ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠣᠶ᠋ᠢᠯᠠᠭ᠋ᠠᠭᠰᠠᠨ ᠵᠶ᠋ᠠᠷ᠂ ᠥᠪᠥᠷ ᠮᠣᠩᠭᠤᠯ ᠣᠷᠣᠨ ᠪᠦᠰᠡ ᠵᠢᠨ ᠣᠨᠴᠠᠯᠢᠭ᠎ᠲᠠᠢ᠂ ᠠᠵᠢᠯ ᠲᠦᠷᠦᠯ᠎ᠤᠨ ᠣᠨᠴᠠᠯᠢᠭ᠎ᠲᠠᠢ᠂ ᠤᠷ᠎ᠠ ᠮᠡᠷᠭᠡᠵᠢᠯ᠎ᠤᠨ ᠣᠨᠴᠠᠯᠢᠭ᠎ᠲᠠᠢ ᠠᠵᠢᠯ ᠣᠯᠭᠤᠯᠲᠠ ᠵᠢ ᠳᠠᠶ᠋ᠢᠴᠢᠯᠠᠬᠤ ᠴᠢᠳᠠᠪᠤᠷᠢ᠎ᠪᠠᠷ ᠴᠢᠩᠭ᠎ᠠ ᠭᠦᠳᠡᠯᠮᠦᠷᠢ ᠦᠢ᠍ᠯᠡᠴᠢᠯᠡᠭᠡᠨ᠎ᠤ ᠲᠦᠷᠦᠯ ᠲᠡᠮᠳᠡᠭ᠎ᠢ ᠢᠳᠡᠪᠬᠢᠲᠡᠢ ᠪᠣᠶ᠋ᠢᠵᠢᠭᠤᠯᠤᠨ ᠡᠭᠦᠳᠴᠦ᠂ ᠮᠠᠯᠵᠢᠬᠤ ᠲᠠᠷᠢᠶᠠᠯᠠᠬᠤ ᠣᠷᠣᠨ᠎ᠤ ᠭᠦᠳᠡᠯᠮᠦᠷᠢ ᠬᠦᠴᠦᠨ᠎ᠤ ᠴᠢᠨᠠᠷ ᠰᠠᠶ᠋ᠢᠲᠠᠢ ᠭᠦᠢ᠍ᠴᠡᠳ ᠠᠵᠢᠯ ᠣᠯᠭᠤᠯᠲᠠ ᠵᠢ ᠪᠡᠶᠡᠯᠡᠭᠦᠯᠬᠦ ᠵᠢ ᠠᠬᠢᠭᠤᠯᠪᠠ᠃ ᠣᠳᠣᠬᠠᠨ ᠪᠤᠯᠲᠠᠯ᠎ᠠ ᠨᠡᠶ᠋ᠢᠲᠡ 124 ᠭᠦᠳᠡᠯᠮᠦᠷᠢ ᠦᠢ᠍ᠯᠡᠴᠢᠯᠡᠭᠡᠨ᠎ᠤ ᠲᠥᠷᠥᠯ ᠲᠡᠮᠳᠡᠭ᠎ᠢ ᠪᠣᠶ᠋ᠢᠵᠢᠭᠤᠯᠵᠤ᠂ 60 ᠭᠠᠷᠤᠢ ᠲᠦᠮᠡᠨ ᠬᠥᠮᠥᠨ᠎ᠤ ᠠᠵᠢᠯ ᠣᠯᠭᠤᠯᠲᠠ ᠵᠢ ᠳᠠᠶ᠋ᠢᠴᠢᠯᠠᠭᠰᠠᠨ ᠪᠠᠶ᠋ᠢᠨ᠎ᠠ᠃
ᠣᠶ᠋ᠢᠯᠠᠭ᠋ᠠᠭᠰᠠᠨ ᠵᠶ᠋ᠠᠷ᠂ ᠥᠪᠥᠷ ᠮᠣᠩᠭᠤᠯ ᠭᠦᠳᠡᠯᠮᠦᠷᠢ ᠦᠢ᠍ᠯᠡᠴᠢᠯᠡᠭᠡᠨ᠎ᠤ ᠲᠥᠷᠥᠯ ᠲᠡᠮᠳᠡᠭ᠎ᠢ ᠬᠥᠭᠵᠢᠭᠦᠯᠬᠦ ᠵᠢ ᠠᠵᠢᠯ ᠣᠯᠭᠤᠯᠲᠠ ᠵᠢ ᠲᠣᠭᠲᠠᠭᠤᠨ ᠪᠠᠶ᠋ᠢᠯᠭ᠋ᠠᠬᠤ ᠪᠠ ᠥᠷᠭᠡᠳᠬᠡᠬᠦᠯᠦᠭᠡ ᠬᠠᠷᠢᠯᠴᠠᠨ ᠤᠶᠠᠯᠳᠤᠭᠤᠯᠬᠤ᠂ ᠤᠷ᠎ᠠ ᠴᠢᠳᠠᠪᠤᠷᠢ ᠵᠢᠨ ᠲᠥᠷᠥᠯ ᠲᠡᠮᠳᠡᠭ ᠪᠠ ᠭᠦᠳᠡᠯᠮᠦᠷᠢ ᠦᠢ᠍ᠯᠡᠴᠢᠯᠡᠭᠡᠨ᠎ᠤ ᠲᠥᠷᠥᠯ ᠲᠡᠮᠳᠡᠭ᠎ᠢ ᠬᠠᠷᠢᠯᠴᠠᠨ ᠤᠶᠠᠯᠳᠤᠭᠤᠯᠬᠤ᠂ ᠣᠨᠴᠠᠯᠢᠭᠲᠤ ᠲᠥᠷᠥᠯ ᠲᠡᠮᠳᠡᠭ ᠪᠠ ᠭᠠᠵᠠᠷ ᠣᠷᠣᠨ᠎ᠤ ᠲᠥᠷᠥᠯ ᠲᠡᠮᠳᠡᠭ᠎ᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠵᠤ᠂ ᠳᠤᠮᠳᠠ ᠳᠡᠭᠡᠳᠦ ᠲᠠᠰ᠎ᠤᠨ ᠤᠷ᠎ᠠ ᠴᠢᠳᠠᠪᠤᠷᠢ᠂ ᠴᠢᠨᠠᠷ ᠰᠠᠶ᠋ᠢᠲᠠᠢ ᠦᠢ᠍ᠯᠡᠴᠢᠯᠡᠭᠡ᠂ ᠰᠣᠶᠣᠯ ᠪᠠ ᠵᠢᠭᠤᠯᠴᠢᠯᠠᠯ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠣᠨᠴᠠᠯᠢᠭᠲᠤ ᠭᠦᠳᠡᠯᠮᠦᠷᠢ ᠦᠢ᠍ᠯᠡᠴᠢᠯᠡᠭᠡᠨ᠎ᠤ ᠲᠥᠷᠥᠯ ᠲᠡᠮᠳᠡᠭ᠎ᠢ ᠬᠦᠴᠦᠯᠡᠨ ᠪᠤᠶ ᠪᠣᠯᠭ᠋ᠠᠪᠠ᠃ 《ᠢᠯᠡᠷᠡᠭᠦᠯᠬᠦ — ᠪᠣᠶ᠋ᠢᠵᠢᠭᠤᠯᠬᠤ — ᠳᠡᠭᠡᠭᠰᠢᠯᠡᠭᠦᠯᠭᠦ — ᠪᠤᠵᠠᠭ᠋ᠠᠶ᠋ᠢᠷᠠᠭᠤᠯᠬᠤ》 ᠵᠠᠭᠪᠤᠷ ᠶᠣᠰᠣᠭ᠋ᠠᠷ᠂ ᠭᠦᠳᠡᠯᠮᠦᠷᠢ ᠦᠢ᠍ᠯᠡᠴᠢᠯᠡᠭᠡᠨ᠎ᠤ ᠲᠥᠷᠥᠯ ᠲᠡᠮᠳᠡᠭ᠎ᠢ ᠪᠣᠶ᠋ᠢᠵᠢᠭᠤᠯᠬᠤ ᠲᠤᠰᠬᠠᠢ ᠠᠵᠢᠯᠯᠠᠭ᠎ᠠ ᠵᠢ ᠠᠯᠬᠤᠮ ᠬᠤᠪᠢᠶᠠᠨ ᠬᠡᠷᠡᠭᠵᠢᠭᠦᠯᠵᠦ᠂ ᠣᠳᠣᠬᠠᠨ ᠪᠤᠯᠳᠠᠯ᠎ᠠ ᠪᠦᠭᠦ ᠣᠷᠣᠨ᠎ᠳᠤ ᠭᠦᠳᠡᠯᠮᠦᠷᠢ ᠦᠢ᠍ᠯᠡᠴᠢᠯᠡᠭᠡᠨ᠎ᠤ ᠲᠦᠷᠦᠯ ᠲᠡᠮᠳᠡᠭ᠎ᠢ 74 ᠪᠣᠶ᠋ᠢᠵᠢᠭᠤᠯᠤᠨ ᠡᠭᠦᠳᠪᠡ᠃ ᠡᠭᠦᠨ᠎ᠳᠤ 《ᠬᠢᠩᠭ᠋ᠠᠨ᠎ᠤ ᠭᠡᠷ᠎ᠤᠨ ᠶᠠᠪᠤᠳᠠᠯ᠎ᠤᠨ ᠦᠢ᠍ᠯᠡᠴᠢᠯᠡᠭᠡ》 ᠵᠡᠷᠭᠡ 16 ᠭᠦᠳᠡᠯᠮᠦᠷᠢ ᠦᠢ᠍ᠯᠡᠴᠢᠯᠡᠭᠡᠨ᠎ᠤ ᠲᠥᠷᠥᠯ ᠲᠡᠮᠳᠡᠭ᠎ᠨᠢ ᠪᠦᠭᠦ ᠤᠯᠤᠰ᠎ᠤᠨ ᠭᠦᠳᠡᠯᠮᠦᠷᠢ ᠦᠢ᠍ᠯᠡᠴᠢᠯᠡᠭᠡᠨ᠎ᠤ ᠲᠥᠷᠥᠯ ᠲᠡᠮᠳᠡᠭ᠎ᠤᠨ ᠬᠥᠭᠵᠢᠯᠲᠡ ᠵᠢᠨ ᠶᠡᠭᠡ ᠬᠤᠷᠠᠯ᠂ 《ᠬᠤᠷᠴᠢᠨ᠎ᠤ ᠤᠯᠠᠭ᠋ᠠᠨ ᠦᠬᠡᠷ᠎ᠤᠨ ᠠᠵᠤ ᠦᠢ᠍ᠯᠡᠰ᠎ᠤᠨ ᠠᠵᠢᠯᠴᠢᠨ》 ᠵᠡᠷᠭᠡ ᠭᠦᠳᠡᠯᠮᠤᠷᠢ ᠦᠢ᠍ᠯᠡᠴᠢᠯᠡᠭᠡᠨ᠎ᠤ ᠳᠦᠷᠦᠯ ᠵᠦᠢ᠍ᠯ᠎ᠨᠢ ᠵᠡᠭᠦᠨ ᠬᠤᠶ᠋ᠢᠲᠤ ᠵᠢᠨ ᠭᠤᠷᠪᠠᠨ ᠮᠤᠵᠢ ᠨᠢᠭᠡ ᠣᠷᠣᠨ᠎ᠤ ᠭᠦᠳᠡᠯᠮᠦᠷᠢ ᠦᠢ᠍ᠯᠡᠴᠢᠯᠡᠭᠡᠨ᠎ᠤ ᠲᠥᠷᠥᠯ ᠲᠡᠮᠳᠡᠭ᠎ᠤᠨ ᠰᠣᠯᠢᠯᠴᠠᠭ᠋ᠠᠨ᠎ᠤ ᠠᠵᠢᠯᠯᠠᠭ᠎ᠠ ᠪᠠ ᠥᠪᠥᠷ ᠮᠣᠩᠭᠤᠯ᠎ᠤᠨ ᠭᠦᠳᠡᠯᠮᠦᠷᠢ ᠦᠢ᠍ᠯᠡᠴᠢᠯᠡᠭᠡᠨ᠎ᠤ ᠲᠥᠷᠥᠯ ᠲᠡᠮᠳᠡᠭ᠎ᠢ ᠪᠡᠭᠡᠵᠢᠩ᠎ᠳᠤ ᠣᠷᠣᠭᠤᠯᠵᠤ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ᠎ᠳᠤ ᠣᠷᠣᠯᠴᠠᠵᠠᠢ ᠃
ᠡᠭᠦᠨ᠎ᠤ ᠬᠠᠮᠲᠤ᠂ ᠥᠪᠥᠷ ᠮᠣᠩᠭᠤᠯ ᠪᠡᠭᠡᠵᠢᠩ ᠬᠤᠲᠠ ᠵᠢᠨ ᠠᠵᠢᠯ ᠲᠥᠷᠥᠯ᠎ᠤᠨ ᠰᠢᠰᠲ᠋ᠧᠮ ᠵᠶ᠋ᠠᠷ ᠬᠠᠪᠰᠤᠷᠤᠨ ᠲᠡᠳᠬᠦᠬᠦ ᠲᠣᠭᠤᠷᠢᠭ᠎ᠲᠠᠢ ᠬᠠᠮᠲᠤᠷᠠᠨ ᠨᠢᠭᠡ ᠪᠦᠯᠦᠭ ᠣᠷᠣᠨ ᠨᠤᠲᠤᠭ᠎ᠤᠨ ᠣᠨᠴᠠᠯᠢᠭ᠎ᠲᠠᠢ᠂ ᠠᠵᠢᠯ ᠣᠯᠭᠤᠯᠲᠠ ᠵᠢ ᠳᠠᠶ᠋ᠢᠴᠢᠯᠠᠬᠤ ᠴᠢᠳᠠᠪᠤᠷᠢ᠎ᠪᠠᠷ ᠲᠣᠪᠣᠶ᠋ᠢᠮ᠎ᠠ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠨ ᠠᠵᠢᠯᠯᠠᠬᠤ ᠭᠦᠳᠡᠯᠮᠦᠷᠢ ᠦᠢ᠍ᠯᠡᠴᠢᠯᠡᠭᠡᠨ᠎ᠤ ᠲᠦᠷᠦᠯ ᠲᠡᠮᠳᠡᠭ᠎ᠢ ᠪᠣᠶ᠋ᠢᠵᠢᠭᠤᠯᠵᠤ᠂ ᠭᠦᠳᠡᠯᠮᠦᠷᠢ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠦᠷ᠎ᠡ ᠠᠰᠢᠭ᠎ᠢ ᠨᠡᠮᠡᠭᠳᠡᠭᠦᠯᠦᠨ᠂ ᠭᠦᠳᠡᠯᠮᠦᠷᠢ ᠦᠢ᠍ᠯᠡᠴᠢᠯᠡᠭᠡᠨ᠎ᠤ ᠭᠠᠷᠭ᠋ᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠪᠡ᠃ ᠡᠭᠦᠨ᠎ᠠᠴᠠ ᠭᠠᠳᠠᠨ᠎ᠠ ᠪᠠᠰᠠ ᠭᠡᠷ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠭᠦᠳᠡᠯᠮᠦᠷᠢ ᠦᠢ᠍ᠯᠡᠴᠢᠯᠡᠭᠡ ᠵᠢ ᠭᠠᠳᠠᠭᠰᠢ ᠭᠠᠷᠭ᠋ᠠᠬᠤ ᠰᠠᠭᠤᠷᠢᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠡᠮᠬᠢ ᠵᠢᠷᠤᠮ᠎ᠲᠠᠢ᠎ᠪᠠᠷ ᠰᠢᠯᠵᠢᠭᠦᠯᠦᠨ ᠠᠵᠢᠯ ᠣᠯᠭᠤᠬᠤ ᠵᠢ ᠳᠡᠮᠵᠢᠬᠦ᠂ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠬᠠᠮᠵᠢᠯᠴᠠᠨ ᠬᠥᠭᠵᠢᠬᠦ ᠵᠢ ᠠᠬᠢᠭᠤᠯᠬᠤ ᠵᠡᠷᠭᠡ ᠰᠢᠨ᠎ᠡ ᠵᠢ ᠡᠭᠦᠳᠬᠦ ᠠᠷᠭ᠎ᠠ ᠬᠡᠮᠵᠢᠶ᠎ᠡ᠎ᠪᠠᠷ ᠥᠪᠡᠷᠮᠢᠴᠡ ᠣᠨᠴᠠᠯᠢᠭ᠎ᠲᠠᠢ᠂ ᠬᠡᠪᠴᠢᠶᠡᠵᠢᠯ᠎ᠲᠠᠢ᠂ ᠨᠥᠯᠥᠭᠡᠯᠡᠬᠦ ᠬᠦᠴᠦᠨ᠎ᠲᠠᠢ ᠭᠡᠷ᠎ᠤᠨ ᠶᠠᠪᠤᠳᠠᠯ᠎ᠤᠨ ᠭᠦᠳᠡᠯᠮᠦᠷᠢ ᠦᠢ᠍ᠯᠡᠴᠢᠯᠡᠭᠡᠨ᠎ᠤ ᠲᠥᠷᠥᠯ ᠲᠡᠮᠳᠡᠭ᠎ᠢ ᠢᠳᠡᠪᠬᠢᠲᠡᠢ᠎ᠪᠠᠷ ᠪᠣᠶ᠋ᠢᠵᠢᠭᠤᠯᠵᠤ᠂ ᠨᠠᠩ ᠣᠯᠠᠨ ᠬᠤᠲᠠ ᠬᠥᠳᠡᠭᠡ ᠵᠢᠨ ᠭᠦᠳᠡᠯᠮᠦᠷᠢ ᠬᠦᠴᠦᠨ᠎ᠤ ᠭᠡᠷ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠦᠷᠢᠶᠡᠨ᠎ᠳᠤ ᠠᠵᠢᠯ ᠣᠯᠬᠤ ᠵᠢ ᠬᠥᠲᠥᠯᠥᠨ ᠵᠢᠯᠤᠭᠤᠳᠴᠤ᠂ ᠭᠡᠷ ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠪᠠᠭᠲᠠᠭ᠋ᠠᠮᠵᠢ ᠵᠢ ᠥᠷᠭᠡᠳᠬᠡᠬᠦ ᠵᠢ ᠠᠬᠢᠭᠤᠯᠪᠠ᠃