6 ᠳ᠋ᠤᠭ᠋ᠠᠷ ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠳ᠋ᠦ᠋ ᠬᠤᠢ ᠯᠢᠶᠠᠩ ᠨᠠᠷ ᠬᠥᠯᠥᠨ ᠪᠤᠶ᠋ᠢᠷ ᠳᠡᠭᠡᠳᠦ ᠰᠤᠷᠭ᠋ᠠᠭᠤᠯᠢ᠂ ᠬᠥᠯᠥᠨ ᠪᠣᠶ᠋ᠢᠷ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠬᠠᠶ᠋ᠢᠯᠠᠷ᠎ᠤᠨ ᠨᠢᠭᠡᠳᠦᠭᠡᠷ ᠳᠤᠮᠳᠠᠳᠤ ᠰᠤᠷᠭ᠋ᠠᠭᠤᠯᠢ᠂ ᠰᠢᠦᠸᠡᠢ ᠹᠦ᠋ ᠵᠠᠮ᠎ᠤᠨ ᠳᠤᠮᠳᠠᠳᠤ ᠰᠤᠷᠭ᠋ᠠᠭᠤᠯᠢ᠎ᠳᠤ ᠭᠦᠨᠵᠡᠭᠡᠶ᠋ᠢᠷᠡᠨ ᠪᠠᠶ᠋ᠢᠴᠠᠭ᠋ᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ᠎ᠢ ᠬᠤᠷᠠᠯᠳᠤᠭᠤᠯᠪᠠ᠃


ᠳ᠋ᠦ᠋ ᠬᠤᠢ ᠯᠢᠶᠠᠩ᠂ ᠰᠤᠷᠭ᠋ᠠᠨ ᠬᠥᠮᠦᠵᠢᠯ᠎ᠤᠨ ᠠᠵᠢᠯ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠬᠤ ᠬᠡᠷᠡᠭᠲᠡᠢ᠃ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠤᠳᠤᠷᠢᠳᠤᠯᠭ᠎ᠠ ᠳᠣᠣᠷᠠᠬᠢ ᠰᠤᠷᠭ᠋ᠠᠭᠤᠯᠢ ᠵᠢᠨ ᠵᠠᠬᠢᠷᠤᠯ᠎ᠤᠨ ᠬᠠᠷᠢᠭᠤᠴᠠᠯᠭ᠎ᠠ ᠵᠢᠨ ᠳᠦᠷᠢᠮ ᠪᠣᠯᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠭᠰᠠᠨ ᠰᠤᠷᠭ᠋ᠠᠭᠤᠯᠢ ᠵᠢᠨ ᠵᠠᠬᠢᠷᠤᠯ᠎ᠤᠨ ᠬᠠᠷᠢᠭᠤᠴᠠᠯᠭ᠎ᠠ ᠵᠢᠨ ᠳᠦᠷᠢᠮ᠎ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠯᠤᠰ ᠲᠥᠷᠥ ᠵᠢᠨ ᠴᠢᠳᠠᠮᠵᠢ ᠪᠣᠯᠤᠨ ᠵᠣᠬᠢᠶᠠᠨ ᠪᠠᠶ᠋ᠢᠭᠤᠯᠤᠯᠲᠠ ᠵᠢᠨ ᠴᠢᠳᠠᠮᠵᠢ ᠵᠢ ᠦᠨᠡᠨ ᠬᠦ᠌ ᠴᠢᠩᠭ᠋ᠠᠳᠬᠠᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ᠂ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠵᠤ᠂ 《ᠶᠡᠬᠡ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠤᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠦᠨ᠂ ᠦᠵᠡᠯ ᠰᠠᠨᠠᠭ᠎ᠠ ᠤᠯᠤᠰ ᠲᠥᠷᠥ ᠵᠢᠨ ᠬᠥᠮᠦᠨ ᠬᠥᠮᠦᠵᠢᠭᠦᠯᠬᠦ ᠡᠩᠨᠡᠭᠡ ᠵᠢ ᠪᠠᠶ᠋ᠢᠭᠤᠯᠤᠨ ᠬᠦᠴᠦᠷᠬᠡᠭᠵᠢᠭᠦᠯᠵᠦ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠬᠦᠨᠳᠦ ᠡᠭᠦᠷᠭᠡ ᠵᠢ ᠡᠭᠦᠷᠭᠡᠯᠡᠬᠦ ᠴᠠᠭ ᠦᠶ᠎ᠡ ᠵᠢᠨ ᠰᠢᠨ᠎ᠡ ᠬᠥᠮᠦᠨ᠎ᠢ ᠨᠡᠩ ᠣᠯᠠᠨ ᠬᠥᠮᠥᠵᠢᠭᠦᠯᠬᠦ ᠬᠡᠷᠡᠭᠲᠡᠢ᠃ ᠳᠡᠭᠡᠳᠦ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠤᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ᠠᠵᠢᠯ ᠣᠯᠭᠣᠯᠲᠠ᠎ᠪᠠᠷ ᠤᠳᠤᠷᠢᠳᠤᠮᠵᠢ ᠪᠣᠯᠭ᠋ᠠᠵᠤ᠂ ᠠᠵᠤ ᠦᠢ᠍ᠯᠡᠰ ᠵᠶ᠋ᠠᠷ ᠬᠥᠲᠥᠯᠦᠮᠵᠢ ᠪᠣᠯᠭ᠋ᠠᠨ᠂ ᠠᠭ᠋ᠠᠷ᠎ᠤᠨ ᠦᠢ᠍ᠯᠡᠰ᠎ᠤᠨ ᠠᠵᠤ ᠠᠬᠤᠢ ᠪᠣᠯᠤᠨ ᠳᠣᠣᠷ᠎ᠠ ᠠᠭ᠋ᠠᠷ᠎ᠤᠨ ᠠᠵᠤ ᠠᠬᠤᠢ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠠᠩᠬᠠᠷᠤᠯ ᠵᠶ᠋ᠠᠨ ᠬᠠᠨᠳᠤᠭᠤᠯᠤᠨ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠤᠨ ᠪᠠᠶ᠋ᠢᠷᠢᠰᠢᠭᠤᠯᠤᠯᠲᠠ ᠵᠢ ᠬᠥᠳᠡᠯᠦᠩᠭᠦᠢ ᠲᠣᠬᠢᠷᠠᠭᠤᠯᠵᠤ᠂ 《ᠵᠥᠪ ᠴᠢᠭᠯᠡᠯ ᠵᠶ᠋ᠠᠷ ᠤᠷᠮᠠᠰᠢᠭᠤᠯᠬᠤ + ᠡᠰᠡᠷᠭᠦ ᠴᠢᠭᠯᠡᠯ ᠵᠶ᠋ᠠᠷ ᠬᠢᠵᠠᠭ᠋ᠠᠷᠯᠠᠬᠤ》᠎ᠪᠠᠷ ᠳᠠᠮᠵᠢᠭᠤᠯᠤᠨ᠂ ᠳᠡᠭᠡᠳᠦ ᠰᠤᠷᠭ᠋ᠠᠭᠤᠯᠢ ᠵᠢᠨ 《ᠬᠡᠷᠡᠭᠴᠡᠭᠡ ᠱᠠᠭ᠋ᠠᠷᠳᠠᠯᠭ᠎ᠠ ᠵᠢ ᠡᠰᠡᠷᠬᠦ ᠴᠢᠭᠯᠡᠯ᠎ᠠᠴᠠ ᠰᠢᠪᠠᠳᠠᠭᠤᠯᠵᠤ》 ᠪᠠᠶ᠋ᠢᠭᠰᠠᠨ᠎ᠢ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠬᠤ ᠲᠡᠢ᠌ᠰᠢ ᠬᠤᠪᠢᠷᠠᠭᠤᠯᠬᠤ ᠵᠢ ᠠᠬᠢᠭᠤᠯᠵᠤ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ ᠪᠣᠯᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠵᠣᠬᠢᠴᠠᠬᠤ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠡᠭᠡᠭᠡᠯᠲᠡ ᠬᠢᠵᠦ ᠬᠣᠯᠪᠤᠯᠳᠤᠨ ᠬᠥᠳᠡᠯᠦᠯᠴᠡᠬᠦ ᠵᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠪᠦᠲᠦᠭᠡᠨ ᠪᠠᠶ᠋ᠢᠭᠤᠯᠬᠤ ᠲᠣᠭᠣᠷᠢᠨ᠎ᠳᠤ᠂ ᠣᠷᠣᠰ᠂ ᠮᠣᠩᠭᠣᠯ ᠬᠣᠶᠠᠷ ᠤᠯᠤᠰ᠎ᠯᠤᠭ᠎ᠠ ᠵᠢᠨ ᠰᠤᠷᠭ᠋ᠠᠨ ᠬᠥᠮᠦᠵᠢᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠦᠨᠡᠨ ᠬᠦ᠌ ᠴᠢᠩᠭ᠋ᠠᠳᠬᠠᠵᠤ᠂ ᠬᠠᠮᠢᠶ᠎ᠠ ᠪᠦᠬᠦᠢ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠢ ᠨᠡᠮᠡᠨ ᠪᠠᠶ᠋ᠢᠭᠤᠯᠵᠤ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ᠂ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ ᠵᠢ ᠭᠦᠨᠵᠡᠭᠡᠶ᠋ᠢᠷᠡᠭᠦᠯᠵᠦ᠂ ᠣᠷᠣᠨ ᠪᠦᠰᠡ ᠵᠢᠨ ᠣᠨᠴᠠᠯᠢᠭ ᠪᠠ ᠥᠷᠢᠰᠥᠯᠳᠦᠬᠦ ᠬᠦᠴᠦᠨ᠎ᠲᠠᠢ ᠠᠵᠤ ᠦᠢ᠍ᠯᠡᠰ᠎ᠤᠨ ᠳᠡᠭᠡᠳᠦ ᠰᠤᠷᠭ᠋ᠠᠭᠤᠯᠢ ᠵᠢ ᠰᠦᠪᠡᠭᠴᠢᠯᠡᠨ ᠪᠠᠶ᠋ᠢᠭᠤᠯᠵᠤ᠂ ᠴᠡᠭ ᠪᠠ ᠨᠡᠶ᠋ᠢᠳᠡᠮ᠎ᠢ ᠤᠶᠠᠯᠳᠤᠭᠤᠯᠤᠨ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ ᠤᠨ ᠪᠦᠬᠦᠯᠢ ᠴᠣᠭᠴᠠ ᠵᠢᠨ ᠬᠢᠷᠢ ᠲᠦᠪᠰᠢᠨ᠎ᠤ ᠳᠡᠭᠡᠭᠰᠢᠯᠡᠯᠲᠡ ᠵᠢ ᠠᠬᠢᠭᠤᠯᠵᠤ᠂ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠬᠥᠮᠦᠵᠢᠭᠦᠯᠬᠦ ᠴᠢᠨᠠᠷ ᠴᠢᠨᠰᠠᠭ᠎ᠠ ᠦᠷ᠎ᠡ ᠠᠰᠢᠭ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠦᠷ᠎ᠡ ᠪᠦᠲᠦᠮᠵᠢ ᠵᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ᠃ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ ᠵᠢ ᠰᠡᠳᠬᠢᠯ ᠲᠠᠯᠪᠢᠨ ᠰᠠᠶ᠋ᠢᠲᠤᠷ ᠠᠬᠢᠭᠤᠯᠬᠤ ᠬᠡᠷᠡᠭᠲᠡᠢ᠃ ᠣᠳᠣᠬᠠᠨ᠎ᠤ ᠠᠵᠢᠯ ᠣᠯᠭᠣᠯᠲᠠ ᠵᠢᠨ ᠪᠠᠶ᠋ᠢᠳᠠᠯ᠎ᠢ ᠭᠦᠨᠵᠡᠭᠡᠢ ᠵᠠᠳᠠᠯᠵᠤ ᠰᠤᠳᠤᠯᠤᠨ ᠮᠠᠭ᠋ᠠᠳᠯᠠᠵᠤ᠂ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠪᠠᠷᠢᠮᠵᠢᠶ᠎ᠠ ᠵᠢ ᠳᠡᠭᠡᠭᠰᠢᠯᠡᠭᠦᠯᠦᠨ᠂ ᠬᠤᠷᠳᠤᠴᠠ ᠵᠢ ᠲᠦᠷᠭᠡᠳᠬᠡᠵᠦ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ ᠠᠵᠢᠯ᠎ᠢ ᠰᠠᠶ᠋ᠢᠲᠤᠷ ᠬᠢᠵᠦ᠂ ᠬᠦᠴᠢᠷᠳᠡᠯᠲᠡᠢ ᠲᠡᠭᠦᠰᠦᠭᠰᠡᠳ᠎ᠲᠤ ᠠᠵᠢᠯ ᠣᠯᠭᠣᠵᠤ ᠬᠠᠪᠰᠤᠷᠤᠨ ᠲᠡᠳᠬᠦᠬᠦ ᠲᠠᠯ᠎ᠠ᠎ᠪᠠᠷ ᠳᠠᠬᠢᠨ ᠬᠦᠴᠦᠯᠡᠵᠦ᠂ ᠨᠡᠮᠡᠭᠳᠡᠯ ᠲᠥᠷᠥ ᠵᠢᠨ ᠪᠣᠳᠣᠯᠭ᠎ᠠ ᠵᠢ ᠪᠣᠳᠠᠲᠠᠢ᠌ᠵᠢᠭᠤᠯᠤᠨ ᠨᠠᠶ᠋ᠢᠳᠠᠪᠤᠷᠢᠵᠢᠭᠤᠯᠵᠤ᠂ ᠨᠥᠯᠦᠭᠡ ᠦᠵᠡᠭᠦᠯᠬᠦ ᠵᠢ ᠦᠨᠡᠨ ᠬᠦ᠌ ᠪᠠᠲᠤᠯᠠᠨ᠂ ᠠᠵᠢᠯ ᠣᠯᠭᠣᠯᠲᠠ ᠵᠢ ᠪᠦᠲᠦᠮᠵᠢᠲᠡᠢ ᠲᠣᠭᠲᠠᠪᠤᠷᠢᠵᠢᠭᠤᠯᠤᠨ ᠥᠷᠭᠡᠳᠭᠡᠬᠦ ᠬᠡᠷᠡᠭᠲᠡᠢ᠃ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ ᠰᠢᠯᠭ᠋ᠠᠯᠲᠠ ᠪᠠ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠥᠭᠡᠷᠡᠴᠢᠯᠡᠯᠲᠡ ᠵᠢᠨ ᠡᠯ᠎ᠡ ᠵᠦᠢ᠍ᠯ᠎ᠤᠨ ᠠᠵᠢᠯ᠎ᠢ ᠨᠠᠷᠢᠯᠢᠭ ᠮᠥᠷᠲᠡᠭᠡᠨ ᠪᠣᠳᠠᠲᠠᠢ ᠰᠠᠶ᠋ᠢᠲᠤᠷ ᠬᠢᠬᠦ ᠬᠡᠷᠡᠭᠲᠡᠢ᠃ ᠭᠣᠣᠯ ᠴᠣᠭᠴᠠ ᠵᠢᠨ ᠬᠠᠷᠢᠭᠤᠴᠠᠯᠭ᠎ᠠ ᠵᠢ ᠦᠷᠭᠦᠯᠵᠢᠯᠡᠨ ᠪᠣᠳᠠᠲᠠᠶ᠋ᠢᠵᠢᠭᠤᠯᠵᠤ᠂ ᠠᠶᠤᠯ ᠲᠦᠭᠰᠢᠭᠦᠷᠢ ᠵᠢᠨ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠬᠤ ᠵᠢ ᠴᠢᠩᠭ᠋ᠠᠳᠬᠠᠵᠤ᠂ ᠰᠢᠯᠭ᠋ᠠᠯᠲᠠ ᠵᠢᠨ ᠶᠠᠪᠤᠳᠠᠯ᠎ᠤᠨ ᠵᠢᠷᠤᠮᠵᠢᠯ᠎ᠢ ᠴᠢᠩᠭ᠎ᠠ ᠨᠠᠢ᠌ᠳᠠᠪᠤᠷᠢᠵᠢᠭᠤᠯᠤᠨ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ ᠰᠢᠯᠭ᠋ᠠᠯᠲᠠ ᠪᠠ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠪᠦᠬᠦ ᠶᠠᠪᠤᠴᠠ ᠪᠠ ᠡᠯ᠎ᠡ ᠭᠣᠭᠴᠣᠭ᠎ᠠ ᠵᠢᠨ ᠲᠣᠭᠲᠠᠭᠤᠨ ᠪᠥᠭᠡᠳ ᠡᠮᠬᠢ ᠵᠢᠷᠤᠮ᠎ᠲᠠᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠲᠠᠶ᠋ᠢᠯᠤᠮᠵᠢ ᠵᠢ ᠴᠢᠩᠭ᠋ᠠᠳᠬᠠᠵᠤ᠂ ᠰᠢᠯᠭ᠋ᠠᠭᠤᠯᠤᠭᠴᠢ ᠪᠠ ᠭᠡᠷ᠎ᠤᠨ ᠠᠬᠠᠮᠠᠳ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠢ ᠢᠳᠡᠪᠬᠢᠲᠡᠢ ᠬᠠᠷᠢᠭᠤᠯᠵᠤ᠂ ᠶᠠᠷᠢᠶ᠎ᠠ ᠬᠡᠯᠡᠯᠴᠡᠭᠡᠨ᠎ᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ᠃ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠬᠢᠷᠢ ᠲᠦᠪᠰᠢᠨ᠎ᠤ ᠰᠢᠯᠭ᠋ᠠᠯᠲᠠ ᠪᠠ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠥᠭᠡᠷᠡᠴᠢᠯᠡᠯᠲᠡ᠎ᠪᠠᠷ ᠠᠵᠠ ᠲᠣᠬᠢᠶᠠᠯ ᠪᠣᠯᠭ᠋ᠠᠵᠤ᠂ ᠰᠠᠭᠤᠷᠢ ᠰᠤᠷᠭ᠋ᠠᠨ ᠬᠥᠮᠦᠵᠢᠯ᠎ᠤᠨ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠬᠥᠭᠵᠢᠭᠦᠯᠦᠯᠲᠡ ᠵᠢᠨ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ ᠵᠣᠬᠢᠶᠠᠵᠤ᠂ ᠬᠥᠭᠵᠢᠯᠲᠡ ᠵᠢᠨ ᠬᠠᠷᠠᠯᠲᠠ᠂ ᠭᠣᠣᠯᠳᠠᠯᠭ᠎ᠠ᠎ᠲᠠᠢ ᠡᠭᠦᠷᠭᠡ ᠪᠠ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠨ᠂ ᠵᠢᠭ᠋ᠠᠬᠤ᠂ ᠰᠤᠳᠤᠯᠬᠤ᠂ ᠰᠤᠷᠤᠯᠴᠠᠬᠤ ᠴᠢᠳᠠᠪᠤᠷᠢ ᠪᠠ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠷᠢ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠬᠡᠷᠡᠭᠲᠡᠢ᠃ ᠣᠨᠴᠠᠯᠢᠭᠲᠤ ᠪᠡᠶ᠎ᠡ ᠵᠢᠨ ᠲᠠᠮᠢᠷ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ ᠵᠶ᠋ᠠᠷ ᠬᠥᠲᠥᠯᠦᠮᠵᠢ ᠪᠣᠯᠭ᠋ᠠᠵᠤ᠂ ᠰᠤᠷᠤᠭᠴᠢᠳ᠎ᠤᠨ ᠪᠡᠶ᠎ᠡ ᠰᠡᠳᠬᠢᠯ᠎ᠤᠨ ᠡᠷᠡᠭᠦᠯ ᠵᠶ᠋ᠠᠷ ᠬᠥᠭᠵᠢᠬᠦ ᠵᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ᠃ ᠮᠥᠰᠥ ᠴᠠᠰᠤᠨ᠎ᠤ ᠪᠡᠶ᠎ᠡ ᠵᠢᠨ ᠲᠠᠮᠢᠷ᠂ ᠪᠤᠶ᠋ᠢᠺᠤ ᠪᠥᠮᠪᠥᠭᠡ ᠵᠡᠷᠭᠡ ᠳᠠᠪᠠᠭᠤᠯᠢᠭ ᠣᠨᠴᠠᠯᠢᠭᠲᠤ ᠪᠡᠶ᠎ᠡ ᠵᠢᠨ ᠲᠠᠮᠢᠷ᠎ᠤᠨ ᠲᠥᠷᠥᠯ ᠵᠦᠢ᠍ᠯ ᠪᠣᠯᠤᠨ ᠬᠠᠮᠢᠶ᠎ᠠ ᠪᠦᠬᠦᠢ ᠠᠵᠤ ᠦᠢ᠍ᠯᠡᠰ᠎ᠢ ᠠᠭᠤᠰᠬᠠᠨ ᠬᠥᠭᠵᠢᠭᠦᠯᠬᠦ ᠡᠷᠴᠢᠮ᠎ᠢ ᠴᠢᠩᠭ᠋ᠠᠷᠠᠭᠤᠯᠵᠤ᠂ ᠬᠢᠴᠢᠶᠡᠯ᠎ᠤᠨ ᠪᠠᠶ᠋ᠢᠭᠤᠯᠤᠯᠲᠠ ᠵᠢ ᠲᠡᠭᠦᠯᠳᠡᠷᠵᠢᠭᠦᠯᠦᠨ᠂ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠥᠭᠵᠢᠯᠲᠡ ᠵᠢᠨ ᠵᠢᠮ᠎ᠡ ᠶᠣᠰᠣᠨ᠎ᠳᠤ ᠨᠡᠶ᠋ᠢᠴᠡᠬᠦ ᠴᠢᠳᠠᠪᠤᠷᠢᠲᠠᠨ᠎ᠢ ᠬᠥᠮᠦᠵᠢᠭᠦᠯᠬᠦ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ ᠪᠠ ᠴᠢᠳᠠᠪᠤᠷᠢᠲᠠᠨ ᠬᠥᠮᠦᠵᠢᠭᠦᠯᠬᠦ ᠬᠢᠷᠢ ᠬᠡᠮᠵᠢᠶ᠎ᠡ ᠵᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ᠃ 《ᠤᠯᠤᠰ᠎ᠤᠨ ᠰᠤᠷᠤᠭᠴᠢᠳ᠎ᠤᠨ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠤᠨ ᠪᠠᠷᠢᠮᠵᠢᠶ᠎ᠠ》 ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠠᠵᠢᠯ᠎ᠢ ᠴᠢᠩᠭ᠋ᠠᠳᠬᠠᠵᠤ᠂ ᠪᠡᠶ᠎ᠡ ᠵᠢᠨ ᠲᠠᠮᠢᠷ᠎ᠤᠨ ᠬᠢᠴᠢᠶᠡᠯ᠎ᠢ ᠭᠦᠢ᠍ᠴᠡᠳ ᠨᠡᠭᠡᠭᠡᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠡᠳᠦᠷ ᠪᠦᠷᠢ ᠵᠢᠨ ᠶᠡᠷᠦᠩᠬᠡᠶ᠋ᠢᠯᠡᠭᠰᠡᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠴᠠᠭ᠎ᠢ ᠬᠠᠮᠤᠭ᠎ᠤᠨ ᠪᠠᠭ᠎ᠠ᠎ᠳᠤ᠎ᠪᠠᠨ 2 ᠴᠠᠭ᠎ᠢ ᠪᠠᠶ᠋ᠢᠯᠭ᠋ᠠᠬᠤ ᠵᠢ ᠪᠠᠲᠤᠯᠠᠨ᠂ ᠰᠤᠷᠤᠭᠴᠢᠳ᠎ᠤᠨ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠤᠨ ᠬᠢᠷᠢ ᠲᠦᠪᠰᠢᠨ᠎ᠢ ᠲᠣᠭᠲᠠᠭᠤᠨ ᠵᠶ᠋ᠠᠷ ᠳᠡᠭᠡᠭᠰᠢᠯᠡᠭᠦᠯᠬᠦ ᠵᠢ ᠠᠬᠢᠭᠤᠯᠬᠤ ᠬᠡᠷᠡᠭᠲᠡᠢ᠃ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠋ᠠᠨ᠎ᠤ ᠰᠤᠷᠤᠯᠴᠠᠯᠭ᠎ᠠ ᠬᠥᠮᠦᠵᠢᠯ᠎ᠢ ᠨᠠᠷᠢᠨ ᠬᠢᠨᠠᠮᠠᠭ᠋ᠠᠢ ᠥᠷᠨᠢᠭᠦᠯᠬᠦ ᠬᠡᠷᠡᠭᠲᠡᠢ᠃ ᠰᠤᠷᠤᠯᠴᠠᠬᠤ ᠵᠢ ᠳᠠᠬᠢᠨ ᠭᠦᠨᠵᠡᠭᠡᠶ᠋ᠢᠷᠡᠭᠦᠯᠵᠦ᠂ ᠪᠠᠶ᠋ᠢᠴᠠᠭ᠋ᠠᠬᠤ ᠵᠢ ᠳᠠᠬᠢᠨ ᠭᠦᠨᠵᠡᠭᠡᠢ᠌ᠷᠡᠭᠦᠯᠦᠨ᠂ ᠥᠭᠡᠷᠡᠴᠢᠯᠡᠬᠦ᠎ᠳᠤ ᠪᠣᠳᠠᠲᠤ ᠦᠷ᠎ᠡ ᠪᠦᠲᠦᠮᠵᠢ ᠣᠯᠵᠤ᠂ ᠰᠤᠷᠭ᠋ᠠᠭᠤᠯᠢ ᠡᠷᠬᠢᠯᠡᠵᠦ ᠰᠤᠷᠭ᠋ᠠᠭᠤᠯᠢ ᠵᠢ ᠵᠠᠰᠠᠬᠤ ᠴᠢᠳᠠᠪᠤᠷᠢ ᠪᠠ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠴᠢᠷᠮᠠᠶ᠋ᠢᠨ ᠰᠠᠶ᠋ᠢᠲᠤᠷ ᠡᠷᠬᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠬᠥᠯᠥᠨ ᠪᠤᠶ᠋ᠢᠷ ᠬᠣᠲᠠ ᠵᠢᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠰᠦᠨ ᠸᠧᠢ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠠᠮᠢᠶ᠎ᠠ ᠪᠦᠬᠦᠢ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠪᠠ᠃