ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠪᠦᠬᠦ ᠣᠷᠣᠨ᠎ᠤ ᠤᠶᠤᠲᠠᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠤᠬᠠᠭᠤᠯᠭ᠎ᠠ ᠬᠥᠮᠦᠵᠢᠯ᠎ᠤᠨ ᠰᠠᠷ᠎ᠠ ᠡᠬᠢᠯᠡᠪᠡ
ᠨᠡᠶ᠋ᠢᠲᠡᠯᠡᠭᠰᠡᠨ ᠴᠠᠭ᠄ 2025-05-28

ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ ᠳᠠᠭ᠋ᠠᠭ᠋ᠠᠴᠢᠯᠠᠨ ᠡᠷᠬᠢᠯᠡᠭᠰᠡᠨ ᠪᠦᠬᠦ ᠣᠷᠣᠨ᠎ᠤ ᠤᠶᠤᠲᠠᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠤᠬᠠᠭᠤᠯᠭ᠎ᠠ ᠬᠥᠮᠦᠵᠢᠯ᠎ᠤᠨ ᠰᠠᠷ᠎ᠠ ᠵᠢ ᠡᠬᠢᠯᠡᠭᠦᠯᠪᠡ᠃ ᠡᠨᠡ ᠤᠳᠠᠭ᠋ᠠᠨ᠎ᠤ ᠠᠵᠢᠯᠯᠠᠭ᠎ᠠ ᠪᠣᠯ 《ᠢᠳᠡᠪᠬᠢᠲᠡᠢ ᠰᠡᠳᠬᠢᠵᠦ ᠤᠶᠠᠨ ᠬᠠᠳᠠᠨ ᠰᠡᠳᠬᠢᠬᠦ》᠎ᠪᠠᠷ ᠭᠣᠣᠯ ᠰᠡᠳᠦᠪ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠵᠢᠶᠦ᠋ᠨ ᠰᠢ ᠠᠵᠢᠯᠯᠠᠭ᠎ᠠ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠭᠡᠰᠢᠭᠦᠨ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠱᠦᠵᠢ ᠬᠠᠨ ᠿᠦᠢ ᠫᠢᠩ ᠪᠠᠶᠠᠷ᠎ᠤᠨ ᠦᠭᠡ ᠬᠡᠯᠡᠪᠡ᠃

   

1.jpg

 

ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠡᠯ᠎ᠡ ᠳᠡᠭᠡᠳᠦ ᠰᠤᠷᠭ᠋ᠠᠭᠤᠯᠢ 《ᠲᠠᠪᠤᠨ ᠬᠥᠮᠦᠵᠢᠯ》᠎ᠢ ᠵᠡᠷᠭᠡ᠎ᠪᠠᠷ ᠠᠳᠬᠤᠬᠤ ᠵᠢ ᠪᠠᠷᠢᠮᠲᠠᠯᠠᠵᠤ᠂ ᠤᠶᠤᠲᠠᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠤ ᠵᠢᠨ ᠬᠠᠮᠲᠤ ᠲᠡᠭᠦᠨ᠎ᠢ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠂ ᠬᠠᠮᠢᠶᠠᠷᠤᠯᠲᠠ ᠦᠢ᠍ᠯᠡᠴᠢᠯᠡᠭᠡ ᠵᠢᠴᠢ ᠰᠤᠷᠤᠭᠴᠢᠳ᠎ᠤᠨ ᠦᠰᠦᠨ ᠪᠣᠶ᠋ᠢᠵᠢᠯᠲᠠ ᠵᠢᠨ ᠪᠦᠬᠦ ᠶᠠᠪᠤᠴᠠ᠎ᠳᠤ ᠲᠤᠭᠤᠰᠢᠯᠠᠭᠤᠯᠬᠤ ᠬᠡᠷᠡᠭᠲᠡᠢ᠃ ᠲᠡᠭᠦᠰᠦᠭᠰᠡᠳ᠎ᠢ ᠨᠠᠷᠢᠯᠢᠭ ᠣᠨᠣᠴᠠᠲᠠᠢ ᠬᠠᠪᠰᠤᠷᠤᠨ ᠲᠡᠳᠬᠦᠬᠦ ᠪᠠ ᠰᠡᠳᠬᠢᠯ᠎ᠤᠨ ᠲᠦᠰᠢᠭ ᠪᠣᠯᠬᠤ ᠵᠢ ᠴᠢᠩᠭ᠋ᠠᠳᠬᠠᠵᠤ᠂ ᠰᠤᠷᠤᠭᠴᠢᠳ᠎ᠢ ᠨᠤᠭᠤᠷᠠᠯ ᠪᠦᠳᠦᠷᠢᠯ᠎ᠳᠤ ᠣᠶᠤᠨᠴᠢ᠎ᠪᠠᠷ ᠬᠠᠨᠳᠤᠬᠤ᠎ᠪᠠᠷ ᠬᠥᠲᠥᠯᠥᠨ ᠵᠢᠯᠣᠭᠣᠳᠬᠤ ᠬᠡᠷᠡᠭᠲᠡᠢ᠃ ᠠᠵᠢᠯᠯᠠᠭ᠎ᠠ ᠵᠢᠨ ᠬᠡᠯᠪᠡᠷᠢ ᠵᠢᠨ ᠰᠢᠨ᠎ᠡ ᠵᠢ ᠡᠭᠦᠳᠴᠦ᠂ 《ᠰᠡᠳᠬᠢᠯ᠎ᠢ ᠤᠮᠳᠠᠯᠠᠬᠤ ᠶᠠᠷᠢᠶᠠᠨ᠎ᠤ ᠳᠠᠪᠴᠠᠩ》 ᠵᠡᠷᠭᠡ ᠠᠴᠢᠶᠠᠯᠠᠪᠤᠷᠢ ᠵᠢ ᠴᠢᠳᠠᠮᠠᠭ᠋ᠠᠢ ᠬᠡᠷᠡᠭᠯᠡᠨ ᠣᠯᠠᠨ ᠡᠰᠢᠵᠢᠭᠦᠯᠦᠭᠰᠡᠨ ᠠᠵᠢᠯᠯᠠᠭ᠎ᠠ ᠥᠷᠨᠢᠭᠦᠯᠵᠦ᠂ ᠰᠡᠳᠬᠢᠴᠡ ᠵᠢᠨ ᠮᠡᠳᠡᠯᠭᠡ ᠵᠢ ᠲᠦᠭᠡᠮᠡᠯᠵᠢᠭᠦᠯᠬᠦ ᠪᠠ ᠳᠤᠰᠠᠯᠠᠬᠤ ᠠᠷᠭ᠎ᠠ ᠵᠠᠮ᠎ᠤᠨ ᠤᠬᠠᠭᠤᠯᠭ᠎ᠠ ᠵᠢ ᠴᠢᠩᠭ᠋ᠠᠳᠬᠠᠵᠤ᠂ ᠥᠪᠡᠷ᠎ᠤᠨ ᠡᠷᠡᠭᠦᠯ ᠮᠡᠨᠳᠦ ᠵᠢᠨ ᠬᠠᠷᠢᠭᠤᠴᠠᠯᠭ᠎ᠠ ᠵᠢᠨ ᠤᠬᠠᠮᠰᠠᠷ᠎ᠢ ᠴᠢᠩᠭ᠋ᠠᠳᠬᠠᠵᠤ᠂ ᠬᠢᠴᠢᠶᠡᠯᠯᠡᠬᠦ ᠪᠠᠭᠰᠢ᠂ ᠬᠠᠪᠰᠤᠷᠤᠨ ᠵᠢᠯᠣᠭᠣᠳᠤᠭᠴᠢ ᠵᠡᠷᠭᠡ ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠮᠡᠳᠡᠯᠭᠡ ᠵᠢᠨ ᠪᠣᠯᠪᠠᠰᠤᠷᠠᠯ᠎ᠤᠨ ᠡᠷᠴᠢᠮ᠎ᠢ ᠴᠢᠩᠭ᠋ᠠᠷᠠᠭᠤᠯᠵᠤ᠂ ᠰᠡᠳᠬᠢᠴᠡ ᠵᠢᠨ ᠵᠥᠪᠯᠡᠯᠭᠡ ᠥᠭᠬᠦ ᠦᠢ᠍ᠯᠡᠴᠢᠯᠡᠭᠡ ᠵᠢ ᠰᠠᠨᠠᠭ᠋ᠠᠴᠢᠯᠠᠭ᠋ᠠᠲᠤ ᠪᠤᠰᠤ ᠪᠠᠶ᠋ᠢᠭᠰᠠᠨ᠎ᠠᠴᠠ ᠰᠠᠨᠠᠭ᠋ᠠᠴᠢᠯᠠᠭ᠋ᠠᠲᠤ ᠪᠣᠯᠭ᠋ᠠᠨ ᠬᠤᠪᠢᠷᠠᠭᠤᠯᠬᠤ ᠵᠢ ᠠᠬᠢᠭᠤᠯᠬᠤ ᠬᠡᠷᠡᠭᠲᠡᠢ᠃ ᠭᠡᠷ ᠪᠦᠯᠢ ᠪᠠ ᠰᠤᠷᠭ᠋ᠠᠭᠤᠯᠢ ᠬᠠᠮᠲᠤ᠎ᠳᠤ᠎ᠪᠠᠨ ᠬᠥᠮᠦᠵᠢᠭᠦᠯᠬᠦ ᠵᠢ ᠲᠡᠭᠦᠯᠳᠡᠷᠵᠢᠭᠦᠯᠵᠦ᠂ ᠭᠡᠷ᠎ᠤᠨ ᠠᠬᠠᠮᠠᠳ ᠪᠠ ᠰᠤᠷᠭ᠋ᠠᠭᠤᠯᠢ᠎ᠪᠠᠷ ᠳᠠᠮᠵᠢᠭᠤᠯᠤᠨ ᠰᠡᠳᠬᠢᠴᠡ ᠵᠢᠨ ᠮᠡᠳᠡᠯᠭᠡ ᠵᠢ ᠤᠬᠠᠭᠤᠯᠤᠨ ᠲᠠᠶ᠋ᠢᠯᠪᠤᠷᠢᠯᠠᠵᠤ᠂ ᠭᠡᠷ᠎ᠤᠨ ᠠᠬᠠᠮᠠᠳ᠎ᠤᠨ ᠬᠥᠮᠦᠨ ᠬᠥᠮᠦᠵᠢᠭᠦᠯᠬᠦ ᠴᠢᠳᠠᠪᠤᠷᠢ ᠵᠢ ᠳᠡᠭᠡᠭᠰᠢᠯᠡᠭᠦᠯᠵᠦ᠂ ᠡᠭᠦᠨ᠎ᠤ ᠤᠯᠠᠮ᠎ᠠᠴᠠ ᠭᠡᠷ ᠪᠦᠯᠢ᠂ ᠰᠤᠷᠭ᠋ᠠᠭᠤᠯᠢ᠂ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠬᠠᠮ ᠬᠦᠴᠦᠨ᠎ᠢ ᠨᠢᠭᠲᠠᠷᠠᠭᠤᠯᠬᠤ ᠬᠡᠷᠡᠭᠲᠡᠢ ᠭᠡᠵᠦ ᠱᠠᠭ᠋ᠠᠷᠳᠠᠪᠠ᠃

   

2.jpg

 

ᠠᠵᠢᠯᠯᠠᠭ᠎ᠠ ᠵᠢᠨ ᠠᠬᠤᠢ ᠲᠠᠯᠠᠪᠠᠢ᠎ᠳᠤ ᠪᠠᠶ᠋ᠢᠭ᠎ᠠ ᠳᠡᠭᠡᠳᠦ ᠰᠤᠷᠭ᠋ᠠᠭᠤᠯᠢ ᠪᠠ ᠰᠠᠯᠪᠤᠷᠢ ᠵᠢᠨ ᠦᠵᠡᠭᠦᠯᠭᠡ ᠵᠢᠨ ᠲᠣᠭᠣᠷᠢᠭ ᠪᠣᠯᠤᠨ 《ᠰᠡᠳᠬᠢᠴᠡ ᠵᠢᠨ ᠰᠠᠢ᠌ᠬᠠᠨ ᠴᠠᠭ ᠮᠥᠴᠡ》 ᠭᠡᠬᠦ ᠴᠡᠴᠡᠷᠯᠢᠭ ᠵᠶ᠋ᠡᠷ ᠵᠤᠭ᠋ᠠᠴᠠᠬᠤ ᠠᠵᠢᠯᠯᠠᠭ᠎ᠠ ᠵᠢ ᠪᠠᠶᠠᠷ ᠪᠠᠶᠠᠰᠬᠤᠯᠠᠩ ᠬᠥᠷ ᠨᠠᠷᠭᠢᠶᠠᠨ᠎ᠲᠠᠢ ᠶᠠᠪᠤᠭᠳᠠᠭᠤᠯᠪᠠ᠃ ᠡᠯ᠎ᠡ ᠳᠡᠭᠡᠳᠦ ᠰᠤᠷᠭ᠋ᠠᠭᠤᠯᠢ ᠪᠠ ᠰᠠᠯᠪᠤᠷᠢ ᠵᠢᠨ ᠦᠵᠡᠭᠦᠯᠭᠡ ᠵᠢᠨ ᠲᠣᠭᠣᠷᠢᠭ᠎ᠤᠨ ᠭᠢᠯᠠᠰ ᠴᠡᠭ ᠵᠠᠯᠭ᠋ᠠᠭ᠎ᠠ᠎ᠪᠠᠷ ᠲᠣᠳᠤᠷᠠᠵᠤ᠂ ᠥᠪᠡᠰᠦᠪᠡᠨ ᠬᠢᠭᠰᠡᠨ ᠡᠭᠡᠳᠡᠭᠰᠡᠨ ᠰᠦ᠂ ᠥᠨᠳᠡᠭᠡ᠎ᠲᠠᠢ ᠪᠣᠭᠣᠷᠰᠣᠭ ᠵᠡᠷᠭᠡ ᠠᠮᠲᠠᠲᠤ ᠢᠳᠡᠭᠡᠨ᠎ᠢ ᠰᠢᠯᠭ᠋ᠠᠨ ᠲᠣᠭᠲᠠᠭ᠋ᠠᠬᠤ ᠲᠣᠭᠣᠷᠢᠭ; ᠤᠯᠠᠮᠵᠢᠯᠠᠯᠲᠤ ᠦᠨᠳᠦᠰᠦᠲᠡᠨ᠎ᠤ ᠬᠤᠪᠴᠠᠰᠤ ᠵᠠᠰᠠᠯ᠎ᠤᠨ ᠦᠵᠡᠭᠦᠯᠭᠡ᠂ ᠣᠳᠤᠢ ᠮᠣᠷᠢ ᠵᠢ  ᠲᠡᠵᠢᠭᠡᠵᠦ ᠡᠩᠬᠦᠷᠡᠢ ᠠᠮᠢᠲᠠᠨ᠎ᠲᠠᠢ ᠦᠢ᠍ᠯᠡᠳᠦᠯᠴᠡᠬᠦ ᠲᠣᠭᠣᠷᠢᠭ ᠪᠣᠢ᠃ ᠪᠠᠰᠠ 《ᠤᠷᠮ᠎ᠠ ᠰᠡᠳᠬᠢᠯᠭᠡ᠎ᠪᠠᠷ ᠥᠩᠭᠡ ᠲᠣᠬᠢᠷᠠᠭᠤᠯᠬᠤ ᠲᠠᠪᠠᠭ》᠂ ᠢᠨᠢᠶᠡᠮᠰᠦᠩᠭᠦᠢ ᠴᠢᠷᠠᠢ ᠵᠢ ᠪᠣᠳᠤᠵᠤ ᠵᠢᠷᠤᠬᠤ᠂ ᠴᠡᠴᠡᠭ ᠬᠦᠷᠭᠡᠵᠦ ᠳᠡᠪᠢᠭᠦᠷ ᠳᠡᠭᠡᠷ᠎ᠡ ᠵᠢᠷᠤᠭ ᠵᠢᠷᠤᠬᠤ ᠵᠡᠷᠭᠡ ᠣᠨᠴᠠᠯᠢᠭᠲᠤ ᠪᠡᠶᠡᠴᠢᠯᠡᠨ ᠣᠶ᠋ᠢᠯᠠᠭ᠋ᠠᠬᠤ ᠠᠵᠢᠯᠯᠠᠭ᠎ᠠ ᠵᠢ ᠲᠣᠬᠢᠷᠠᠭᠤᠯᠵᠤ᠂ ᠥᠩᠭᠡ ᠪᠤᠳᠤᠭ ᠪᠣᠯᠤᠨ ᠭᠠᠷ ᠵᠶ᠋ᠠᠷ ᠬᠢᠬᠦ᠎ᠪᠠᠷ ᠬᠠᠯᠠᠭᠤᠨ ᠲᠣᠳᠤᠨᠤ ᠬᠥᠭᠥᠷᠭᠡ ᠵᠢ ᠪᠠᠢ᠌ᠭᠤᠯᠪᠠ᠃ ᠴᠡᠴᠡᠷᠯᠢᠭ ᠵᠶ᠋ᠡᠷ ᠵᠤᠭ᠋ᠠᠴᠠᠬᠤ ᠬᠤᠷᠠᠯ 《ᠨᠢᠰᠬᠡᠯ ᠪᠥᠮᠪᠦᠭᠡ ᠰᠠᠭᠰᠤᠯᠠᠬᠤ》᠂ 《ᠳᠤᠷ᠎ᠠ  ᠰᠣᠨᠢᠷᠬᠠᠯᠲᠤ ᠰᠤᠮᠤᠤ》 ᠵᠡᠷᠭᠡ ᠠᠷᠪᠠ ᠭᠠᠷᠤᠢ ᠵᠦᠢ᠍ᠯ᠎ᠤᠨ ᠰᠣᠨᠢᠷᠬᠠᠯᠲᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠵᠣᠬᠢᠶᠠᠨ ᠪᠠᠶ᠋ᠢᠭᠤᠯᠵᠤ᠂ ᠤᠷᠮ᠎ᠠ ᠰᠡᠳᠬᠢᠯᠭᠡ ᠵᠢ ᠬᠥᠭᠵᠢᠭᠡᠬᠦ ᠬᠡᠷᠡᠮ᠂ ᠰᠡᠳᠬᠢᠴᠡ ᠵᠢᠨ ᠮᠡᠳᠡᠯᠭᠡ ᠵᠢᠨ ᠺᠠᠷᠲ ᠴᠣᠬᠢᠬᠤ ᠵᠡᠷᠭᠡ ᠰᠡᠳᠬᠢᠴᠡ ᠵᠢᠨ ᠡᠷᠡᠭᠦᠯ ᠮᠡᠨᠳᠦ ᠵᠢᠨ ᠮᠡᠳᠡᠯᠭᠡ ᠵᠢ ᠤᠬᠠᠭᠤᠯᠤᠨ ᠲᠦᠭᠡᠮᠡᠯᠵᠢᠭᠦᠯᠵᠡᠢ᠃ ᠪᠠᠭᠰᠢ ᠰᠤᠷᠤᠭᠴᠢᠳ ᠪᠠᠶᠠᠷ ᠬᠥᠷ᠎ᠲᠠᠢ  ᠬᠠᠮᠵᠢᠯᠴᠠᠬᠤ ᠶᠠᠪᠤᠴᠠ᠎ᠳᠤ ᠳᠠᠷᠤᠯᠲᠠ ᠵᠢ ᠲᠠᠷᠬᠠᠭ᠋ᠠᠵᠤ᠂ ᠬᠣᠯᠪᠣᠭ᠎ᠠ ᠵᠢ ᠭᠦᠨᠵᠡᠭᠡᠢ᠌ᠷᠡᠭᠦᠯᠦᠨ᠂ ᠠᠬᠤᠢ ᠪᠠᠢ᠌ᠳᠠᠯ᠎ᠳᠤ ᠰᠣᠭᠲᠤᠭᠤᠷᠠᠮ᠎ᠠ ᠮᠠᠶᠢᠭ ᠵᠶ᠋ᠡᠷ 《ᠰᠡᠳᠬᠢᠯ ᠨᠠᠷᠠᠨ ᠵᠦᠭ ᠲᠡᠮᠡᠦᠯᠦᠨ᠂ ᠬᠠᠮᠲᠤ᠎ᠳᠤ᠎ᠪᠠᠨ ᠥᠰᠦᠨ ᠪᠣᠶ᠋ᠢᠵᠢᠬᠤ》 ᠡᠷᠡᠭᠦᠯ ᠮᠡᠨᠳᠦ ᠵᠢᠨ ᠣᠶ᠋ᠢᠯᠠᠭ᠋ᠠᠭᠳᠠᠬᠤᠨ ᠎ᠢ ᠮᠡᠳᠡᠷᠡᠪᠡ᠃

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号