᠢᠩᠭᠠᠳᠬᠠᠵᠤ᠂ ᠰᠢᠶᠠᠨ᠎ᠤ ᠳᠤᠮᠳᠠᠳᠤ ᠰᠤᠷᠭᠠᠭᠤᠯᠢ᠎ᠶᠢᠨ ᠰᠤᠷᠭᠠᠭᠤᠯᠢ᠎ᠶᠢᠨ ᠬᠦᠷᠢᠶᠡᠨ᠎ᠦ ᠰᠦᠯᠵᠢᠶᠡᠨ᠎ᠦ ᠲᠡᠰ ᠳᠡᠪᠰᠢᠬᠦ᠎ᠶᠢ ᠠᠬᠢᠭᠤᠯᠤᠨ᠎ᠠ᠃ ᠰᠢᠶᠠᠨ᠎ᠤ ᠳᠤᠮᠳᠠᠳᠤ ᠰᠤᠷᠭᠠᠭᠤᠯᠢ᠎ᠶᠢᠨ ᠣᠶᠤᠨᠲᠤ ᠬᠢᠴᠢᠶᠡᠯ᠎ᠦᠨ ᠭᠡᠷ ᠪᠠᠶ᠋ᠢᠭᠤᠯᠬᠤ᠎ᠶᠢ ᠳᠡᠮᠵᠢᠵᠦ᠂ ᠳ᠋ᠢᠭᠢᠲ᠋ᠴᠢᠯᠡᠭᠰᠡᠨ ᠵᠢᠭᠠᠨ ᠰᠤᠷᠭᠠᠬᠤ ᠲᠣᠨᠣᠭ ᠲᠥᠬᠦᠭᠡᠷᠦᠮᠵᠢ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ ᠲᠣᠭᠲᠠᠴᠠ᠎ᠶᠢ ᠪᠠᠢᠭᠤᠯᠤᠨ᠎ᠠ᠃

ᠬᠤᠳᠠ᠎ᠶᠢᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠨᠢ ᠰᠢᠶᠠᠨ᠎ᠤ ᠳᠤᠮᠳᠠᠳᠤ ᠰᠤᠷᠭᠠᠭᠤᠯᠢ᠎ᠳᠤ ᠴᠢᠨᠠᠷ ᠰᠠᠢᠲᠠᠢ ᠳ᠋ᠢᠭᠢᠲ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠢᠶᠠᠨ ᠴᠢᠯᠦᠭᠡᠲᠡᠢ ᠪᠣᠯᠭᠠᠬᠤ᠎ᠶᠢ ᠵᠣᠷᠢᠭᠵᠢᠭᠤᠯᠤᠨ᠎ᠠ᠃

ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠬᠥᠮᠥᠵᠢᠭᠦᠯᠬᠦ ᠬᠠᠷᠠᠯᠲᠠ᠂ ᠬᠢᠴᠢᠶᠡᠯ᠎ᠦᠨ ᠬᠡᠷᠡᠭᠵᠢᠭᠦᠯᠦᠯᠲᠡ᠎ᠶᠢᠨ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠢᠴᠢᠶᠡᠯ᠎ᠦᠨ ᠭᠡᠷ᠂ ᠲᠤᠷᠰᠢᠯᠲᠠ᠎ᠶᠢᠨ ᠲᠠᠰᠤᠭ᠂ ᠨᠣᠮ᠎ᠤᠨ ᠰᠠᠩ᠂ ᠲᠠᠮᠢᠷ᠎ᠤᠨ ᠲᠠᠯᠠᠪᠤᠷ ᠭᠠᠵᠠᠷ᠂ ᠰᠣᠷᠣᠭ᠍ᠴᠢ᠎ᠶᠢᠨ ᠪᠠᠢᠷᠢ ᠵᠡᠷᠭᠡ ᠰᠠᠭᠤᠷᠢ ᠪᠡᠯᠡᠳᠬᠡᠮᠵᠢ᠎ᠶᠢᠨ ᠳᠤᠲᠠᠭᠤᠳᠠᠯ᠎ᠢ ᠭᠣᠣᠯᠳᠠᠯᠭ᠎ᠠ᠎ᠲᠠᠢ ᠨᠥᠬᠥᠪᠦᠷᠢᠯᠡᠨ᠎ᠡ᠃

ᠵᠢᠭᠠᠨ ᠰᠤᠷᠭᠠᠯᠲᠠ᠎ᠶᠢᠨ ᠬᠡᠮᠵᠢᠭᠦᠷᠯᠢᠭ ᠲᠥᠬᠦᠭᠡᠷᠦᠮᠵᠢ᠎ᠶᠢ ᠲᠠᠰ ᠳᠡᠪᠰᠢᠭᠦᠯᠵᠦ᠂ ᠬᠢᠴᠢᠶᠡᠯ ᠲᠥᠷᠥᠯ᠎ᠦᠨ ᠬᠢᠴᠢᠶᠡᠯ᠎ᠦᠨ ᠭᠡᠷ᠂ ᠲᠤᠷᠰᠢᠯᠲᠠ᠎ᠶᠢᠨ ᠲᠥᠬᠦᠭᠡᠷᠦᠮᠵᠢ᠂ ᠪᠡᠶ᠎ᠡ᠎ᠶᠢᠨ ᠲᠠᠮᠢᠷ᠎ᠤᠨ ᠪᠠᠭᠠᠵᠢ ᠬᠡᠷᠡᠭᠰᠡᠯ᠂ ᠳ᠋ᠧᠩ ᠵᠡᠷᠭᠡ ᠵᠢᠭᠠᠨ ᠰᠤᠷᠭᠠᠯᠲᠠ᠎ᠶᠢᠨ ᠨᠥᠬᠥᠴᠡᠯ᠎ᠦᠨ ᠲᠣᠬᠢᠷᠠᠭᠤᠯᠤᠯᠲᠠ᠎ᠶᠢ ᠴᠢᠩᠭᠠᠳᠬᠠᠨ᠎ᠠ᠃

ᠰᠤᠷᠤᠭ᠍ᠴᠢᠳ᠎ᠤᠨ ᠰᠣᠷᠣᠯᠴᠠᠵᠤ ᠠᠮᠠᠷᠠᠬᠤ ᠴᠠᠭ —

ᠰᠤᠷᠤᠭ᠍ᠴᠢᠳ᠎ᠤᠨ ᠬᠢᠴᠢᠶᠡᠯ᠎ᠦᠨ ᠵᠠᠪᠰᠠᠷ᠎ᠤᠨ ᠠᠮᠠᠷᠠᠯᠲᠠ᠂ ᠦᠳᠡ᠎ᠶᠢᠨ ᠠᠮᠠᠷᠠᠯᠲᠠ᠂ ᠰᠥᠨᠢ᠎ᠶᠢᠨ ᠤᠨᠲᠠᠯᠭ᠎ᠠ ᠪᠠ ᠪᠡᠶ᠎ᠡ᠎ᠪᠡᠨ ᠳᠠᠭᠠᠭᠠᠨ ᠰᠤᠷᠴᠤ ᠬᠥᠳᠡᠯᠭᠡᠭᠡᠨ ᠬᠢᠬᠦ ᠴᠠᠭ᠎ᠢ ᠪᠠᠲᠤᠯᠠᠵᠤ᠂ ᠭᠠᠷᠠᠭ᠎ᠤᠨ ᠰᠡᠭᠦᠯᠴᠢ᠂ ᠡᠪᠦᠯ ᠵᠣᠨ᠎ᠤ ᠠᠮᠠᠷᠠᠯᠲᠠ᠂ ᠬᠠᠤᠯᠢ᠎ᠪᠠᠷ ᠲᠣᠭᠲᠠᠭᠠᠭᠰᠠᠨ ᠪᠠᠶᠠᠷ ᠳᠤᠷᠠᠰᠬᠠᠯ᠎ᠤᠨ ᠡᠳᠦᠷ᠎ᠢ ᠠᠰᠢᠭ᠍ᠯᠠᠨ ᠲᠥᠪᠯᠡᠷᠡᠭᠦᠯᠦᠨ ᠬᠢᠴᠢᠶᠡᠯ ᠣᠷᠣᠬᠤ᠂ ᠬᠢᠴᠢᠶᠡᠯ ᠨᠥᠬᠥᠬᠦ ᠪᠤᠶᠤ ᠰᠢᠯᠭᠠᠨ ᠦᠨᠡᠯᠡᠬᠦ᠎ᠶᠢ ᠵᠣᠬᠢᠶᠠᠨ ᠪᠠᠢᠭᠤᠯᠵᠤ ᠪᠣᠯᠬᠤ ᠦᠭᠡᠢ᠃

ᠪᠠᠢᠷᠢ᠎ᠳᠤ ᠰᠠᠭᠤᠬᠤ ᠳᠦᠷᠢᠮᠲᠦ ᠰᠢᠶᠠᠨ᠎ᠤ ᠳᠤᠮᠳᠠᠳᠤ ᠰᠤᠷᠭᠠᠭᠤᠯᠢ ᠨᠢ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ ᠰᠤᠷᠤᠭ᠍ᠴᠢᠳ᠎ᠤᠨ ᠪᠣᠰᠬᠤ ᠪᠠ ᠤᠨᠲᠠᠬᠤ᠂ ᠡᠷᠲᠡ᠎ᠶᠢᠨ ᠲᠠᠮᠢᠷ ᠪᠠ ᠡᠷᠲᠡ᠎ᠶᠢᠨ ᠤᠩᠰᠢᠯᠭ᠎ᠠ᠂ ᠣᠷᠣᠢ᠎ᠶᠢᠨ ᠳᠠᠪᠲᠠᠯᠭ᠎ᠠ ᠪᠠ ᠬᠢᠴᠢᠶᠡᠯ᠎ᠦᠨ ᠭᠠᠳᠠᠨᠠᠬᠢ ᠬᠥᠳᠡᠯᠭᠡᠭᠡᠨ᠎ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠬᠡᠳᠦ ᠤᠷᠲᠤ ᠴᠠᠭ᠎ᠢᠶᠠᠷ ᠰᠤᠷᠤᠯᠴᠠᠬᠤ ᠪᠠ ᠬᠡᠪ᠎ᠦᠨ ᠠᠮᠠᠷᠠᠯᠲᠠ᠎ᠶᠢᠨ ᠴᠠᠭ᠎ᠢ ᠰᠢᠬᠠᠨ ᠡᠵᠡᠯᠡᠬᠦ᠎ᠶᠢ ᠰᠡᠷᠭᠡᠢᠯᠡᠨ᠎ᠡ᠃

ᠮᠤᠵᠢ ᠪᠠ ᠬᠤᠳᠠ᠎ᠶᠢᠨ ᠬᠢᠨ ᠬᠢᠨᠠᠨ ᠰᠢᠯᠭᠠᠬᠤ ᠳᠦᠷᠢᠮ᠎ᠢ ᠪᠠᠢᠭᠤᠯᠵᠤ᠂ ᠲᠣᠭᠲᠠᠭᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠠᠴᠠ ᠬᠠᠷᠢᠭᠤᠴᠠᠯᠭ᠎ᠠ ᠨᠡᠬᠡᠮᠵᠢᠯᠡᠬᠦ ᠡᠷᠴᠢᠮ᠎ᠢ ᠴᠢᠩᠭᠠᠷᠠᠭᠤᠯᠤᠨ᠎ᠠ᠃

ᠲᠤᠰᠠᠯᠠᠮᠵᠢ —

ᠭᠡᠷ᠎ᠦᠨ ᠠᠮᠢᠳᠤᠷᠠᠯ ᠨᠢ ᠬᠦᠴᠢᠷᠳᠡᠯᠲᠠᠢ ᠰᠣᠷᠣᠭᠴᠢ᠎ᠶᠢ ᠲᠤᠰᠠᠯᠠᠬᠤ ᠡᠷᠴᠢᠮ᠎ᠢ ᠴᠢᠩᠭᠠᠷᠠᠭᠤᠯᠵᠤ᠂ ᠤᠯᠤᠰ᠎ᠤᠨ ᠰᠤᠷᠤᠯᠭ᠎ᠠ᠎ᠶᠢᠨ ᠲᠡᠳᠬᠦᠮᠵᠢ᠎ᠶᠢᠨ ᠮᠥᠩᠭᠥᠨ᠎ᠦ ᠲᠡᠳᠬᠦᠨ ᠲᠤᠰᠠᠯᠠᠬᠤ ᠳᠤᠮᠳᠠᠴᠢ ᠪᠠᠷᠢᠮᠵᠢᠶ᠎ᠠ᠎ᠶᠢ ᠴᠠᠭ ᠲᠤᠬᠠᠢ᠎ᠳᠤ ᠨᠢ ᠲᠣᠬᠢᠷᠠᠭᠤᠯᠤᠨ᠎ᠠ᠃

ᠪᠠᠭ᠍ᠰᠢ —

ᠰᠢᠶᠠᠨ᠎ᠤ ᠳᠤᠮᠳᠠᠳᠤ ᠰᠤᠷᠭᠠᠭᠤᠯᠢ᠎ᠶᠢᠨ ᠠᠵᠢᠯ᠎ᠤᠨ ᠪᠠᠢᠷᠢ᠎ᠶᠢᠨ ᠲᠣᠬᠢᠷᠠᠭᠤᠯᠤᠯᠲᠠ᠎ᠶᠢᠨ ᠬᠠᠮᠢᠶᠠᠷᠤᠯᠲᠠ᠎ᠶᠢ ᠴᠢᠩᠭᠠᠳᠬᠠᠵᠤ᠂ ᠵᠢᠩᠬᠢᠨᠢ ᠳᠡᠭᠡᠳᠦ ᠵᠡᠷᠭᠡ᠎ᠶᠢᠨ ᠪᠠᠭ᠍ᠰᠢ᠎ᠶᠢᠨ ᠠᠵᠢᠯ᠎ᠤᠨ ᠪᠠᠢᠷᠢ᠎ᠶᠢ ᠬᠠᠤᠯᠢ ᠲᠣᠭᠲᠠᠭᠠᠯ ᠶᠣᠰᠣᠭᠠᠷ ᠲᠣᠬᠢᠷᠠᠭᠤᠯᠵᠤ᠂ ᠰᠢᠶᠠᠨ᠎ᠤ ᠳᠤᠮᠳᠠᠳᠤ ᠰᠤᠷᠭᠠᠭᠤᠯᠢ ᠨᠢ ᠣᠨᠴᠠᠭᠠᠢ ᠠᠵᠢᠯ᠎ᠤᠨ ᠪᠠᠢᠷᠢ᠎ᠪᠠᠷ ᠪᠠᠴᠢᠮ ᠬᠡᠷᠡᠭᠴᠡᠭᠡᠲᠦ ᠳᠡᠭᠡᠳᠦ ᠲᠡᠰ ᠳᠠᠪᠬᠤᠷᠭ᠎ᠠ᠎ᠶᠢᠨ ᠪᠠᠭ᠍ᠰᠢ᠎ᠶᠢ ᠣᠷᠣᠭᠤᠯᠵᠤ ᠪᠣᠯᠣᠨ᠎ᠠ᠃

ᠨᠥᠬᠥᠴᠡᠯ᠎ᠳᠦ ᠨᠡᠢᠴᠡᠬᠦ ᠰᠢᠶᠠᠨ᠎ᠤ ᠳᠤᠮᠳᠠᠳᠤ ᠰᠤᠷᠭᠠᠭᠤᠯᠢ᠎ᠶᠢᠨ ᠪᠠᠭ᠍ᠰᠢ᠎ᠶᠢ ᠲᠤᠬᠠᠢ᠎ᠶᠢᠨ ᠭᠠᠵᠠᠷ᠎ᠲᠠᠬᠢ ᠣᠷᠣᠨ ᠰᠠᠭᠤᠴᠠ᠎ᠶᠢᠨ ᠪᠠᠲᠤᠯᠠᠭ᠎ᠠ᠎ᠶᠢᠨ ᠬᠡᠪᠴᠢᠶᠡᠨ᠎ᠳᠦ ᠣᠷᠣᠭᠤᠯᠤᠨ᠎ᠠ᠃ ᠡᠯ᠎ᠡ ᠱᠠᠲᠤ ᠡᠯ᠎ᠡ ᠲᠦᠷᠦᠯ᠎ᠦᠨ ᠰᠤᠷᠭᠠᠨ ᠬᠥᠮᠦᠵᠢᠯ᠎ᠦᠨ ᠰᠢᠯᠢᠳᠡᠭ ᠪᠠ ᠲᠡᠷᠢᠭᠦᠨ᠎ᠢ ᠰᠢᠯᠭᠠᠷᠠᠭᠤᠯᠬᠤ ᠲᠥᠷᠥᠯ ᠵᠦᠢᠯ᠎ᠢ ᠰᠢᠶᠠᠨ᠎ᠤ ᠳᠤᠮᠳᠠᠳᠤ ᠰᠤᠷᠭᠠᠭᠤᠯᠢ ᠪᠠ ᠪᠠᠭ᠍ᠰᠢ ᠨᠠᠷ᠎ᠲᠤ ᠵᠣᠬᠢᠰᠲᠠᠢ᠎ᠪᠠᠷ ᠬᠡᠯᠪᠡᠢᠯᠭᠡᠨ᠎ᠡ᠃

ᠰᠢᠶᠠᠨ᠎ᠤ ᠳᠤᠮᠳᠠᠳᠤ ᠰᠤᠷᠭᠠᠭᠤᠯᠢ᠎ᠶᠢᠨ ᠴᠠᠯᠢᠩ᠎ᠤᠨ ᠬᠠᠮᠢᠶᠠᠷᠤᠯᠲᠠ᠂ ᠬᠢᠨᠠᠨ ᠰᠢᠯᠭᠠᠬᠤ ᠲᠣᠭᠲᠠᠴᠠ᠎ᠶᠢᠨ ᠲᠠᠯ᠎ᠠ᠎ᠪᠠᠷ ᠥᠭᠡᠷᠡᠴᠢᠯᠡᠯᠲᠡ ᠬᠢᠬᠦ᠎ᠶᠢ ᠲᠡᠮᠵᠢᠵᠤ᠂ ᠮᠡᠷᠭᠡᠵᠢᠯ᠎ᠦᠨ ᠴᠣᠯᠠ ᠲᠣᠭᠲᠠᠭᠠᠬᠤ ᠪᠠ ᠤᠷᠢᠬᠤ ᠲᠠᠯ᠎ᠠ᠎ᠪᠠᠷ᠂ ᠬᠠᠷᠠᠭᠠᠯᠵᠠᠯ ᠪᠠ ᠪᠠᠲᠤᠯᠠᠭ᠎ᠠ᠎ᠶᠢᠨ ᠲᠠᠯ᠎ᠠ᠎ᠪᠠᠷ ᠰᠢᠶᠠᠨ᠎ᠤ ᠳᠤᠮᠳᠠᠳᠤ ᠰᠤᠷᠭᠠᠭᠤᠯᠢ᠎ᠶᠢᠨ ᠪᠠᠭ᠍ᠰᠢ ᠨᠠᠷ᠎ᠲᠤ ᠨᠡᠩ ᠶᠡᠬᠡ ᠳᠡᠮᠵᠢᠯᠭᠡ ᠦᠵᠡᠭᠦᠯᠦᠨ᠎ᠡ᠃

ᠰᠠᠭᠤᠷᠢ ᠰᠤᠷᠭᠠᠨ ᠬᠥᠮᠦᠵᠢᠯ᠎ᠦᠨ ᠪᠠᠭ᠍ᠰᠢ᠎ᠶᠢᠨ ᠰᠤᠷᠤᠯᠭ᠎ᠠ᠎ᠶᠢᠨ ᠨᠠᠮᠲᠠᠷ᠎ᠢ ᠳᠡᠭᠡᠭᠰᠢᠯᠡᠭᠦᠯᠬᠦ ᠲᠥᠯᠥᠪᠯᠡᠭᠡ᠎ᠶᠢ ᠬᠡᠷᠡᠭᠵᠢᠭᠦᠯᠵᠦ᠂ ᠰᠢᠶᠠᠨ᠎ᠤ ᠳᠤᠮᠳᠠᠳᠤ ᠰᠤᠷᠭᠠᠭᠤᠯᠢ᠎ᠶᠢᠨ ᠪᠠᠭ᠍ᠰᠢ᠎ᠶᠢ ᠠᠵᠢᠯ ᠳᠡᠭᠡᠷ᠎ᠡ᠎ᠪᠡᠨ ᠰᠤᠷᠤᠯᠭ᠎ᠠ᠎ᠶᠢᠨ ᠨᠠᠮᠲᠠᠷ ᠳᠡᠭᠡᠭᠰᠢᠯᠡᠭᠦᠯᠬᠦ᠎ᠶᠢᠨ ᠭᠣᠣᠯᠳᠠᠯᠭ᠎ᠠ ᠪᠣᠯᠭᠠᠨ᠎ᠠ᠃

ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢᠨ ᠭᠣᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ᠎ᠤ ᠰᠤᠷᠭᠠᠨ ᠬᠥᠮᠦᠵᠢᠯ᠎ᠦᠨ ᠴᠢᠳᠠᠪᠤᠷᠢᠲᠠᠨ᠎ᠤ 《ᠪᠦᠯᠬᠦᠮ》᠎ᠢᠶᠠᠷ ᠬᠠᠪᠰᠤᠷᠤᠨ ᠲᠡᠳᠬᠦᠬᠦ᠎ᠶᠢ ᠭᠦᠨᠵᠡᠭᠡᠢᠷᠡᠭᠦᠯᠵᠦ᠂ ᠵᠢᠭᠠᠨ ᠰᠤᠷᠭᠠᠯᠲᠠ᠎ᠶᠢᠨ ᠨᠡᠷᠡᠳᠦ ᠪᠠᠭ᠍ᠰᠢ᠎ᠶᠢᠨ ᠪᠠᠷᠠᠭᠤᠨ ᠣᠷᠣᠨ᠎ᠢᠶᠠᠷ ᠠᠶᠠᠯᠠᠬᠤ ᠠᠵᠢᠯᠯᠠᠭᠠᠨ᠎ᠢ ᠥᠷᠨᠢᠭᠦᠯᠦᠨ᠎ᠡ᠃ ᠣᠷᠣᠨ ᠪᠦᠰᠡ᠎ᠶᠢᠨ ᠳᠣᠲᠣᠷᠠᠬᠢ ᠶᠡᠬᠡ ᠳᠡᠭᠡᠳᠦ ᠰᠤᠷᠭᠠᠭᠤᠯᠢ ᠪᠠ ᠬᠤᠳᠠ᠎ᠶᠢᠨ ᠴᠢᠨᠠᠷ ᠰᠠᠢᠲᠠᠢ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢ ᠵᠣᠬᠢᠶᠠᠨ ᠪᠠᠢᠭᠤᠯᠤᠭᠠᠳ ᠪᠠᠭᠤᠷᠠᠢ ᠰᠢᠶᠠᠨ᠎ᠢ ᠠᠵᠢᠯ ᠲᠦᠷᠦᠯ᠎ᠦᠨ ᠰᠢᠰᠲᠧᠮ᠎ᠢᠶᠡᠷ᠎ᠢᠶᠡᠨ ᠬᠠᠪᠰᠤᠷᠤᠨ ᠲᠡᠳᠬᠦᠭᠦᠯᠦᠨ᠎ᠡ᠃

ᠪᠠᠭ᠍ᠰᠢ ᠪᠠ ᠵᠣᠬᠢᠶᠠᠮᠠᠯ ᠣᠶᠣᠨ ᠬᠠᠮᠵᠢᠯᠴᠠᠭᠰᠠᠨ 《ᠬᠣᠣᠰ ᠪᠠᠭ᠍ᠰᠢ᠎ᠶᠢᠨ ᠬᠢᠴᠢᠶᠡᠯ᠎ᠦᠨ ᠲᠠᠩᠬᠢᠮ》᠎ᠤᠨ ᠲᠤᠷᠰᠢᠯᠲᠠ᠎ᠶᠢᠨ ᠴᠡᠭ᠎ᠢ ᠰᠦᠪᠡᠭᠴᠢᠯᠡᠨ ᠥᠷᠨᠢᠭᠦᠯᠦᠨ᠎ᠡ᠃

ᠪᠠᠭ᠍ᠰᠢ᠎ᠶᠢᠨ ᠰᠢᠯᠵᠢᠯᠲᠡ᠎ᠶᠢᠨ ᠬᠠᠮᠢᠶᠠᠷᠤᠯᠲᠠ᠎ᠶᠢ ᠴᠢᠩᠭᠠᠳᠬᠠᠵᠤ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ᠎ᠦᠨ ᠵᠥᠪᠰᠢᠶᠡᠷᠡᠯ ᠦᠭᠡᠢ᠎ᠪᠡᠷ ᠰᠢᠶᠠᠨ᠎ᠤ ᠳᠤᠮᠳᠠᠳᠤ ᠰᠤᠷᠭᠠᠭᠤᠯᠢ᠎ᠠᠴᠠ ᠰᠢᠯᠢᠳᠡᠭ ᠪᠠᠭ᠍ᠰᠢ᠎ᠶᠢ ᠮᠠᠭᠤ ᠰᠠᠨᠠᠭ᠎ᠠ ᠲᠠᠢ᠎ᠪᠠᠷ ᠲᠠᠲᠠᠨ ᠠᠪᠤᠭᠰᠠᠨ ᠰᠤᠷᠭᠠᠭᠤᠯᠢ᠎ᠶᠢᠨ ᠤᠯᠤᠰ ᠪᠠ ᠮᠤᠵᠢ᠎ᠶᠢᠨ ᠱᠠᠲᠤᠨ᠎ᠤ ᠰᠢᠯᠢᠳᠡᠭ ᠪᠠ ᠲᠡᠷᠢᠭᠦᠨ᠎ᠢ ᠰᠢᠯᠭᠠᠷᠠᠭᠤᠯᠬᠤ᠂ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ ᠵᠡᠷᠭᠡ ᠬᠢᠷᠢ ᠬᠡᠮ᠎ᠢ ᠨᠢ ᠬᠠᠰᠤᠨ᠎ᠠ᠃

 

ᠢᠷᠡᠯᠲᠡ᠄        
          
ᠬᠠᠮᠢᠶ᠎ᠡ ᠪᠦᠬᠦᠢ ᠰᠣᠨᠢᠨ
 
             蒙ICP备05000248号