ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠳᠡᠭᠡᠳᠦ ᠰᠤᠷᠭ᠋ᠠᠭᠤᠯᠢ ᠵᠢᠨ ᠳᠦᠷᠢᠮ᠎ᠤᠨ ᠬᠡᠷᠡᠭᠵᠢᠭᠦᠯᠦᠯᠲᠡ ᠪᠠ ᠳᠦᠷᠢᠮ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ》 ᠵᠢ ᠦᠨᠡᠯᠡᠨ ᠵᠢᠱ᠌ᠢᠬᠦ ᠠᠵᠢᠯ᠎ᠢ ᠡᠬᠢᠯᠡᠭᠦᠯᠪᠡ
ᠨᠡᠶ᠋ᠢᠲᠡᠯᠡᠭᠰᠡᠨ ᠴᠠᠭ᠄ 2025-06-11

6 ᠳ᠋ᠤᠭ᠋ᠠᠷ ᠰᠠᠷ᠎ᠠ ᠵᠢᠨ 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠳᠡᠭᠡᠳᠦ ᠰᠤᠷᠭ᠋ᠠᠭᠤᠯᠢ ᠵᠢᠨ ᠳᠦᠷᠢᠮ᠎ᠤᠨ  ᠬᠡᠷᠡᠭᠵᠢᠭᠦᠯᠦᠯᠲᠡ ᠪᠠ ᠳᠦᠷᠢᠮ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ》ᠵᠢ ᠦᠨᠡᠯᠡᠨ ᠵᠢᠱ᠌ᠢᠬᠦ ᠠᠵᠢᠯ᠎ᠢ ᠲᠤᠰᠬᠠᠢ ᠰᠡᠳᠦᠪ ᠵᠶ᠋ᠡᠷ ᠪᠠᠢ᠌ᠷᠢᠯᠠᠭᠤᠯᠬᠤ ᠬᠤᠷᠠᠯ᠎ᠢ ᠬᠤᠷᠠᠯᠳᠤᠭᠤᠯᠵᠤ᠂ ᠳᠡᠭᠡᠳᠦ ᠰᠤᠷᠭ᠋ᠠᠭᠤᠯᠢ ᠵᠢᠨ ᠳᠦᠷᠢᠮ ᠎ᠤᠨ ᠬᠡᠷᠡᠭᠵᠢᠭᠦᠯᠦᠯᠲᠡ ᠪᠠ ᠳᠦᠷᠢᠮ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠪᠠᠶ᠋ᠢᠳᠠᠯ᠎ᠢ ᠦᠨᠡᠯᠡᠨ ᠵᠢᠱ᠌ᠢᠬᠦ ᠠᠵᠢᠯ᠎ᠢ ᠵᠢᠩᠬᠢᠨᠢ᠎ᠪᠠᠷ ᠡᠬᠢᠯᠡᠭᠦᠯᠪᠡ᠃

 

1.jpg

 

ᠬᠤᠷᠠᠯ᠎ᠠᠴᠠ 3 ᠦᠨᠡᠯᠡᠨ ᠵᠢᠱ᠌ᠢᠬᠦ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ᠎ᠢ ᠪᠠᠢ᠌ᠭᠤᠯᠤᠨ᠂ 15 ᠳᠡᠭᠡᠳᠦ ᠰᠤᠷᠭ᠋ᠠᠭᠤᠯᠢ᠎ᠳᠤ ᠬᠦᠷᠴᠦ᠂ ᠳᠦᠷᠢᠮ᠎ᠤᠨ ᠵᠦᠢ᠍ᠯ ᠵᠤᠷᠪᠤᠰ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠂ ᠡᠯ᠎ᠡ ᠵᠦᠢ᠍ᠯ᠎ᠤᠨ ᠳᠦᠷᠢᠮ᠎ᠢ 《ᠳᠣᠭᠲᠠᠭ᠋ᠠᠵᠤ ᠵᠠᠰᠠᠪᠤᠷᠢ ᠣᠷᠣᠭᠤᠯᠵᠤ ᠬᠦᠴᠦᠨ ᠦᠭᠡᠢ ᠪᠣᠯᠭ᠋ᠠᠭᠰᠠᠨ》 ᠪᠠᠶ᠋ᠢᠳᠠᠯ ᠵᠢᠴᠢ ᠳᠦᠷᠢᠮ᠎ᠤᠨ ᠡᠷᠬᠡ ᠵᠢ ᠬᠠᠮᠢᠶᠠᠷᠬᠤ᠂ ᠬᠡᠷᠡᠭ ᠶᠠᠪᠤᠳᠠᠯ᠎ᠢ ᠬᠠᠮᠢᠶᠠᠷᠬᠤ᠂ ᠬᠥᠮᠦᠨ᠎ᠢ ᠬᠠᠮᠢᠶᠠᠷᠬᠤ ᠦᠷ᠎ᠡ ᠪᠦᠲᠦᠮᠵᠢ ᠵᠢ ᠪᠦᠬᠦ ᠲᠠᠯ᠎ᠠ᠎ᠪᠠᠷ ᠦᠨᠡᠯᠡᠨ ᠵᠢᠱ᠌ᠢᠪᠡ᠃ ᠪᠤᠰᠤᠳ ᠳᠡᠭᠡᠳᠦ ᠰᠤᠷᠭ᠋ᠠᠭᠤᠯᠢ ᠵᠢ ᠡᠯ᠎ᠡ ᠰᠤᠷᠭ᠋ᠠᠭᠤᠯᠢ ᠵᠢᠨ ᠬᠢᠨᠠᠨ ᠪᠣᠳᠣᠬᠤ ᠰᠠᠯᠠᠭ᠎ᠠ ᠮᠥᠴᠢᠷ᠎ᠠᠴᠠ ᠬᠠᠷᠢᠭᠤᠴᠠᠨ᠂ ᠲᠤᠰ ᠲᠤᠰ ᠥᠪᠡᠷ᠎ᠤᠨ ᠰᠤᠷᠭ᠋ᠠᠭᠤᠯᠢ ᠵᠢᠨ ᠵᠶ᠋ᠡᠨ ᠦᠨᠡᠯᠡᠨ ᠵᠢᠱ᠌ᠢᠬᠦ ᠠᠵᠢᠯ᠎ᠢ ᠵᠡᠷᠭᠡ᠎ᠳᠤ᠎ᠨᠢ ᠪᠡᠶᠡᠯᠡᠭᠦᠯᠦᠨ᠎ᠡ᠃

ᠬᠤᠷᠠᠯ᠎ᠠᠴᠠ᠂ ᠦᠨᠡᠯᠡᠨ ᠵᠢᠱ᠌ᠢᠬᠦ ᠠᠵᠢᠯ ᠶᠠᠷᠢᠯᠴᠠᠬᠤ ᠬᠤᠷᠠᠯ᠎ᠢ ᠬᠤᠷᠠᠯᠳᠤᠭᠤᠯᠬᠤ᠂ ᠲᠤᠰᠬᠠᠢ ᠰᠤᠷᠪᠤᠯᠵᠢᠯᠠᠨ ᠶᠠᠷᠢᠯᠴᠠᠬᠤ᠂ ᠮᠠᠲ᠋ᠧᠷᠢᠶᠠᠯ ᠪᠠᠶ᠋ᠢᠴᠠᠭ᠋ᠠᠨ ᠦᠵᠡᠬᠦ ᠵᠡᠷᠭᠡ ᠠᠷᠭ᠎ᠠ ᠬᠡᠯᠪᠡᠷᠢ ᠵᠢ ᠠᠪᠴᠤ᠂ ᠳᠦᠷᠢᠮ᠎ᠤᠨ ᠵᠦᠢ᠍ᠯ ᠵᠤᠷᠪᠤᠰ᠎ᠢ ᠬᠡᠷᠡᠭᠵᠢᠭᠦᠯᠦᠭᠰᠡᠨ ᠪᠠᠶ᠋ᠢᠳᠠᠯ ᠪᠣᠯᠤᠨ ᠳᠦᠷᠢᠮ ᠎ᠤᠨ ᠪᠠᠶ᠋ᠢᠭᠤᠯᠤᠯᠲᠠ ᠵᠢᠴᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠵᠦᠢ᠍ᠯ ᠳᠠᠷᠠᠭ᠋ᠠᠯᠠᠨ ᠰᠤᠳᠤᠯᠤᠨ ᠮᠠᠭ᠋ᠠᠳᠯᠠᠵᠤ᠂ ᠣᠷᠣᠰᠢᠵᠤ ᠪᠠᠶ᠋ᠢᠭ᠎ᠠ ᠠᠰᠠᠭᠤᠳᠠᠯ᠎ᠢ ᠡᠷᠢᠨ ᠭᠠᠷᠭ᠋ᠠᠵᠤ᠂ ᠠᠰᠠᠭᠤᠳᠠᠯ ᠎ᠤᠨ ᠦᠨᠳᠦᠰᠦ ᠰᠤᠷᠪᠤᠯᠵᠢ ᠵᠢ ᠵᠠᠳᠠᠯᠤᠨ᠂ ᠰᠢᠢ᠍ᠳᠪᠦᠷᠢᠯᠡᠬᠦ ᠠᠷᠭ᠎ᠠ ᠪᠣᠳᠣᠯᠭ᠎ᠠ ᠪᠠ ᠰᠠᠨᠠᠭᠤᠯᠭ᠎ᠠ ᠳᠤᠷᠠᠳᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠦᠨᠡᠯᠡᠨ ᠵᠢᠱ᠌ᠢᠭᠰᠡᠨ ᠪᠠᠶ᠋ᠢᠳᠠᠯ᠎ᠢ ᠦᠨᠳᠦᠰᠦᠯᠡᠨ ᠬᠣᠯᠪᠣᠭᠳᠠᠯ ᠪᠦᠬᠦᠢ ᠵᠢᠯᠣᠭᠣᠳᠬᠤ ᠰᠠᠨᠠᠯ᠎ᠢ ᠲᠣᠭᠲᠠᠭ᠋ᠠᠵᠤ᠂ ᠳᠡᠭᠡᠳᠦ ᠰᠤᠷᠭ᠋ᠠᠭᠤᠯᠢ ᠵᠢᠨ ᠳᠦᠷᠢᠮ᠎ᠤᠨ ᠪᠠᠶ᠋ᠢᠭᠤᠯᠤᠯᠲᠠ ᠵᠢᠨ 《ᠳᠣᠭᠲᠠᠭ᠋ᠠᠬᠤ ᠵᠠᠰᠠᠬᠤ ᠬᠦᠴᠦᠨ ᠦᠭᠡᠢ ᠪᠣᠯᠭ᠋ᠠᠬᠤ ᠲᠠᠢ᠌ᠯᠪᠤᠷᠢᠯᠠᠬᠤ》 ᠠᠵᠢᠯ᠎ᠢ ᠥᠷᠨᠢᠭᠦᠯᠬᠦ ᠵᠢ ᠵᠢᠯᠣᠭᠣᠳᠬᠤ᠎ᠳᠤ ᠬᠡᠷᠡᠭᠯᠡᠵᠦ᠂ ᠰᠤᠷᠭ᠋ᠠᠨ ᠬᠥᠮᠦᠵᠢᠯ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠱᠠᠭ᠋ᠠᠷᠳᠠᠯᠭ᠎ᠠ ᠶᠣᠰᠣᠭ᠋ᠠᠷ᠂ ᠶᠡᠬᠡ ᠳᠡᠭᠡᠳᠦ ᠰᠤᠷᠭ᠋ᠠᠭᠤᠯᠢ ᠵᠢᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢ ᠳᠠᠬᠢᠨ ᠳᠡᠭᠡᠭᠰᠢᠯᠡᠭᠦᠯᠬᠦ ᠵᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠬᠤᠷᠠᠯ ᠳᠡᠭᠡᠷ᠎ᠡ ᠪᠠᠰᠠ ᠦᠨᠡᠯᠡᠨ ᠵᠢᠱ᠌ᠢᠬᠦ ᠠᠵᠢᠯ᠎ᠤᠨ ᠶᠠᠪᠤᠴᠠ᠂ ᠦᠨᠡᠯᠡᠨ ᠵᠢᠱ᠌ᠢᠬᠦ ᠭᠣᠣᠯᠳᠠᠯᠭ᠎ᠠ᠂ ᠠᠩᠬᠠᠷᠬᠤ ᠵᠦᠢ᠍ᠯ ᠵᠡᠷᠭᠡ ᠠᠵᠢᠯ᠎ᠳᠤ ᠴᠢᠭᠯᠡᠭᠦᠯᠦᠨ ᠲᠤᠰᠬᠠᠢ ᠰᠡᠳᠦᠪᠲᠦ ᠪᠣᠯᠪᠠᠰᠤᠷᠠᠯ ᠬᠢᠵᠡᠢ᠃

 

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号