6 ᠳ᠋ᠤᠭ᠋ᠠᠷ ᠰᠠᠷ᠎ᠠ ᠵᠢᠨ 9᠎ᠤ ᠡᠳᠦᠷ᠎ᠤᠨ ᠦᠳᠡ ᠵᠢᠨ ᠬᠣᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠣᠣᠯ ᠳᠤᠭᠤᠶ᠋ᠢᠯᠠᠩ (ᠥᠷᠭᠡᠳᠬᠡᠭᠰᠡᠨ)᠎ᠤᠨ 6 ᠳ᠋ᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠵᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠨᠠᠮ ᠵᠠᠰᠠᠭ᠎ᠤᠨ ᠪᠠᠶ᠋ᠢᠭᠤᠯᠭ᠎ᠠ ᠰᠠᠶ᠋ᠢᠲᠤᠷ ᠠᠷᠪᠢᠯᠠᠨ ᠭᠠᠮᠨᠠᠵᠤ ᠪᠦᠷᠢᠯᠭᠡᠬᠦ ᠵᠢ ᠡᠰᠡᠷᠭᠦᠴᠡᠬᠦ ᠳᠦᠷᠢᠮ》᠎ᠢ ᠰᠤᠷᠤᠯᠴᠠᠵᠤ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠲᠥᠪᠯᠡᠷᠡᠭᠦᠯᠦᠨ ᠵᠠᠰᠠᠬᠤ ᠲᠤᠬᠠᠢ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠳ᠋ᠦ᠋ ᠬᠤᠢ ᠯᠢᠶᠠᠩ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ ᠰᠤᠷᠤᠯᠴᠠᠯᠭ᠎ᠠ ᠵᠢᠨ ᠭᠣᠣᠯ ᠰᠡᠳᠦᠪ᠎ᠤᠨ ᠲᠣᠭᠣᠷᠢᠨ᠎ᠳᠤ ᠰᠠᠨᠠᠯ ᠵᠶ᠋ᠠᠨ ᠰᠣᠯᠢᠯᠴᠠᠪᠠ᠃
ᠬᠤᠷᠠᠯ᠎ᠠᠴᠠ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠶᠡᠷᠦᠩᠬᠡᠢ ᠱᠦᠵᠢ ᠰᠢ᠎ᠵᠢᠨ᠎ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠬᠣᠶᠠᠷ᠎ᠢ ᠳᠣᠭᠲᠠᠭ᠋ᠠᠭᠰᠠᠨ》᠎ᠢ ᠡᠷᠡᠰ ᠬᠦᠷᠢᠶᠡᠯᠡᠬᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠳᠡᠭᠡᠳᠦ ᠬᠡᠮᠵᠢᠶᠡᠨ᠎ᠤ ᠤᠬᠠᠮᠰᠠᠷ᠎ᠢ ᠴᠠᠭ᠋ᠠᠰᠢᠲᠠ ᠴᠢᠩᠭ᠋ᠠᠳᠬᠠᠵᠤ᠂ ᠰᠤᠷᠲᠠᠯ᠎ᠤᠨ ᠪᠠᠶ᠋ᠢᠭᠤᠯᠤᠯᠲᠠ ᠵᠢᠨ ᠦᠵᠡᠯ ᠰᠠᠨᠠᠭ᠋ᠠᠨ᠎ᠤ ᠰᠠᠭᠤᠷᠢ ᠵᠢ ᠪᠡᠬᠢᠵᠢᠭᠦᠯᠬᠦ ᠬᠡᠷᠡᠭᠲᠡᠢ; ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠲᠥᠪᠯᠡᠷᠡᠭᠦᠯᠦᠨ ᠴᠡᠭᠴᠡᠯᠡᠨ ᠵᠠᠰᠠᠬᠤ 7 ᠲᠠᠯ᠎ᠠ ᠵᠢᠨ ᠭᠣᠣᠯᠳᠠᠯᠭ᠎ᠠ ᠲᠠᠢ ᠡᠭᠦᠷᠭᠡ᠂ 《ᠨᠠᠮ ᠵᠠᠰᠠᠭ᠎ᠤᠨ ᠪᠠᠶ᠋ᠢᠭᠤᠯᠭ᠎ᠠ ᠰᠠᠶ᠋ᠢᠲᠤᠷ ᠠᠷᠪᠢᠯᠠᠨ ᠭᠠᠮᠨᠠᠵᠤ ᠪᠦᠷᠢᠯᠭᠡᠨ ᠰᠦᠢ᠍ᠳᠬᠡᠬᠦ ᠵᠢ ᠡᠰᠡᠷᠭᠦᠴᠡᠬᠦ ᠳᠦᠷᠢᠮ》 ᠪᠣᠯᠤᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠲᠠᠢ ᠨᠠᠷᠢᠨ ᠬᠢᠨᠠᠮᠠᠭ᠋ᠠᠢ ᠬᠠᠷᠢᠴᠠᠭᠤᠯᠤᠨ᠂ ᠰᠤᠷᠤᠯᠴᠠᠵᠤ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠭᠰᠠᠨ ᠬᠥᠮᠦᠨ ᠪᠠ ᠬᠡᠷᠡᠭ᠎ᠢ ᠴᠢᠩᠭ᠎ᠠ ᠪᠠᠶ᠋ᠢᠴᠠᠭ᠋ᠠᠨ ᠲᠦᠷᠭᠡᠨ ᠰᠢᠢ᠍ᠳᠪᠦᠷᠢᠯᠡᠵᠦ᠂ ᠬᠦᠴᠦᠲᠡᠢ ᠰᠦᠷᠳᠡᠭᠦᠯᠦᠯ ᠦᠵᠡᠭᠦᠯᠬᠦ ᠬᠡᠷᠡᠭᠲᠡᠢ; ᠰᠡᠷᠡᠮᠵᠢᠯᠡᠭᠦᠯᠬᠦ ᠬᠥᠮᠦᠵᠢᠯ᠎ᠢ ᠴᠢᠩᠭ᠋ᠠᠳᠬᠠᠵᠤ᠂ ᠥᠭᠡᠷᠡᠴᠢᠯᠡᠭᠰᠡᠨ ᠦᠷ᠎ᠡ ᠪᠦᠲᠦᠮᠵᠢ ᠵᠢ ᠥᠷᠭᠡᠳᠬᠡᠵᠦ᠂ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠮᠥᠷᠳᠡᠵᠦ ᠰᠢᠪᠠᠳᠠᠭᠤᠯᠵᠤ ᠦᠨᠡᠯᠡᠵᠦ᠂ ᠰᠤᠷᠲᠠᠯ᠎ᠤᠨ ᠪᠠᠶ᠋ᠢᠭᠤᠯᠤᠯᠲᠠ ᠵᠢ ᠪᠠᠢ᠌ᠩᠭᠤᠵᠢᠭᠤᠯᠤᠨ᠂ ᠰᠤᠷᠲᠠᠯ᠎ᠤᠨ ᠪᠠᠶ᠋ᠢᠭᠤᠯᠤᠯᠲᠠ ᠵᠢᠨ ᠪᠣᠳᠠᠲᠠᠢ ᠦᠷ᠎ᠡ ᠪᠦᠲᠦᠮᠵᠢ᠎ᠪᠠᠷ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠬᠥᠭᠵᠢᠯᠲᠡ᠎ᠳᠤ ᠪᠠᠲᠤ ᠴᠢᠩᠭ᠎ᠠ ᠰᠠᠬᠢᠯᠭ᠎ᠠ ᠪᠠᠲᠤ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃