5 ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ ᠤᠨ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠤᠨ ᠣᠶ᠋ᠢᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶ᠎ᠠ ᠪᠣᠯᠤᠨ ᠴᠢᠬᠤᠯᠠ ᠪᠠᠶᠠᠷ᠎ᠤᠨ ᠵᠠᠬᠢᠳᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ ᠤᠨ ᠳᠠᠷᠤᠭ᠎ᠠ ᠳ᠋ᠦ᠋ ᠬᠤᠢ ᠯᠢᠶᠠᠩ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃
ᠬᠤᠷᠠᠯ᠎ᠠᠴᠠ ᠶᠡᠷᠦᠩᠬᠡᠢ ᠱᠦᠵᠢ ᠰᠢ᠎ᠵᠢᠨ᠎ᠫᠢᠩ᠎ᠤᠨ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠵᠢᠯ᠎ᠳᠤ ᠳᠤᠷᠠᠳᠤᠭᠰᠠᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠃ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠢ ᠴᠢᠩᠭ᠋ᠠᠳᠬᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠲᠠᠢ ᠰᠡᠳᠬᠢᠯ ᠵᠶ᠋ᠠᠨ ᠨᠢᠭᠡᠳᠬᠡᠨ ᠰᠦᠭ᠎ᠢ ᠱᠤᠭᠤᠬᠤ ᠵᠢ ᠴᠥᠬᠥᠷᠡᠰᠢ ᠦᠭᠡᠢ ᠪᠠᠷᠢᠮᠲᠠᠯᠠᠵᠤ᠂ ᠰᠤᠷᠤᠭᠴᠢᠳ᠎ᠢ ᠬᠥᠲᠥᠯᠥᠨ ᠵᠢᠯᠣᠭᠣᠳᠴᠤ ᠵᠥᠪ ᠶᠢᠷᠲᠢᠨᠴᠦ ᠵᠢᠨ ᠦᠵᠡᠯᠲᠡ ᠠᠮᠢᠳᠤᠷᠠᠬᠤᠢ ᠵᠢᠨ ᠦᠵᠡᠯᠲᠡ᠂ ᠥᠷᠲᠡᠭ᠎ᠤᠨ ᠦᠵᠡᠯᠲᠡ᠎ᠲᠠᠢ ᠪᠣᠯᠭ᠋ᠠᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠠᠭᠰᠢ ᠵᠢ ᠬᠥᠮᠥᠵᠢᠭᠦᠯᠬᠦ ᠴᠢᠳᠠᠪᠤᠷᠢ ᠵᠢ ᠳᠡᠭᠡᠭᠰᠢᠯᠡᠭᠦᠯᠬᠦ ᠢᠨᠵᠧᠨᠧᠷᠢᠩ᠎ᠢ ᠠᠳᠬᠤᠵᠤ᠂ ᠪᠠᠭᠰᠢ ᠵᠢᠨ ᠵᠢᠭ᠋ᠠᠨ ᠰᠤᠷᠭ᠋ᠠᠯᠲᠠ ᠵᠢᠨ ᠬᠢᠷᠢ ᠲᠦᠪᠰᠢᠨ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ᠃ ᠣᠷᠴᠢᠨ ᠲᠣᠭᠣᠷᠢᠨ᠎ᠤ ᠬᠥᠮᠦᠨ ᠬᠥᠮᠦᠵᠢᠭᠦᠯᠬᠦ ᠴᠢᠳᠠᠮᠵᠢ ᠵᠢ ᠪᠠᠳᠠᠷᠠᠭᠤᠯᠵᠤ᠂ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠣᠷᠴᠢᠨ᠎ᠢ ᠡᠭᠦᠳᠦᠨ ᠪᠠᠶ᠋ᠢᠭᠤᠯᠬᠤ᠂ ᠤᠷᠠᠯᠢᠭ᠎ᠤᠨ ᠦᠵᠡᠭᠦᠯᠭᠡ ᠵᠢᠨ ᠲᠣᠭᠯᠠᠯᠲᠠ᠂ ᠨᠡᠶ᠋ᠢᠭᠡᠮ᠎ᠤᠨ ᠪᠦᠯᠬᠦᠮ᠎ᠤᠨ ᠠᠵᠢᠯᠯᠠᠭ᠎ᠠ ᠵᠡᠷᠭᠡ᠎ᠪᠠᠷ ᠳᠠᠮᠵᠢᠭᠤᠯᠤᠨ᠂ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠠᠭᠤᠯᠤᠭᠳᠠᠬᠤᠨ᠎ᠤ ᠪᠠᠶ᠋ᠢᠭᠤᠯᠤᠯᠲᠠ ᠵᠢ ᠪᠠᠶᠠᠯᠢᠭᠵᠢᠭᠤᠯᠵᠤ᠂ ᠰᠣᠶᠣᠯ ᠵᠶ᠋ᠠᠷ ᠬᠥᠮᠦᠨ ᠬᠥᠮᠦᠵᠢᠭᠦᠯᠬᠦ ᠵᠢ ᠨᠡᠩ ᠰᠠᠶ᠋ᠢᠲᠤᠷ ᠪᠡᠶᠡᠯᠡᠭᠦᠯᠬᠦ ᠬᠡᠷᠡᠭᠲᠡᠢ᠃ ᠭᠡᠷ ᠪᠦᠯᠢ ᠰᠤᠷᠭ᠋ᠠᠭᠤᠯᠢ ᠨᠡᠶ᠋ᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠵᠢ ᠭᠦᠨᠵᠡᠭᠡᠶ᠋ᠢᠷᠡᠭᠦᠯᠵᠦ᠂ ᠰᠠᠶ᠋ᠢᠨ ᠰᠠᠶ᠋ᠢᠬᠠᠨ ᠭᠡᠷ᠎ᠤᠨ ᠰᠤᠷᠲᠠᠯ᠂ ᠰᠤᠷᠭ᠋ᠠᠭᠤᠯᠢ ᠵᠢᠨ ᠰᠤᠷᠲᠠᠯ᠂ ᠰᠤᠷᠤᠯᠴᠠᠬᠤ ᠰᠤᠷᠲᠠᠯ᠎ᠢ ᠶᠡᠬᠡ᠎ᠪᠠᠷ ᠰᠠᠨᠠᠭ᠋ᠠᠴᠢᠯᠠᠵᠤ᠂ ᠪᠠᠭᠰᠢ ᠵᠢᠨ ᠮᠣᠷᠠᠯ ᠪᠠᠭᠰᠢ ᠵᠢᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢ ᠬᠦᠨᠳᠦᠳᠭᠡᠭᠰᠡᠨ ᠰᠠᠶ᠋ᠢᠨ ᠰᠠᠶ᠋ᠢᠬᠠᠨ ᠰᠤᠷᠭ᠋ᠠᠭᠤᠯᠢ ᠵᠢᠨ ᠬᠦᠷᠢᠶᠡᠨ᠎ᠤ ᠣᠷᠴᠢᠨ ᠪᠣᠯᠤᠨ ᠨᠡᠶ᠋ᠢᠭᠡᠮ᠎ᠤᠨ ᠣᠷᠴᠢᠨ᠎ᠢ ᠪᠣᠢ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠶᠡᠷᠦᠩᠬᠡᠢ ᠱᠦᠵᠢ ᠰᠢ᠎ᠵᠢᠨ᠎ᠫᠢᠩ᠎ᠤᠨ ᠹᠦᠳᠠᠨ ᠶᠡᠬᠡ ᠰᠤᠷᠭ᠋ᠠᠭᠤᠯᠢ ᠪᠠᠶ᠋ᠢᠭᠤᠯᠤᠭᠳᠠᠭᠰᠠᠨ 120 ᠵᠢᠯ᠎ᠤᠨ ᠣᠢ᠎ᠳᠤ ᠥᠭᠭᠦᠭᠰᠡᠨ ᠴᠢᠬᠤᠯᠠ ᠪᠠᠶᠠᠷ᠎ᠤᠨ ᠵᠠᠬᠢᠳᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠃ ᠶᠡᠬᠡ ᠳᠡᠭᠡᠳᠦ ᠰᠤᠷᠭ᠋ᠠᠭᠤᠯᠢ ᠵᠢ ᠬᠥᠲᠥᠯᠥᠨ ᠵᠢᠯᠣᠭᠣᠳᠴᠤ ᠤᠯᠤᠰ᠎ᠤᠨ ᠪᠠᠶ᠋ᠢᠯᠳᠤᠬᠤ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠬᠡᠷᠡᠭᠴᠡᠭᠡ᠎ᠳᠤ ᠰᠠᠭᠤᠷᠢᠯᠠᠨ᠂ ᠡᠬᠢ ᠪᠠᠶᠠᠯᠢᠭ ᠪᠠ ᠴᠢᠳᠠᠪᠤᠷᠢᠲᠠᠨ᠎ᠤ ᠳᠠᠪᠠᠭᠤᠯᠢᠭ᠎ᠢ ᠪᠠᠳᠠᠷᠠᠭᠤᠯᠵᠤ᠂ ᠬᠣᠰᠢᠭᠤᠷᠠᠯ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠦᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠲᠤ ᠬᠡᠷᠡᠭᠯᠡᠬᠦ ᠵᠢ ᠥᠷᠨᠢᠭᠦᠯᠵᠦ᠂ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠬᠥᠮᠦᠵᠢᠭᠦᠯᠬᠦ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠴᠢᠨᠠᠷᠯᠢᠭ ᠬᠥᠭᠵᠢᠭᠦᠯᠬᠦ᠎ᠳᠤ ᠪᠦᠬᠦ ᠬᠦᠴᠦᠨ ᠵᠶ᠋ᠠᠷ ᠦᠢ᠍ᠯᠡᠴᠢᠯᠡᠬᠦ ᠬᠡᠷᠡᠭᠲᠡᠢ᠃ ᠥᠷᠭᠡᠨ ᠣᠯᠠᠨ ᠵᠠᠯᠠᠭᠤᠴᠤᠳ᠎ᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠤᠯᠤᠰ᠎ᠲᠤ᠎ᠪᠠᠨ ᠬᠦᠴᠦᠨ ᠨᠡᠮᠡᠷᠢᠯᠡᠬᠦ ᠵᠣᠷᠢᠯᠲᠠ᠎ᠲᠠᠢ ᠪᠣᠯᠭ᠋ᠠᠬᠤ᠎ᠪᠠᠷ ᠬᠥᠲᠥᠯᠥᠨ ᠵᠢᠯᠣᠭᠣᠳᠴᠤ᠂ ᠰᠢᠨ᠎ᠡ ᠵᠢ ᠡᠭᠦᠳᠬᠦ ᠬᠠᠯᠠᠭᠤᠨ ᠰᠡᠳᠬᠢᠯᠭᠡ ᠵᠢ᠎ᠨᠢ ᠬᠥᠭᠵᠢᠭᠡᠨ᠂ ᠡᠷᠳᠡᠮ ᠴᠢᠳᠠᠪᠤᠷᠢ᠎ᠳᠤ ᠴᠠᠭ᠋ᠠᠷᠠᠭᠤᠯᠬᠤᠪᠠᠷ ᠳᠠᠪᠲᠠᠨ ᠪᠣᠯᠪᠠᠰᠤᠷᠠᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠢᠷᠢ ᠲᠦᠪᠰᠢᠨ᠎ᠢ ᠴᠢᠷᠮᠠᠶ᠋ᠢᠨ ᠳᠡᠭᠡᠭᠰᠢᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠰᠢᠨ᠎ᠡ ᠠᠶᠠᠯᠠᠯ᠎ᠳᠤ ᠵᠠᠯᠠᠭᠤ ᠨᠠᠰᠤᠨ᠎ᠤ ᠡᠭᠦᠷᠭᠡᠯᠡᠯ᠎ᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠶᠡᠷᠦᠩᠬᠡᠢ ᠱᠦᠵᠢ ᠰᠢ᠎ᠵᠢᠨ᠎ᠫᠢᠩ᠎ᠤᠨ ᠳᠤᠮᠳᠠᠳᠤ ᠤᠯᠤᠰ᠎ᠤᠨ ᠪᠠᠭ᠋ᠠᠴᠤᠳ᠎ᠤᠨ ᠬᠣᠰᠢᠭᠤᠴᠢ ᠠᠩᠭᠢ ᠵᠢᠨ ᠶᠢᠰᠦᠳᠦᠭᠡᠷ ᠤᠳᠠᠭ᠎ᠠ ᠵᠢᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠳᠤ ᠥᠭᠭᠦᠭᠰᠡᠨ ᠴᠢᠬᠤᠯᠠ ᠪᠠᠶᠠᠷ᠎ᠤᠨ ᠵᠠᠬᠢᠳᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠃ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠵᠢ ᠢᠮᠠᠭᠲᠠ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠪᠠᠲᠤ ᠡᠵᠡᠮᠳᠡᠨ᠂ ᠨᠡᠶ᠋ᠢᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢ ᠪᠣᠶ᠋ᠢᠵᠢᠭᠤᠯᠤᠨ ᠦᠢ᠍ᠯᠡᠳᠦᠯᠭᠡᠵᠢᠭᠦᠯᠬᠦ ᠵᠢ ᠪᠠᠭ᠋ᠠᠴᠤᠳ ᠬᠡᠦᠬᠡᠳ᠎ᠤᠨ ᠰᠤᠷᠭ᠋ᠠᠨ ᠬᠥᠮᠦᠵᠢᠯ᠎ᠳᠤ ᠲᠤᠭᠤᠰᠢᠯᠠᠭᠤᠯᠵᠤ᠂ ᠥᠷᠲᠡᠭ᠎ᠤᠨ ᠦᠵᠡᠯᠲᠡ ᠵᠢ ᠪᠣᠢ ᠪᠣᠯᠭ᠋ᠠᠬᠤ᠎ᠳᠤ ᠠᠩᠬᠠᠷᠤᠯ ᠵᠶ᠋ᠠᠨ ᠬᠠᠨᠳᠤᠭᠤᠯᠤᠨ᠂ ᠲᠡᠳᠡᠨ᠎ᠢ ᠬᠠᠪᠰᠤᠷᠤᠨ ᠬᠥᠮᠦᠨ᠎ᠤ ᠠᠮᠢᠳᠤᠷᠠᠯ᠎ᠤᠨ ᠠᠩᠬᠠᠨ᠎ᠤ ᠠᠯᠬᠤᠮ᠎ᠢ ᠰᠠᠶ᠋ᠢᠲᠤᠷ ᠠᠯᠬᠤᠭᠤᠯᠬᠤ ᠬᠡᠷᠡᠭᠲᠡᠢ᠃ ᠡᠪ ᠬᠠᠮᠲᠤ ᠶᠣᠰᠣᠨ᠎ᠤ ᠵᠠᠯᠭ᠋ᠠᠮᠵᠢᠯᠠᠭᠴᠢ ᠵᠢ ᠴᠢᠷᠮᠠᠶ᠋ᠢᠨ ᠬᠥᠮᠦᠵᠢᠭᠦᠯᠵᠦ᠂ ᠤᠯᠤᠰ ᠲᠥᠷᠥ᠎ᠪᠠᠷ ᠰᠡᠩᠬᠡᠷᠡᠭᠦᠯᠬᠦ ᠵᠢ ᠴᠢᠩᠭ᠋ᠠᠳᠬᠠᠵᠤ᠂ ᠨᠠᠮ ᠪᠣᠯᠤᠨ ᠨᠡᠶ᠋ᠢᠭᠡᠮ ᠵᠢᠷᠤᠮᠲᠤ ᠡᠬᠡ ᠤᠯᠤᠰ ᠵᠶ᠋ᠠᠨ ᠬᠠᠢ᠌ᠷᠠᠯᠠᠬᠤ ᠰᠡᠳᠬᠢᠯᠭᠡ ᠵᠢ ᠬᠠᠷᠠᠬᠠᠨ ᠪᠠᠭ᠎ᠠ᠎ᠠᠴᠠ᠎ᠨᠢ ᠬᠥᠮᠦᠵᠢᠭᠦᠯᠵᠦ᠂ ᠬᠤᠪᠢᠰᠬᠠᠯ᠎ᠤᠨ ᠤᠳᠤᠮᠰᠢᠯ᠎ᠢ ᠦᠶ᠎ᠡ ᠵᠢᠨ ᠦᠶ᠎ᠡ᠎ᠳᠤ ᠤᠯᠠᠮᠵᠢᠯᠠᠬᠤ ᠵᠢ ᠪᠠᠲᠤᠯᠠᠨ᠂ ᠪᠠᠭ᠋ᠠᠴᠤᠳ ᠬᠡᠦᠬᠡᠳ᠎ᠢ ᠢᠮᠠᠭᠲᠠ ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ ᠨᠠᠮ ᠵᠶ᠋ᠠᠨ ᠳᠠᠭ᠋ᠠᠬᠤ᠎ᠪᠠᠷ ᠬᠥᠲᠦᠯᠦᠨ ᠵᠢᠯᠣᠭᠣᠤᠳᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠲᠥᠪ᠎ᠤᠨ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠃ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢ ᠡᠷᠡᠰ ᠪᠠᠲᠤ ᠡᠭᠦᠷᠭᠡᠯᠡᠵᠦ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠢ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠤ ᠣᠷᠣᠭᠤᠯᠤᠨ᠂ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ᠂ ᠶᠠᠷᠢᠶᠠᠨ᠎ᠤ ᠲᠠᠪᠴᠠᠩ᠎ᠤᠨ ᠬᠢᠴᠢᠶᠡᠯ᠎ᠤᠨ ᠲᠠᠩᠬᠢᠮ᠂ ᠨᠡᠶ᠋ᠢᠭᠡᠮ᠎ᠤᠨ ᠪᠦᠯᠬᠦᠮ ᠤᠨ ᠵᠣᠬᠢᠶᠠᠨ ᠪᠠᠶ᠋ᠢᠭᠤᠯᠤᠯᠲᠠ ᠵᠡᠷᠭᠡ ᠵᠢᠭᠰᠠᠭ᠋ᠠᠯ᠎ᠤᠨ ᠭᠠᠵᠠᠷ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠎ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠲᠥᠪ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ ᠵᠢᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠰᠡᠷᠡᠮᠵᠢᠯᠡᠭᠦᠯᠬᠦ ᠬᠥᠮᠦᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠰᠤᠷᠭ᠋ᠠᠨ ᠬᠥᠮᠥᠵᠢᠯ᠎ᠤᠨ ᠲᠢᠩᠬᠢᠮ᠎ᠤᠨ ᠪᠠᠶ᠋ᠢᠭᠤᠯᠭ᠎ᠠ ᠵᠢᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠠᠬᠢᠭᠤᠯᠤᠭᠰᠠᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠵᠣᠭᠰᠣᠴᠠ᠎ᠪᠠᠨ ᠳᠠᠬᠢᠨ ᠳᠡᠭᠡᠭᠰᠢᠯᠡᠭᠦᠯᠵᠦ᠂ ᠭᠣᠣᠯ ᠴᠣᠭᠴᠠ ᠵᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠪᠠᠲᠤ ᠡᠭᠦᠷᠭᠡᠯᠡᠨ᠂ ᠳᠠᠷᠤᠯᠲᠠ ᠵᠢ ᠪᠣᠳᠠᠲᠠᠢ ᠳᠠᠮᠵᠢᠭᠤᠯᠵᠤ᠂ ᠥᠪᠡᠷ᠎ᠤᠨ ᠪᠡᠶ᠎ᠡ᠎ᠪᠠᠨ ᠰᠠᠶ᠋ᠢᠲᠤᠷ ᠬᠠᠮᠢᠶᠠᠷᠴᠤ᠂ ᠳᠣᠣᠷᠠᠬᠢ ᠬᠥᠮᠦᠰ ᠵᠶ᠋ᠠᠨ ᠰᠠᠶ᠋ᠢᠲᠤᠷ ᠬᠠᠮᠢᠶᠠᠷᠴᠤ᠂ ᠲᠥᠷᠥᠯ ᠰᠠᠳᠤᠨ ᠪᠠ ᠳᠡᠷᠭᠡᠳᠡᠬᠢ ᠬᠥᠮᠦᠰ ᠵᠶ᠋ᠠᠨ ᠰᠠᠶ᠋ᠢᠲᠤᠷ ᠬᠠᠮᠢᠶᠠᠷᠴᠤ᠂ 《ᠪᠣᠳᠤᠯ ᠵᠶ᠋ᠠᠨ ᠲᠡᠭᠰᠢᠯᠡᠵᠦ᠂ ᠰᠡᠳᠬᠢᠯ ᠵᠶ᠋ᠠᠨ ᠵᠠᠰᠠᠵᠤ᠂ ᠠᠮᠠ᠎ᠪᠠᠨ ᠬᠠᠮᠢᠶᠠᠷᠴᠤ᠂ ᠭᠠᠷ ᠵᠶ᠋ᠠᠨ ᠲᠠᠲᠠᠵᠤ᠂ ᠢᠳᠡᠷᠡᠭᠦᠨ ᠠᠯᠬᠤᠬᠤ》 ᠵᠢ ᠦᠨᠡᠨ ᠬᠦ᠌ ᠪᠡᠶᠡᠯᠡᠭᠦᠯᠬᠦ ᠬᠡᠷᠡᠭᠲᠡᠢ᠃ ᠰᠤᠷᠤᠯᠴᠠᠵᠤ ᠪᠠᠶ᠋ᠢᠴᠠᠭ᠋ᠠᠵᠤ ᠥᠭᠡᠷᠡᠴᠢᠯᠡᠬᠦ ᠵᠢ ᠳᠠᠬᠢᠨ ᠭᠦᠨᠵᠡᠭᠡᠶ᠋ᠢᠷᠡᠭᠦᠯᠵᠦ᠂ ᠲᠣᠭᠣᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ᠂ ᠬᠢᠨᠠᠨ ᠪᠣᠳᠣᠵᠤ ᠴᠡᠭᠴᠡᠯᠡᠨ ᠰᠠᠶ᠋ᠢᠵᠢᠷᠠᠭᠤᠯᠬᠤ᠂ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ᠎ᠲᠠᠢ ᠤᠶᠠᠯᠳᠤᠭᠤᠯᠤᠨ᠂ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠠᠷᠠᠯᠲᠠ᠎ᠲᠠᠢ ᠵᠠᠰᠠᠵᠤ᠂ ᠰᠤᠷᠤᠯᠴᠠᠵᠤ ᠪᠠᠶ᠋ᠢᠴᠠᠭ᠋ᠠᠵᠤ ᠥᠭᠡᠷᠡᠴᠢᠯᠡᠬᠦ ᠵᠢ ᠨᠢᠭᠡ ᠴᠣᠭᠴᠠᠵᠢᠭᠤᠯᠤᠨ ᠠᠬᠢᠭᠤᠯᠵᠤ᠂ 《ᠡᠪᠡᠳᠴᠢᠨ᠎ᠤ ᠭᠣᠯᠣᠮᠲᠠ》 ᠵᠢ ᠡᠷᠢᠵᠦ ᠣᠯᠤᠨ᠂ ᠳᠠᠷᠤᠢ᠎ᠳᠤ᠎ᠨᠢ ᠬᠥᠳᠡᠯᠵᠦ ᠳᠠᠷᠤᠢ᠎ᠳᠤ᠎ᠨᠢ ᠥᠭᠡᠷᠡᠴᠢᠯᠡᠬᠦ ᠬᠡᠷᠡᠭᠲᠡᠢ᠃ ᠬᠢᠨᠠᠯᠲᠠ ᠲᠠᠯᠪᠢᠵᠤ ᠵᠢᠭ᠋ᠠᠨ ᠵᠢᠯᠣᠭᠣᠳᠬᠤ ᠵᠢ ᠳᠠᠬᠢᠨ ᠴᠢᠩᠭ᠋ᠠᠳᠬᠠᠵᠤ᠂ ᠰᠤᠷᠤᠯᠴᠠᠯᠭ᠎ᠠ ᠬᠥᠮᠦᠵᠢᠯ᠎ᠤᠨ ᠡᠯ᠎ᠡ ᠵᠦᠢ᠍ᠯ᠎ᠤᠨ ᠱᠠᠭ᠋ᠠᠷᠳᠠᠯᠭ᠎ᠠ᠎ᠲᠠᠢ ᠬᠠᠷᠢᠴᠠᠭᠤᠯᠤᠨ ᠥᠪᠡᠷ᠎ᠢ ᠪᠠᠨ ᠪᠠᠶ᠋ᠢᠴᠠᠭ᠋ᠠᠬᠤ᠂ ᠠᠯᠳᠠᠭ᠎ᠠ ᠪᠤᠷᠤᠭᠤ ᠵᠢ ᠪᠠᠶ᠋ᠢᠴᠠᠭ᠋ᠠᠵᠤ ᠳᠤᠲᠠᠭᠤᠳᠠᠯ᠎ᠢ ᠨᠥᠬᠥᠪᠥᠷᠢᠯᠡᠬᠦ ᠵᠢ ᠥᠷᠨᠢᠭᠦᠯᠵᠦ᠂ ᠰᠤᠷᠤᠯᠴᠠᠯᠭ᠎ᠠ ᠴᠢᠨᠠᠷ ᠴᠢᠨᠰᠠᠭ᠎ᠠ᠎ᠲᠠᠢ᠂ ᠪᠠᠶ᠋ᠢᠴᠠᠭ᠋ᠠᠯᠲᠠ ᠡᠷᠴᠢᠮ᠎ᠲᠠᠢ᠂ ᠥᠭᠡᠷᠡᠴᠢᠯᠡᠯᠲᠡ ᠦᠷ᠎ᠡ ᠪᠦᠲᠦᠮᠵᠢ᠎ᠲᠠᠢ ᠪᠠᠶ᠋ᠢᠬᠤ ᠵᠢ ᠪᠠᠲᠤᠯᠠᠬᠤ ᠬᠡᠷᠡᠭᠲᠡᠢ᠃ ᠶᠡᠬᠡ ᠳᠡᠭᠡᠳᠦ ᠰᠤᠷᠭ᠋ᠠᠭᠤᠯᠢ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ ᠪᠠᠶ᠋ᠢᠳᠠᠯ᠎ᠢ ᠬᠢᠨᠠᠨ ᠵᠢᠯᠣᠭᠣᠳᠬᠤ ᠵᠢ ᠴᠢᠩᠭ᠋ᠠᠳᠬᠠᠵᠤ᠂ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠮᠵᠢ ᠵᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃