5 ᠳ᠋ᠤᠭ᠋ᠠᠷ ᠰᠠᠷ᠎ᠠ ᠵᠢᠨ 26᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 2025 ᠣᠨ᠎ᠤ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠬᠠᠪᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠳᠤ ᠠᠵᠢᠯ ᠣᠯᠭᠣᠬᠤ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠸᠢᠳᠢᠣ᠋ ᠬᠤᠷᠠᠯ᠎ᠢ ᠬᠤᠷᠠᠯᠳᠤᠭᠤᠯᠪᠠ᠃ ᠬᠤᠷᠠᠯ᠎ᠤᠨ ᠵᠣᠷᠢᠯᠲᠠ ᠪᠣᠯ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠷᠢᠰ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠠ ᠰᠤᠷᠭ᠋ᠠᠨ ᠬᠥᠮᠦᠵᠢᠯ᠎ᠤᠨ ᠶᠠᠮᠤᠨ᠎ᠤ ᠠᠬᠢᠭᠤᠯᠬᠤ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠲᠣᠬᠢᠷᠠᠭᠤᠯᠤᠯᠲᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠤᠨ᠂ ᠡᠮᠦᠨᠡᠬᠢ ᠬᠤᠭᠤᠴᠠᠭ᠋ᠠᠨ᠎ᠤ ᠠᠵᠢᠯ᠎ᠢ ᠡᠮᠬᠢᠯᠡᠨ ᠳ᠋ᠦᠩᠨᠡᠵᠦ᠂ ᠣᠳᠣᠬᠠᠨ᠎ᠤ ᠠᠵᠢᠯ ᠣᠯᠭᠣᠯᠲᠠ ᠵᠢᠨ ᠪᠠᠶ᠋ᠢᠳᠠᠯ᠎ᠢ ᠵᠠᠳᠠᠯᠤᠨ᠂ ᠳᠠᠷᠠᠭ᠋ᠠᠴᠢ ᠵᠢᠨ ᠱᠠᠲᠤᠨ᠎ᠤ ᠲᠡᠭᠦᠰᠦᠭᠰᠡᠳ᠎ᠲᠤ ᠠᠵᠢᠯ ᠣᠯᠭᠣᠬᠤ ᠭᠣᠣᠯᠳᠠᠯᠭ᠎ᠠ᠎ᠲᠠᠢ ᠠᠵᠢᠯ᠎ᠢ ᠳᠠᠬᠢᠨ ᠪᠠᠶ᠋ᠢᠷᠢᠯᠠᠭᠤᠯᠵᠤ᠂ ᠳᠠᠬᠢᠨ ᠠᠬᠢᠭᠤᠯᠬᠤ ᠵᠢᠨ ᠲᠥᠯᠥᠭᠡ ᠶᠤᠮ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠵᠢᠶᠦ᠋ᠨ ᠰᠢ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠬᠤᠷᠠᠯ᠎ᠠᠴᠠ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠠᠵᠢᠯ᠎ᠢ ᠳᠡᠭᠡᠳᠦ ᠬᠡᠮᠵᠢᠶ᠎ᠡ᠎ᠪᠠᠷ ᠠᠩᠬᠠᠷᠤᠨ ᠬᠠᠯᠠᠮᠵᠢᠯᠠᠵᠤ᠂ ᠡᠯ᠎ᠡ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠠᠵᠢᠯ᠎ᠤᠨ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠨ᠂ ᠲᠡᠭᠦᠰᠦᠭᠰᠡᠳ᠎ᠲᠤ ᠠᠵᠢᠯ ᠣᠯᠭᠣᠬᠤ ᠠᠵᠢᠯ᠎ᠢ ᠰᠠᠶ᠋ᠢᠲᠤᠷ ᠬᠢᠬᠦ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠣᠶ᠋ᠢᠯᠠᠭ᠋ᠠᠵᠤ᠂ ᠲᠡᠭᠦᠰᠦᠭᠰᠡᠳ᠎ᠲᠤ ᠠᠵᠢᠯ ᠣᠯᠭᠣᠬᠤ ᠠᠵᠢᠯ᠎ᠢ ᠰᠠᠶ᠋ᠢᠲᠤᠷ ᠬᠢᠬᠦ ᠢᠲᠡᠭᠡᠯ ᠵᠣᠷᠢᠭ᠎ᠢ ᠪᠠᠲᠤᠳᠬᠠᠵᠤ᠂ ᠢᠵᠢᠯᠢ ᠴᠢᠭᠯᠡᠯ ᠵᠶ᠋ᠠᠷ ᠤᠷᠤᠭᠰᠢᠯᠠᠨ᠂ ᠬᠠᠮᠵᠢᠯᠴᠠᠨ ᠬᠦᠴᠦᠯᠡᠵᠦ᠂ ᠡᠯ᠎ᠡ ᠵᠦᠢ᠍ᠯ᠎ᠤᠨ ᠠᠵᠢᠯ᠎ᠢ ᠪᠣᠳᠠᠲᠠᠢ ᠮᠥᠷᠲᠡᠭᠡᠨ ᠨᠠᠷᠢᠯᠢᠭ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠡᠯ᠎ᠡ ᠶᠡᠬᠡ ᠳᠡᠭᠡᠳᠦ ᠰᠤᠷᠭ᠋ᠠᠭᠤᠯᠢ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ᠂ ᠠᠵᠢᠯ ᠣᠯᠭᠣᠯᠲᠠ ᠵᠢᠨ 《ᠨᠢᠭᠡᠳᠦᠭᠡᠷ ᠬᠠᠷᠢᠭᠤᠴᠠᠯᠭ᠋ᠠᠲᠠᠨ》᠎ᠤ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠪᠣᠳᠠᠲᠠᠶ᠋ᠢᠵᠢᠭᠤᠯᠵᠤ᠂ ᠰᠤᠷᠭ᠋ᠠᠭᠤᠯᠢ ᠵᠢᠨ ᠳᠡᠰ᠎ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠠᠵᠢᠯ ᠣᠯᠭᠣᠬᠤ ᠡᠭᠦᠷᠭᠡ ᠴᠢᠳᠠᠮᠵᠢᠲᠤ ᠰᠠᠯᠠᠭ᠎ᠠ ᠮᠥᠴᠢᠷ ᠨᠠᠷᠢᠨ ᠬᠢᠨᠠᠮᠠᠭ᠋ᠠᠢ ᠰᠤᠳᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠳᠡᠰ ᠣᠶ᠋ᠢᠷ᠎ᠠ ᠵᠢᠨ ᠬᠤᠭᠤᠴᠠᠭ᠋ᠠᠨ᠎ᠳᠤ ᠨᠡᠶ᠋ᠢᠲᠡᠯᠡᠭᠰᠡᠨ ᠡᠯ᠎ᠡ ᠲᠥᠷᠥᠯ᠎ᠤᠨ ᠠᠵᠢᠯ ᠣᠯᠭᠣᠯᠲᠠ ᠵᠢ ᠠᠬᠢᠭᠤᠯᠬᠤ ᠪᠢᠴᠢᠭ ᠮᠠᠲ᠋ᠧᠷᠢᠶᠠᠯ᠎ᠢ ᠭᠦᠨᠵᠡᠭᠡᠢ ᠣᠶ᠋ᠢᠯᠠᠭ᠋ᠠᠵᠤ᠂ ᠰᠤᠷᠭ᠋ᠠᠭᠤᠯᠢ ᠡᠷᠬᠢᠯᠡᠬᠦ ᠪᠠᠶ᠋ᠢᠷᠢ ᠲᠣᠭᠲᠠᠭ᠋ᠠᠯᠲᠠ ᠪᠠ ᠲᠡᠭᠦᠰᠦᠭᠰᠡᠳ᠎ᠤᠨ ᠪᠣᠳᠠᠲᠠᠢ ᠪᠠᠶ᠋ᠢᠳᠠᠯ᠎ᠲᠠᠢ ᠤᠶᠠᠯᠳᠤᠭᠤᠯᠤᠨ᠂ 《ᠵᠠᠭᠤᠨ ᠡᠳᠦᠷ᠎ᠤᠨ ᠰᠢᠪᠲᠤᠯᠤᠯᠲᠠ》 ᠵᠢᠨ ᠠᠵᠢᠯᠯᠠᠭ᠎ᠠ ᠵᠢ ᠴᠢᠩᠭ᠎ᠠ ᠠᠳᠬᠤᠨ ᠬᠡᠷᠡᠭᠵᠢᠭᠦᠯᠵᠦ᠂ ᠭᠣᠣᠯᠳᠠᠯᠭ᠎ᠠ᠎ᠲᠠᠢ ᠡᠭᠦᠷᠭᠡ ᠵᠢ ᠥᠳᠲᠡᠷ ᠲᠦᠷᠭᠡᠨ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠬᠦᠴᠦᠨ ᠵᠶ᠋ᠠᠨ ᠲᠥᠪᠯᠡᠷᠡᠭᠦᠯᠦᠨ ᠳᠠᠯᠳᠠ ᠬᠦᠴᠦᠨ᠎ᠢ ᠢᠯᠡᠷᠡᠭᠦᠯᠦᠨ ᠠᠵᠢᠯ᠎ᠤᠨ ᠪᠠᠶ᠋ᠢᠷᠢ ᠵᠢ ᠥᠷᠭᠡᠳᠬᠡᠵᠦ᠂ ᠬᠠᠩᠭ᠋ᠠᠯᠭ᠎ᠠ ᠭᠦᠢ᠍ᠴᠡᠳ ᠪᠠᠶ᠋ᠢᠬᠤ ᠵᠢ ᠦᠨᠡᠨ ᠬᠦ᠌ ᠪᠠᠲᠤᠯᠠᠨ᠂ ᠠᠵᠢᠯ᠎ᠤᠨ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠴᠦ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠲᠣᠭᠣᠷᠢᠨ᠎ᠳᠤ ᠰᠦᠯᠵᠢᠶᠡᠨ ᠭᠠᠳᠠᠨ᠎ᠠ ᠰᠤᠷᠪᠤᠯᠵᠢᠯᠠᠬᠤ ᠪᠠ ᠰᠦᠯᠵᠢᠶᠡᠨ᠎ᠳᠤ ᠵᠣᠯᠭ᠋ᠠᠭᠤᠯᠬᠤ ᠵᠢ ᠠᠬᠢᠭᠤᠯᠤᠨ᠂ 《ᠬᠣᠶᠠᠷ 100》 ᠪᠠ 《ᠬᠠᠮᠤᠭ᠎ᠤᠨ ᠪᠠᠭ᠎ᠠ᠎ᠳᠤ᠎ᠪᠠᠨ 10 ᠡᠷᠦᠬᠡ》 ᠭᠡᠬᠦ ᠠᠵᠢᠯ᠎ᠤᠨ ᠱᠠᠭ᠋ᠠᠷᠳᠠᠯᠭ᠎ᠠ ᠵᠢ ᠥᠳᠲᠡᠷ ᠲᠦᠷᠭᠡᠨ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠰᠤᠷᠭ᠋ᠠᠭᠤᠯᠢ ᠵᠢᠨ ᠬᠦᠷᠢᠶᠡᠨ᠎ᠳᠤ ᠠᠵᠢᠯᠲᠠᠨ ᠤᠷᠢᠬᠤ ᠠᠵᠢᠯᠯᠠᠭ᠎ᠠ ᠵᠢ ᠦᠷᠭᠦᠯᠵᠢᠯᠡᠨ ᠬᠦᠴᠦ ᠲᠠᠯᠪᠢᠨ ᠵᠣᠬᠢᠶᠠᠨ ᠪᠠᠶ᠋ᠢᠭᠤᠯᠵᠤ᠂ ᠲᠡᠭᠦᠰᠦᠭᠰᠡᠳ ᠰᠤᠷᠭ᠋ᠠᠭᠤᠯᠢ᠎ᠠᠴᠠ ᠰᠠᠯᠬᠤ᠎ᠠᠴᠠ ᠡᠮᠦᠨ᠎ᠡ᠂ ᠠᠳᠠᠭ᠎ᠲᠤ᠎ᠪᠠᠨ ᠨᠢᠭᠡ ᠲᠠᠯᠠᠪᠤᠷ ᠲᠣᠮᠣ ᠬᠡᠯᠪᠡᠷᠢ ᠵᠢᠨ ᠰᠤᠷᠭ᠋ᠠᠭᠤᠯᠢ ᠵᠢᠨ ᠬᠦᠷᠢᠶᠡᠨ᠎ᠤ ᠠᠵᠢᠯᠲᠠᠨ ᠤᠷᠢᠬᠤ ᠬᠤᠷᠠᠯ᠎ᠢ ᠡᠷᠬᠢᠯᠡᠵᠦ᠂ ᠲᠡᠭᠦᠰᠦᠭᠰᠡᠳ᠎ᠢ ᠯᠠᠪᠳᠠᠭᠤᠨ ᠪᠠᠲᠤᠲᠠᠢ ᠬᠠᠪᠰᠤᠷᠤᠨ ᠲᠡᠭᠦᠰᠬᠦ ᠴᠢᠭᠯᠡᠯ᠎ᠢ ᠳᠣᠭᠲᠠᠭ᠋ᠠᠬᠤ ᠬᠡᠷᠡᠭᠲᠡᠢ᠃ ᠠᠵᠢᠯ᠎ᠤᠨ ᠲᠣᠭᠲᠠᠴᠠ ᠵᠢᠨ ᠰᠢᠨ᠎ᠡ ᠵᠢ ᠡᠭᠦᠳᠴᠦ᠂ ᠵᠢᠯᠣᠭᠣᠳᠬᠤ ᠦᠢ᠍ᠯᠡᠴᠢᠯᠡᠭᠡ ᠵᠢ ᠰᠢᠯᠢᠳᠡᠭᠵᠢᠭᠦᠯᠦᠨ᠂ 2025 ᠣᠨ᠎ᠤ ᠲᠡᠭᠦᠰᠦᠭᠰᠡᠳ᠎ᠤᠨ ᠠᠵᠢᠯ ᠣᠯᠬᠤ ᠰᠠᠨᠠᠮᠵᠢ ᠵᠢᠨ ᠬᠣᠶᠠᠳᠤᠭ᠋ᠠᠷ ᠤᠳᠠᠭ᠋ᠠᠨ᠎ᠤ ᠠᠵᠢᠯ ᠣᠯᠬᠤ ᠬᠠᠨᠳᠤᠰᠢ ᠵᠢ ᠣᠶ᠋ᠢᠯᠠᠭ᠋ᠠᠬᠤ ᠪᠠᠶ᠋ᠢᠴᠠᠭ᠋ᠠᠯᠲᠠ ᠪᠠ 2026 ᠣᠨ᠎ᠤ ᠲᠡᠭᠦᠰᠦᠭᠰᠡᠳ᠎ᠤᠨ ᠠᠵᠢᠯ ᠣᠯᠬᠤ ᠰᠠᠨᠠᠮᠵᠢ ᠵᠢᠨ ᠪᠠᠶ᠋ᠢᠴᠠᠭ᠋ᠠᠯᠲᠠ ᠵᠢ ᠬᠠᠮᠵᠢᠨ ᠥᠷᠨᠢᠭᠦᠯᠵᠦ᠂ ᠠᠵᠢᠯ᠎ᠤᠨ ᠪᠠᠶ᠋ᠢᠷᠢ ᠵᠢ ᠬᠠᠮᠲᠤ᠎ᠳᠤ᠎ᠪᠠᠨ ᠪᠠᠶ᠋ᠢᠭᠤᠯᠵᠤ ᠬᠠᠮᠲᠤ᠎ᠳᠤ᠎ᠪᠠᠨ ᠬᠤᠪᠢᠶᠠᠯᠴᠠᠨ ᠡᠳ᠋ᠯᠡᠬᠦ ᠲᠥᠯᠥᠪᠯᠡᠭᠡ ᠵᠢ ᠶᠡᠬᠡ᠎ᠪᠠᠷ ᠠᠬᠢᠭᠤᠯᠤᠨ᠂ ᠰᠤᠷᠭ᠋ᠠᠭᠤᠯᠢ᠎ᠠᠴᠠ᠎ᠪᠠᠨ ᠰᠠᠯᠤᠭ᠋ᠠᠳ ᠠᠵᠢᠯ ᠣᠯᠤᠭ᠋ᠠᠳᠤᠢ ᠲᠡᠭᠦᠰᠦᠭᠰᠡᠳ᠎ᠢ ᠮᠥᠷᠳᠡᠨ ᠦᠢ᠍ᠯᠡᠴᠢᠯᠡᠬᠦ ᠠᠵᠢᠯ᠎ᠢ ᠤᠷᠢᠳᠴᠢᠯᠠᠨ ᠰᠠᠶ᠋ᠢᠲᠤᠷ ᠪᠠᠶ᠋ᠢᠷᠢᠯᠠᠭᠤᠯᠵᠤ᠂ ᠰᠤᠷᠭ᠋ᠠᠭᠤᠯᠢ᠎ᠠᠴᠠ᠎ᠪᠠᠨ ᠰᠠᠯᠤᠭ᠋ᠠᠳ ᠠᠵᠢᠯ ᠣᠯᠤᠭ᠋ᠠᠳᠤᠢ ᠲᠡᠭᠦᠰᠦᠭᠰᠡᠳ᠎ᠢ ᠬᠠᠪᠰᠤᠷᠤᠨ ᠲᠡᠳᠬᠦᠬᠦ ᠨᠣᠷᠮ᠎ᠠ ᠵᠢ 100%᠎ᠳᠤ ᠬᠦᠷᠭᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠪᠦᠷᠢᠳᠭᠡᠵᠦ ᠬᠢᠨᠠᠨ ᠪᠠᠶ᠋ᠢᠴᠠᠭ᠋ᠠᠬᠤ ᠵᠢ ᠴᠢᠩᠳᠠᠯᠠᠨ᠂ ᠲᠡᠭᠦᠰᠦᠭᠰᠡᠳ ᠤᠨ ᠠᠵᠢᠯ ᠣᠯᠬᠤ ᠬᠠᠨᠳᠤᠰᠢ ᠵᠢ ᠳᠠᠩᠰᠠᠯᠠᠬᠤ ᠠᠵᠢᠯ᠎ᠤᠨ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠠᠵᠢᠯ ᠣᠯᠬᠤ ᠬᠠᠨᠳᠤᠰᠢ ᠵᠢ ᠨᠢᠭᠡ ᠨᠢᠭᠡ ᠬᠥᠮᠦᠨ᠎ᠳᠤ ᠨᠠᠢ᠌ᠳᠠᠪᠤᠷᠢᠵᠢᠭᠤᠯᠵᠤ᠂ ᠲᠣᠭ᠎ᠠ ᠪᠠᠷᠢᠮᠲᠠ ᠪᠠ ᠮᠡᠳᠡᠭᠡ ᠵᠠᠩᠭᠢ ᠵᠢ ᠨᠢᠭᠡ ᠨᠢᠭᠡ ᠬᠥᠮᠦᠨ ᠵᠶ᠋ᠠᠷ ᠳᠡᠭᠡᠭᠰᠢ ᠮᠡᠳᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ 《ᠳᠥᠷᠪᠡᠨ ᠦᠯᠦ ᠵᠥᠪᠰᠢᠶᠡᠷᠡᠬᠦ》 《ᠭᠤᠷᠪᠠᠨ ᠪᠣᠯᠬᠤ ᠦᠭᠡᠢ》 ᠭᠡᠬᠦ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ ᠴᠠᠯᠢᠩ ᠬᠥᠯᠥᠰᠥ ᠵᠢᠨ ᠴᠤᠪᠤᠷᠠᠯ ᠪᠣᠯᠤᠨ ᠤᠷᠢᠨ ᠬᠡᠷᠡᠭᠯᠡᠬᠦ ᠬᠢᠵᠠᠭ᠋ᠠᠷ ᠬᠤᠭᠤᠴᠠᠭ᠎ᠠ ᠵᠡᠷᠭᠡ ᠵᠢᠨ ᠮᠠᠲ᠋ᠧᠷᠢᠶᠠᠯ᠎ᠢ ᠨᠠᠷᠢᠨ ᠬᠢᠨᠠᠮᠠᠭ᠋ᠠᠢ ᠬᠢᠨᠠᠨ ᠪᠠᠢ᠌ᠴᠠᠭ᠋ᠠᠵᠤ᠂ ᠠᠵᠢᠯ ᠣᠯᠭᠣᠬᠤ ᠲᠣᠭ᠎ᠠ ᠪᠠᠷᠢᠮᠲᠠ ᠵᠢᠨ ᠪᠦᠷᠢᠨ ᠪᠦᠲᠦᠨ ᠴᠢᠨᠠᠷ ᠪᠣᠯᠤᠨ ᠵᠢᠷᠤᠮᠵᠢᠯᠳᠤ ᠴᠢᠨᠠᠷ᠎ᠢ ᠦᠨᠡᠨ ᠬᠦ᠌ ᠪᠠᠲᠤᠯᠠᠬᠤ ᠬᠡᠷᠡᠭᠲᠡᠢ᠃ ᠢᠳᠡᠪᠬᠢᠲᠡᠢ ᠣᠷᠴᠢᠨ ᠠᠬᠤᠢ ᠵᠢ ᠪᠣᠢ ᠪᠣᠯᠭ᠋ᠠᠵᠤ᠂ ᠠᠵᠢᠯ ᠣᠯᠭᠣᠯᠲᠠ ᠵᠢᠨ ᠠᠮᠤᠷ ᠲᠦᠪᠰᠢᠨ᠎ᠢ ᠪᠠᠲᠤᠯᠠᠵᠤ᠂ ᠲᠡᠭᠦᠰᠦᠭᠰᠡᠳ᠎ᠲᠤ ᠬᠠᠨᠳᠤᠭᠤᠯᠤᠨ ᠠᠵᠢᠯ ᠣᠯᠭᠣᠬᠤ ᠲᠠᠯ᠎ᠠ ᠵᠢᠨ ᠬᠠᠤᠯᠢ ᠴᠠᠭ᠋ᠠᠵᠠ ᠬᠠᠤᠯᠢ ᠳᠦᠷᠢᠮ᠎ᠤᠨ ᠤᠬᠠᠭᠤᠯᠭ᠎ᠠ ᠪᠠ ᠦᠨᠡᠨᠴᠢ ᠢᠲᠡᠭᠡᠮᠵᠢᠲᠦ ᠭᠡᠷ᠎ᠡ᠎ᠪᠠᠨ ᠪᠡᠶᠡᠯᠡᠭᠦᠯᠬᠦ ᠬᠥᠮᠦᠵᠢᠯ᠎ᠢ ᠥᠷᠨᠢᠭᠦᠯᠵᠦ᠂ ᠠᠵᠢᠯ ᠰᠣᠩᠭᠣᠬᠤ ᠶᠠᠪᠤᠴᠠ᠎ᠳᠤ ᠠᠶᠤᠯ ᠲᠦᠭᠰᠢᠭᠦᠷᠢ᠎ᠠᠴᠠ ᠵᠠᠢ᠌ᠯᠠᠬᠤ ᠵᠢ ᠰᠠᠨᠠᠭ᠋ᠠᠴᠢᠯᠠᠭ᠎ᠠ᠎ᠠᠴᠠ᠎ᠪᠠᠨ ᠰᠡᠷᠭᠡᠶ᠋ᠢᠯᠡᠬᠦ ᠬᠡᠷᠡᠭᠲᠡᠢ᠃ ᠵᠥᠪ ᠲᠠᠯ᠎ᠠ᠎ᠠᠴᠠ ᠤᠬᠠᠭᠤᠯᠵᠤ ᠬᠥᠲᠥᠯᠥᠨ ᠵᠢᠯᠣᠭᠣᠳᠬᠤ ᠵᠢ ᠢᠳᠡᠪᠬᠢᠲᠡᠢ ᠴᠢᠩᠭ᠋ᠠᠳᠬᠠᠵᠤ᠂ ᠭᠣᠣᠯ ᠬᠥᠭ ᠠᠶᠠᠰ᠎ᠢ ᠴᠤᠤᠷᠢᠶᠠᠲᠤᠭᠤᠯᠵᠤ᠂ ᠢᠳᠡᠪᠬᠢ ᠬᠦᠴᠦᠨ᠎ᠢ ᠤᠯᠠᠮᠵᠢᠯᠠᠵᠤ᠂ ᠪᠦᠬᠦ ᠨᠡᠶ᠋ᠢᠭᠡᠮ ᠵᠶ᠋ᠠᠷ ᠵᠶ᠋ᠠᠨ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠭᠣᠯᠲᠠ ᠵᠢ ᠳᠡᠮᠵᠢᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠢᠳᠡᠪᠬᠢᠲᠡᠢ ᠪᠤᠢ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠡᠯ᠎ᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠬᠤ ᠵᠠᠩᠭᠢᠯᠠᠭ᠎ᠠ ᠵᠢᠨ ᠬᠤᠭᠤᠴᠠᠭ᠎ᠠ᠂ ᠰᠤᠷᠭ᠋ᠠᠭᠤᠯᠢ᠎ᠠᠴᠠ᠎ᠪᠠᠨ ᠰᠠᠯᠬᠤ᠎ᠠᠴᠠ ᠡᠮᠦᠨᠡᠬᠢ 《ᠰᠢᠵᠢᠷ ᠠᠯᠲᠠᠨ ᠬᠤᠭᠤᠴᠠᠭ᠎ᠠ》 ᠵᠢ ᠵᠠᠪᠳᠤᠨ ᠠᠳᠬᠤᠵᠤ᠂ ᠠᠵᠢᠯ᠎ᠤᠨ ᠲᠥᠰᠦᠯ ᠲᠣᠭᠲᠠᠭ᠋ᠠᠨ᠂ ᠴᠠᠭ᠎ᠤᠨ ᠵᠠᠩᠭᠢᠶᠠᠰᠤ ᠵᠢ ᠲᠣᠳᠤᠷᠬᠠᠢ᠌ᠯᠠᠨ᠂ ᠠᠵᠢᠯ᠎ᠤᠨ ᠠᠶ᠋ᠢᠵᠠᠮ᠎ᠢ ᠲᠦᠷᠭᠡᠳᠬᠡᠨ᠂ ᠡᠯ᠎ᠡ ᠵᠦᠢ᠍ᠯ᠎ᠤᠨ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠪᠦᠬᠦ ᠬᠦᠴᠦᠨ ᠵᠶ᠋ᠠᠷ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ᠎ᠤ ᠠᠵᠢᠯ ᠣᠯᠵᠤ ᠦᠢ᠍ᠯᠡᠰ ᠪᠣᠰᠬᠠᠭᠰᠠᠨ ᠨᠡᠶ᠋ᠢᠲᠡᠯᠢᠭ ᠦᠢ᠍ᠯᠡ ᠶᠠᠪᠤᠳᠠᠯ᠎ᠢ ᠳᠡᠯᠭᠡᠨ ᠦᠵᠡᠭᠦᠯᠬᠦ ᠪᠠ ᠶᠡᠬᠡ ᠳᠡᠭᠡᠳᠦ ᠰᠤᠷᠭ᠋ᠠᠭᠤᠯᠢ ᠵᠢᠨ ᠨᠡᠶ᠋ᠢᠲᠡᠯᠢᠭ ᠲᠤᠷᠰᠢᠯᠭ᠎ᠠ ᠵᠢ ᠬᠤᠪᠢᠶᠠᠯᠴᠠᠬᠤ ᠵᠢ ᠦᠷᠭᠦᠯᠵᠢᠯᠡᠨ ᠥᠷᠨᠢᠭᠦᠯᠵᠦ᠂ ᠠᠵᠢᠯ ᠣᠯᠵᠤ ᠦᠢ᠍ᠯᠡᠰ ᠪᠣᠰᠬᠠᠬᠤ ᠵᠢ ᠳᠡᠮᠵᠢᠬᠦ ᠲᠥᠷᠥ ᠵᠢᠨ ᠪᠣᠳᠣᠯᠭ᠎ᠠ᠂ ᠨᠡᠶ᠋ᠢᠲᠡᠯᠢᠭ ᠦᠢ᠍ᠯᠡ ᠶᠠᠪᠤᠳᠠᠯ᠎ᠢ ᠣᠯᠠᠨ ᠠᠷᠭ᠎ᠠ ᠵᠠᠮ᠂ ᠪᠦᠬᠦ ᠲᠠᠯ᠎ᠠ᠎ᠪᠠᠷ ᠤᠬᠠᠭᠤᠯᠵᠤ᠂ ᠢᠳᠡᠪᠬᠢᠲᠡᠢ ᠵᠥᠪ ᠴᠢᠭᠯᠡᠯ᠎ᠤᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠣᠢ ᠪᠣᠯᠭ᠋ᠠᠬᠤ ᠬᠡᠷᠡᠭᠲᠡᠢ᠃ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠢᠨᠠᠨ ᠰᠢᠯᠭ᠋ᠠᠬᠤ ᠪᠠ ᠠᠶᠤᠯ ᠲᠦᠭᠰᠢᠭᠦᠷᠢ ᠵᠢ ᠰᠤᠳᠤᠯᠤᠨ ᠮᠠᠭ᠋ᠠᠳᠯᠠᠬᠤ ᠵᠢ ᠴᠢᠩᠭ᠋ᠠᠳᠬᠠᠵᠤ᠂ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠣᠯᠪᠣᠭᠳᠠᠯ ᠪᠦᠬᠦᠢ ᠠᠵᠢᠯ᠎ᠢ ᠰᠠᠶ᠋ᠢᠲᠤᠷ ᠬᠢᠬᠦ ᠬᠡᠷᠡᠭᠲᠡᠢ ᠭᠡᠵᠦ ᠱᠠᠭ᠋ᠠᠷᠳᠠᠪᠠ᠃
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠣᠯᠪᠣᠭᠳᠠᠬᠤ ᠭᠠᠵᠠᠷ ᠳᠠᠰᠤᠭ ᠵᠢᠴᠢ ᠬᠣᠯᠪᠣᠭᠳᠠᠬᠤ ᠨᠢᠭᠡᠴᠢ ᠵᠢᠨ ᠬᠠᠷᠢᠭᠤᠴᠠᠯᠭ᠋ᠠᠲᠠᠨ; ᠡᠯ᠎ᠡ ᠳᠡᠭᠡᠳᠦ ᠰᠤᠷᠭ᠋ᠠᠭᠤᠯᠢ ᠵᠢᠨ ᠠᠵᠢᠯ ᠣᠯᠭᠣᠯᠲᠠ ᠵᠢᠨ ᠠᠵᠢᠯ᠎ᠢ ᠬᠤᠪᠢᠳᠠᠨ ᠬᠠᠮᠢᠶᠠᠷᠴᠤ ᠪᠠᠶ᠋ᠢᠭ᠎ᠠ ᠬᠠᠷᠢᠭᠤᠴᠠᠯᠭ᠋ᠠᠲᠠᠨ᠂ ᠠᠵᠢᠯ ᠣᠯᠭᠣᠬᠤ ᠡᠭᠦᠷᠭᠡ ᠴᠢᠳᠠᠮᠵᠢᠲᠤ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠢ᠃