ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠳ᠋ᠦ᠋ ᠬᠤᠢ ᠯᠢᠶᠠᠩ ᠨᠠᠷ ᠭᠢᠷᠢᠨ ᠶᠡᠬᠡ ᠰᠤᠷᠭ᠋ᠠᠭᠤᠯᠢ᠎ᠳᠤ ᠬᠦᠷᠴᠦ ᠰᠤᠷᠪᠤᠯᠵᠢᠯᠠᠨ ᠠᠵᠢᠯ ᠵᠶ᠋ᠠᠨ ᠵᠣᠯᠭ᠋ᠠᠭᠤᠯᠪᠠ
ᠨᠡᠶ᠋ᠢᠲᠡᠯᠡᠭᠰᠡᠨ ᠴᠠᠭ᠄ 2025-06-13

6 ᠰᠠᠷ᠎ᠠ ᠵᠢᠨ 12᠎ᠤᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠳ᠋ᠦ᠋ ᠬᠤᠢ ᠯᠢᠶᠠᠩ ᠪᠦᠯᠬᠦᠮ ᠳᠠᠭ᠋ᠠᠭᠤᠯᠤᠨ ᠭᠢᠷᠢᠨ ᠶᠡᠬᠡ ᠰᠤᠷᠭ᠋ᠠᠭᠤᠯᠢ᠎ᠳᠤ ᠬᠦᠷᠴᠦ ᠰᠤᠷᠪᠤᠯᠵᠢᠯᠠᠨ ᠠᠵᠢᠯ ᠵᠶ᠋ᠠᠨ ᠵᠣᠯᠭ᠋ᠠᠭᠤᠯᠪᠠ᠃

1.jpg

 

ᠳ᠋ᠦ᠋ ᠬᠤᠢ ᠯᠢᠶᠠᠩ ᠤᠷᠲᠤ ᠬᠤᠭᠤᠴᠠᠭ᠋ᠠᠨ᠎ᠤ ᠲᠤᠷᠰᠢ᠂ ᠭᠢᠷᠢᠨ ᠶᠡᠬᠡ ᠰᠤᠷᠭ᠋ᠠᠭᠤᠯᠢ ᠥᠪᠡᠷ᠎ᠤᠨ ᠰᠢᠯᠢᠳᠡᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ᠂ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠦᠢ᠍ᠯᠡᠰ᠎ᠢ ᠬᠦᠴᠦᠲᠡᠢ ᠳᠡᠮᠵᠢᠨ᠂ ᠰᠢᠨᠵᠢᠯᠡᠭᠡᠨ᠎ᠤ ᠰᠠᠯᠠᠭ᠋ᠠᠨ᠎ᠤ ᠪᠦᠲᠦᠭᠡᠨ ᠪᠠᠶ᠋ᠢᠭᠤᠯᠤᠯᠲᠠ᠂ ᠴᠢᠳᠠᠪᠤᠷᠢᠲᠠᠨ ᠬᠥᠮᠦᠵᠢᠭᠦᠯᠬᠦ ᠵᠡᠷᠭᠡ ᠬᠦᠷᠢᠶᠡᠨ᠎ᠳᠤ ᠭᠦᠨᠵᠡᠭᠡᠢ ᠬᠠᠮᠲᠤᠷᠠᠯᠴᠠᠵᠤ᠂ ᠦᠷ᠎ᠡ ᠪᠥᠲᠦᠮᠵᠢ ᠣᠯᠪᠠ᠃ ᠣᠳᠣᠬᠠᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ ᠶᠠᠭ ᠶᠡᠷᠦᠩᠬᠡᠢ ᠱᠦᠵᠢ ᠰᠢ᠎ᠵᠢᠨ᠎ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ ᠳᠡᠰ ᠳᠡᠪᠰᠢᠭᠦᠯᠬᠦ ᠵᠢ ᠪᠡᠶᠡᠯᠡᠭᠦᠯᠬᠦ᠎ᠪᠠᠷ ᠭᠣᠣᠯ ᠰᠢᠪᠲᠤᠯᠤᠯᠲᠠ ᠵᠢᠨ ᠬᠠᠷᠠᠯᠲᠠ ᠪᠣᠯᠭ᠋ᠠᠵᠤ᠂ ᠴᠢᠨᠠᠷᠯᠢᠭ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠲᠦᠷᠭᠡᠳᠬᠡᠨ ᠪᠠᠶ᠋ᠢᠭᠤᠯᠵᠤ ᠪᠣᠢ᠃ ᠡᠨᠡ ᠤᠳᠠᠭ᠋ᠠᠨ᠎ᠤ ᠠᠵᠢᠯ ᠵᠶ᠋ᠠᠨ ᠵᠣᠯᠭ᠋ᠠᠭᠤᠯᠬᠤ᠎ᠪᠠᠷ ᠠᠵᠠ ᠲᠣᠬᠢᠶᠠᠯ ᠪᠣᠯᠭ᠋ᠠᠵᠤ᠂ ᠥᠩᠭᠡᠷᠡᠭᠰᠡᠨ᠎ᠤ ᠬᠠᠮᠲᠤᠷᠠᠯᠴᠠᠭ᠋ᠠᠨ᠎ᠤ ᠰᠠᠭᠤᠷᠢᠨ ᠳᠡᠭᠡᠷ᠎ᠡ᠂ ᠳᠡᠭᠡᠳᠦ ᠳᠡᠰ᠎ᠤᠨ ᠲᠥᠯᠥᠪᠯᠡᠭᠡ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠲᠤᠰ ᠲᠤᠰ᠎ᠤᠨ ᠳᠠᠪᠠᠭᠤᠯᠢᠭ ᠲᠠᠯ᠎ᠠ᠎ᠪᠠᠨ ᠭᠦᠢ᠍ᠴᠡᠳ ᠪᠠᠳᠠᠷᠠᠭᠤᠯᠵᠤ᠂ ᠵᠡᠭᠦᠨ ᠬᠣᠶ᠋ᠢᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢᠨ ᠲᠣᠭᠣᠷᠢᠨ᠎ᠳᠤ᠂ 《ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠢ ᠨᠢᠭᠡ ᠴᠣᠭᠴᠠᠵᠢᠭᠤᠯᠬᠤ》 ᠬᠥᠭᠵᠢᠯᠲᠡ᠎ᠳᠤ ᠠᠩᠬᠠᠷᠤᠯ ᠵᠶ᠋ᠠᠨ ᠬᠠᠨᠳᠤᠭᠤᠯᠤᠨ᠂ ᠲᠡᠷᠢᠭᠦᠨ᠎ᠤ ᠬᠢᠴᠢᠶᠡᠯ ᠲᠥᠷᠥᠯ᠎ᠢ ᠬᠠᠮᠲᠤ ᠪᠠᠶ᠋ᠢᠭᠤᠯᠬᠤ ᠬᠠᠮᠲᠤᠷᠠᠯᠴᠠᠭ᠎ᠠ ᠵᠢ ᠭᠦᠨᠵᠡᠭᠡᠢ ᠥᠷᠨᠢᠭᠦᠯᠵᠦ᠂ ᠰᠤᠷᠭ᠋ᠠᠨ ᠬᠥᠮᠦᠵᠢᠯ᠎ᠤᠨ ᠠᠵᠢᠯ ᠲᠥᠷᠥᠯ᠎ᠤᠨ ᠳᠣᠭᠲᠠᠯᠴᠠᠭ᠎ᠠ ᠵᠢᠨ ᠬᠠᠮᠲᠤᠷᠠᠯᠴᠠᠭ᠎ᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠰᠤᠷᠭ᠋ᠠᠭᠤᠯᠢ ᠪᠠ ᠣᠷᠣᠨ ᠨᠤᠲᠤᠭ᠎ᠤᠨ ᠬᠠᠮᠲᠤᠷᠠᠯᠴᠠᠭ᠋ᠠᠨ᠎ᠤ ᠥᠷᠭᠡᠴᠡ ᠪᠠ ᠭᠦᠨᠴᠡ ᠵᠢ ᠲᠠᠰᠤᠷᠠᠯᠲᠠ ᠦᠭᠡᠢ ᠥᠷᠭᠡᠳᠬᠡᠨ᠂ ᠬᠣᠶᠠᠷ ᠭᠠᠵᠠᠷ᠎ᠤᠨ ᠳᠡᠭᠡᠳᠦ ᠰᠤᠷᠭ᠋ᠠᠭᠤᠯᠢ ᠬᠠᠮᠵᠢᠯᠴᠠᠨ ᠰᠢᠨ᠎ᠡ ᠬᠡᠪ ᠵᠠᠭᠪᠤᠷ᠎ᠢ ᠬᠠᠮᠲᠤᠷᠠᠨ ᠰᠦᠪᠡᠭᠴᠢᠯᠡᠬᠦ ᠵᠢ ᠬᠦᠰᠡᠵᠦ ᠪᠠᠶ᠋ᠢᠨ᠎ᠠ᠃ ᠡᠭᠦᠨ᠎ᠤ ᠬᠠᠮᠲᠤ᠂ ᠭᠢᠷᠢᠨ ᠶᠡᠬᠡ ᠰᠤᠷᠭ᠋ᠠᠭᠤᠯᠢ ᠵᠢᠨ ᠰᠢᠯᠢᠳᠡᠭ ᠰᠤᠷᠤᠭᠴᠢᠳ ᠥᠪᠥᠷ ᠮᠣᠩᠭᠣᠯ᠎ᠳᠤ ᠢᠷᠡᠵᠦ᠂ ᠠᠪᠢᠶᠠᠰ ᠴᠢᠳᠠᠪᠤᠷᠢ᠎ᠪᠠᠨ ᠪᠠᠳᠠᠷᠠᠭᠤᠯᠤᠨ᠂ ᠭᠠᠪᠢᠶ᠎ᠠ ᠵᠢᠳᠬᠦᠯ ᠭᠠᠷᠭ᠋ᠠᠨ ᠦᠢ᠍ᠯᠡᠰ ᠪᠦᠲᠦᠭᠡᠵᠦ᠂ ᠭᠠᠵᠠᠷ ᠣᠷᠣᠨ᠎ᠤ ᠬᠥᠭᠵᠢᠯᠲᠡ᠎ᠳᠤ ᠭᠠᠷ ᠬᠣᠯᠪᠣᠨ ᠬᠦᠴᠦᠨ ᠴᠢᠳᠠᠯ ᠵᠶ᠋ᠠᠨ ᠡᠷᠭᠦᠬᠦ ᠵᠢ ᠴᠢᠩ ᠰᠡᠳᠬᠢᠯ᠎ᠠᠴᠠ᠎ᠪᠠᠨ ᠬᠦᠰᠡᠵᠦ ᠪᠠᠶ᠋ᠢᠨ᠎ᠠ ᠭᠡᠪᠡ᠃

ᠭᠢᠷᠢᠨ ᠶᠡᠬᠡ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠱᠦᠵᠢ ᠲᠢᠶᠠᠨ ᠾᠦᠢ᠂ ᠣᠳᠣᠬᠠᠨ᠎ᠳᠤ᠂ ᠭᠢᠷᠢᠨ ᠶᠡᠬᠡ ᠰᠤᠷᠭ᠋ᠠᠭᠤᠯᠢ ᠶᠠᠭ ᠶᠡᠷᠦᠩᠬᠡᠢ ᠱᠦᠵᠢ ᠰᠢ᠎ᠵᠢᠨ᠎ᠫᠢᠩ᠎ᠤᠨ ᠴᠢᠬᠤᠯᠠ ᠶᠠᠷᠢᠶ᠎ᠠ ᠪᠣᠯᠤᠨ ᠴᠢᠬᠤᠯᠠ ᠬᠠᠷᠢᠭᠤ ᠵᠠᠬᠢᠳᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠯᠤᠰ᠎ᠤᠨ ᠪᠠᠶ᠋ᠢᠯᠳᠤᠬᠤ ᠪᠣᠳᠣᠯᠭ᠎ᠠ ᠪᠣᠯᠤᠨ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠬᠦ᠎ᠪᠠᠷ ᠭᠣᠣᠯ ᠡᠭᠦᠷᠭᠡ ᠪᠣᠯᠭ᠋ᠠᠬᠤ ᠵᠢ ᠪᠠᠷᠢᠮᠲᠠᠯᠠᠵᠤ᠂ ᠣᠷᠣᠨ ᠪᠦᠰᠡ ᠵᠢᠨ ᠰᠢᠨ᠎ᠡ ᠵᠢ ᠡᠭᠦᠳᠬᠦ ᠥᠨᠳᠥᠷᠯᠢᠭ᠎ᠢ ᠥᠳᠲᠡᠷ ᠲᠦᠷᠭᠡᠨ ᠪᠠᠶ᠋ᠢᠭᠤᠯᠵᠤ᠂ ᠰᠤᠷᠭ᠋ᠠᠭᠤᠯᠢ ᠵᠢᠨ ᠶᠡᠬᠡ᠎ᠠᠴᠠ ᠬᠦᠴᠦᠷᠬᠡᠭ ᠪᠣᠯᠬᠤ ᠰᠢᠰᠲ᠋ᠧᠮᠲᠦ ᠴᠢᠨᠠᠷᠲᠠᠢ ᠳᠠᠪᠰᠢᠯᠲᠠ ᠵᠢ ᠪᠡᠶᠡᠯᠡᠭᠦᠯᠬᠦ ᠵᠢ ᠬᠦᠴᠦᠯᠡᠨ ᠠᠬᠢᠭᠤᠯᠵᠤ ᠪᠣᠢ᠃ ᠲᠤᠰ ᠲᠤᠰ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠤᠯᠤᠰ᠎ᠤᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠪᠣᠯᠤᠨ ᠣᠷᠣᠨ ᠪᠦᠰᠡ ᠵᠢᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ᠎ᠳᠤ ᠦᠢ᠍ᠯᠡᠴᠢᠯᠡᠬᠦ᠎ᠪᠠᠷ ᠤᠳᠤᠷᠢᠳᠤᠮᠵᠢ ᠪᠣᠯᠭ᠋ᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠠᠯᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠲᠤᠰᠠᠯᠠᠬᠤ ᠠᠵᠢᠯ᠎ᠤᠨ ᠡᠷᠴᠢᠮ᠎ᠢ ᠴᠢᠩᠭ᠋ᠠᠷᠠᠭᠤᠯᠵᠤ᠂ ᠲᠤᠰᠠᠯᠠᠬᠤ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠦᠨ᠂ ᠬᠡᠷᠡᠭᠴᠡᠭᠡ ᠱᠠᠭ᠋ᠠᠷᠳᠠᠯᠭ᠎ᠠ᠎ᠳᠤ ᠲᠣᠬᠢᠷᠠᠬᠤ ᠴᠡᠭ᠎ᠢ ᠭᠦᠨᠵᠡᠭᠡᠢ ᠡᠷᠢᠵᠦ᠂ ᠪᠦᠬᠦ ᠲᠠᠯ᠎ᠠ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠦᠨ ᠥᠷᠭᠡᠳᠬᠡᠵᠦ᠂ ᠥᠨᠳᠥᠷ ᠪᠦᠲᠦᠮᠵᠢᠲᠡᠢ ᠬᠠᠮᠲᠤᠷᠠᠯᠴᠠᠭ᠋ᠠᠨ᠎ᠤ ᠲᠣᠭᠲᠠᠴᠠ ᠵᠢ ᠪᠠᠢ᠌ᠭᠤᠯᠤᠨ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠣᠷᠣᠨ ᠪᠦᠰᠡ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠪᠣᠯᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠬᠦ᠎ᠳᠤ ᠨᠡᠩ ᠶᠡᠬᠡ ᠬᠦᠴᠦᠨ ᠨᠡᠮᠡᠷᠢᠯᠡᠬᠦ ᠵᠢ ᠬᠦᠰᠡᠵᠦ ᠪᠠᠶ᠋ᠢᠨ᠎ᠠ ᠭᠡᠪᠡ᠃

ᠠᠭᠤᠯᠵᠠᠯᠲᠠ᠎ᠠᠴᠠ ᠡᠮᠦᠨ᠎ᠡ᠂ ᠳ᠋ᠦ᠋ ᠬᠤᠢ ᠯᠢᠶᠠᠩ ᠨᠠᠷ ᠭᠢᠷᠢᠨ ᠶᠡᠬᠡ ᠰᠤᠷᠭ᠋ᠠᠭᠤᠯᠢ ᠵᠢᠨ ᠲᠡᠦᠬᠡ ᠵᠢᠨ ᠣᠷᠳᠣᠨ᠂ ᠶᠡᠷᠦᠩᠬᠡᠶ᠋ᠢᠯᠡᠭᠰᠡᠨ ᠣᠨᠴᠠᠭ᠋ᠠᠢ ᠨᠥᠬᠦᠴᠡᠯᠲᠦ ᠥᠨᠳᠥᠷ ᠳᠠᠷᠤᠯᠲᠠᠲᠤ ᠰᠢᠨᠵᠢᠯᠡᠬᠦ ᠤᠬᠠᠭ᠋ᠠᠨ᠎ᠤ ᠲᠥᠪ ᠵᠡᠷᠭᠡ ᠵᠢ ᠲᠣᠭᠣᠷᠢᠨ ᠦᠵᠡᠪᠡ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ᠂ ᠤᠯᠠᠭ᠋ᠠᠨᠬᠠᠳᠠ ᠳᠡᠭᠡᠳᠦ ᠰᠤᠷᠭ᠋ᠠᠭᠤᠯᠢ ᠵᠡᠷᠭᠡ 4 ᠶᠡᠬᠡ ᠳᠡᠭᠡᠳᠦ ᠰᠤᠷᠭ᠋ᠠᠭᠤᠯᠢ ᠵᠢᠨ ᠭᠣᠣᠯ ᠬᠠᠷᠢᠭᠤᠴᠠᠯᠭ᠋ᠠᠲᠠᠨ᠂ ᠭᠢᠷᠢᠨ ᠶᠡᠬᠡ ᠰᠤᠷᠭ᠋ᠠᠭᠤᠯᠢ ᠵᠢᠨ ᠬᠣᠯᠪᠣᠭᠳᠠᠯ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠠᠵᠢᠯᠯᠠᠭ᠎ᠠ᠎ᠳᠤ ᠣᠷᠣᠯᠴᠠᠵᠠᠢ᠃

 

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠲᠠᠳ᠎ᠤᠨ ᠠᠯᠠᠭ᠋ᠠᠳᠠᠬᠤ ᠪᠥᠮᠪᠥᠭᠡ ᠵᠢᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ (ᠵᠢᠩᠬᠢᠨᠢ ᠠᠩᠭᠢ ᠵᠢᠨ ᠳᠤᠭᠤᠶ᠋ᠢᠯᠠᠩ) ᠥᠨᠳᠦᠷᠯᠡᠪᠡ
2025 ᠣᠨ᠎ᠤ 《ᠵᠠᠭᠤᠨ ᠬᠤᠲᠠ ᠮᠢᠩᠭ᠋ᠠᠨ ᠰᠤᠷᠭ᠋ᠠᠭᠤᠯᠢ ᠲᠦᠮᠡᠨ ᠠᠵᠤ ᠠᠬᠤᠶ᠋ᠢᠯᠠᠯ》 ᠠᠵᠢᠯ ᠣᠯᠭᠤᠯᠲᠠ ᠵᠢ ᠠᠬᠢᠭᠤᠯᠬᠤ ᠰᠢᠷᠢᠰ ᠠᠵᠢᠯᠯᠠᠭ᠎ᠠ ᠡᠬᠢᠯᠡᠪᠡ ᠬᠦᠦᠳᠠᠭᠤᠯᠠ ᠠᠨ ᠷᠦᠩ ᠱᠧᠩ ᠣᠷᠣᠯᠴᠠᠵᠠᠢ
ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠨᠡᠮᠡᠭᠦᠷᠢ ᠠᠪᠬᠤ᠎ᠪᠠᠨ ᠪᠢᠲᠡᠭᠡᠢ ᠮᠠᠷᠲᠠᠭ᠋ᠠᠷᠠᠢ!
ᠪᠦᠬᠦ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠤᠨ ᠪᠠᠶ᠋ᠢᠭᠤᠯᠤᠯᠲᠠ ᠵᠢ ᠬᠥᠲᠦᠯᠦᠨ ᠳᠠᠭ᠋ᠠᠭᠤᠯᠬᠤ ᠠᠬᠤᠢ ᠲᠠᠯᠠᠪᠠᠢ ᠵᠢ ᠲᠣᠭᠣᠷᠢᠨ ᠦᠵᠡᠬᠦ ᠠᠵᠢᠯᠯᠠᠭ᠎ᠠ ᠵᠢ ᠥᠷᠨᠢᠭᠦᠯᠪᠡ
 
             蒙ICP备05000248号