5 ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠣᠣᠯ ᠳᠤᠭᠤᠶ᠋ᠢᠯᠠᠩ (ᠥᠷᠭᠡᠳᠬᠡᠭᠰᠡᠨ)᠎ᠤᠨ ᠲᠠᠪᠤᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠵᠤ᠂ 《ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ》᠂ 《ᠨᠠᠢ᠍ᠮᠠᠨ ᠲᠣᠭᠲᠠᠭ᠋ᠠᠯ ᠵᠶ᠋ᠠᠷ ᠳᠤᠮᠳᠠᠳᠤ ᠤᠯᠤᠰ᠎ᠢ ᠬᠤᠪᠢᠷᠠᠭᠤᠯᠬᠤ》 ᠵᠡᠷᠭᠡ ᠠᠭᠤᠯᠭ᠎ᠠ ᠵᠢ ᠲᠥᠪᠯᠡᠷᠡᠭᠦᠯᠦᠨ ᠰᠤᠷᠤᠯᠴᠠᠭᠰᠠᠨ ᠪᠥᠭᠡᠳ ᠲᠤᠰᠬᠠᠢ ᠰᠡᠳᠦᠪ ᠵᠶ᠋ᠠᠷ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠳ᠋ᠦ᠋ ᠬᠤᠢ ᠯᠢᠶᠠᠩ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃
ᠬᠤᠷᠠᠯ ᠳᠡᠭᠡᠷ᠎ᠡ᠂ ᠰᠤᠷᠭ᠋ᠠᠨ ᠬᠥᠮᠥᠵᠢᠯ᠎ᠤᠨ ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠬᠦᠨ ᠨᠡᠷ ᠡᠨᠡ ᠤᠳᠠᠭ᠋ᠠᠨ᠎ᠤ ᠰᠤᠷᠤᠯᠴᠠᠯᠭ᠎ᠠ ᠵᠢᠨ ᠭᠣᠣᠯ ᠰᠡᠳᠦᠪ᠎ᠤᠨ ᠲᠣᠭᠣᠷᠢᠨ᠎ᠳᠤ᠂ ᠲᠤᠬᠠᠶ᠋ᠢᠯᠠᠭᠰᠠᠨ ᠠᠵᠢᠯ᠎ᠤᠨ ᠬᠦᠷᠢᠶᠡᠨ᠎ᠳᠠᠬᠢ ᠬᠤᠪᠢᠳᠠᠨ ᠬᠠᠮᠢᠶᠠᠷᠴᠤ ᠪᠠᠶ᠋ᠢᠭ᠎ᠠ ᠠᠵᠢᠯ ᠤᠨ ᠲᠤᠬᠠᠢ ᠣᠯᠤᠯᠲᠠ ᠪᠠ ᠲᠥᠷᠥᠭᠳᠡᠯ ᠵᠶ᠋ᠠᠨ ᠰᠣᠯᠢᠯᠴᠠᠪᠠ᠃
ᠬᠤᠷᠠᠯ᠎ᠠᠴᠠ᠂ ᠰᠤᠷᠭ᠋ᠠᠨ ᠬᠥᠮᠥᠵᠢᠯ᠎ᠤᠨ ᠲᠢᠩᠬᠢᠮ᠎ᠤᠨ ᠪᠠᠶ᠋ᠢᠭᠤᠯᠭ᠎ᠠ ᠵᠢᠨ ᠪᠦᠬᠦ ᠨᠠᠮ᠎ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ᠎ᠵᠢᠨ᠎ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶ᠋ᠢᠯᠠᠭ᠋ᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠤᠯᠤᠰ ᠲᠥᠷᠥ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ᠂ ᠦᠢ᠍ᠯᠡ ᠠᠵᠢᠯᠯᠠᠭ᠋ᠠᠨ᠎ᠤ ᠤᠬᠠᠮᠰᠠᠷ ᠵᠶ᠋ᠠᠨ ᠲᠠᠰᠤᠷᠠᠯᠲᠠ ᠦᠭᠡᠢ ᠴᠢᠩᠭ᠋ᠠᠳᠬᠠᠨ᠂ 《ᠬᠣᠶᠠᠷ᠎ᠢ ᠳᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠢ; ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠴᠢᠩᠭ᠎ᠠ ᠮᠥᠷᠲᠡᠭᠡᠨ ᠪᠣᠳᠠᠲᠠᠢ ᠠᠬᠢᠭᠤᠯᠵᠤ᠂ ᠰᠤᠷᠤᠯᠴᠠᠵᠤ ᠪᠠᠢ᠌ᠴᠠᠭ᠋ᠠᠵᠤ ᠥᠭᠡᠷᠡᠴᠢᠯᠡᠬᠦ ᠵᠢ ᠨᠢᠭᠡ ᠴᠣᠭᠴᠠᠵᠢᠭᠤᠯᠤᠨ ᠠᠬᠢᠭᠤᠯᠵᠤ᠂ ᠰᠢᠯᠢᠳᠡᠭ ᠰᠤᠷᠲᠠᠯ ᠵᠶ᠋ᠠᠷ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ᠂ ᠰᠤᠷᠤᠯᠴᠠᠯᠭ᠎ᠠ ᠵᠢᠨ ᠦᠷ᠎ᠡ ᠪᠦᠲᠦᠭᠡᠯ ᠢ ᠦᠨᠡᠨ ᠬᠦ᠌ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭ᠋ᠠᠨ ᠬᠤᠪᠢᠷᠠᠭᠤᠯᠬᠤ ᠬᠡᠷᠡᠭᠲᠡᠢ᠃ ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠬᠦᠨ ᠳᠠᠭᠤᠷᠢᠶᠠᠯ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠵᠤ᠂ ᠪᠡᠶ᠎ᠡ᠎ᠪᠠᠨ ᠴᠢᠩᠭ᠎ᠠ ᠱᠠᠭ᠋ᠠᠷᠳᠠᠨ᠂ ᠬᠠᠷᠢᠭᠤᠴᠠᠯᠭ᠎ᠠ ᠵᠢ ᠴᠢᠩᠭ᠎ᠠ ᠡᠭᠦᠷᠭᠡᠯᠡᠵᠦ᠂ ᠬᠠᠷᠢᠶᠠᠯᠠᠯ ᠵᠶ᠋ᠠᠨ ᠴᠢᠩᠭ᠎ᠠ ᠬᠠᠮᠢᠶᠠᠷᠴᠤ᠂ 《ᠨᠢᠭᠡ ᠠᠵᠢᠯ᠎ᠤᠨ ᠪᠠᠶ᠋ᠢᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ》 ᠵᠢ ᠦᠨᠡᠨ ᠬᠦ᠌ ᠭᠦᠢ᠍ᠴᠡᠳᠬᠡᠵᠦ᠂ ᠬᠤᠪᠢᠳᠠᠨ ᠬᠠᠮᠢᠶᠠᠷᠴᠤ ᠪᠠᠶ᠋ᠢᠭ᠎ᠠ ᠬᠦᠷᠢᠶ᠎ᠡ ᠴᠠᠷ᠎ᠠ᠂ ᠬᠤᠪᠢᠳᠠᠨ ᠬᠠᠮᠢᠶᠠᠷᠴᠤ ᠪᠠᠶ᠋ᠢᠭ᠎ᠠ ᠰᠠᠯᠠᠭ᠎ᠠ ᠮᠥᠴᠢᠷ᠎ᠤᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢ ᠰᠠᠶ᠋ᠢᠲᠤᠷ ᠠᠳᠬᠤᠨ᠂ ᠰᠢᠯᠢᠳᠡᠭ ᠨᠠᠮ᠎ᠤᠨ ᠰᠤᠷᠲᠠᠯ ᠵᠶ᠋ᠠᠷ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠵᠢᠨ ᠠᠮᠢ ᠠᠬᠤᠢ ᠪᠠ ᠠᠵᠢᠯ ᠬᠢᠵᠦ ᠦᠢ᠍ᠯᠡᠰ ᠪᠣᠰᠬᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠢ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃