ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠬᠤᠷᠠᠯ ᠬᠤᠷᠠᠯᠳᠤᠭᠤᠯᠵᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠲᠥᠪ᠎ᠤᠨ ᠶᠢᠰᠦᠳᠦᠭᠡᠷ ᠵᠢᠭ᠋ᠠᠨ ᠵᠢᠯᠤᠭᠤᠳᠬᠤ ᠳᠤᠭᠤᠶ᠋ᠢᠯᠠᠩ᠎ᠤᠨ ᠱᠠᠭ᠋ᠠᠷᠳᠠᠯᠭ᠎ᠠ ᠵᠢ ᠰᠤᠳᠤᠯᠤᠨ ᠨᠠᠶ᠋ᠢᠳᠠᠪᠤᠷᠢᠵᠢᠭᠤᠯᠵᠤ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠡᠷᠭᠡ ᠲᠣᠪᠣᠶ᠋ᠢᠮ᠎ᠠ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠴᠢᠨᠠᠭᠰᠢᠳᠠ ᠪᠠᠶ᠋ᠢᠷᠢᠯᠠᠭᠤᠯᠵᠤ ᠮᠠᠨ᠎ᠤ ᠣᠷᠣᠨ᠎ᠤ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠭᠦᠨᠵᠡᠭᠡᠶ᠋ᠢᠷᠡᠭᠦᠯᠦᠨ ᠠᠬᠢᠭᠤᠯᠪᠠ ᠰᠦᠨ ᠱᠤᠤ ᠴᠧᠩ ᠬᠤᠷᠠᠯ᠎ᠢ ᠡᠷᠭᠢᠯᠡᠵᠡᠢ
ᠨᠡᠶ᠋ᠢᠲᠡᠯᠡᠭᠰᠡᠨ ᠴᠠᠭ᠄ 2025-06-23

6 ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠬᠤᠷᠠᠯ ᠬᠤᠷᠠᠯᠳᠤᠭᠤᠯᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠲᠥᠪ᠎ᠤᠨ ᠶᠢᠰᠦᠳᠦᠭᠡᠷ ᠵᠢᠭ᠋ᠠᠨ ᠵᠢᠯᠤᠭᠤᠳᠬᠤ ᠳᠤᠭᠤᠶ᠋ᠢᠯᠠᠩ᠎ᠤᠨ ᠱᠠᠭ᠋ᠠᠷᠳᠠᠯᠭ᠎ᠠ ᠵᠢ ᠰᠤᠳᠤᠯᠤᠨ ᠨᠠᠶ᠋ᠢᠳᠠᠪᠤᠷᠢᠵᠢᠭᠤᠯᠵᠤ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠡᠷᠭᠡ ᠲᠣᠪᠣᠶ᠋ᠢᠮ᠎ᠠ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠴᠢᠨᠠᠭᠰᠢᠳᠠ ᠪᠠᠶ᠋ᠢᠷᠢᠯᠠᠭᠤᠯᠵᠤ᠂ ᠮᠠᠨ᠎ᠤ ᠣᠷᠣᠨ᠎ᠤ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠭᠦᠨᠵᠡᠭᠡᠶ᠋ᠢᠷᠡᠭᠦᠯᠦᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠭᠢᠯᠡᠪᠡ᠃

ᠬᠤᠷᠠᠯ᠎ᠠᠴᠠ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠦᠨ ᠠᠬᠢᠭᠤᠯᠵᠤ ᠪᠠᠶ᠋ᠢᠭ᠎ᠠ ᠵᠠᠩᠭᠢᠯᠠᠭ᠎ᠠ ᠵᠢᠨ ᠱᠠᠲᠤᠨ᠎ᠳᠤ᠂ ᠨᠠᠮ᠎ᠤᠨ ᠲᠥᠪ ᠬᠤᠷᠢᠶ᠎ᠠ᠎ᠠᠴᠠ ᠵᠢᠭ᠋ᠠᠨ ᠵᠢᠯᠤᠭᠤᠳᠬᠤ ᠳᠤᠭᠤᠶ᠋ᠢᠯᠠᠩ ᠲᠣᠮᠢᠯᠠᠨ ᠥᠪᠥᠷ ᠮᠣᠩᠭᠤᠯ᠎ᠳᠤ ᠢᠷᠡᠭᠦᠯᠵᠦ ᠠᠵᠢᠯ ᠥᠷᠨᠢᠭᠦᠯᠬᠦ᠎ᠨᠢ ᠪᠢᠳᠡᠨ᠎ᠢ ᠱᠠᠯᠠᠪᠳᠠᠭᠤᠯᠵᠤ ᠪᠠᠶ᠋ᠢᠬᠤ ᠮᠥᠷᠲᠡᠭᠡᠨ ᠪᠠᠰᠠ ᠬᠠᠯᠠᠮᠵᠢᠯᠠᠵᠤ ᠪᠠᠶ᠋ᠢᠭ᠎ᠠ ᠶᠠᠪᠤᠳᠠᠯ ᠪᠣᠯᠣᠨ᠎ᠠ᠃ ᠡᠯ᠎ᠡ ᠱᠠᠲᠤᠨ᠎ᠤ᠎ᠬᠢᠨ ᠤᠯᠤᠰ ᠲᠥᠷᠥ ᠵᠢᠨ ᠵᠣᠭᠰᠣᠴᠠ᠎ᠪᠠᠨ ᠤᠯᠠᠮ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ᠎ᠵᠢᠨ᠎ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ᠂ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠵᠢᠭ᠋ᠠᠨ ᠵᠢᠯᠤᠭᠤᠳᠬᠤ ᠳᠤᠭᠤᠶ᠋ᠢᠯᠠᠩ᠎ᠲᠠᠢ ᠦᠨᠡᠨ ᠬᠦ᠌ ᠨᠢᠭᠲᠠ ᠬᠠᠮᠵᠢᠯᠴᠠᠵᠤ᠂ ᠨᠢᠭᠡ ᠰᠡᠳᠦᠪ᠎ᠲᠤ ᠬᠠᠮᠲᠤ᠎ᠪᠠᠷ ᠬᠠᠷᠢᠭᠤᠯᠲᠠ ᠥᠭᠬᠦ᠂ ᠰᠤᠷᠤᠯᠴᠠᠬᠤ ᠪᠠᠶ᠋ᠢᠴᠠᠭ᠋ᠠᠬᠤ ᠥᠭᠡᠷᠡᠴᠢᠯᠡᠨ ᠰᠠᠶ᠋ᠢᠵᠢᠷᠠᠭᠤᠯᠬᠤ ᠡᠯ᠎ᠡ ᠵᠦᠢ᠍ᠯ᠎ᠤᠨ ᠠᠵᠢᠯ᠎ᠢ ᠤᠯᠠᠮ ᠰᠠᠶ᠋ᠢᠲᠤᠷ ᠬᠢᠵᠦ᠂ ᠰᠤᠷᠲᠠᠯ᠎ᠤᠨ ᠪᠠᠶ᠋ᠢᠭᠤᠯᠤᠯᠲᠠ ᠵᠢᠨ ᠪᠣᠳᠠᠲᠤ ᠦᠷ᠎ᠡ ᠪᠦᠲᠦᠮᠵᠢ᠎ᠪᠠᠷ 《ᠬᠤᠶᠠᠷ᠎ᠢ ᠲᠣᠭᠲᠠᠭ᠋ᠠᠭᠰᠠᠨ》᠎ᠢ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠦᠢ᠍ᠯᠡᠳᠦᠯᠭᠡᠵᠢᠭᠦᠯᠬᠦ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠵᠦ᠂ ᠤᠳᠤᠷᠢᠳᠬᠤ ᠪᠠᠭ᠎ᠤᠨ ᠪᠦᠷᠢᠯᠳᠦᠭᠦᠨ 《ᠨᠢᠭᠡ ᠠᠵᠢᠯ᠎ᠤᠨ ᠪᠠᠶ᠋ᠢᠷᠢ᠎ᠳᠤ ᠬᠤᠣᠰ ᠬᠠᠷᠢᠭᠤᠴᠠᠯᠭ᠎ᠠ ᠡᠭᠦᠷᠭᠡᠯᠡᠬᠦ》 ᠵᠢ ᠴᠢᠩᠭ᠎ᠠ ᠭᠦᠢ᠍ᠴᠡᠳᠬᠡᠵᠦ᠂ ᠳᠠᠷᠤᠯᠲᠠ ᠵᠢ ᠱᠠᠲᠤ ᠱᠠᠲᠤ᠎ᠪᠠᠷ ᠳᠠᠮᠵᠢᠭᠤᠯᠵᠤ᠂ ᠡᠴᠦᠰ᠎ᠲᠤᠨᠢ ᠲᠤᠯᠲᠠᠯ᠎ᠠ᠂ ᠥᠨᠴᠥᠭ ᠪᠤᠯᠤᠩ ᠦᠯᠡᠳᠡᠭᠡᠯ ᠦᠭᠡᠢ᠎ᠪᠠᠷ᠂ ᠰᠤᠷᠤᠯᠴᠠᠯᠭ᠎ᠠ ᠬᠥᠮᠦᠵᠢᠯ᠎ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠬᠤᠷᠠᠯ᠎ᠠᠴᠠ᠂ ᠵᠢᠭ᠋ᠠᠨ ᠵᠢᠯᠤᠭᠤᠳᠴᠤ ᠬᠢᠨᠠᠨ ᠵᠢᠯᠤᠭᠤᠳᠬᠤ ᠬᠦᠴᠦᠨ᠎ᠢ ᠰᠠᠶ᠋ᠢᠲᠤᠷ ᠠᠰᠢᠭᠯᠠᠵᠤ ᠳᠤᠲᠠᠭᠤᠳᠠᠯ ᠵᠶ᠋ᠠᠨ ᠨᠥᠬᠦᠪᠦᠷᠢᠯᠡᠨ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠵᠦ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠶᠠᠰᠤ ᠴᠢᠨᠠᠷ ᠦᠷ᠎ᠡ ᠪᠦᠲᠦᠮᠵᠢ᠎ᠪᠠᠷ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠭᠦ ᠬᠡᠷᠡᠭᠲᠡᠢ᠃ ᠴᠢᠩᠭ᠎ᠠ ᠪᠣᠳᠠᠲᠠᠢ ᠰᠤᠷᠲᠠᠯ᠎ᠢ ᠶᠡᠭᠡ᠎ᠪᠠᠷ ᠪᠠᠳᠠᠷᠠᠭᠤᠯᠵᠤ᠂ ᠤᠯᠠᠨ ᠠᠷᠭ᠎ᠠ ᠵᠠᠮ ᠤᠯᠠᠨ ᠭᠡᠯᠪᠡᠷᠢ᠎ᠪᠠᠷ ᠠᠰᠠᠭᠤᠳᠠᠯ᠎ᠢ ᠲᠤᠶ᠋ᠢᠯᠪᠤᠷᠢᠲᠠᠢ ᠪᠠᠶ᠋ᠢᠴᠠᠭ᠋ᠠᠵᠤ᠂ ᠠᠰᠠᠭᠤᠳᠠᠯ᠎ᠢ ᠵᠠᠳᠠᠯᠵᠤ ᠰᠤᠳᠤᠯᠤᠨ ᠮᠠᠭ᠋ᠠᠳᠯᠠᠬᠤ᠎ᠪᠠᠨ ᠴᠢᠩᠭ᠋ᠠᠳᠬᠠᠵᠤ᠂ ᠣᠳᠣᠬᠠᠨ᠎ᠳᠤ ᠴᠡᠭᠴᠡᠯᠡᠨ ᠰᠠᠶ᠋ᠢᠵᠢᠷᠠᠭᠤᠯᠵᠤ ᠳᠡᠶ᠋ᠢᠯᠭᠦ ᠵᠢ᠎ᠨᠢ ᠪᠠᠷᠢᠨ ᠴᠡᠭᠴᠡᠯᠡᠨ ᠰᠠᠶ᠋ᠢᠵᠢᠷᠠᠭᠤᠯᠵᠤ᠂ ᠠᠪᠤᠨ ᠳᠣᠣᠷ᠎ᠠ᠎ᠪᠠᠨ ᠦᠷ᠎ᠡ ᠪᠦᠲᠦᠮᠵᠢ ᠭᠠᠷᠭ᠋ᠠᠬᠤ᠎ᠪᠠᠷ ᠴᠢᠷᠮᠠᠶ᠋ᠢᠵᠤ᠂ ᠤᠷᠳᠤ ᠬᠤᠭᠤᠴᠠᠭ᠎ᠠ ᠎ᠪᠠᠷ ᠪᠣᠭᠤᠮᠲᠠ ᠰᠢᠪᠲᠤᠯᠬᠤ ᠴᠢᠬᠤᠯᠠᠲᠠᠢ ᠵᠢ᠎ᠨᠢ ᠵᠦᠢ ᠵᠣᠬᠢᠰᠲᠠᠢ ᠲᠥᠯᠥᠪᠵᠢᠭᠦᠯᠦᠨ᠂ ᠴᠠᠭ ᠎ᠤᠨ ᠬᠢᠵᠠᠭ᠋ᠠᠷ᠎ᠢ ᠲᠣᠳᠣᠷᠬᠠᠶ᠋ᠢᠯᠠᠵᠤ᠂ ᠠᠯᠬᠤᠮ ᠠᠯᠬᠤᠮ ᠵᠶ᠋ᠠᠷ ᠯᠠᠪᠳᠠᠭᠤᠨ ᠤᠷᠤᠭᠰᠢᠯᠠᠬᠤ ᠬᠡᠷᠡᠭᠲᠡᠢ᠃ ᠥᠩᠭᠡᠨ ᠲᠠᠯ᠎ᠠ ᠪᠠ ᠦᠨᠳᠦᠰᠦᠨ᠎ᠠᠴᠠ᠎ᠨᠢ ᠵᠠᠰᠠᠬᠤ ᠵᠢ ᠪᠠᠷᠢᠮᠲᠠᠯᠠᠵᠤ᠂ ᠬᠡᠷᠡᠭᠵᠢᠭᠦᠯᠵᠦ ᠪᠣᠯᠬᠤᠶ᠋ᠢᠴᠠ ᠳᠦᠷᠢᠮ᠎ᠢ ᠲᠣᠭᠲᠠᠭ᠋ᠠᠬᠤ ᠵᠢᠨ ᠬᠠᠮᠲᠤ ᠬᠠᠲᠠᠭᠤ ᠬᠡᠷᠡᠭᠵᠢᠭᠦᠯᠦᠯᠲᠡ ᠵᠢ ᠴᠢᠩᠭ᠋ᠠᠳᠬᠠᠵᠤ᠂ ᠠᠰᠠᠭᠤᠳᠠᠯ᠎ᠢ ᠰᠢᠢ᠍ᠳᠪᠦᠷᠢᠯᠡᠬᠦ ᠵᠢ ᠦᠨᠳᠦᠰᠦᠨ᠎ᠠᠴᠠ᠎ᠨᠢ ᠠᠬᠢᠭᠤᠯᠬᠤ᠎ᠪᠠᠷ ᠴᠢᠷᠮᠠᠶ᠋ᠢᠬᠤ ᠬᠡᠷᠡᠭᠲᠡᠢ᠃ ᠵᠢᠭ᠋ᠠᠨ ᠵᠢᠯᠤᠭᠤᠳᠬᠤ ᠳᠤᠭᠤᠶ᠋ᠢᠯᠠᠩ᠎ᠤᠨ ᠬᠠᠷᠢᠭᠤ ᠲᠤᠰᠬᠠᠭᠰᠠᠨ ᠠᠰᠠᠭᠤᠳᠠᠯ᠎ᠢ ᠭᠥᠯᠢᠶᠡᠨ ᠠᠪᠴᠤ ᠰᠢᠢ᠍ᠳᠪᠦᠷᠢᠯᠡᠬᠦ ᠲᠣᠭᠲᠠᠴᠠ ᠵᠢ ᠪᠠᠶ᠋ᠢᠭᠤᠯᠵᠤ᠂ ᠴᠡᠭᠴᠡᠯᠡᠨ ᠰᠠᠶ᠋ᠢᠵᠢᠷᠠᠭᠤᠯᠵᠤ ᠴᠡᠭᠴᠡᠯᠡᠨ ᠵᠠᠰᠠᠬᠤ ᠵᠢ ᠬᠦᠴᠦᠲᠡᠢ ᠠᠬᠢᠭᠤᠯᠬᠤ ᠬᠡᠷᠡᠭᠲᠡᠢ᠃ ᠡᠯ᠎ᠡ ᠲᠦᠷᠦᠯ᠎ᠤᠨ ᠬᠢᠨᠠᠯᠲᠠ ᠲᠠᠯᠪᠢᠵᠤ ᠪᠠᠶ᠋ᠢᠴᠠᠭ᠋ᠠᠬᠤ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠪᠠ ᠠᠵᠤ ᠠᠬᠤᠢ ᠵᠢᠨ ᠪᠦᠲᠦᠭᠡᠨ ᠪᠠᠶ᠋ᠢᠭᠤᠯᠤᠯᠲᠠ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠠᠮᠤᠷ ᠲᠦᠪᠰᠢᠨ ᠲᠣᠭᠲᠠᠭᠤᠨ ᠵᠡᠷᠭᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠠᠴᠠ᠂ ᠸᠧᠢ ᠱᠤᠸᠠᠨ ᠱ᠌ᠢ ᠵᠡᠷᠭᠡ ᠬᠥᠮᠥᠰ᠎ᠤᠨ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠭᠰᠠᠨ ᠠᠰᠠᠭᠤᠳᠠᠯ᠎ᠨᠢ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠬᠤᠭᠤᠴᠠᠭ᠋ᠠᠨ᠎ᠳᠤ ᠡᠭᠦᠰᠴᠡᠢ᠂ ᠡᠨᠡ ᠪᠣᠯ ᠬᠠᠤᠯᠢ ᠴᠠᠭ᠋ᠠᠵᠠ ᠰᠠᠬᠢᠯᠭ᠎ᠠ ᠪᠠᠲᠤ ᠵᠢ ᠬᠠᠶ᠋ᠢᠬᠤᠷᠬᠤ ᠦᠭᠡᠢ᠂ ᠵᠣᠷᠢᠭᠤᠳᠠ ᠡᠰᠡᠷᠭᠦᠴᠡᠯᠳᠦᠨ ᠰᠠᠬᠢᠯᠭ᠎ᠠ ᠪᠠᠲᠤ ᠵᠢ ᠵᠥᠷᠢᠴᠡᠭᠰᠡᠨ ᠨᠡᠶ᠋ᠢᠲᠡᠯᠢᠭ ᠬᠡᠷᠡᠭ ᠪᠣᠯᠣᠨ᠎ᠠ᠂ ᠲᠤᠶ᠋ᠢᠯ᠎ᠤᠨ ᠮᠠᠭᠤ ᠨᠥᠯᠥᠭᠡ᠎ᠲᠠᠢ ᠪᠥᠭᠡᠳ ᠲᠤᠶ᠋ᠢᠯ᠎ᠤᠨ ᠬᠠᠷᠠᠰᠠᠯᠲᠠᠢ ᠰᠤᠷᠭ᠋ᠠᠮᠵᠢ ᠪᠣᠯᠣᠨ᠎ᠠ᠃ ᠬᠤᠷᠠᠯ᠎ᠳᠤ ᠣᠷᠣᠯᠴᠠᠬᠰᠠᠨ ᠨᠥᠬᠦᠳ ᠶᠠᠷᠢᠯᠴᠠᠬᠤ᠎ᠪᠠᠷ ᠲᠠᠮᠵᠢᠨ᠂ ᠪᠡᠶ᠎ᠡ᠎ᠪᠠᠷ ᠵᠶ᠋ᠠᠨ ᠬᠡᠪ ᠳᠠᠭᠤᠷᠢᠶᠠᠯ ᠪᠣᠯᠵᠤ᠂ ᠳᠡᠭᠡᠷ᠎ᠡ ᠱᠠᠲᠤ᠎ᠨᠢ ᠳᠣᠣᠷ᠎ᠠ ᠱᠠᠲᠤ᠎ᠪᠠᠨ ᠳᠠᠭ᠋ᠠᠭᠤᠯᠤᠨ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ᠎ᠢ ᠲᠦᠷᠦᠭᠦᠯᠡᠨ ᠡᠰᠡᠷᠭᠦᠴᠡᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃ ᠡᠯ᠎ᠡ ᠱᠠᠲᠤᠨ᠎ᠤ᠎ᠬᠢᠨ ᠬᠡᠷᠡᠭ ᠵᠶ᠋ᠠᠷ ᠲᠣᠯᠢ ᠪᠤᠯᠭ᠋ᠠᠬᠤ ᠵᠢ ᠴᠢᠩᠭ᠋ᠠᠳᠬᠠᠵᠤ᠂ ᠭᠦᠨᠵᠡᠭᠡᠢ ᠰᠤᠷᠭ᠋ᠠᠮᠵᠢ ᠠᠪᠴᠤ᠂ ᠨᠠᠮ᠎ᠤᠨ ᠭᠡᠰᠢᠭᠦᠨ᠂ ᠺᠠᠳ᠋ᠷ᠎ᠢ ᠬᠥᠲᠥᠯᠥᠨ ᠵᠢᠯᠤᠭᠤᠳᠴᠤ ᠭᠦᠨᠵᠡᠭᠡᠢ ᠪᠠᠶ᠋ᠢᠴᠠᠭ᠋ᠠᠨ ᠡᠷᠭᠢᠴᠡᠭᠦᠯᠦᠨ ᠲᠤᠩᠭ᠋ᠠᠵᠤ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ᠎ᠤᠨ ᠮᠥᠨ ᠴᠢᠨᠠᠷ ᠪᠠ ᠬᠤᠣᠷ ᠬᠥᠨᠥᠭᠡᠯ᠎ᠢ ᠲᠣᠳᠣᠷᠬᠠᠢ ᠲᠠᠨᠢᠭᠤᠯᠵᠤ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠲᠡᠪᠴᠢᠬᠦ ᠤᠯᠤᠰ ᠲᠥᠷᠥ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ᠂ ᠠᠵᠢᠯᠯᠠᠭ᠋ᠠᠨ᠎ᠤ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠬᠤ ᠬᠡᠷᠡᠭᠲᠡᠢ᠃ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠦᠷᠭᠦᠯᠵᠢᠯᠡᠨ ᠬᠦᠴᠦᠲᠡᠢ ᠠᠬᠢᠭᠤᠯᠵᠤ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠤᠨ᠂ ᠵᠣᠷᠢᠭᠤᠳᠠ ᠡᠰᠡᠷᠭᠦᠴᠡᠯᠳᠦᠨ ᠰᠠᠬᠢᠯᠭ᠎ᠠ ᠪᠠᠲᠤ ᠵᠢ ᠵᠥᠷᠢᠴᠡᠭᠰᠡᠳ᠎ᠢ ᠨᠢᠭᠡ ᠵᠢ ᠢᠯᠡᠷᠡᠭᠦᠯᠪᠡᠯ ᠨᠢᠭᠡ ᠵᠢ ᠪᠠᠶ᠋ᠢᠴᠠᠭ᠋ᠠᠨ ᠰᠢᠢ᠍ᠳᠪᠦᠷᠢᠯᠡᠵᠦ᠂ 《ᠤᠬᠲᠤ ᠠᠭᠤᠴᠢᠯᠠᠬᠤ ᠦᠭᠡᠢ》 ᠪᠠᠶ᠋ᠢᠬᠤ ᠵᠢ ᠢᠯᠡᠷᠡᠭᠦᠯᠵᠦ᠂ ᠴᠢᠩᠭ᠎ᠠ ᠰᠦᠷᠳᠡᠭᠦᠯᠦᠯ᠎ᠢ ᠪᠤᠶ ᠪᠤᠯᠭ᠋ᠠᠬᠤ ᠬᠡᠷᠡᠭᠲᠡᠢ᠃ ᠵᠠᠯᠬᠠᠭ᠋ᠠᠬᠤ᠂ ᠵᠠᠰᠠᠬᠤ᠂ ᠰᠡᠷᠭᠡᠶ᠋ᠢᠯᠡᠬᠦ ᠵᠢ ᠨᠢᠭᠡ ᠴᠣᠭᠴᠠᠵᠢᠭᠤᠯᠤᠨ ᠬᠦᠴᠦᠯᠡᠬᠦ ᠵᠢ ᠪᠠᠷᠢᠮᠲᠠᠯᠠᠵᠤ᠂ ᠳᠦᠷᠢᠮ᠎ᠤᠨ ᠳᠤᠲᠠᠭᠤᠳᠠᠯ ᠪᠣᠯᠣᠨ ᠬᠢᠨᠠᠯᠲᠠ ᠬᠠᠮᠢᠶᠠᠷᠤᠯᠲᠠ ᠵᠢᠨ ᠳᠤᠲᠠᠭᠳᠠᠯ᠎ᠳᠤ ᠴᠢᠭᠯᠡᠭᠦᠯᠦᠨ ᠳᠦᠷᠢᠮ ᠲᠣᠭᠲᠠᠭ᠋ᠠᠯ ᠲᠣᠭᠲᠠᠭ᠋ᠠᠬᠤ ᠵᠢ ᠰᠠᠶ᠋ᠢᠲᠤᠷ ᠠᠳᠬᠤᠵᠤ᠂ 《ᠬᠤᠷᠴᠠ ᠢᠷᠲᠦ》 ᠬᠠᠲᠠᠭᠤ ᠪᠠᠷᠢᠮᠵᠢᠶ᠎ᠠ ᠵᠢ ᠲᠦᠷᠭᠡᠨ ᠲᠣᠭᠲᠠᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
             蒙ICP备05000248号