6 ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠬᠤᠷᠠᠯᠳᠤᠭᠤᠯᠵᠤ᠂ ᠲᠥᠪ ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠋ᠠᠨ᠎ᠤ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠤᠰᠬᠠᠢ ᠠᠩᠭᠢ᠂ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶᠠᠨ᠎ᠤ ᠠᠯᠪᠠᠨ ᠲᠢᠩᠬᠢᠮ᠎ᠤᠨ ᠸᠧᠢ ᠱᠤᠸᠠᠨ ᠱ᠌ᠢ ᠵᠡᠷᠭᠡ ᠬᠥᠮᠦᠰ᠎ᠤᠨ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠨ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ᠎ᠤᠨ ᠲᠤᠬᠠᠢ ᠵᠠᠷᠯᠠᠨ ᠮᠡᠳᠡᠭᠳᠡᠵᠦ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠲᠤᠭᠤᠰᠢᠯᠠᠭᠤᠯᠬᠤ ᠲᠥᠪ᠎ᠤᠨ ᠶᠢᠰᠦᠳᠦᠭᠡᠷ ᠵᠢᠯᠣᠭᠣᠳᠬᠤ ᠳᠤᠭᠤᠶ᠋ᠢᠯᠠᠩ᠎ᠤᠨ ᠥᠪᠥᠷ ᠮᠣᠩᠭᠣᠯ᠎ᠳᠠᠬᠢ ᠠᠭᠤᠯᠵᠠᠯᠲᠠ ᠵᠢᠨ ᠬᠤᠷᠠᠯ᠎ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠬᠣᠷᠢᠶᠠᠨ᠎ᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠬᠠᠮᠢᠶ᠎ᠠ ᠪᠦᠬᠦᠢ ᠠᠵᠢᠯ ᠢ ᠤᠯᠠᠮ ᠨᠢᠭᠡ ᠠᠯᠬᠤᠮ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠳ᠋ᠦ᠋ ᠬᠤᠢ ᠯᠢᠶᠠᠩ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃
ᠬᠤᠷᠠᠯ ᠳᠡᠭᠡᠷ᠎ᠡ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠡᠰᠢᠭᠦᠳ 《ᠨᠢᠭᠡ ᠠᠵᠢᠯ ᠤᠨ ᠪᠠᠶ᠋ᠢᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ》 ᠵᠢ ᠨᠠᠶ᠋ᠢᠳᠠᠪᠤᠷᠢᠵᠢᠭᠤᠯᠬᠤ ᠲᠣᠭᠣᠷᠢᠨ᠎ᠳᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ᠂ ᠰᠡᠷᠡᠮᠵᠢᠯᠡᠭᠦᠯᠬᠦ ᠬᠥᠮᠦᠵᠢᠯ᠎ᠢ ᠴᠢᠩᠭ᠋ᠠᠳᠬᠠᠬᠤ᠂ ᠥᠪᠡᠷ᠎ᠢ᠎ᠪᠠᠨ ᠪᠠᠶ᠋ᠢᠴᠠᠭ᠋ᠠᠵᠤ ᠥᠪᠡᠰᠦᠪᠡᠨ ᠵᠠᠯᠠᠷᠠᠭᠤᠯᠬᠤ ᠵᠢ ᠰᠠᠶ᠋ᠢᠲᠤᠷ ᠠᠳᠬᠤᠬᠤ ᠵᠡᠷᠭᠡ ᠲᠠᠯ᠎ᠠ᠎ᠪᠠᠷ ᠣᠪᠣᠷ ᠵᠶ᠋ᠠᠨ ᠢᠯᠡᠳᠬᠡᠬᠦ ᠶᠠᠷᠢᠶ᠎ᠠ ᠲᠠᠯᠪᠢᠨ᠂ ᠪᠡᠶ᠎ᠡ᠎ᠪᠠᠷ ᠵᠶ᠋ᠠᠨ ᠬᠡᠪ ᠳᠠᠭᠤᠷᠢᠶᠠᠯ ᠦᠵᠡᠭᠦᠯᠵᠦ᠂ ᠳᠡᠭᠡᠳᠦ ᠱᠠᠲᠤ᠎ᠨᠢ ᠳᠣᠣᠷᠠᠳᠤ ᠱᠠᠲᠤ᠎ᠪᠠᠨ ᠳᠠᠭ᠋ᠠᠭᠤᠯᠵᠤ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ᠎ᠢ ᠲᠦᠷᠦᠭᠦᠯᠡᠨ ᠡᠰᠡᠷᠭᠦᠴᠡᠵᠦ ᠬᠣᠷᠢᠭᠯᠠᠨ᠎ᠠ ᠭᠡᠵᠦ ᠰᠠᠨᠠᠯ ᠨᠢᠭᠡᠲᠡᠢ ᠢᠯᠡᠷᠬᠡᠶ᠋ᠢᠯᠡᠪᠡ᠃
ᠬᠤᠷᠠᠯ᠎ᠠᠴᠠ᠂ ᠸᠧᠢ ᠱᠤᠸᠠᠨ ᠱ᠌ᠢ ᠵᠡᠷᠭᠡ ᠬᠥᠮᠦᠰ᠎ᠤᠨ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠭᠰᠠᠨ ᠠᠰᠠᠭᠤᠳᠠᠯ᠎ᠨᠢ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠬᠤᠭᠤᠴᠠᠭ᠋ᠠᠨ᠎ᠳᠤ ᠡᠭᠦᠰᠴᠦ᠂ ᠡᠨᠡ ᠪᠣᠯ ᠬᠠᠤᠯᠢ ᠴᠠᠭ᠋ᠠᠵᠠ ᠰᠠᠬᠢᠯᠭ᠎ᠠ ᠪᠠᠲᠤ ᠵᠢ ᠥᠯᠦ ᠬᠠᠢ᠌ᠬᠤᠷᠤᠨ᠂ ᠵᠣᠷᠢᠭᠤᠳᠠ ᠡᠰᠡᠷᠭᠦᠴᠡᠯᠳᠦᠨ ᠰᠠᠬᠢᠯᠭ᠎ᠠ ᠪᠠᠲᠤ ᠵᠢ ᠵᠦᠷᠢᠴᠡᠭᠰᠡᠨ ᠨᠡᠢ᠌ᠲᠡᠯᠢᠭ ᠬᠡᠷᠡᠭ ᠪᠣᠯᠤᠨ᠎ᠠ᠂ ᠲᠤᠢ᠌ᠯ᠎ᠤᠨ ᠮᠠᠭᠤ ᠨᠥᠯᠥᠭᠡ᠎ᠲᠠᠢ ᠪᠥᠭᠡᠳ ᠲᠤᠶ᠋ᠢᠯ᠎ᠤᠨ ᠬᠠᠷᠠᠰᠠᠯᠲᠠᠢ ᠰᠤᠷᠭ᠋ᠠᠮᠵᠢ ᠪᠣᠯᠤᠨ᠎ᠠ᠃ ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷ ᠡᠷᠬᠡᠪᠰᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠡᠷᠡᠭ᠎ᠤᠨ ᠵᠢᠱ᠌ᠢᠶ᠎ᠡ᠎ᠠᠴᠠ ᠭᠦᠨᠵᠡᠭᠡᠢ ᠰᠤᠷᠭ᠋ᠠᠮᠵᠢ ᠠᠪᠴᠤ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠵᠢᠯ᠎ᠤᠨ ᠱᠠᠭ᠋ᠠᠷᠳᠠᠯᠭ᠎ᠠ ᠵᠢ ᠡᠷᠡᠰ ᠨᠠᠶ᠋ᠢᠳᠠᠪᠤᠷᠢᠵᠢᠭᠤᠯᠵᠤ᠂ ᠰᠠᠬᠢᠯᠭ᠎ᠠ ᠪᠠᠲᠤ ᠵᠢ ᠴᠢᠩᠭ᠎ᠠ ᠰᠠᠬᠢᠵᠤ᠂ ᠬᠠᠷᠢᠶ᠎ᠠ ᠭᠠᠵᠠᠷ᠎ᠢ ᠴᠢᠩᠭ᠎ᠠ ᠬᠠᠮᠢᠶᠠᠷᠴᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠋ᠠᠨ᠎ᠤ 《ᠬᠠᠲᠠᠭᠤ ᠪᠠᠷᠢᠮᠵᠢᠶ᠎ᠠ》 ᠵᠢ ᠦᠨᠡᠨ ᠬᠦ᠌ ᠡᠴᠦᠰ᠎ᠲᠤᠨᠢ ᠲᠤᠯᠲᠠᠯ᠎ᠠ ᠠᠳᠬᠤᠵᠤ᠂ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ᠎ᠢ ᠡᠷᠡᠰ ᠬᠣᠷᠢᠭᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠡᠯ᠎ᠡ ᠭᠠᠵᠠᠷ᠎ᠤᠨ ᠡᠯ᠎ᠡ ᠶᠡᠬᠡ ᠳᠡᠭᠡᠳᠦ ᠰᠤᠷᠭ᠋ᠠᠭᠤᠯᠢ ᠵᠢᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ᠎ᠲᠠᠢ ᠦᠨᠡᠨ ᠬᠦ᠌ ᠨᠢᠭᠡᠳᠬᠡᠵᠦ᠂ ᠬᠢᠨᠠᠯᠲᠠ ᠬᠠᠮᠢᠶᠠᠷᠤᠯᠲᠠ ᠵᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠠᠳᠬᠤᠵᠤ᠂ ᠴᠢᠩᠭ᠎ᠠ ᠠᠳᠬᠤᠬᠤ ᠵᠢ ᠱᠠᠲᠤ ᠱᠠᠲᠤ᠎ᠪᠠᠷ ᠨᠠᠶ᠋ᠢᠳᠠᠪᠤᠷᠢᠵᠢᠭᠤᠯᠵᠤ᠂ ᠲᠤᠬᠠᠶ᠋ᠢᠯᠠᠭᠰᠠᠨ ᠠᠵᠢᠯ ᠪᠣᠯᠤᠨ ᠰᠤᠷᠤᠯᠴᠠᠯᠭ᠎ᠠ ᠬᠥᠮᠦᠵᠢᠯ᠎ᠢ ᠵᠡᠷᠭᠡ᠎ᠪᠠᠷ ᠪᠠᠶ᠋ᠢᠷᠢᠯᠠᠭᠤᠯᠵᠤ᠂ ᠵᠡᠷᠭᠡ᠎ᠪᠠᠷ ᠨᠠᠶ᠋ᠢᠳᠠᠪᠤᠷᠢᠵᠢᠭᠤᠯᠵᠤ᠂ ᠵᠡᠷᠭᠡ᠎ᠪᠠᠷ ᠪᠠᠶ᠋ᠢᠴᠠᠭ᠋ᠠᠬᠤ ᠬᠡᠷᠡᠭᠲᠡᠢ᠃ ᠴᠡᠭᠴᠡᠯᠡᠨ ᠵᠠᠰᠠᠬᠤ ᠵᠢ ᠭᠣᠣᠯᠳᠠᠯᠭ᠎ᠠ᠎ᠲᠠᠢ ᠠᠳᠬᠤᠬᠤ᠎ᠳᠤ ᠠᠩᠬᠠᠷᠤᠯ ᠵᠶ᠋ᠠᠨ ᠬᠠᠨᠳᠤᠭᠤᠯᠤᠨ᠂ ᠰᠤᠷᠤᠯᠴᠠᠯᠭ᠎ᠠ ᠬᠥᠮᠦᠵᠢᠯ᠎ᠢ ᠶᠠᠭ ᠥᠷᠨᠢᠭᠦᠯᠵᠦ ᠪᠠᠶ᠋ᠢᠭ᠎ᠠ ᠰᠤᠷᠭ᠋ᠠᠨ ᠬᠥᠮᠦᠵᠢᠯ᠎ᠤᠨ ᠬᠦᠷᠢᠶᠡᠨ᠎ᠳᠠᠬᠢ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ᠎ᠢ ᠲᠤᠰᠬᠠᠢ ᠴᠡᠭᠴᠡᠯᠡᠨ ᠵᠠᠰᠠᠬᠤ᠂ ᠲᠣᠭᠣᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠡᠷᠭᠡ᠎ᠲᠠᠢ ᠨᠢᠭᠲᠠ ᠤᠶᠠᠯᠳᠤᠭᠤᠯᠤᠨ᠂ ᠨᠢᠭᠡᠳᠦᠯᠲᠡᠢ ᠲᠥᠯᠥᠪᠵᠢᠭᠦᠯᠬᠦ ᠪᠠ ᠬᠠᠮᠵᠢᠯᠴᠠᠨ ᠠᠬᠢᠭᠤᠯᠬᠤ ᠵᠢ ᠰᠠᠶ᠋ᠢᠲᠤᠷ ᠬᠢᠬᠦ ᠬᠡᠷᠡᠭᠲᠡᠢ᠃ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠦᠷᠭᠦᠯᠵᠢᠯᠡᠨ ᠠᠬᠢᠭᠤᠯᠵᠤ᠂ ᠨᠢᠭᠡ ᠵᠢ ᠢᠯᠡᠷᠡᠭᠦᠯᠪᠡᠯ ᠨᠢᠭᠡ ᠵᠢ ᠪᠠᠶ᠋ᠢᠴᠠᠭ᠋ᠠᠨ ᠰᠢᠢ᠍ᠳᠪᠦᠷᠢᠯᠡᠵᠦ᠂ ᠬᠠᠷᠢᠭᠤᠴᠠᠯᠭ᠎ᠠ ᠵᠢ ᠬᠠᠮᠲᠤᠳᠤᠨᠢ ᠨᠡᠬᠡᠮᠵᠢᠯᠡᠵᠦ᠂ 《ᠣᠭᠲᠣ ᠠᠭᠤᠴᠢᠯᠠᠬᠤ ᠦᠭᠡᠢ》 ᠥᠨᠳᠥᠷ ᠳᠠᠷᠤᠯᠲᠠᠲᠤ ᠪᠠᠶ᠋ᠢᠳᠠᠯ ᠵᠶ᠋ᠠᠷ ᠬᠦᠴᠦᠷᠬᠡᠭ ᠶᠡᠬᠡ ᠰᠦᠷᠳᠡᠭᠦᠯᠬᠦ ᠡᠷᠴᠢᠮ᠎ᠢ ᠪᠦᠷᠢᠯᠳᠦᠭᠦᠯᠬᠦ ᠬᠡᠷᠡᠭᠲᠡᠢ᠃ ᠲᠥᠪ᠎ᠤᠨ ᠵᠢᠯᠣᠭᠣᠳᠬᠤ ᠳᠤᠭᠤᠶ᠋ᠢᠯᠠᠩ᠎ᠤᠨ ᠠᠵᠢᠯ᠎ᠢ ᠪᠦᠬᠦ ᠬᠦᠴᠦᠨ ᠵᠶ᠋ᠠᠷ ᠳᠡᠮᠵᠢᠨ ᠬᠠᠮᠵᠢᠯᠴᠠᠵᠤ᠂ ᠵᠢᠭ᠋ᠠᠨ ᠵᠢᠯᠣᠭᠣᠳᠴᠤ ᠬᠢᠨᠠᠨ ᠵᠢᠯᠣᠭᠣᠳᠬᠤ ᠵᠢ ᠲᠥᠪ ᠴᠢᠩᠭ᠎ᠠ ᠦᠨᠡᠨᠴᠢ᠎ᠪᠠᠷ ᠬᠦᠯᠢᠶᠡᠵᠦ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠵᠢ ᠯᠠᠪᠳᠠᠭᠤᠨ ᠪᠠᠲᠤᠲᠠᠢ ᠰᠠᠶ᠋ᠢᠲᠤᠷ ᠠᠳᠬᠤᠵᠤ᠂ ᠰᠤᠷᠤᠯᠴᠠᠯᠭ᠎ᠠ ᠬᠥᠮᠦᠵᠢᠯ᠎ᠨᠢ ᠰᠤᠷᠭ᠋ᠠᠨ ᠬᠥᠮᠦᠵᠢᠯ᠎ᠤᠨ ᠰᠢᠰᠲ᠋ᠧᠮ᠎ᠳᠤ ᠪᠦᠬᠦ ᠲᠠᠯ᠎ᠠ᠎ᠪᠠᠷ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃