ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠥᠷ ᠮᠣᠩᠭᠣᠯ᠎ᠤᠨ ᠶᠡᠬᠡ ᠳᠡᠭᠡᠳᠦ ᠰᠤᠷᠭ᠋ᠠᠭᠤᠯᠢ ᠵᠢᠨ 5 ᠪᠦᠲᠦᠭᠡᠯ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ 《ᠲᠠᠪᠤᠨ ᠨᠢᠭᠡ ᠵᠢᠨ ᠢᠨᠵᠧᠨᠧᠷᠢᠩ》᠎ᠤᠨ ᠰᠢᠯᠢᠳᠡᠭ ᠪᠦᠲᠦᠭᠡᠯ᠎ᠤᠨ ᠱᠠᠩᠨᠠᠯ᠎ᠳᠤ ᠰᠣᠩᠭᠣᠭᠳᠠᠪᠠ
ᠨᠡᠶ᠋ᠢᠲᠡᠯᠡᠭᠰᠡᠨ ᠴᠠᠭ᠄ 2025-06-10

ᠣᠶ᠋ᠢᠷ᠎ᠠ᠎ᠳᠤ᠂ ᠥᠪᠥᠷ ᠮᠣᠩᠭᠣᠯ᠎ᠤᠨ ᠪᠣᠯᠪᠠᠰᠤᠨ ᠰᠦᠯᠵᠢᠶ᠎ᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ 《ᠲᠠᠪᠤᠨ ᠨᠢᠭᠡ ᠵᠢᠨ ᠢᠨᠵᠧᠨᠧᠷᠢᠩ》᠎ᠤᠨ ᠰᠢᠯᠢᠳᠡᠭ ᠪᠦᠲᠦᠭᠡᠯ᠎ᠤᠨ ᠱᠠᠩᠨᠠᠯ᠎ᠢ ᠰᠢᠯᠭ᠋ᠠᠷᠠᠭᠤᠯᠤᠭᠰᠠᠨ ᠦᠷ᠎ᠡ ᠳ᠋ᠦᠩ᠎ᠢ ᠨᠡᠶ᠋ᠢᠲᠡᠯᠡᠵᠦ᠂ ᠮᠠᠨ᠎ᠤ ᠣᠷᠣᠨ᠎ᠤ 3 ᠶᠡᠬᠡ ᠳᠡᠭᠡᠳᠦ ᠰᠤᠷᠭ᠋ᠠᠭᠤᠯᠢ ᠵᠢᠨ 5 ᠪᠦᠲᠦᠭᠡᠯ ᠰᠣᠩᠭᠣᠭᠳᠠᠪᠠ᠃

 

1.jpg

 

ᠣᠶ᠋ᠢᠷ᠎ᠠ ᠵᠢᠨ ᠵᠢᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠰᠢ᠎ᠵᠢᠨ᠎ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠡᠷᠢᠭᠦᠨ᠎ᠤ ᠰᠣᠶᠣᠯ᠎ᠢ ᠪᠠᠳᠠᠷᠠᠭᠤᠯᠬᠤ᠂ ᠰᠢᠯᠢᠳᠡᠭ ᠪᠦᠲᠦᠭᠡᠯ᠎ᠢ ᠢᠯᠡᠭᠦᠬᠡᠨ ᠭᠠᠷᠭ᠋ᠠᠬᠤ᠎ᠪᠠᠷ ᠬᠠᠷᠠᠯᠲᠠ ᠪᠣᠯᠭ᠋ᠠᠨ᠂ ᠬᠤᠪᠢᠰᠬᠠᠯᠲᠤ ᠤᠳᠬ᠎ᠠ ᠤᠷᠠᠯᠢᠭ᠎ᠤᠨ ᠰᠢᠯᠢᠳᠡᠭ ᠪᠦᠲᠦᠭᠡᠯ ᠪᠣᠯᠤᠨ ᠴᠢᠬᠤᠯᠠ ᠶᠡᠬᠡ ᠣᠨᠣᠯ᠎ᠤᠨ ᠰᠤᠳᠤᠯᠭ᠋ᠠᠨ᠎ᠤ ᠦᠷ᠎ᠡ ᠪᠦᠲᠦᠭᠡᠯ᠎ᠢ ᠦᠷᠭᠦᠯᠵᠢᠯᠡᠨ ᠪᠣᠶ᠋ᠢᠵᠢᠭᠤᠯᠪᠠ᠃ ᠡᠯ᠎ᠡ ᠭᠣᠭᠴᠤᠭ᠋ᠠᠨ᠎ᠳᠤ᠂ ᠪᠥᠲᠦᠭᠡᠯ ᠨᠢᠭᠡ ᠪᠦᠷᠢ᠎ᠨᠢ ᠴᠥᠮ ᠤᠷᠠᠨ ᠳᠠᠷᠬᠠᠨ᠎ᠤ ᠰᠡᠳᠬᠢᠯ᠎ᠢ ᠨᠢᠭᠲᠠᠷᠠᠭᠤᠯᠵᠤ᠂ ᠢᠲᠡᠭᠡᠯ ᠪᠢᠰᠢᠷᠡᠯ᠎ᠤᠨ ᠬᠦᠴᠦᠨ᠎ᠢ ᠳᠠᠮᠵᠢᠭᠤᠯᠪᠠ᠃

ᠳᠠᠷᠠᠭ᠎ᠠ ᠠᠯᠬᠤᠮ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠣᠨᠣᠯ᠎ᠤᠨ ᠰᠤᠳᠤᠯᠭ᠋ᠠᠨ ᠪᠣᠯᠤᠨ ᠤᠳᠬ᠎ᠠ ᠤᠷᠠᠯᠢᠭ᠎ᠤᠨ ᠵᠣᠬᠢᠶᠠᠨ ᠪᠦᠲᠦᠭᠡᠬᠦ ᠴᠢᠳᠠᠪᠤᠷᠢᠲᠠᠨ᠎ᠢ ᠦᠷᠭᠦᠯᠵᠢᠯᠡᠨ ᠬᠦᠴᠦᠯᠡᠨ ᠬᠥᠮᠦᠵᠢᠭᠦᠯᠵᠦ᠂ ᠥᠪᠥᠷ ᠮᠣᠩᠭᠣᠯ᠎ᠤᠨ ᠬᠤᠪᠢᠰᠬᠠᠯ᠎ᠤᠨ ᠬᠥᠮᠦᠨ ᠬᠥᠮᠦᠵᠢᠭᠦᠯᠬᠦ ᠡᠬᠢ ᠪᠠᠶᠠᠯᠢᠭ᠎ᠢ ᠢᠯᠡᠷᠡᠭᠦᠯᠦᠨ᠂ ᠣᠨᠣᠯ᠎ᠤᠨ ᠦᠨᠳᠦᠷᠴᠡ᠎ᠲᠠᠢ ᠮᠥᠷᠲᠡᠭᠡᠨ ᠦᠵᠡᠯ ᠰᠠᠨᠠᠭ᠋ᠠᠨ᠎ᠤ ᠭᠦᠨᠴᠡ᠎ᠲᠠᠢ᠂ ᠴᠠᠭ ᠦᠶ᠎ᠡ ᠵᠢᠨ ᠠᠯᠬᠤᠭ᠎ᠠ ᠵᠢ ᠰᠠᠯᠤᠯ ᠦᠭᠡᠢ ᠳᠠᠭ᠋ᠠᠵᠤ᠂ ᠰᠤᠷᠭ᠋ᠠᠭᠤᠯᠢ ᠵᠢᠨ ᠬᠦᠷᠢᠶᠡᠨ᠎ᠤ ᠠᠮᠢᠳᠤᠷᠠᠯ᠎ᠳᠤ ᠤᠢ᠍ᠢ᠍ᠷᠠᠳᠤᠭᠰᠠᠨ ᠨᠡᠩ ᠣᠯᠠᠨ ᠰᠢᠯᠢᠳᠡᠭ ᠪᠦᠲᠦᠭᠡᠯ᠎ᠢ ᠴᠢᠷᠮᠠᠶ᠋ᠢᠨ ᠪᠤᠢ ᠪᠣᠯᠭ᠋ᠠᠨ᠎ᠠ᠃

 

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠣᠣᠯ ᠳᠤᠭᠤᠶ᠋ᠢᠯᠠᠩ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠠᠮᠵᠢᠯᠲᠠᠲᠠᠢ ᠥᠨᠳᠦᠷᠯᠡᠪᠡ
ᠰᠢᠩᠭᠡᠭᠡᠯᠲᠡ ᠵᠢᠨ ᠡᠷᠬᠡᠲᠡᠨ᠎ᠤ ᠡᠷᠡᠭᠦᠯ ᠮᠡᠨᠳᠦ ᠵᠢᠨ ᠪᠦᠬᠦ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠥᠪᠥᠷ ᠮᠣᠩᠭᠣᠯ᠎ᠳᠠᠬᠢ ᠲᠤᠷᠰᠢᠯᠲᠠ ᠵᠢᠨ ᠲᠠᠰᠤᠭ ᠫᠠᠶ᠋ᠢᠰᠠ ᠰᠡᠬᠦᠪᠡ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠵᠢᠨ ᠳᠦᠷᠢᠮ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ》 ᠵᠢᠨ ᠲᠤᠰᠬᠠᠢ ᠰᠡᠳᠦᠪᠲᠦ ᠬᠠᠪᠰᠤᠷᠤᠨ ᠵᠢᠯᠣᠭᠣᠳᠬᠤ ᠮᠡᠳᠡᠭᠦᠯᠦᠯᠲᠡ ᠵᠢᠨ ᠬᠤᠷᠠᠯ᠎ᠢ ᠬᠤᠷᠠᠯᠳᠤᠭᠤᠯᠪᠠ
 
             蒙ICP备05000248号