ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ᠎ᠵᠢᠨ᠎ᠫᠢᠩ᠎ᠤᠨ ᠣᠶ᠋ᠢᠷ᠎ᠠ ᠵᠢᠨ ᠬᠤᠭᠤᠴᠠᠭ᠋ᠠᠨ᠎ᠤ ᠴᠢᠬᠤᠯᠠ ᠵᠣᠬᠢᠶᠠᠯ ᠪᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ
ᠨᠡᠶ᠋ᠢᠲᠡᠯᠡᠭᠰᠡᠨ ᠴᠠᠭ᠄ 2025-06-20

6 ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠤᠨ ᠣᠶ᠋ᠢᠷ᠎ᠠ ᠵᠢᠨ ᠬᠤᠭᠤᠴᠠᠭ᠋ᠠᠨ᠎ᠤ ᠴᠢᠬᠤᠯᠠ ᠵᠣᠬᠢᠶᠠᠯ ᠪᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ ᠬᠣᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠳ᠋ᠦ᠋ ᠬᠤᠢ ᠯᠢᠶᠠᠩ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃

ᠬᠤᠷᠠᠯ᠎ᠠᠴᠠ᠂ 《ᠦᠨᠡᠨ》 ᠰᠡᠳᠬᠦᠯ᠎ᠤᠨ ᠨᠡᠶ᠋ᠢᠲᠡᠯᠡᠭᠰᠡᠨ ᠶᠡᠷᠦᠩᠬᠡᠢ ᠱᠦᠵᠢ ᠰᠢ᠎ᠵᠢᠨ᠎ᠫᠢᠩ᠎ᠤᠨ 《ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠲᠦᠷᠭᠡᠳᠬᠡᠨ ᠪᠦᠲᠦᠭᠡᠨ ᠪᠠᠶ᠋ᠢᠭᠤᠯᠤᠶ᠎ᠠ》ᠭᠡᠬᠦ ᠴᠢᠬᠤᠯᠠ ᠵᠣᠬᠢᠶᠠᠯ᠎ᠢ ᠤᠯᠠᠮᠵᠢᠯᠠᠨ ᠰᠤᠷᠤᠯᠴᠠᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠢᠮᠠᠭᠲᠠ ᠪᠠᠲᠤ ᠡᠵᠡᠮᠳᠡᠵᠦ᠂ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠢ ᠴᠢᠩᠭ᠋ᠠᠳᠬᠠᠵᠤ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠵᠢᠨ ᠡᠩᠨᠡᠭᠡ ᠵᠢ ᠬᠦᠴᠦᠯᠡᠨ ᠴᠢᠩᠭ᠎ᠠ ᠲᠣᠬᠢᠷᠠᠭᠤᠯᠵᠤ᠂ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠢ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠪᠦᠬᠦ ᠶᠠᠪᠤᠴᠠ ᠎ᠳᠤ ᠠᠭᠤᠰᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠵᠢ ᠰᠢᠪᠲᠤᠯᠬᠤ》 ᠢᠨᠵᠧᠨᠧᠷᠢᠩ᠎ᠤᠨ ᠭᠤᠷᠪᠠᠨ ᠵᠢᠯ᠎ᠤᠨ ᠠᠵᠢᠯᠯᠠᠭ᠋ᠠᠨ᠎ᠤ ᠲᠥᠰᠦᠯ᠎ᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠶᠡᠬᠡ ᠳᠡᠭᠡᠳᠦ ᠰᠤᠷᠭ᠋ᠠᠭᠤᠯᠢ ᠵᠢ ᠵᠢᠯᠣᠭᠣᠳᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠣᠭᠲᠠᠴᠠ ᠵᠢᠨ ᠥᠭᠡᠷᠡᠴᠢᠯᠡᠯᠲᠡ ᠵᠢ  ᠭᠦᠨᠵᠡᠭᠡᠢ᠌ᠷᠡᠭᠦᠯᠵᠦ᠂ 《ᠮᠧᠩ ᠺᠧ ᠵᠢᠦᠢ》 ᠲᠠᠪᠴᠠᠩ ᠪᠠ ᠡᠯ᠎ᠡ ᠲᠥᠷᠥᠯ᠎ᠤᠨ ᠳᠡᠮᠵᠢᠬᠦ ᠲᠥᠷᠥ ᠵᠢᠨ ᠪᠣᠳᠣᠯᠭ᠎ᠠ ᠵᠢ ᠰᠠᠶ᠋ᠢᠲᠤᠷ ᠬᠡᠷᠡᠭᠯᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠨ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠰᠤᠷᠤᠭᠴᠢ ᠡᠯᠰᠡᠨ ᠬᠥᠮᠦᠵᠢᠭᠦᠯᠬᠦ ᠪᠠ ᠠᠵᠢᠯ ᠣᠯᠭᠣᠯᠲᠠ ᠵᠢᠨ ᠬᠣᠯᠪᠣᠯᠳᠤᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠵᠤ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠴᠢᠨᠠᠷᠯᠢᠭ ᠭᠦᠢ᠍ᠴᠡᠳ ᠠᠵᠢᠯ ᠣᠯᠭᠣᠯᠲᠠ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠠᠴᠠ᠂ ᠶᠡᠷᠦᠩᠬᠡᠢ ᠱᠦᠵᠢ ᠰᠢ᠎ᠵᠢᠨ᠎ᠫᠢᠩ᠎ᠤᠨ ᠵᠢᠭ᠋ᠠᠬᠤ ᠮᠠᠲ᠋ᠧᠷᠢᠶᠠᠯ᠎ᠤᠨ ᠠᠵᠢᠯ ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠵᠢᠭ᠋ᠠᠬᠤ ᠮᠠᠲ᠋ᠧᠷᠢᠶᠠᠯ᠎ᠤᠨ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠵᠢᠭ᠋ᠠᠬᠤ ᠮᠠᠲ᠋ᠧᠷᠢᠶᠠᠯ᠎ᠤᠨ ᠠᠵᠢᠯ᠎ᠤᠨ ᠲᠤᠬᠠᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠴᠢᠬᠤᠯᠠ ᠪᠠᠶ᠋ᠢᠷᠢᠯᠠᠭᠤᠯᠤᠯᠲᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠡᠭᠦᠷᠭᠡ ᠵᠢᠨ ᠨᠠᠷᠢᠨ ᠳᠠᠩᠰᠠ ᠵᠢ ᠰᠢᠰᠲ᠋ᠧᠮ᠎ᠲᠠᠢ ᠡᠮᠬᠢᠯᠡᠨ᠂ ᠡᠯ᠎ᠡ ᠵᠦᠢ᠍ᠯ᠎ᠤᠨ ᠡᠭᠦᠷᠭᠡ ᠵᠢ ᠪᠣᠳᠠᠲᠠᠢ᠌ᠵᠢᠭᠤᠯᠤᠨ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠠᠴᠠ᠂ ᠰᠤᠷᠭ᠋ᠠᠨ ᠬᠥᠮᠦᠵᠢᠯ᠎ᠤᠨ ᠶᠠᠮᠤᠨ᠎ᠤ ᠬᠥᠲᠥᠯᠪᠦᠷᠢ ᠪᠠ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ ᠵᠢ ᠨᠠᠢ᠌ᠳᠠᠪᠤᠷᠢᠵᠢᠭᠤᠯᠵᠤ᠂ ᠰᠤᠷᠭ᠋ᠠᠨ ᠬᠥᠮᠦᠵᠢᠯ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠢ ᠵᠡᠭᠦᠨ ᠬᠣᠶ᠋ᠢᠲᠤ ᠣᠷᠣᠨ᠎ᠢ ᠪᠠᠶ᠋ᠢᠴᠠᠭ᠋ᠠᠨ ᠰᠣᠳᠤᠯᠬᠤ ᠦᠶ᠎ᠡ ᠵᠢᠨ ᠶᠠᠷᠢᠯᠴᠠᠬᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠃ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠦᠢ᠍ᠯᠡᠰ᠎ᠢ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠪᠠ ᠵᠡᠭᠦᠨ ᠬᠣᠶ᠋ᠢᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ ᠵᠡᠷᠭᠡ ᠤᠯᠤᠰ᠎ᠤᠨ ᠪᠠᠶ᠋ᠢᠯᠳᠤᠬᠤ ᠪᠣᠳᠣᠯᠭ᠎ᠠ᠎ᠲᠠᠢ ᠦᠨᠡᠨ ᠬᠦ᠌ ᠠᠭᠤᠰᠬᠠᠬᠤ ᠶᠠᠪᠤᠴᠠ᠎ᠳᠤ᠂ ᠪᠠᠶ᠋ᠢᠷᠢ ᠲᠣᠭᠲᠠᠭ᠋ᠠᠯᠲᠠ ᠵᠢ ᠣᠨᠣᠪᠴᠢᠲᠠᠢ ᠣᠯᠵᠤ᠂ ᠣᠨᠴᠠᠯᠢᠭᠲᠤ ᠳᠠᠪᠠᠭᠤᠯᠢᠭ᠎ᠢ ᠪᠠᠳᠠᠷᠠᠭᠤᠯᠬᠤ᠎ᠪᠠᠷ ᠴᠢᠷᠮᠠᠢ᠌ᠨ᠂ 《ᠲᠥᠪ᠎ᠤᠨ ᠪᠠᠢ᠌ᠭᠤᠯᠭ᠎ᠠ᠎ᠲᠠᠢ ᠬᠠᠷᠢᠯᠴᠠᠬᠤ》ᠡᠷᠴᠢᠮ᠎ᠢ ᠴᠢᠩᠭ᠋ᠠᠷᠠᠭᠤᠯᠤᠨ᠂ ᠲᠥᠷᠥ ᠵᠢᠨ ᠪᠣᠳᠣᠯᠭ᠎ᠠ᠂ ᠲᠥᠷᠥᠯ ᠵᠦᠢ᠍ᠯ ᠪᠣᠯᠤᠨ ᠪᠡᠯᠡ ᠮᠥᠩᠭᠥᠨ᠎ᠤ ᠳᠡᠮᠵᠢᠯᠭᠡ ᠵᠢ ᠣᠯᠬᠤ᠎ᠪᠠᠷ ᠢᠳᠡᠪᠬᠢᠲᠡᠢ ᠠᠵᠢᠯᠯᠠᠵᠤ᠂ ᠲᠤᠷᠰᠢᠯᠲᠠ ᠵᠢᠨ ᠴᠡᠭ ᠪᠠ ᠵᠢᠵᠢᠭ ᠰᠠᠵᠢᠭ ᠵᠦᠢ᠍ᠯ ᠵᠶ᠋ᠠᠷ ᠪᠦᠬᠦ ᠲᠠᠯ᠎ᠠ ᠵᠢᠨ ᠴᠢᠨᠠᠷᠯᠢᠭ ᠥᠭᠡᠷᠡᠴᠢᠯᠡᠯᠲᠡ ᠵᠢ ᠳᠠᠢ᠌ᠴᠢᠯᠠᠨ᠂ ᠤᠯᠤᠰ᠎ᠤᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠪᠠ ᠣᠷᠣᠨ ᠪᠦᠰᠡ ᠵᠢᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠠᠴᠠ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠰᠤᠷᠭ᠋ᠠᠨ ᠬᠥᠮᠦᠵᠢᠯ᠎ᠤᠨ ᠬᠦᠷᠢᠶᠡᠨ᠎ᠳᠠᠬᠢ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ᠎ᠢ ᠲᠤᠰᠬᠠᠢ ᠴᠡᠭᠴᠡᠯᠡᠨ ᠵᠠᠰᠠᠭᠰᠠᠨ᠂ ᠲᠣᠭᠣᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠪᠠ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂  ᠳᠠᠷᠠᠭ᠎ᠠ ᠠᠯᠬᠤᠮ᠎ᠤᠨ ᠭᠣᠣᠯᠳᠠᠯᠭ᠎ᠠ᠎ᠲᠠᠢ ᠠᠵᠢᠯ᠎ᠢ ᠰᠤᠳᠤᠯᠤᠨ ᠪᠠᠶ᠋ᠢᠷᠢᠯᠠᠭᠤᠯᠵᠠᠢ᠃

ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号