6 ᠳ᠋ᠤᠭ᠋ᠠᠷ ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠰᠡᠷᠡᠮᠵᠢᠯᠡᠭᠦᠯᠬᠦ ᠬᠥᠮᠦᠵᠢᠯ᠎ᠤᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠳ᠋ᠦ᠋ ᠬᠤᠢ ᠯᠢᠶᠠᠩ ᠬᠤᠷᠠᠯ᠎ᠢ ᠡᠷᠬᠢᠯᠡᠭᠰᠡᠨ ᠪᠥᠭᠡᠳ ᠰᠠᠬᠢᠯᠭ᠎ᠠ ᠪᠠᠲᠤ ᠰᠤᠷᠲᠠᠯ᠎ᠤᠨ ᠨᠠᠮ᠎ᠤᠨ ᠬᠢᠴᠢᠶᠡᠯ ᠣᠷᠣᠪᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ ᠰᠤᠷᠭ᠋ᠠᠨ ᠬᠥᠮᠦᠵᠢᠯ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠭᠦᠸᠧ ᠬᠠᠢ ᠵᠢᠶᠦ᠋ᠨ ᠰᠤᠷᠭ᠋ᠠᠨ ᠬᠥᠮᠦᠵᠢᠯ᠎ᠤᠨ ᠬᠦᠷᠢᠶᠡᠨ᠎ᠳᠠᠬᠢ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠵᠠᠷᠯᠠᠨ ᠮᠡᠳᠡᠭᠳᠡᠪᠡ᠃

ᠳ᠋ᠦ᠋ ᠬᠤᠢ ᠯᠢᠶᠠᠩ ᠨᠠᠮ᠎ᠤᠨ ᠬᠢᠴᠢᠶᠡᠯ᠎ᠳᠤ᠎ᠪᠠᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢᠨ ᠲᠡᠦᠬᠡ ᠵᠢᠨ ᠠᠮᠢᠨ ᠰᠤᠳᠠᠰᠤ ᠵᠢ ᠡᠷᠭᠢᠴᠡᠭᠦᠯᠵᠦ᠂ ᠦᠵᠡᠯ ᠰᠠᠨᠠᠭ᠎ᠠ᠎ᠪᠠᠷ ᠬᠥᠲᠥᠯᠥᠨ ᠳᠠᠭ᠋ᠠᠭᠤᠯᠬᠤ ᠪᠣᠯ ᠰᠤᠷᠲᠠᠯ᠎ᠤᠨ ᠪᠠᠶ᠋ᠢᠭᠤᠯᠤᠯᠲᠠ ᠵᠢᠨ ᠰᠠᠭᠤᠷᠢ᠂ ᠣᠯᠠᠨ ᠲᠦᠮᠡᠨ᠎ᠲᠠᠢ ᠨᠢᠭᠲᠠ ᠬᠠᠷᠢᠯᠴᠠᠬᠤ ᠪᠣᠯ ᠰᠤᠷᠲᠠᠯ᠎ᠤᠨ ᠪᠠᠶ᠋ᠢᠭᠤᠯᠤᠯᠲᠠ ᠵᠢᠨ ᠭᠣᠣᠯᠳᠠᠯᠭ᠎ᠠ᠂ ᠤᠳᠤᠷᠢᠳᠬᠤ ᠺᠠᠳ᠋ᠷ ᠳᠠᠭ᠋ᠠᠭᠤᠯᠬᠤ ᠪᠣᠯ ᠠᠵᠢᠯ᠎ᠤᠨ ᠰᠤᠷᠲᠠᠯ᠎ᠤᠨ ᠪᠠᠶ᠋ᠢᠭᠤᠯᠤᠯᠲᠠ ᠵᠢᠨ ᠵᠠᠩᠭᠢᠯᠠᠭ᠎ᠠ᠂ ᠪᠠᠶ᠋ᠢᠩᠭᠤ ᠵᠢᠨ ᠤᠳᠠᠭ᠋ᠠᠨ ᠳᠠᠭ᠋ᠠᠭ᠋ᠠᠮᠠᠭ᠋ᠠᠢ ᠪᠦᠲᠦᠮᠵᠢᠲᠡᠢ ᠲᠣᠭᠲᠠᠴᠠ ᠵᠢ ᠪᠠᠶ᠋ᠢᠭᠤᠯᠬᠤ ᠪᠣᠯ ᠰᠤᠷᠲᠠᠯ᠎ᠤᠨ ᠪᠠᠶ᠋ᠢᠭᠤᠯᠤᠯᠲᠠ ᠵᠢᠨ ᠪᠠᠲᠤᠯᠠᠭ᠎ᠠ ᠮᠥᠨ ᠭᠡᠵᠦ ᠵᠢᠭ᠋ᠠᠵᠤ ᠭᠠᠷᠭ᠋ᠠᠬᠤ ᠵᠢᠨ ᠬᠠᠮᠲᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠲᠤᠬᠠᠢ ᠳᠠᠬᠢᠨ ᠪᠠᠢ᠌ᠷᠢᠯᠠᠭᠤᠯᠪᠠ᠃
ᠳ᠋ᠦ᠋ ᠬᠤᠢ ᠯᠢᠶᠠᠩ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠋ᠠᠨ᠎ᠤ ᠰᠤᠷᠤᠯᠴᠠᠯᠭ᠎ᠠ ᠬᠥᠮᠦᠵᠢᠯ᠎ᠢ ᠲᠣᠪᠣᠶ᠋ᠢᠮ᠎ᠠ ᠰᠠᠶ᠋ᠢᠲᠤᠷ ᠠᠳᠬᠤᠵᠤ᠂ ᠭᠣᠣᠯ ᠴᠣᠭᠴᠠ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠬᠠᠷᠢᠭᠤᠴᠠᠯᠭ᠎ᠠ ᠵᠢᠨ ᠳᠣᠭᠲᠠᠯᠴᠠᠭ᠎ᠠ ᠪᠣᠯᠤᠨ ᠬᠢᠨᠠᠨ ᠰᠢᠯᠭ᠋ᠠᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠵᠡᠷᠭᠡ᠎ᠪᠠᠷ ᠠᠳᠬᠤᠵᠤ ᠬᠠᠮᠲᠤ᠎ᠳᠤ᠎ᠪᠠᠨ ᠬᠠᠮᠢᠶᠠᠷᠬᠤ ᠠᠵᠢᠯ᠎ᠤᠨ ᠪᠠᠢ᠌ᠷᠢᠰᠢᠯᠠᠭᠤᠯᠤᠯᠲᠠ ᠵᠢ ᠪᠦᠷᠢᠯᠳᠦᠭᠦᠯᠵᠦ᠂ ᠭᠦᠨᠵᠡᠭᠡᠢ ᠰᠤᠷᠤᠯᠴᠠᠵᠤ᠂ ᠨᠠᠷᠢᠯᠢᠭ ᠪᠠᠢ᠌ᠴᠠᠭ᠋ᠠᠵᠤ᠂ ᠪᠣᠳᠠᠲᠠᠢ ᠥᠭᠡᠷᠡᠴᠢᠯᠡᠵᠦ᠂ ᠴᠢᠩᠭ᠎ᠠ ᠵᠠᠰᠠᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂ ᠬᠡᠷᠡᠭ ᠵᠶ᠋ᠠᠷ ᠵᠠᠰᠠᠬᠤ ᠵᠢ ᠠᠬᠢᠭᠤᠯᠬᠤ ᠵᠢ ᠲᠠᠰᠤᠷᠠᠯᠳᠠ ᠦᠭᠡᠢ ᠴᠢᠩᠭ᠋ᠠᠳᠬᠠᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢ ᠭᠦᠨᠵᠡᠭᠡᠢ᠌ᠷᠡᠭᠦᠯᠦᠨ ᠬᠥᠭᠵᠢᠭᠦᠯᠬᠦ ᠵᠢ ᠠᠬᠢᠭᠤᠯᠬᠤ ᠬᠡᠷᠡᠭᠲᠡᠢ᠃ ᠺᠠᠳ᠋ᠷ᠎ᠤᠨ ᠡᠩᠨᠡᠭᠡᠨ᠎ᠤ ᠬᠠᠮᠢᠶᠠᠷᠤᠯᠲᠠ ᠵᠢ ᠲᠣᠪᠣᠶ᠋ᠢᠮ᠎ᠠ ᠰᠠᠶ᠋ᠢᠲᠤᠷ ᠠᠳᠬᠤᠵᠤ᠂ ᠶᠡᠬᠡ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠤᠳᠤᠷᠢᠳᠤᠯᠭ᠎ᠠ ᠳᠣᠣᠷᠠᠬᠢ ᠰᠤᠷᠭ᠋ᠠᠭᠤᠯᠢ ᠵᠢᠨ ᠵᠠᠬᠢᠷᠤᠯ᠎ᠤᠨ ᠬᠠᠷᠢᠭᠤᠴᠠᠯᠭ᠎ᠠ ᠵᠢᠨ ᠳᠦᠷᠢᠮ ᠪᠣᠯᠤᠨ ᠰᠤᠷᠭ᠋ᠠᠭᠤᠯᠢ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠭᠰᠠᠨ ᠰᠤᠷᠭ᠋ᠠᠭᠤᠯᠢ ᠵᠢᠨ ᠵᠠᠬᠢᠷᠤᠯ᠎ᠤᠨ ᠬᠠᠷᠢᠭᠤᠴᠠᠯᠭ᠎ᠠ ᠵᠢᠨ ᠳᠦᠷᠢᠮ᠎ᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠺᠠᠳ᠋ᠷ᠎ᠢ ᠰᠣᠩᠭᠣᠨ ᠲᠣᠮᠢᠯᠠᠬᠤ ᠶᠠᠪᠤᠴᠠ᠂ ᠦᠷ᠎ᠡ ᠳ᠋ᠦᠩ ᠪᠣᠯᠤᠨ ᠬᠠᠷᠢᠭᠤᠴᠠᠯᠭ᠎ᠠ ᠵᠢᠨ ᠬᠢᠨᠠᠯᠲᠠ ᠵᠢ ᠴᠢᠩᠭ᠋ᠠᠳᠬᠠᠵᠤ᠂ ᠤᠯᠤᠰ ᠲᠥᠷᠥ ᠵᠢᠨ ᠵᠣᠭᠰᠣᠯᠲᠠ ᠪᠠᠲᠤ ᠴᠢᠩᠭ᠎ᠠ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠭᠰᠡᠨ᠂ ᠵᠣᠷᠢᠭᠲᠠᠢ ᠥᠭᠡᠷᠡᠴᠢᠯᠡᠯᠲᠡ ᠬᠢᠭᠰᠡᠨ᠂ ᠪᠣᠳᠠᠲᠤ ᠠᠮᠵᠢᠯᠲᠠ ᠲᠣᠪᠣᠶ᠋ᠢᠮ᠎ᠠ᠂ ᠲᠥᠪ ᠭᠣᠣᠯᠴᠢ ᠠᠷᠢᠭᠤᠨ ᠴᠢᠬᠡᠴᠢ ᠺᠠᠳ᠋ᠷ᠎ᠢ ᠶᠡᠬᠡ᠎ᠪᠠᠷ ᠰᠣᠩᠭᠣᠵᠤ᠂ ᠬᠠᠯᠠᠮᠵᠢᠯᠠᠬᠤ ᠠᠷᠭ᠎ᠠ᠎ᠪᠠᠷ ᠺᠠᠳ᠋ᠷ᠎ᠤᠨ ᠠᠵᠢᠯ ᠬᠢᠵᠦ ᠦᠢ᠍ᠯᠡᠰ ᠪᠤᠰᠬᠠᠬᠤ ᠬᠠᠯᠠᠭᠤᠨ ᠰᠡᠳᠬᠢᠯᠭᠡ ᠵᠢ ᠬᠥᠭᠵᠢᠭᠡᠬᠦ ᠬᠡᠷᠡᠭᠲᠡᠢ᠃ ᠪᠠᠭᠰᠢ ᠵᠢᠨ ᠮᠣᠷᠠᠯ ᠪᠠᠭᠰᠢ ᠵᠢᠨ ᠰᠤᠷᠲᠠᠯ᠎ᠤᠨ ᠪᠠᠶ᠋ᠢᠭᠤᠯᠤᠯᠲᠠ ᠵᠢ ᠲᠣᠪᠣᠶ᠋ᠢᠮ᠎ᠠ ᠰᠠᠶ᠋ᠢᠲᠤᠷ ᠠᠳᠬᠤᠵᠤ᠂ ᠪᠠᠭᠰᠢ ᠵᠢᠨ ᠮᠣᠷᠠᠯ᠎ᠤᠨ ᠪᠠᠶ᠋ᠢᠭᠤᠯᠤᠯᠲᠠ ᠵᠢᠨ ᠤᠳᠠᠭ᠋ᠠᠨ ᠳᠠᠭ᠋ᠠᠭ᠋ᠠᠮᠠᠭ᠋ᠠᠢ ᠪᠦᠲᠦᠮᠵᠢᠲᠡᠢ ᠲᠣᠭᠲᠠᠴᠠ ᠵᠢ ᠪᠠᠶ᠋ᠢᠭᠤᠯᠤᠨ᠂ ᠡᠬᠢ ᠡᠭᠦᠰᠦᠯ᠎ᠠᠴᠠ᠎ᠨᠢ ᠵᠠᠰᠠᠬᠤ ᠵᠢ ᠴᠢᠩᠭ᠋ᠠᠳᠬᠠᠵᠤ᠂ ᠬᠢᠨᠠᠯᠲᠠ ᠬᠠᠮᠢᠶᠠᠷᠤᠯᠲᠠ ᠵᠢᠨ ᠪᠠᠯᠠᠢ ᠣᠷᠣᠨ᠎ᠢ ᠠᠷᠢᠯᠭ᠋ᠠᠵᠤ᠂ ᠪᠦᠬᠦ ᠰᠤᠷᠤᠯᠭ᠎ᠠ ᠵᠢᠨ ᠱᠠᠲᠤᠨ᠎ᠤ ᠰᠤᠷᠤᠯᠴᠠᠯᠭ᠎ᠠ ᠬᠥᠮᠦᠵᠢᠯ᠎ᠢ ᠪᠠᠢ᠌ᠩᠭᠤ ᠥᠷᠨᠢᠭᠦᠯᠵᠦ᠂ ᠬᠠᠷᠢᠭᠤᠴᠠᠯᠭ᠎ᠠ ᠵᠢ ᠬᠥᠮᠦᠨ᠎ᠳᠤ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠂ ᠰᠢᠯᠢᠳᠡᠭ ᠰᠠᠶ᠋ᠢᠨ ᠰᠤᠷᠲᠠᠯ᠎ᠲᠠᠢ ᠪᠠᠭᠰᠢ ᠵᠢᠨ ᠡᠩᠨᠡᠭᠡ ᠵᠢ ᠪᠦᠬᠦ ᠬᠦᠴᠦᠨ ᠵᠶ᠋ᠠᠷ ᠪᠠᠶ᠋ᠢᠭᠤᠯᠬᠤ ᠬᠡᠷᠡᠭᠲᠡᠢ᠃ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ᠎ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠵᠢ ᠲᠣᠪᠣᠶ᠋ᠢᠮ᠎ᠠ ᠰᠠᠶ᠋ᠢᠲᠤᠷ ᠠᠳᠬᠤᠵᠤ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠴᠢᠩᠭ᠎ᠠ ᠮᠥᠷᠲᠡᠭᠡᠨ ᠪᠣᠳᠠᠲᠠᠢ ᠠᠳᠬᠤᠵᠤ᠂ ᠪᠣᠳᠠᠲᠤ ᠦᠷ᠎ᠡ ᠪᠦᠲᠦᠮᠵᠢ᠎ᠪᠠᠷ ᠣᠯᠠᠨ ᠲᠦᠮᠡᠨ᠎ᠤ ᠬᠦᠰᠡᠯ ᠡᠷᠡᠮᠡᠯᠵᠡᠯ᠎ᠢ ᠬᠠᠷᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠳᠡᠭᠡᠷ᠎ᠡ᠂ ᠬᠤᠷᠠᠯ᠎ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ ᠢ ᠬᠠᠮᠲᠤ᠎ᠳᠤ᠎ᠪᠠᠨ ᠰᠣᠨᠢᠷᠬᠠᠵᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠤᠳᠤᠷᠢᠳᠬᠤ ᠪᠠᠭ᠎ᠤᠨ ᠭᠡᠰᠢᠭᠦᠨ᠂ ᠨᠢᠭᠡᠳᠦᠭᠡᠷ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ᠂ ᠲᠢᠩᠬᠢᠮ᠎ᠤᠨ ᠪᠠᠶ᠋ᠢᠭᠤᠯᠭ᠎ᠠ ᠵᠢᠨ ᠡᠯ᠎ᠡ ᠭᠠᠵᠠᠷ ᠳᠠᠰᠤᠭ ᠠᠯᠪᠠᠨ ᠭᠡᠷ᠂ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠨᠠᠮ᠎ᠤᠨ ᠭᠡᠰᠢᠭᠦᠨ ᠺᠠᠳ᠋ᠷ ᠬᠤᠷᠠᠯ᠎ᠳᠤ ᠣᠷᠣᠯᠴᠠᠵᠠᠢ᠃