6 ᠰᠠᠷ᠎ᠠ ᠵᠢᠨ 21 - 23᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭ᠋ᠠᠷ ᠬᠤᠭᠤᠴᠠᠭ᠋ᠠᠨ᠎ᠤ ᠡᠩ᠎ᠤᠨ ᠶᠡᠬᠡ ᠳᠡᠭᠡᠳᠦ ᠰᠤᠷᠭ᠋ᠠᠭᠤᠯᠢ ᠵᠢᠨ ᠳᠠᠭᠤᠤ ᠬᠥᠭᠵᠢᠮ᠎ᠤᠨ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯ᠂ ᠤᠷᠠᠨ ᠵᠢᠷᠤᠭ᠎ᠤᠨ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠰᠤᠷᠤᠭᠴᠢ ᠪᠠ ᠪᠠᠭᠰᠢ ᠵᠢᠨ ᠦᠨᠳᠦᠰᠦᠨ ᠮᠡᠷᠭᠡᠵᠢᠯ᠎ᠤᠨ ᠦᠵᠡᠭᠦᠯᠭᠡ ᠵᠢᠨ ᠠᠵᠢᠯᠯᠠᠭ᠎ᠠ ᠵᠢ ᠵᠢᠨᠢᠩ ᠪᠠᠭᠰᠢ ᠵᠢᠨ ᠳᠡᠭᠡᠳᠦ ᠰᠤᠷᠭ᠋ᠠᠭᠤᠯᠢ᠎ᠳᠤ ᠡᠷᠬᠢᠯᠡᠵᠦ᠂ ᠪᠦᠬᠦ ᠣᠷᠣᠨ᠎ᠤ 15 ᠶᠡᠬᠡ ᠳᠡᠭᠡᠳᠦ ᠰᠤᠷᠭ᠋ᠠᠭᠤᠯᠢ ᠵᠢᠨ ᠳᠠᠭᠤᠤ ᠬᠥᠭᠵᠢᠮ᠂ ᠤᠷᠠᠨ ᠵᠢᠷᠤᠭ᠎ᠤᠨ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯ᠎ᠤᠨ 147 ᠪᠠᠭᠰᠢ ᠰᠤᠷᠤᠭᠴᠢᠳ᠎ᠤᠨ ᠲᠥᠯᠥᠭᠡᠯᠡᠭᠴᠢ ᠳᠡᠯᠭᠡᠨ ᠦᠵᠡᠭᠦᠯᠵᠦ ᠰᠣᠯᠢᠯᠴᠠᠨ᠂ ᠰᠢᠨ᠎ᠡ ᠴᠠᠭ ᠦᠶ᠎ᠡ ᠵᠢᠨ ᠶᠡᠬᠡ ᠳᠡᠭᠡᠳᠦ ᠰᠤᠷᠭ᠋ᠠᠭᠤᠯᠢ ᠵᠢᠨ ᠳᠠᠭᠤᠤ ᠬᠥᠭᠵᠢᠮ᠂ ᠤᠷᠠᠨ ᠵᠢᠷᠤᠭ᠎ᠤᠨ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠰᠤᠷᠤᠭᠴᠢ ᠪᠠ ᠪᠠᠭᠰᠢ ᠵᠢᠨ ᠶᠡᠷᠦᠩᠬᠡᠶ᠋ᠢᠯᠡᠭᠰᠡᠨ ᠬᠡᠪ ᠴᠢᠨᠠᠷ᠂ ᠲᠤᠰᠬᠠᠢ ᠮᠡᠷᠭᠡᠵᠢᠯ ᠤᠨ ᠬᠢᠷᠢ ᠲᠦᠪᠰᠢᠨ ᠪᠠ ᠰᠢᠨ᠎ᠡ ᠵᠢ ᠡᠭᠦᠳᠬᠦ ᠦᠢ᠍ᠯᠡᠳᠦᠯᠭᠡ ᠵᠢᠨ ᠴᠢᠳᠠᠪᠤᠷᠢ ᠵᠢ ᠪᠦᠬᠦ ᠲᠠᠯ᠎ᠠ ᠪᠠᠷ ᠬᠠᠷᠠᠭᠤᠯᠪᠠ᠃


ᠠᠵᠢᠯᠯᠠᠭ᠎ᠠ ᠵᠢᠨ ᠬᠠᠮᠤᠷᠬᠤ ᠬᠡᠪᠴᠢᠶ᠎ᠡ ᠵᠢ ᠥᠷᠭᠡᠳᠬᠡᠵᠦ᠂ ᠪᠦᠬᠦ ᠣᠷᠣᠨ᠎ᠤ ᠬᠣᠯᠪᠤᠭᠳᠠᠬᠤ ᠶᠡᠬᠡ ᠳᠡᠭᠡᠳᠦ ᠰᠤᠷᠭ᠋ᠠᠭᠤᠯᠢ ᠵᠢᠨ ᠳᠠᠭᠤᠤ ᠬᠥᠭᠵᠢᠮ᠂ ᠤᠷᠠᠨ ᠵᠢᠷᠤᠭ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠦᠭᠡ᠂ ᠲᠤᠰ ᠬᠤᠭᠤᠴᠠᠭ᠋ᠠᠨ᠎ᠤ ᠠᠵᠢᠯᠯᠠᠭ᠎ᠠ᠎ᠳᠤ ᠠᠩᠬ᠎ᠠ ᠤᠳᠠᠭ᠎ᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯᠤᠨ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢ ᠪᠦᠬᠦ ᠣᠷᠣᠨ᠎ᠤ ᠦᠨᠳᠦᠰᠦᠨ ᠮᠡᠷᠭᠡᠵᠢᠯ᠎ᠢ ᠳᠡᠯᠭᠡᠨ ᠦᠵᠡᠭᠦᠯᠬᠦ ᠬᠡᠪᠴᠢᠶᠡᠨ᠎ᠳᠤ ᠣᠷᠣᠭᠤᠯᠵᠤ᠂ ᠪᠠᠭᠰᠢ᠂ ᠰᠤᠷᠤᠭᠴᠢ ᠵᠢᠨ ᠳᠤᠭᠤᠶ᠋ᠢᠯᠠᠩ ᠬᠤᠪᠢᠶᠠᠵᠤ᠂ ᠪᠢᠴᠢᠯ ᠬᠢᠴᠢᠶᠡᠯ᠎ᠤᠨ ᠦᠵᠡᠭᠦᠯᠭᠡ᠂ ᠲᠤᠰᠬᠠᠢ ᠮᠡᠷᠭᠡᠵᠢᠯ᠎ᠤᠨ ᠤᠷ᠎ᠠ ᠴᠢᠳᠠᠪᠤᠷᠢ ᠵᠢᠨ ᠦᠵᠡᠭᠦᠯᠭᠡ᠂ ᠭᠤᠸ᠎ᠠ ᠲᠠᠭ᠋ᠠᠰᠢᠶᠠᠯ᠎ᠤᠨ ᠪᠠ ᠬᠥᠮᠦᠨ ᠨᠡᠶ᠋ᠢᠭᠡᠮ᠎ᠤᠨ ᠬᠡᠪ ᠪᠣᠯᠪᠠᠰᠤᠷᠠᠯ᠎ᠤᠨ ᠦᠵᠡᠭᠦᠯᠭᠡ ᠭᠡᠬᠦ ᠭᠤᠷᠪᠠᠨ ᠲᠥᠷᠥᠯ ᠵᠦᠢ᠍ᠯ᠎ᠢ ᠲᠤᠰ ᠲᠤᠰ ᠲᠣᠬᠢᠷᠠᠭᠤᠯᠪᠠ᠃ ᠦᠵᠡᠭᠦᠯᠭᠡ ᠵᠢᠨ ᠬᠤᠭᠤᠴᠠᠭ᠋ᠠᠨ᠎ᠳᠤ ᠪᠠᠰᠠ ᠪᠠᠭᠰᠢ ᠰᠤᠷᠤᠭᠴᠢᠳ᠎ᠢ ᠵᠣᠬᠢᠶᠠᠨ ᠪᠠᠶ᠋ᠢᠭᠤᠯᠤᠨ ᠵᠢᠨᠢᠩ᠎ᠤᠨ ᠳᠠᠶ᠋ᠢᠯᠠᠯᠳᠤᠭ᠋ᠠᠨ᠎ᠤ ᠳᠤᠷᠠᠰᠬᠠᠯ᠎ᠤᠨ ᠣᠷᠳᠣᠨ᠂ ᠤᠯᠠᠭ᠋ᠠᠨᠴᠠᠪ ᠬᠣᠲᠠ ᠵᠢᠨ ᠤᠷᠠᠯᠢᠭ᠎ᠤᠨ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠦᠷ᠎ᠡ ᠪᠦᠲᠦᠭᠡᠯ᠎ᠤᠨ ᠦᠵᠡᠭᠦᠯᠭᠡ᠂ ᠤᠯᠠᠭ᠋ᠠᠨᠴᠠᠪ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠳᠠᠭᠤᠤ ᠬᠥᠭᠵᠢᠮ᠂ ᠤᠷᠠᠨ ᠵᠢᠷᠤᠭ᠎ᠤᠨ ᠬᠢᠴᠢᠶᠡᠯ᠎ᠢ ᠦᠨᠡᠯᠡᠬᠦ ᠪᠠ ᠰᠣᠯᠢᠯᠴᠠᠬᠤ ᠵᠢᠴᠢ ᠭᠤᠸ᠎ᠠ ᠰᠠᠶ᠋ᠢᠬᠠᠨ ᠤ ᠬᠥᠮᠦᠵᠢᠯ᠎ᠤᠨ ᠲᠤᠰᠬᠠᠢ ᠮᠡᠷᠭᠡᠵᠢᠯᠲᠡᠨ ᠲᠠᠶ᠋ᠢᠯᠤᠮᠵᠢ ᠬᠢᠬᠦ ᠵᠡᠷᠭᠡ ᠨᠡᠶ᠋ᠢᠭᠡᠮ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ ᠲᠣᠭᠣᠷᠢᠨ ᠦᠵᠡᠭᠦᠯᠵᠦ᠂ ᠦᠵᠡᠰᠬᠦᠯᠡᠩ᠎ᠳᠤ ᠣᠷᠣᠯᠴᠠᠭᠰᠠᠨ ᠪᠠᠭᠰᠢ ᠰᠤᠷᠤᠭᠴᠢᠳ᠎ᠲᠤ ᠨᠡᠪᠲᠡᠷᠡᠯᠴᠡᠵᠦ ᠰᠣᠯᠢᠯᠴᠠᠬᠤ ᠲᠠᠪᠴᠠᠩ᠎ᠢ ᠪᠠᠶ᠋ᠢᠭᠤᠯᠤᠨ ᠥᠭᠴᠦ᠂ ᠴᠢᠨᠠᠷᠯᠢᠭ ᠭᠤᠸ᠎ᠠ ᠰᠠᠶ᠋ᠢᠬᠠᠨ᠎ᠤ ᠬᠥᠮᠦᠵᠢᠯ᠎ᠤᠨ ᠡᠬᠢ ᠪᠠᠶᠠᠯᠢᠭ᠎ᠢ ᠬᠠᠮᠲᠤ᠎ᠳᠤ᠎ᠪᠠᠨ ᠪᠠᠶ᠋ᠢᠭᠤᠯᠵᠤ ᠬᠠᠮᠲᠤ᠎ᠪᠠᠷ ᠬᠤᠪᠢᠶᠠᠯᠴᠠᠨ ᠡᠳ᠋ᠯᠡᠬᠦ ᠵᠢ ᠠᠬᠢᠭᠤᠯᠪᠠ᠃
ᠲᠤᠰ ᠬᠤᠭᠤᠴᠠᠭ᠋ᠠᠨ᠎ᠤ ᠦᠵᠡᠭᠦᠯᠭᠡ ᠵᠢᠨ ᠠᠵᠢᠯᠯᠠᠭ᠎ᠠ ᠪᠦᠬᠦ ᠤᠯᠤᠰ᠎ᠤᠨ ᠶᠡᠬᠡ ᠳᠡᠭᠡᠳᠦ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠵᠢᠭ᠋ᠠᠨ ᠰᠤᠷᠭ᠋ᠠᠯᠲᠠ ᠵᠢᠨ ᠵᠢᠯᠣᠭᠣᠳᠬᠤ ᠵᠥᠪᠯᠡᠯ᠎ᠤᠨ ᠬᠦᠴᠦᠲᠡᠢ ᠳᠡᠮᠵᠢᠯᠭᠡ ᠵᠢ ᠣᠯᠵᠤ᠂ ᠪᠦᠬᠦ ᠤᠯᠤᠰ᠎ᠤᠨ ᠳᠠᠭᠤᠤ ᠬᠥᠭᠵᠢᠮ᠂ ᠤᠷᠠᠨ ᠵᠢᠷᠤᠭ᠎ᠤᠨ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠬᠦᠷᠢᠶᠡᠨ᠎ᠳᠠᠬᠢ ᠨᠡᠷ᠎ᠡ ᠲᠥᠷᠥ ᠲᠠᠢ ᠲᠤᠰᠬᠠᠢ ᠮᠡᠷᠭᠡᠵᠢᠯᠲᠡᠨ᠎ᠢ ᠲᠤᠰᠬᠠᠶ᠋ᠢᠯᠠᠨ ᠤᠷᠢᠵᠤ ᠰᠢᠯᠭ᠋ᠠᠷᠠᠭᠤᠯᠬᠤ ᠺᠣᠮᠢᠰ᠎ᠤᠨ ᠭᠡᠰᠢᠭᠦᠨ ᠤ ᠲᠤᠰᠢᠶᠠᠯ᠎ᠢ ᠬᠠᠷᠢᠭᠤᠴᠠᠭᠤᠯᠪᠠ᠃ ᠥᠨᠳᠦᠷᠯᠡᠬᠦ ᠶᠣᠰᠣᠯᠠᠯ ᠳᠡᠭᠡᠷ᠎ᠡ᠂ ᠲᠤᠰᠬᠠᠢ ᠮᠡᠷᠭᠡᠵᠢᠯᠲᠡᠳ ᠲᠤᠰᠬᠠᠢ ᠮᠡᠷᠭᠡᠵᠢᠯ᠎ᠤᠨ᠂ ᠨᠠᠷᠢᠨ ᠨᠢᠭᠲᠠ᠂ ᠪᠤᠰᠤᠳᠴᠢ ᠣᠪᠣᠷ ᠵᠶ᠋ᠠᠷ ᠲᠤᠰ ᠲᠤᠰ ᠨᠠᠶ᠋ᠢᠷᠠᠯ ᠳᠠᠭᠤᠤ ᠵᠢ ᠵᠢᠯᠣᠭᠣᠳᠬᠤ᠂ ᠠᠪᠠᠳ ᠬᠥᠭᠵᠢᠮᠳᠡᠨ ᠳᠠᠭᠤᠯᠠᠬᠤ᠂ ᠳᠠᠭᠤᠯᠠᠬᠤᠢ᠂ ᠪᠥᠵᠢᠭ᠂ ᠤᠷᠠᠨ ᠪᠢᠴᠢᠯᠭᠡ᠂ ᠤᠷᠠᠨ ᠵᠢᠷᠤᠭ᠂ ᠪᠢᠴᠢᠯ ᠬᠢᠴᠢᠶᠡᠯ ᠵᠢᠴᠢ ᠪᠠᠭᠰᠢ ᠵᠢᠨ ᠬᠥᠮᠦᠨ ᠨᠡᠶ᠋ᠢᠭᠡᠮ᠎ᠤᠨ ᠬᠡᠪ ᠪᠣᠯᠪᠠᠰᠤᠷᠠᠯ ᠵᠡᠷᠭᠡ ᠲᠠᠯ᠎ᠠ᠎ᠪᠠᠷ ᠡᠨᠡ ᠤᠳᠠᠭ᠋ᠠᠨ᠎ᠤ ᠦᠵᠡᠭᠦᠯᠭᠡ ᠵᠢᠨ ᠠᠵᠢᠯᠯᠠᠭ᠎ᠠ ᠵᠢ ᠦᠨᠡᠯᠡᠵᠦ᠂ ᠮᠠᠨ᠎ᠤ ᠣᠷᠣᠨ᠎ᠤ ᠳᠠᠭᠤᠤ ᠬᠥᠭᠵᠢᠮ᠂ ᠤᠷᠠᠨ ᠵᠢᠷᠤᠭ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠴᠢ ᠪᠠᠭᠰᠢ ᠰᠤᠷᠤᠭᠴᠢᠳ᠎ᠤᠨ ᠲᠤᠰᠬᠠᠢ ᠮᠡᠷᠭᠡᠵᠢᠯ᠎ᠤᠨ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ᠎ᠳᠤ ᠪᠦᠲᠦᠭᠡᠯᠴᠢ ᠴᠢᠨᠠᠷᠲᠠᠢ ᠰᠠᠨᠠᠯ ᠳᠤᠷᠠᠳᠤᠨ᠂ ᠮᠠᠨ᠎ᠤ ᠣᠷᠣᠨ᠎ᠤ ᠭᠤᠸ᠎ᠠ ᠰᠠᠶ᠋ᠢᠬᠠᠨ᠎ᠤ ᠬᠥᠮᠦᠵᠢᠯ ᠢ ᠠᠭᠤᠰᠬᠠᠬᠤ ᠠᠵᠢᠯᠯᠠᠭ᠎ᠠ ᠵᠢᠨ ᠬᠡᠷᠡᠭᠵᠢᠭᠦᠯᠦᠯᠲᠡ ᠵᠢ ᠬᠦᠴᠦᠲᠡᠢ ᠠᠬᠢᠭᠤᠯᠪᠠ᠃

ᠣᠶ᠋ᠢᠷ᠎ᠠ ᠵᠢᠨ ᠵᠢᠯ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢ ᠨᠢᠭᠡ ᠴᠣᠭᠴᠠᠵᠢᠭᠤᠯᠤᠨ ᠠᠬᠢᠭᠤᠯᠬᠤ ᠰᠡᠳᠬᠢᠮᠵᠢ ᠵᠢ ᠢᠮᠠᠭᠲᠠ ᠪᠠᠷᠢᠮᠲᠠᠯᠠᠵᠤ᠂ ᠭᠤᠸ᠎ᠠ ᠰᠠᠶ᠋ᠢᠬᠠᠨ᠎ᠤ ᠬᠥᠮᠦᠵᠢᠯ᠎ᠤᠨ ᠬᠥᠭᠵᠢᠯᠲᠡ ᠵᠢᠨ ᠱᠠᠭ᠋ᠠᠷᠳᠠᠯᠭ᠎ᠠ᠎ᠲᠠᠢ ᠪᠠᠷᠢᠮᠵᠢᠶᠠᠯᠠᠨ ᠬᠠᠷᠢᠴᠠᠭᠤᠯᠵᠤ᠂ ᠳᠡᠭᠡᠳᠦ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠲᠠᠰᠤᠷᠠᠯᠲᠠ ᠦᠭᠡᠢ ᠭᠦᠨᠵᠡᠭᠡᠢ᠌ᠷᠡᠭᠦᠯᠦᠨ᠂ ᠭᠤᠸ᠎ᠠ ᠰᠠᠶ᠋ᠢᠬᠠᠨ᠎ᠤ ᠬᠥᠮᠥᠵᠢᠯ᠎ᠤᠨ ᠬᠥᠮᠦᠨ ᠬᠥᠮᠦᠵᠢᠭᠦᠯᠬᠦ ᠴᠢᠳᠠᠪᠤᠷᠢ ᠵᠢ ᠳᠡᠭᠡᠭᠰᠢᠯᠡᠭᠦᠯᠪᠡ᠃ ᠡᠨᠡ ᠤᠳᠠᠭ᠋ᠠᠨ᠎ᠤ ᠠᠵᠢᠯᠯᠠᠭ᠎ᠠ᠎ᠨᠢ ᠳᠡᠯᠭᠡᠨ ᠦᠵᠡᠭᠦᠯᠬᠦ᠎ᠪᠠᠷ ᠰᠣᠯᠢᠯᠴᠠᠭ᠎ᠠ ᠵᠢ ᠠᠬᠢᠭᠤᠯᠵᠤ᠂ ᠰᠣᠯᠢᠯᠴᠠᠭ᠎ᠠ᠎ᠪᠠᠷ ᠳᠡᠭᠡᠭᠰᠢᠯᠡᠯᠲᠡ ᠵᠢ ᠠᠬᠢᠭᠤᠯᠵᠤ᠂ ᠳᠡᠭᠡᠳᠦ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠥᠵᠢᠯ᠎ᠤᠨ ᠴᠢᠳᠠᠪᠤᠷᠢᠲᠠᠨ ᠬᠥᠮᠦᠵᠢᠭᠦᠯᠬᠦ ᠦᠷ᠎ᠡ ᠪᠦᠲᠦᠮᠵᠢ ᠵᠢ ᠪᠦᠬᠦ ᠲᠠᠯ᠎ᠠ᠎ᠪᠠᠷ ᠰᠢᠯᠭ᠋ᠠᠨ ᠪᠠᠶ᠋ᠢᠴᠠᠭ᠋ᠠᠵᠤ᠂ ᠰᠠᠭᠤᠷᠢ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠭᠦᠯᠦᠯᠲᠡ ᠵᠢᠨ ᠬᠡᠷᠡᠭᠴᠡᠭᠡ ᠵᠢ ᠬᠠᠩᠭ᠋ᠠᠬᠤ ᠥᠨᠳᠥᠷ ᠬᠡᠪ ᠪᠣᠯᠪᠠᠰᠤᠷᠠᠯ᠎ᠲᠠᠢ ᠲᠤᠰᠬᠠᠶ᠋ᠢᠵᠢᠭᠰᠠᠨ ᠰᠢᠨ᠎ᠡ ᠵᠢ ᠡᠭᠦᠳᠬᠦ ᠬᠡᠯᠪᠡᠷᠢ ᠵᠢᠨ ᠳᠠᠭᠤᠤ ᠬᠥᠭᠵᠢᠮ᠂ ᠤᠷᠠᠨ ᠵᠢᠷᠤᠭ᠎ᠤᠨ ᠪᠠᠭᠰᠢ ᠵᠢᠨ ᠡᠩᠨᠡᠭᠡ ᠵᠢ ᠪᠠᠶ᠋ᠢᠭᠤᠯᠬᠤ᠎ᠳᠤ ᠬᠦᠴᠦᠷᠬᠡᠭ ᠶᠡᠬᠡ ᠬᠦᠴᠦᠨ ᠨᠡᠮᠡᠷᠢᠯᠡᠪᠡ᠃
