ᠪᠦᠬᠦ ᠣᠷᠣᠨ᠎ᠤ ᠰᠤᠷᠭ᠋ᠠᠨ ᠬᠥᠮᠦᠵᠢᠯ᠎ᠤᠨ ᠭᠠᠳᠠᠭ᠋ᠠᠳᠤ ᠶᠠᠪᠤᠳᠠᠯ᠎ᠤᠨ ᠵᠢᠯ᠎ᠤᠨ ᠠᠵᠢᠯ᠎ᠤᠨ ᠲᠣᠬᠢᠷᠠᠭᠤᠯᠤᠯᠲᠠ ᠵᠢ ᠨᠠᠢ᠌ᠳᠠᠪᠤᠷᠢᠵᠢᠭᠤᠯᠵᠤ᠂ ᠰᠤᠷᠭ᠋ᠠᠨ ᠬᠥᠮᠦᠵᠢᠯ᠎ᠤᠨ ᠶᠠᠮᠤᠨ᠎ᠤ ᠳᠤᠮᠳᠠᠳᠤ ᠭᠠᠳᠠᠭ᠋ᠠᠳᠤ ᠬᠠᠮᠲᠤᠷᠠᠨ ᠰᠤᠷᠭ᠋ᠠᠭᠤᠯᠢ ᠡᠷᠬᠢᠯᠡᠬᠦ ᠪᠠ ᠠᠯᠪᠠᠨ᠎ᠠᠴᠠ ᠲᠣᠮᠢᠯᠠᠵᠤ ᠭᠠᠳᠠᠭ᠋ᠠᠳᠤ᠎ᠳᠤ ᠰᠤᠷᠤᠯᠴᠠᠭᠤᠯᠬᠤ ᠲᠤᠬᠠᠶ᠋ᠢᠯᠠᠭᠰᠠᠨ ᠠᠵᠢᠯ᠎ᠤᠨ ᠲᠥᠷᠥ ᠵᠢᠨ ᠪᠣᠳᠣᠯᠭ᠎ᠠ ᠵᠢᠨ ᠲᠤᠬᠠᠢ ᠬᠠᠮᠤᠭ᠎ᠤᠨ ᠰᠢᠨ᠎ᠡ ᠠᠵᠢᠯ᠎ᠤᠨ ᠱᠠᠭ᠋ᠠᠷᠳᠠᠯᠭ᠎ᠠ ᠵᠢ ᠰᠤᠷᠤᠯᠴᠠᠬᠤ ᠵᠢᠨ ᠲᠥᠯᠦᠭᠡ᠂ ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 2025 ᠣᠨ᠎ᠤ ᠪᠦᠬᠦ ᠣᠷᠣᠨ᠎ᠤ ᠳᠤᠮᠳᠠᠳᠤ ᠭᠠᠳᠠᠭ᠋ᠠᠳᠤ ᠬᠠᠮᠲᠤᠷᠠᠨ ᠰᠤᠷᠭ᠋ᠠᠭᠤᠯᠢ ᠡᠷᠬᠢᠯᠡᠬᠦ ᠪᠠ ᠠᠯᠪᠠᠨ᠎ᠠᠴᠠ ᠲᠣᠮᠢᠯᠠᠵᠤ ᠭᠠᠳᠠᠭ᠋ᠠᠳᠤ᠎ᠳᠤ ᠰᠤᠷᠤᠯᠴᠠᠭᠤᠯᠬᠤ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠬᠤᠷᠠᠯ᠎ᠢ ᠬᠤᠷᠠᠯᠳᠤᠭᠤᠯᠪᠠ᠃

ᠡᠨᠡ ᠤᠳᠠᠭ᠋ᠠᠨ᠎ᠤ ᠪᠣᠯᠪᠠᠰᠤᠷᠠᠯ ᠪᠣᠯ ᠭᠠᠳᠠᠭ᠋ᠠᠳᠤ ᠶᠠᠪᠤᠳᠠᠯ᠎ᠤᠨ ᠺᠠᠳ᠋ᠷ᠎ᠤᠨ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠪᠠᠷ ᠭᠣᠣᠯ ᠪᠣᠯᠭ᠋ᠠᠵᠤ᠂ ᠲᠤᠰᠬᠠᠢ ᠰᠡᠳᠦᠪᠲᠦ ᠲᠠᠶ᠋ᠢᠯᠤᠮᠵᠢ ᠬᠢᠬᠦ᠂ ᠶᠠᠷᠢᠯᠴᠠᠨ ᠰᠣᠯᠢᠯᠴᠠᠬᠤ᠂ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠬᠢᠬᠦ ᠵᠡᠷᠭᠡ ᠭᠣᠭᠴᠣᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠭᠠᠳᠠᠭ᠋ᠠᠳᠤ ᠶᠠᠪᠤᠳᠠᠯ᠎ᠤᠨ ᠺᠠᠳ᠋ᠷ᠎ᠢ ᠳᠡᠯᠡᠬᠡᠶ᠋ᠢᠵᠢᠭᠦᠯᠦᠨ ᠰᠤᠷᠭ᠋ᠠᠭᠤᠯᠢ ᠡᠷᠬᠢᠯᠡᠬᠦ ᠰᠡᠳᠬᠢᠮᠵᠢ ᠵᠢ ᠤᠯᠠᠮ ᠨᠢᠭᠡ ᠠᠯᠬᠤᠮ ᠥᠷᠭᠡᠳᠬᠡᠪᠡ᠃ ᠪᠣᠯᠪᠠᠰᠤᠷᠠᠯ᠎ᠳᠤ᠂ ᠬᠠᠷᠠᠮᠥ᠋ᠷᠡᠨ ᠶᠡᠬᠡ ᠰᠤᠷᠭ᠋ᠠᠭᠤᠯᠢ᠂ ᠰᠢ ᠠᠨ ᠪᠠᠷᠢᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ᠂ ᠵᠧᠩᠵᠧᠦ ᠶᠡᠬᠡ ᠰᠤᠷᠭ᠋ᠠᠭᠤᠯᠢ ᠵᠢᠨ 3 ᠲᠤᠰᠬᠠᠢ ᠮᠡᠷᠭᠡᠵᠢᠯᠲᠡᠨ᠎ᠢ ᠤᠷᠢᠨ᠂ ᠠᠯᠪᠠᠨ᠎ᠠᠴᠠ ᠲᠣᠮᠢᠯᠠᠨ ᠭᠠᠳᠠᠭ᠋ᠠᠳᠤ᠎ᠳᠤ ᠰᠤᠷᠤᠯᠴᠠᠭᠤᠯᠬᠤ ᠲᠥᠯᠥᠪᠵᠢᠭᠦᠯᠭᠡ ᠵᠢᠴᠢ ᠬᠠᠮᠢᠶᠠᠷᠤᠯᠲᠠ᠂ ᠳᠤᠮᠳᠠᠳᠤ ᠭᠠᠳᠠᠭ᠋ᠠᠳᠤ ᠬᠠᠮᠲᠤᠷᠠᠨ ᠰᠤᠷᠭ᠋ᠠᠭᠤᠯᠢ ᠡᠷᠬᠢᠯᠡᠬᠦ ᠪᠠᠶ᠋ᠢᠭᠤᠯᠤᠮᠵᠢ (ᠲᠥᠷᠥᠯ ᠵᠦᠢ᠍ᠯ) ᠵᠢ ᠮᠡᠳᠡᠭᠦᠯᠬᠦ᠂ ᠡᠳᠦᠷ ᠲᠤᠲᠤᠮ᠎ᠤᠨ ᠬᠠᠮᠢᠶᠠᠷᠤᠯᠲᠠ᠂ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ ᠲᠤᠰᠬᠠᠢ ᠰᠡᠳᠦᠪᠲᠦ ᠲᠠᠶ᠋ᠢᠯᠤᠮᠵᠢ ᠬᠢᠯᠭᠡᠵᠦ᠂ ᠬᠤᠷᠠᠯ᠎ᠳᠤ ᠣᠷᠣᠯᠴᠠᠭᠰᠠᠳ ᠪᠣᠯᠪᠠᠰᠤᠷᠠᠯ᠎ᠤᠨ ᠭᠣᠣᠯ ᠰᠡᠳᠦᠪ᠎ᠤᠨ ᠲᠣᠭᠣᠷᠢᠨ᠎ᠳᠤ ᠶᠠᠷᠢᠯᠴᠠᠨ ᠰᠣᠯᠢᠯᠴᠠᠪᠠ᠃ ᠡᠭᠦᠨ᠎ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠬᠣᠯᠪᠣᠭᠳᠠᠬᠤ ᠲᠤᠬᠠᠶ᠋ᠢᠯᠠᠭᠰᠠᠨ ᠠᠵᠢᠯ᠎ᠤᠨ ᠬᠠᠷᠢᠭᠤᠴᠠᠯᠭ᠋ᠠᠲᠠᠨ ᠳᠤᠮᠳᠠᠳᠤ ᠭᠠᠳᠠᠭ᠋ᠠᠳᠤ ᠬᠠᠮᠲᠤᠷᠠᠨ ᠰᠤᠷᠭ᠋ᠠᠭᠤᠯᠢ ᠡᠷᠬᠢᠯᠡᠬᠦ ᠪᠠ ᠠᠯᠪᠠᠨ᠎ᠠᠴᠠ ᠲᠣᠮᠢᠯᠠᠨ ᠭᠠᠳᠠᠭ᠋ᠠᠳᠤ᠎ᠳᠤ ᠰᠤᠷᠤᠯᠴᠠᠭᠤᠯᠬᠤ ᠲᠤᠬᠠᠶ᠋ᠢᠯᠠᠭᠰᠠᠨ ᠠᠵᠢᠯ᠎ᠤᠨ ᠬᠠᠮᠤᠭ᠎ᠤᠨ ᠰᠢᠨ᠎ᠡ ᠲᠥᠷᠥ ᠵᠢᠨ ᠪᠣᠳᠣᠯᠭ᠎ᠠ ᠵᠢᠨ ᠲᠤᠬᠠᠢ ᠲᠠᠶ᠋ᠢᠯᠤᠮᠵᠢ ᠬᠢᠪᠡ᠃
ᠣᠶ᠋ᠢᠷ᠎ᠠ ᠵᠢᠨ ᠵᠢᠯ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠳᠤᠮᠳᠠᠳᠤ ᠭᠠᠳᠠᠭ᠋ᠠᠳᠤ ᠬᠠᠮᠲᠤᠷᠠᠨ ᠰᠤᠷᠭ᠋ᠠᠭᠤᠯᠢ ᠡᠷᠬᠢᠯᠡᠬᠦ ᠪᠠ ᠠᠯᠪᠠᠨ᠎ᠠᠴᠠ ᠲᠣᠮᠢᠯᠠᠵᠤ ᠭᠠᠳᠠᠭ᠋ᠠᠳᠤ᠎ᠳᠤ ᠰᠤᠷᠤᠯᠴᠠᠭᠤᠯᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠭᠤᠷᠪᠠᠨ ᠵᠢᠯ ᠳᠠᠷᠠᠭ᠋ᠠᠯᠠᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠬᠤᠷᠠᠯ᠎ᠢ ᠬᠤᠷᠠᠯᠳᠤᠭᠤᠯᠪᠠ᠃ ᠡᠭᠦᠨ᠎ᠤ ᠬᠠᠮᠲᠤ᠂ ᠳᠤᠮᠳᠠᠳᠤ ᠭᠠᠳᠠᠭ᠋ᠠᠳᠤ ᠬᠠᠮᠲᠤᠷᠠᠨ ᠰᠤᠷᠭ᠋ᠠᠭᠤᠯᠢ ᠡᠷᠬᠢᠯᠡᠬᠦ ᠪᠠ ᠠᠯᠪᠠᠨ᠎ᠠᠴᠠ ᠲᠣᠮᠢᠯᠠᠨ ᠭᠠᠳᠠᠭ᠋ᠠᠳᠤ᠎ᠳᠤ ᠰᠤᠷᠤᠯᠴᠠᠭᠤᠯᠬᠤ ᠵᠢ ᠨᠢᠭᠡᠳᠦᠯᠲᠡᠢ ᠲᠥᠯᠥᠪᠵᠢᠭᠦᠯᠬᠦ ᠵᠢᠴᠢ ᠬᠢᠨᠠᠯᠲᠠ ᠲᠠᠯᠪᠢᠵᠤ ᠬᠠᠮᠢᠶᠠᠷᠬᠤ ᠵᠢ ᠴᠢᠩᠭ᠋ᠠᠳᠬᠠᠵᠤ᠂ ᠵᠢᠯ᠎ᠤᠨ ᠳᠤᠮᠳᠠᠳᠤ ᠭᠠᠳᠠᠭ᠋ᠠᠳᠤ ᠬᠠᠮᠲᠤᠷᠠᠨ ᠰᠤᠷᠭ᠋ᠠᠭᠤᠯᠢ ᠡᠷᠬᠢᠯᠡᠬᠦ ᠪᠠ ᠠᠯᠪᠠᠨ᠎ᠠᠴᠠ ᠲᠣᠮᠢᠯᠠᠨ ᠭᠠᠳᠠᠭ᠋ᠠᠳᠤ᠎ᠳᠤ ᠰᠤᠷᠤᠯᠴᠠᠭᠤᠯᠬᠤ ᠲᠤᠬᠠᠶ᠋ᠢᠯᠠᠭᠰᠠᠨ ᠠᠵᠢᠯ᠎ᠤᠨ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠵᠤ᠂ 《ᠳᠤᠮᠳᠠᠳᠤ ᠭᠠᠳᠠᠭ᠋ᠠᠳᠤ ᠬᠠᠮᠲᠤᠷᠠᠨ ᠰᠤᠷᠭ᠋ᠠᠭᠤᠯᠢ ᠡᠷᠬᠢᠯᠡᠬᠦ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠢᠨᠵᠧᠨᠧᠷᠢᠩ》 ᠪᠣᠯᠤᠨ ᠳᠤᠮᠳᠠᠳᠤ ᠭᠠᠳᠠᠭ᠋ᠠᠳᠤ ᠬᠠᠮᠲᠤᠷᠠᠨ ᠰᠤᠷᠭ᠋ᠠᠭᠤᠯᠢ ᠡᠷᠬᠢᠯᠡᠬᠦ ᠬᠥᠮᠦᠵᠢᠭᠦᠯᠬᠦ ᠲᠥᠯᠥᠪᠯᠡᠭᠡ ᠵᠢ ᠬᠡᠷᠡᠭᠵᠢᠭᠦᠯᠪᠡ᠃ ᠶᠡᠬᠡ ᠳᠡᠭᠡᠳᠦ ᠰᠤᠷᠭ᠋ᠠᠭᠤᠯᠢ ᠵᠢ ᠵᠢᠯᠣᠭᠣᠳᠤᠨ ᠳᠤᠮᠳᠠᠳᠤ ᠭᠠᠳᠠᠭ᠋ᠠᠳᠤ ᠬᠠᠮᠲᠤᠷᠠᠨ ᠰᠤᠷᠭ᠋ᠠᠭᠤᠯᠢ ᠡᠷᠬᠢᠯᠡᠬᠦ ᠨᠠᠮ᠎ᠤᠨ ᠪᠠᠶ᠋ᠢᠭᠤᠯᠤᠯᠲᠠ ᠵᠢᠨ ᠠᠵᠢᠯ ᠵᠡᠷᠭᠡ ᠳᠦᠷᠢᠮ᠎ᠢ ᠲᠡᠭᠦᠯᠳᠡᠷᠵᠢᠭᠦᠯᠵᠦ᠂ ᠠᠯᠪᠠᠨ᠎ᠠᠴᠠ ᠲᠣᠮᠢᠯᠠᠨ ᠭᠠᠳᠠᠭ᠋ᠠᠳᠤ᠎ᠳᠤ ᠰᠤᠷᠤᠯᠴᠠᠭᠤᠯᠬᠤ᠎ᠪᠠᠷ ᠮᠡᠳᠡᠭᠦᠯᠦᠭᠰᠡᠳ᠎ᠤᠨ ᠦᠵᠡᠯ ᠰᠠᠨᠠᠭ᠎ᠠ ᠤᠯᠤᠰ ᠲᠥᠷᠥ ᠵᠢᠨ ᠬᠡᠪ ᠴᠢᠨᠠᠷ᠎ᠢ ᠦᠨᠡᠯᠡᠬᠦ᠂ ᠨᠢᠭᠤᠷᠳᠠᠨ ᠶᠠᠷᠢᠯᠴᠠᠬᠤ᠂ ᠪᠣᠯᠵᠣᠨ ᠶᠠᠷᠢᠯᠴᠠᠬᠤ ᠵᠡᠷᠭᠡ ᠲᠣᠭᠲᠠᠴᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠮᠠᠨ᠎ᠤ ᠣᠷᠣᠨ᠎ᠤ ᠳᠤᠮᠳᠠᠳᠤ ᠭᠠᠳᠠᠭ᠋ᠠᠳᠤ ᠬᠠᠮᠲᠤᠷᠠᠨ ᠰᠤᠷᠭ᠋ᠠᠭᠤᠯᠢ ᠡᠷᠬᠢᠯᠡᠬᠦ ᠪᠠ ᠠᠯᠪᠠᠨ᠎ᠠᠴᠠ ᠲᠣᠮᠢᠯᠠᠨ ᠭᠠᠳᠠᠭ᠋ᠠᠳᠤ᠎ᠳᠤ ᠰᠤᠷᠤᠯᠴᠠᠭᠤᠯᠬᠤ ᠠᠵᠢᠯ᠎ᠤᠨ ᠦᠷ᠎ᠡ ᠪᠦᠲᠦᠮᠵᠢ ᠵᠢ ᠲᠠᠰᠤᠷᠠᠯᠲᠠ ᠥᠬᠡᠶ ᠳᠡᠭᠡᠭᠰᠢᠯᠡᠭᠦᠯᠪᠡ᠃
ᠳᠠᠷᠠᠭ᠎ᠠ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ ᠠᠵᠢᠯᠯᠠᠭ᠎ᠠ》 ᠪᠠ ᠰᠤᠷᠭ᠋ᠠᠨ ᠬᠥᠮᠦᠵᠢᠯ᠎ᠤᠨ ᠶᠠᠮᠤᠨ᠎ᠤ ᠬᠠᠮᠢᠶ᠎ᠠ ᠪᠦᠬᠦᠢ ᠠᠵᠢᠯ᠎ᠤᠨ ᠡᠭᠦᠷᠭᠡ ᠵᠢᠨ ᠱᠠᠭ᠋ᠠᠷᠳᠠᠯᠭ᠎ᠠ ᠵᠢ ᠦᠷᠭᠦᠯᠵᠢᠯᠡᠨ ᠨᠠᠶ᠋ᠢᠳᠠᠪᠤᠷᠢᠵᠢᠭᠤᠯᠵᠤ᠂ ᠮᠠᠨ᠎ᠤ ᠣᠷᠣᠨ᠎ᠤ ᠳᠡᠭᠡᠳᠦ ᠰᠤᠷᠭ᠋ᠠᠭᠤᠯᠢ ᠤᠯᠤᠰ᠎ᠤᠨ ᠭᠠᠳᠠᠭ᠋ᠠᠳᠤ ᠵᠢᠨ ᠰᠢᠯᠢᠳᠡᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠣᠷᠣᠭᠤᠯᠤᠨ ᠠᠪᠴᠢᠷᠠᠵᠤ ᠬᠠᠮᠲᠤᠷᠠᠨ ᠰᠤᠷᠭ᠋ᠠᠭᠤᠯᠢ ᠡᠷᠬᠢᠯᠡᠬᠦ ᠵᠢ ᠢᠳᠡᠪᠬᠢᠲᠡᠢ ᠳᠡᠮᠵᠢᠨ᠂ ᠮᠠᠨ᠎ᠤ ᠣᠷᠣᠨ᠎ᠤ ᠠᠯᠪᠠᠨ᠎ᠠᠴᠠ ᠲᠣᠮᠢᠯᠠᠭᠰᠠᠨ ᠭᠠᠳᠠᠭ᠋ᠠᠳᠤ᠎ᠳᠤ ᠰᠤᠷᠤᠯᠴᠠᠭᠰᠠᠳ᠎ᠤᠨ ᠬᠡᠪᠴᠢᠶ᠎ᠡ ᠪᠠ ᠠᠵᠢᠯ᠎ᠤᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠤᠨ᠎ᠠ᠃
ᠡᠨᠡ ᠤᠳᠠᠭ᠋ᠠᠨ᠎ᠤ ᠪᠣᠯᠪᠠᠰᠤᠷᠠᠯ᠎ᠢ ᠬᠥᠯᠥᠨ ᠪᠤᠶ᠋ᠢᠷ ᠳᠡᠭᠡᠳᠦ ᠰᠤᠷᠭ᠋ᠠᠭᠤᠯᠢ ᠳᠠᠭ᠋ᠠᠭ᠋ᠠᠴᠢᠯᠠᠨ ᠡᠷᠬᠢᠯᠡᠵᠦ᠂ ᠪᠦᠬᠦ ᠣᠷᠣᠨ᠎ᠤ ᠡᠯ᠎ᠡ ᠠᠶ᠋ᠢᠮᠠᠭ ᠬᠣᠲᠠ ᠵᠢᠨ ᠰᠤᠷᠭ᠋ᠠᠨ ᠬᠥᠮᠦᠵᠢᠯ (ᠰᠤᠷᠭ᠋ᠠᠨ ᠬᠥᠮᠦᠵᠢᠯ ᠪᠡᠶ᠎ᠡ ᠵᠢᠨ ᠲᠠᠮᠢᠷ)᠎ᠤᠨ ᠲᠣᠪᠴᠢᠶ᠎ᠠ᠂ ᠡᠯ᠎ᠡ ᠳᠡᠭᠡᠳᠦ ᠰᠤᠷᠭ᠋ᠠᠭᠤᠯᠢ ᠵᠢᠨ ᠭᠠᠳᠠᠭ᠋ᠠᠳᠤ ᠶᠠᠪᠤᠳᠠᠯ᠎ᠤᠨ ᠰᠠᠯᠠᠭ᠎ᠠ ᠮᠥᠴᠢᠷ᠎ᠤᠨ ᠬᠠᠮᠢᠶ᠎ᠠ ᠪᠦᠬᠦᠢ ᠲᠤᠬᠠᠶ᠋ᠢᠯᠠᠭᠰᠠᠨ ᠠᠵᠢᠯ᠎ᠤᠨ ᠬᠠᠷᠢᠭᠤᠴᠠᠯᠭ᠋ᠠᠲᠠᠨ 70 ᠭᠠᠷᠤᠢ ᠬᠥᠮᠦᠨ ᠪᠣᠯᠪᠠᠰᠤᠷᠠᠯ᠎ᠳᠤ ᠣᠷᠣᠯᠴᠠᠵᠠᠢ᠃