ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠪᠦᠬᠦ ᠣᠷᠣᠨ᠎ᠤ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠪᠣᠯᠪᠠᠰᠤᠷᠠᠯ᠎ᠤᠨ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-05-28

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠣᠶ᠋ᠢᠷ᠎ᠠ ᠵᠢᠨ ᠬᠤᠭᠤᠴᠠᠭ᠋ᠠᠨ᠎ᠤ ᠠᠵᠢᠯ᠎ᠤᠨ ᠱᠠᠭ᠋ᠠᠷᠳᠠᠯᠭ᠎ᠠ ᠵᠢ  ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠦᠬᠦ ᠣᠷᠣᠨ᠎ᠤ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠠᠮᠤᠷ ᠲᠦᠪᠰᠢᠨ᠎ᠤ ᠠᠵᠢᠯ᠎ᠤᠨ ᠸᠢᠳᠢᠣ᠋ ᠬᠤᠷᠠᠯ᠎ᠤᠨ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠵᠤ᠂ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠭᠦᠨᠵᠡᠭᠡᠢ ᠲᠠᠶ᠋ᠢᠯᠪᠤᠷᠢᠯᠠᠬᠤ ᠵᠢᠨ ᠲᠥᠯᠦᠭᠡ᠂ 5 ᠳ᠋ᠤᠭ᠋ᠠᠷ ᠰᠠᠷ᠎ᠠ ᠵᠢᠨ 23᠎ᠤ ᠡᠳᠦᠷ᠂ ᠪᠦᠬᠦ ᠣᠷᠣᠨ᠎ᠤ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠪᠣᠯᠪᠠᠰᠤᠷᠠᠯ᠎ᠤᠨ ᠬᠤᠷᠠᠯ᠎ᠢ ᠪᠤᠭᠤᠲᠤ ᠬᠣᠲᠠ᠎ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠵᠢᠶᠦ᠋ᠨ ᠰᠢ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

ᠬᠤᠷᠠᠯ᠎ᠠᠴᠠ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠦᠵᠡᠯ ᠰᠠᠨᠠᠭ᠎ᠠ ᠲᠠᠨᠢᠯᠲᠠ᠎ᠪᠠᠨ ᠤᠯᠠᠮ ᠴᠠᠭ᠋ᠠᠰᠢᠲᠠ ᠳᠡᠭᠡᠭᠰᠢᠯᠡᠭᠦᠯᠵᠦ᠂ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠦᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠠᠵᠢᠯ᠎ᠢ ᠨᠠᠶ᠋ᠢᠳᠠᠪᠤᠷᠢᠵᠢᠭᠤᠯᠬᠤ ᠬᠠᠷᠢᠭᠤᠴᠠᠯᠭ᠋ᠠᠲᠤ ᠰᠡᠳᠬᠢᠯᠭᠡ ᠪᠠ ᠲᠤᠯᠭ᠋ᠠᠮ ᠰᠡᠳᠬᠢᠯᠭᠡ᠎ᠪᠠᠨ ᠴᠢᠩᠭ᠋ᠠᠳᠬᠠᠵᠤ᠂ 《ᠠᠮᠤᠷ ᠲᠦᠪᠰᠢᠨ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠦᠬᠦ ᠤᠯᠤᠰ᠎ᠤᠨ ᠨᠢᠭᠡᠳᠦᠯᠲᠡᠢ ᠰᠢᠯᠭ᠋ᠠᠯᠲᠠ᠂ ᠥᠴᠦᠬᠡᠨ ᠴᠤ᠌ ᠠᠯᠳᠠᠰᠢ ᠦᠭᠡᠢ》 ᠵᠢ ᠦᠨᠡᠨ ᠬᠦ᠌ ᠪᠠᠲᠤᠯᠠᠬᠤ ᠬᠡᠷᠡᠭᠲᠡᠢ᠃ ᠵᠠᠳᠠᠯᠤᠨ ᠰᠤᠳᠤᠯᠵᠤ ᠮᠠᠭ᠋ᠠᠳᠯᠠᠬᠤ ᠵᠢ ᠴᠢᠩᠭ᠋ᠠᠳᠬᠠᠵᠤ᠂ ᠠᠶᠤᠯ ᠲᠦᠭᠰᠢᠭᠦᠷᠢ ᠥᠷᠢᠰᠥᠯᠳᠦᠭᠡᠨ᠎ᠢ ᠢᠳᠡᠪᠬᠢᠲᠡᠢ ᠰᠢᠢ᠍ᠳᠪᠦᠷᠢᠯᠡᠬᠦ ᠬᠡᠷᠡᠭᠲᠡᠢ᠃ ᠭᠣᠣᠯᠳᠠᠯᠭ᠎ᠠ᠎ᠲᠠᠢ ᠠᠭᠤᠯᠭ᠎ᠠ ᠵᠢ ᠳᠤᠪᠤᠶ᠋ᠢᠯᠭ᠋ᠠᠵᠤ᠂ ᠤᠬᠠᠭᠤᠯᠤᠨ ᠲᠠᠶ᠋ᠢᠯᠪᠤᠷᠢᠯᠠᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠬᠦ ᠬᠡᠷᠡᠭᠲᠡᠢ᠃ ᠵᠠᠩᠭᠢᠯᠠᠭ᠎ᠠ ᠵᠢᠨ ᠭᠣᠭᠴᠣᠭ᠎ᠠ ᠵᠢ ᠠᠳᠬᠤᠵᠤ᠂ ᠰᠢᠯᠭ᠋ᠠᠯᠲᠠ ᠵᠢᠨ ᠠᠮᠤᠷ ᠲᠦᠪᠰᠢᠨ ᠡᠮᠬᠢ ᠵᠢᠷᠤᠮ᠎ᠢ ᠪᠠᠲᠤᠯᠠᠬᠤ ᠬᠡᠷᠡᠭᠲᠡᠢ᠃ ᠬᠦᠴᠦᠲᠡᠢ ᠮᠥᠷᠲᠡᠭᠡᠨ ᠪᠦᠲᠦᠮᠵᠢᠲᠡᠢ ᠵᠢᠯᠣᠭᠣᠳᠴᠤ᠂ ᠡᠷᠡᠮᠡᠯᠵᠡᠯ ᠲᠠᠭᠯᠠᠨ ᠮᠡᠳᠡᠭᠦᠯᠬᠦ ᠦᠢ᠍ᠯᠡᠴᠢᠯᠡᠭᠡ ᠵᠢ ᠰᠠᠶ᠋ᠢᠲᠤᠷ ᠬᠢᠬᠦ ᠬᠡᠷᠡᠭᠲᠡᠢ᠃ ᠰᠢᠯᠭ᠋ᠠᠭᠤᠯᠤᠭᠴᠢ᠎ᠪᠠᠷ ᠦᠨᠳᠦᠰᠦ ᠪᠣᠯᠭ᠋ᠠᠵᠤ᠂ ᠪᠠᠲᠤᠯᠠᠭ᠋ᠠᠨ᠎ᠤ ᠠᠷᠭ᠎ᠠ ᠬᠡᠮᠵᠢᠶ᠎ᠡ ᠵᠢ ᠲᠠᠰᠤᠷᠠᠯᠲᠠ ᠦᠭᠡᠢ ᠰᠢᠯᠢᠳᠡᠭᠵᠢᠭᠦᠯᠬᠦ ᠬᠡᠷᠡᠭᠲᠡᠢ᠃ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠬᠠᠷᠢᠭᠤᠴᠠᠯᠭ᠎ᠠ ᠵᠢᠨ ᠬᠡᠯᠬᠢᠶ᠎ᠡ ᠵᠢ ᠪᠣᠳᠠᠲᠠᠶ᠋ᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠠᠴᠠ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠰᠢᠯᠭ᠋ᠠᠯᠲᠠ ᠵᠢᠨ ᠶᠠᠪᠤᠳᠠᠯ᠎ᠤᠨ ᠠᠵᠢᠯ᠎ᠢ ᠦᠨᠡᠨ ᠬᠦ᠌ ᠨᠠᠷᠢᠯᠢᠭ ᠮᠥᠷᠲᠡᠭᠡᠨ ᠪᠣᠳᠠᠲᠠᠢ ᠬᠢᠵᠦ᠂  ᠵᠡᠷᠭᠡᠴᠡᠭᠡ ᠡᠷᠡᠮᠡᠯᠵᠡᠯ ᠲᠠᠭᠯᠠᠬᠤ ᠪᠣᠯᠪᠠᠰᠤᠷᠠᠯ᠎ᠤᠨ ᠠᠵᠢᠯ᠎ᠢ ᠪᠦᠬᠦ ᠲᠠᠯ᠎ᠠ᠎ᠪᠠᠷ ᠥᠷᠨᠢᠭᠦᠯᠵᠦ᠂ ᠰᠢᠯᠭ᠋ᠠᠯᠲᠠ᠎ᠳᠤ ᠬᠣᠯᠪᠤᠭᠳᠠᠬᠤ ᠰᠦᠯᠵᠢᠶᠡᠨ᠎ᠤ ᠣᠷᠴᠢᠨ᠎ᠢ ᠴᠡᠪᠡᠷᠰᠢᠭᠦᠯᠬᠦ᠂ ᠰᠢᠯᠭ᠋ᠠᠯᠲᠠ᠎ᠳᠤ ᠬᠣᠯᠪᠤᠭᠳᠠᠬᠤ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ ᠵᠢ ᠵᠠᠰᠠᠬᠤ ᠵᠡᠷᠭᠡ ᠵᠢᠷᠭᠤᠭ᠋ᠠᠨ ᠲᠤᠰᠬᠠᠢ ᠠᠵᠢᠯᠯᠠᠭ᠎ᠠ ᠵᠢ ᠰᠠᠶ᠋ᠢᠲᠤᠷ  ᠥᠷᠨᠢᠭᠦᠯᠦᠨ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠡᠷᠡᠮᠡᠯᠵᠡᠯ ᠲᠠᠭᠯᠠᠬᠤ᠎ᠳᠤ ᠵᠦᠪᠯᠡᠯᠭᠡ ᠥᠭᠬᠦ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠭᠡᠵᠦ ᠱᠠᠭ᠋ᠠᠷᠳᠠᠪᠠ᠃

ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠣᠯᠪᠣᠭᠳᠠᠬᠤ ᠬᠠᠷᠢᠭᠤᠴᠠᠯᠭ᠋ᠠᠲᠠᠨ᠂ ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠬᠤᠷᠠᠯ᠎ᠳᠤ ᠣᠷᠣᠯᠴᠠᠪᠠ᠃

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠤᠶᠤᠲᠠᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠤᠬᠠᠭᠤᠯᠭ᠎ᠠ ᠬᠥᠮᠦᠵᠢᠯ᠎ᠤᠨ ᠰᠠᠷ᠎ᠠ ᠡᠬᠢᠯᠡᠪᠡ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 2025 ᠣᠨ᠎ᠤ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠭᠣᠣᠯᠳᠠᠯᠭ᠎ᠠ᠎ᠲᠠᠢ ᠠᠵᠢᠯ᠎ᠢ ᠬᠦᠴᠦᠯᠡᠨ ᠠᠬᠢᠭᠤᠯᠪᠠ
《ᠭᠤᠷᠪᠠᠨ ᠮᠤᠵᠢ ᠨᠢᠭᠡ ᠣᠷᠣᠨ》᠎ᠤ ᠰᠤᠷᠭ᠋ᠠᠨ ᠬᠥᠮᠦᠵᠢᠯ᠎ᠢ ᠬᠠᠮᠵᠢᠯᠴᠠᠨ ᠬᠥᠭᠵᠢᠭᠦᠯᠬᠦ ᠶᠠᠷᠢᠶᠠᠨ᠎ᠤ ᠲᠠᠪᠴᠠᠩ᠎ᠢ ᠲᠦᠩᠯᠢᠶᠣᠤ ᠬᠣᠲᠠ᠎ᠳᠤ ᠡᠷᠬᠢᠯᠡᠪᠡ
60 ᠭᠠᠷᠤᠢ ᠲᠦᠮᠡᠨ ᠬᠥᠮᠥᠨ᠎ᠤ ᠠᠵᠢᠯ ᠣᠯᠭᠤᠯᠲᠠ ᠵᠢ ᠳᠠᠶ᠋ᠢᠴᠢᠯᠠᠪᠠ
ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠤᠷᠢᠶ᠎ᠠ 12355 ᠨᠢᠭᠡᠳᠦᠯᠲᠡᠢ ᠰᠢᠯᠭ᠋ᠠᠯᠲᠠ᠎ᠳᠤ ᠣᠷᠣᠯᠴᠠᠭᠰᠠᠳ᠎ᠤᠨ ᠳᠠᠷᠤᠯᠲᠠ ᠵᠢ ᠪᠠᠭ᠋ᠠᠰᠬᠠᠬᠤ ᠰᠢᠷᠢᠰ ᠠᠵᠢᠯᠯᠠᠭ᠎ᠠ ᠥᠷᠨᠢᠭᠦᠯᠵᠦ ᠪᠤᠢ
 
             蒙ICP备05000248号