ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
《ᠭᠤᠷᠪᠠᠨ ᠮᠤᠵᠢ ᠨᠢᠭᠡ ᠣᠷᠣᠨ》᠎ᠤ ᠰᠤᠷᠭ᠋ᠠᠨ ᠬᠥᠮᠦᠵᠢᠯ᠎ᠢ ᠬᠠᠮᠵᠢᠯᠴᠠᠨ ᠬᠥᠭᠵᠢᠭᠦᠯᠬᠦ ᠶᠠᠷᠢᠶᠠᠨ᠎ᠤ ᠲᠠᠪᠴᠠᠩ᠎ᠢ ᠲᠦᠩᠯᠢᠶᠣᠤ ᠬᠣᠲᠠ᠎ᠳᠤ ᠡᠷᠬᠢᠯᠡᠪᠡ
ᠨᠡᠶ᠋ᠢᠲᠡᠯᠡᠭᠰᠡᠨ ᠴᠠᠭ᠄ 2025-05-29

5 ᠰᠠᠷ᠎ᠠ ᠵᠢᠨ 27 - 28᠎ᠤ ᠡᠳᠦᠷ᠂ 《ᠣᠷᠣᠨ ᠪᠦᠰᠡ ᠬᠠᠮᠵᠢᠯᠴᠠᠨ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠵᠦ᠂ 〈ᠭᠤᠷᠪᠠᠨ ᠮᠤᠵᠢ ᠨᠢᠭᠡ ᠣᠷᠣᠨ〉᠎ᠤ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠭᠦᠨᠵᠡᠭᠡᠶ᠋ᠢᠷᠡᠭᠦᠯᠬᠦ᠎ᠳᠤ ᠡᠨᠧᠷᠭᠢ ᠣᠯᠭᠣᠬᠤ》 2025 ᠣᠨ᠎ᠤ 《ᠭᠤᠷᠪᠠᠨ ᠮᠤᠵᠢ ᠨᠢᠭᠡ ᠣᠷᠣᠨ》᠎ᠤ ᠰᠤᠷᠭ᠋ᠠᠨ ᠬᠥᠮᠦᠵᠢᠯ᠎ᠢ ᠬᠠᠮᠵᠢᠯᠴᠠᠨ ᠬᠥᠭᠵᠢᠭᠦᠯᠬᠦ ᠶᠠᠷᠢᠶᠠᠨ ᠎ᠤ ᠲᠠᠪᠴᠠᠩ᠎ᠢ ᠲᠦᠩᠯᠢᠶᠣᠤ ᠬᠣᠲᠠ᠎ᠳᠤ ᠡᠷᠬᠢᠯᠡᠪᠡ᠃ ᠯᠢᠶᠣᠤᠨᠢᠩ᠂ ᠭᠢᠷᠢᠨ᠂ ᠬᠠᠷᠠᠮᠥ᠋ᠷᠡᠨ᠂ ᠥᠪᠥᠷ ᠮᠣᠩᠭᠣᠯ ᠳᠥᠷᠪᠡᠨ ᠮᠤᠵᠢ ᠣᠷᠣᠨ᠎ᠤ 200 ᠰᠢᠬᠠᠮ ᠰᠤᠷᠭ᠋ᠠᠨ ᠬᠥᠮᠦᠵᠢᠯ᠎ᠤᠨ ᠡᠲᠡᠭᠡᠳ᠎ᠤᠨ ᠲᠥᠯᠥᠭᠡᠯᠡᠭᠴᠢ ᠬᠤᠷᠠᠯ᠎ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠢᠭᠡᠳᠦᠭᠡᠷ ᠳᠡᠰ᠎ᠤᠨ ᠲᠣᠭᠣᠷᠢᠨ ᠪᠠᠶ᠋ᠢᠴᠠᠭ᠋ᠠᠭᠴᠢ ᠶᠢᠦ ᠵᠢᠶᠦ᠋ᠨ ᠴᠧᠩ᠂ ᠲᠦᠩᠯᠢᠶᠣᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠬᠣᠲᠠ ᠵᠢᠨ ᠳᠠᠷᠤᠭ᠎ᠠ ᠶᠠᠩ ᠬᠤᠸᠠᠨ ᡁᠢ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠱᠦᠵᠢ ᠵᠣᠣ ᠳ᠋ᠦᠩ ᠬᠠᠢ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ ᠪᠥᠭᠡᠳ ᠪᠠᠶᠠᠷ᠎ᠤᠨ ᠦᠭᠡ ᠬᠡᠯᠡᠵᠡᠢ᠃

   

1.jpg

 

ᠭᠣᠣᠯ ᠶᠠᠷᠢᠶᠠᠨ᠎ᠤ ᠲᠠᠪᠴᠠᠩ᠎ᠤᠨ ᠭᠣᠭᠴᠣᠭ᠎ᠠ᠎ᠳᠤ᠂ ᠵᠡᠭᠦᠨ ᠬᠣᠶ᠋ᠢᠲᠤ ᠵᠢᠨ ᠪᠠᠭᠰᠢ ᠵᠢᠨ ᠶᠡᠬᠡ ᠰᠤᠷᠭ᠋ᠠᠭᠤᠯᠢ ᠵᠢᠨ ᠯᠢᠦ ᠬᠠᠢ ᠮᠢᠨ ᠫᠷᠤᠹᠧᠰᠰᠤᠷ᠂ ᠱᠠᠨᠰᠢ ᠪᠠᠭᠰᠢ ᠵᠢᠨ ᠶᠡᠬᠡ ᠰᠤᠷᠭ᠋ᠠᠭᠤᠯᠢ ᠵᠢᠨ ᠳ᠋ᠤᠸᠠᠨ ᠬᠠᠢ ᠵᠢᠶᠦ᠋ᠨ ᠫᠷᠤᠹᠧᠰᠰᠤᠷ ᠲᠤᠰ ᠲᠤᠰ ᠰᠠᠭᠤᠷᠢ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠠᠵᠢᠯᠯᠠᠭ᠋ᠠᠨ᠎ᠤ ᠲᠥᠰᠦᠯ᠂ ᠲᠣᠭ᠋ᠠᠵᠢᠭᠤᠯᠤᠯᠲᠠ ᠪᠠ ᠣᠶᠤᠨᠴᠢᠯᠠᠯᠲᠠ ᠵᠢᠨ ᠴᠠᠭ ᠦᠶ᠎ᠡ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠰᠢᠯᠭ᠋ᠠᠨ ᠪᠠᠶ᠋ᠢᠴᠠᠭ᠋ᠠᠬᠤ ᠵᠡᠷᠭᠡ ᠭᠣᠣᠯ ᠰᠡᠳᠦᠪ᠎ᠤᠨ ᠲᠣᠭᠣᠷᠢᠨ᠎ᠳᠤ ᠭᠣᠣᠯ ᠵᠣᠷᠢᠯᠲᠠᠲᠤ ᠮᠡᠳᠡᠭᠦᠯᠦᠯᠲᠡ ᠬᠢᠪᠡ᠃ 《ᠭᠤᠷᠪᠠᠨ ᠮᠤᠵᠢ ᠨᠢᠭᠡ ᠣᠷᠣᠨ》᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠲᠥᠯᠥᠭᠡᠯᠡᠭᠴᠢ ᠰᠠᠭᠤᠷᠢ ᠰᠤᠷᠭ᠋ᠠᠨ ᠬᠥᠮᠦᠵᠢᠯ᠎ᠤᠨ ᠰᠢᠯᠢᠳᠡᠭ᠎ᠢ ᠥᠷᠭᠡᠳᠬᠡᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ᠂ ᠪᠦᠬᠦ ᠰᠤᠷᠤᠯᠭ᠎ᠠ ᠵᠢᠨ ᠱᠠᠲᠤᠨ᠎ᠤ ᠵᠢᠱ᠌ᠢᠶ᠎ᠡ ᠦᠵᠡᠭᠦᠯᠬᠦ ᠳᠣᠭᠲᠠᠯᠴᠠᠭ᠎ᠠ ᠵᠢ ᠪᠠᠶ᠋ᠢᠭᠤᠯᠬᠤ᠂ ᠰᠠᠭᠤᠷᠢ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠪᠠᠶ᠋ᠢᠭᠤᠯᠬᠤ᠂ ᠣᠷᠣᠨ ᠨᠤᠲᠤᠭ᠎ᠢ ᠵᠡᠭᠦᠨ ᠬᠣᠶ᠋ᠢᠲᠤ ᠵᠢᠨ ᠰᠤᠷᠭ᠋ᠠᠨ ᠬᠥᠮᠦᠵᠢᠯ᠎ᠤᠨ ᠬᠠᠮᠲᠤ ᠵᠢᠨ ᠴᠣᠭᠴᠠ ᠵᠢᠨ ᠦᠢ᠍ᠯᠡᠳᠦᠯᠭᠡ ᠪᠠ ᠪᠣᠳᠣᠯᠬᠢᠯᠠᠯ᠎ᠳᠤ ᠠᠭᠤᠰᠬᠠᠬᠤ ᠵᠡᠷᠭᠡ ᠭᠣᠣᠯ ᠰᠡᠳᠦᠪ᠎ᠤᠨ ᠲᠣᠭᠣᠷᠢᠨ᠎ᠳᠤ ᠲᠤᠷᠰᠢᠯᠭ᠎ᠠ᠎ᠪᠠᠨ ᠬᠤᠪᠢᠶᠠᠯᠴᠠᠪᠠ᠃

ᠬᠤᠪᠢᠶᠠᠷᠢ ᠶᠠᠷᠢᠶᠠᠨ᠎ᠤ ᠲᠠᠪᠴᠠᠩ᠎ᠤᠨ ᠭᠣᠭᠴᠣᠭ᠎ᠠ᠎ᠳᠤ᠂ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ 16 ᠰᠠᠯᠠᠭ᠎ᠠ ᠮᠥᠴᠢᠷ ᠵᠢᠴᠢ ᠵᠢᠭ᠋ᠠᠬᠤ ᠵᠢ ᠰᠤᠳᠤᠯᠬᠤ ᠲᠠᠰᠤᠭ᠎ᠤᠨ ᠬᠠᠷᠢᠭᠤᠴᠠᠯᠭ᠋ᠠᠲᠠᠨ᠂ ᠳᠤᠮᠳᠠᠳᠤ ᠪᠠᠭ᠎ᠠ ᠰᠤᠷᠭ᠋ᠠᠭᠤᠯᠢ ᠵᠢᠨ ᠵᠠᠬᠢᠷᠤᠯ᠂ ᠶᠡᠬᠡ ᠳᠡᠭᠡᠳᠦ ᠰᠤᠷᠭ᠋ᠠᠭᠤᠯᠢ ᠵᠢᠨ ᠲᠥᠯᠥᠭᠡᠯᠡᠭᠴᠢ᠂ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ᠂ ᠨᠠᠷᠢᠯᠢᠭᠵᠢᠭᠤᠯᠤᠭᠰᠠᠨ ᠵᠢᠭ᠋ᠠᠨ ᠰᠤᠷᠭ᠋ᠠᠯᠲᠠ ᠵᠢᠨ ᠳᠣᠭᠲᠠᠯᠴᠠᠭ᠋ᠠᠨ᠎ᠤ ᠪᠠᠢ᠌ᠭᠤᠯᠤᠯᠲᠠ᠂ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ᠂ ᠲᠣᠭ᠋ᠠᠵᠢᠭᠤᠯᠤᠯᠲᠠ᠎ᠪᠠᠷ ᠡᠨᠧᠷᠭᠢ ᠣᠯᠭᠣᠵᠤ ᠬᠥᠮᠦᠨ ᠬᠥᠮᠦᠵᠢᠭᠦᠯᠬᠦ ᠥᠭᠡᠷᠡᠴᠢᠯᠡᠯᠲᠡ᠂ ᠣᠷᠣᠨ ᠨᠤᠲᠤᠭ᠎ᠤᠨ ᠶᠡᠬᠡ ᠳᠡᠭᠡᠳᠦ ᠰᠤᠷᠭ᠋ᠠᠭᠤᠯᠢ ᠵᠢᠨ ᠦᠢ᠍ᠯᠡᠴᠢᠯᠡᠭᠡᠨ᠎ᠤ ᠰᠠᠭᠤᠷᠢ ᠰᠤᠷᠭ᠋ᠠᠨ ᠬᠥᠮᠦᠵᠢᠯ᠎ᠤᠨ ᠦᠢ᠍ᠯᠡᠳᠦᠯᠭᠡ ᠵᠡᠷᠭᠡ 16 ᠵᠦᠢ᠍ᠯ᠎ᠤᠨ ᠡᠮᠦᠨ᠎ᠡ ᠵᠠᠬ᠎ᠠ ᠵᠢᠨ ᠵᠥᠪᠯᠡᠬᠦ ᠰᠡᠳᠦᠪ᠎ᠤᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠵᠤ᠂ ᠲᠤᠰ ᠲᠤᠰ᠎ᠤᠨ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠪᠠ ᠰᠤᠷᠭ᠋ᠠᠨ ᠬᠥᠮᠦᠵᠢᠯ᠎ᠤᠨ ᠬᠠᠮᠢᠶᠠᠷᠤᠯᠲᠠ ᠵᠢᠨ ᠦᠢ᠍ᠯᠡᠳᠦᠯᠭᠡ ᠵᠢᠨ ᠶᠠᠪᠤᠴᠠ᠎ᠳᠠᠬᠢ ᠡᠷᠬᠢᠮ ᠨᠠᠨᠳᠢᠨ ᠲᠤᠷᠰᠢᠯᠭ᠎ᠠ᠎ᠪᠠᠨ ᠬᠤᠪᠢᠶᠠᠯᠴᠠᠵᠤ᠂ ᠣᠷᠣᠨ ᠪᠦᠰᠡ ᠵᠢᠨ ᠰᠤᠷᠭ᠋ᠠᠨ ᠬᠥᠮᠦᠵᠢᠯ᠎ᠢ ᠬᠠᠮᠵᠢᠯᠴᠠᠨ ᠬᠥᠭᠵᠢᠭᠦᠯᠬᠦ ᠠᠷᠭ᠎ᠠ ᠤᠬᠠᠭ᠋ᠠᠨ ᠠᠷᠭ᠎ᠠ ᠪᠣᠳᠤᠯᠭ᠎ᠠ ᠵᠢ ᠰᠦᠪᠡᠭᠴᠢᠯᠡᠪᠡ᠃

《ᠭᠤᠷᠪᠠᠨ ᠮᠤᠵᠢ ᠨᠢᠭᠡ ᠣᠷᠣᠨ》 ᠭᠠᠵᠠᠷ ᠨᠤᠲᠤᠭ ᠣᠢ᠌ᠷ᠎ᠠ᠂ ᠬᠥᠮᠦᠨ ᠰᠣᠶᠤᠯ ᠲᠣᠳᠤᠨᠤ᠂ ᠬᠠᠶ᠋ᠢᠷ᠎ᠠ ᠰᠡᠳᠬᠢᠯᠭᠡ ᠵᠤᠵᠠᠭ᠋ᠠᠨ᠃ ᠤᠷᠲᠤ ᠬᠤᠭᠤᠴᠠᠭ᠋ᠠᠨ᠎ᠤ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠵᠡᠭᠦᠨ ᠬᠣᠶ᠋ᠢᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠭᠤᠷᠪᠠᠨ ᠮᠤᠵᠢ ᠨᠢᠭᠡ ᠣᠷᠣᠨ》᠎ᠤ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢᠨ ᠬᠠᠮᠵᠢᠯᠴᠠᠬᠤ ᠵᠢ ᠪᠠᠷᠢᠮᠲᠠᠯᠠᠵᠤ᠂ ᠲᠣᠭᠲᠠᠮᠠᠯ ᠬᠤᠭᠤᠴᠠᠭ᠎ᠠ᠎ᠲᠠᠢ ᠬᠠᠷᠢᠯᠴᠠᠨ ᠰᠤᠷᠪᠤᠯᠵᠢᠯᠠᠵᠤ ᠵᠥᠪᠳᠡᠯᠴᠡᠬᠦ ᠵᠢ ᠥᠷᠨᠢᠭᠦᠯᠦᠨ᠂ ᠰᠤᠷᠭ᠋ᠠᠨ ᠬᠥᠮᠦᠵᠢᠯ᠎ᠤᠨ ᠲᠥᠷᠥᠯ ᠵᠦᠢ᠍ᠯ᠎ᠤᠨ ᠬᠠᠮᠲᠤᠷᠠᠯᠴᠠᠬᠤ᠂ ᠰᠠᠭᠤᠷᠢ ᠰᠤᠷᠭ᠋ᠠᠨ ᠬᠥᠮᠦᠵᠢᠯ᠎ᠤᠨ ᠪᠠᠭᠲᠠᠭ᠋ᠠᠮᠵᠢ ᠵᠢ ᠥᠷᠭᠡᠳᠬᠡᠬᠦ ᠵᠡᠷᠭᠡ ᠲᠠᠯ᠎ᠠ᠎ᠪᠠᠷ ᠲᠣᠪᠤᠢ᠌ᠮ᠎ᠠ ᠦᠷ᠎ᠡ ᠪᠦᠲᠦᠮᠵᠢ ᠣᠯᠵᠤ᠂ ᠨᠢᠭᠡᠨᠲᠡ ᠣᠯᠠᠨ ᠳᠡᠰ ᠳᠠᠪᠬᠤᠷᠭ᠎ᠠ  ᠵᠢᠨ᠂ ᠣᠯᠠᠨ ᠡᠰᠢᠵᠢᠭᠦᠯᠦᠭᠰᠡᠨ ᠬᠠᠮᠵᠢᠯᠴᠠᠭ᠋ᠠᠨ᠎ᠤ ᠵᠠᠭᠪᠤᠷ᠎ᠢ ᠪᠣᠢ ᠪᠣᠯᠭ᠋ᠠᠪᠠ᠃ ᠢᠷᠡᠭᠡᠳᠦᠢ ᠎ᠳᠤ᠂ 4 ᠮᠤᠵᠢ ᠣᠷᠣᠨ ᠬᠠᠮᠲᠤᠷᠠᠯᠴᠠᠭ᠋ᠠᠨ᠎ᠤ ᠬᠦᠷᠢᠶ᠎ᠡ᠎ᠪᠠᠨ ᠦᠷᠭᠦᠯᠵᠢᠯᠡᠨ ᠥᠷᠭᠡᠳᠬᠡᠵᠦ᠂ ᠬᠠᠮᠲᠤᠷᠠᠯᠴᠠᠭ᠋ᠠᠨ᠎ᠤ ᠠᠭᠤᠯᠭ᠎ᠠ᠎ᠪᠠᠨ ᠪᠠᠶᠠᠯᠢᠭᠵᠢᠭᠤᠯᠤᠨ᠂ ᠬᠠᠮᠲᠤᠷᠠᠯᠴᠠᠭ᠋ᠠᠨ᠎ᠤ ᠠᠷᠭ᠎ᠠ ᠬᠡᠯᠪᠡᠷᠢ᠎ᠪᠠᠨ ᠰᠢᠨᠡᠴᠢᠯᠡᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠡᠬᠢ ᠪᠠᠶᠠᠯᠢᠭ᠎ᠢ ᠬᠠᠮᠲᠤ᠎ᠳᠤ᠎ᠪᠠᠨ ᠪᠠᠶ᠋ᠢᠭᠤᠯᠬᠤ᠂ ᠤᠳᠠᠭ᠋ᠠᠨ ᠳᠠᠭ᠋ᠠᠭ᠋ᠠᠮᠠᠭ᠋ᠠᠢ ᠪᠦᠲᠦᠮᠵᠢᠲᠡᠢ ᠠᠬᠢᠭᠤᠯᠬᠤ ᠵᠢ ᠪᠠᠷᠢᠮᠲᠠᠯᠠᠵᠤ᠂ ᠰᠤᠷᠭ᠋ᠠᠨ ᠬᠥᠮᠦᠵᠢᠯ᠎ᠤᠨ ᠬᠠᠮᠵᠢᠯᠴᠠᠭ᠋ᠠᠨ᠎ᠤ ᠲᠦᠷᠦᠯ ᠳᠡᠮᠳᠡᠭᠲᠦ ᠵᠢ ᠦᠷᠭᠦᠯᠵᠢᠯᠡᠨ ᠡᠭᠦᠳᠴᠦ᠂ ᠣᠷᠣᠨ ᠪᠦᠰᠡ ᠵᠢᠨ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠬᠠᠮᠲᠤ᠎ᠳᠤ᠎ᠪᠠᠨ ᠠᠬᠢᠭᠤᠯᠤᠨ᠎ᠠ᠃

ᠡᠨᠡ ᠤᠳᠠᠭ᠋ᠠᠨ᠎ᠤ ᠶᠠᠷᠢᠶᠠᠨ᠎ᠤ ᠲᠠᠪᠴᠠᠩ᠎ᠢ ᠥᠪᠥᠷ ᠮᠣᠩᠭᠣᠯ᠂ ᠯᠢᠶᠣᠤᠨᠢᠩ᠂ ᠭᠢᠷᠢᠨ᠂ ᠬᠠᠷᠠᠮᠥ᠋ᠷᠡᠨ ᠳᠥᠷᠪᠡᠨ ᠮᠤᠵᠢ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠬᠠᠮᠲᠤ᠎ᠳᠤ᠎ᠪᠠᠨ ᠵᠢᠯᠣᠭᠣᠳᠴᠤ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠭᠣᠣᠯᠯᠠᠨ ᠡᠷᠬᠢᠯᠡᠵᠦ᠂ ᠲᠦᠩᠯᠢᠶᠣᠤ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ ᠬᠠᠮᠵᠢᠨ ᠡᠷᠬᠢᠯᠡᠪᠡ᠃

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号