ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠬᠠᠤᠯᠢ ᠵᠢᠨ ᠲᠤᠰᠠᠯᠠᠮᠵᠢ᠎ᠪᠠᠷ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ ᠬᠡᠦᠬᠡᠳ ᠪᠠᠭ᠋ᠠᠴᠤᠳ᠎ᠢ ᠬᠠᠶ᠋ᠢᠷᠠᠯᠠᠨ ᠬᠠᠮᠠᠭ᠋ᠠᠯᠠᠵᠤ ᠦᠰᠦᠨ ᠪᠣᠶ᠋ᠢᠵᠢᠯᠲᠠ᠎ᠳᠤ ᠎ᠨᠢ ᠳᠡᠮᠵᠢᠯᠭᠡ ᠦᠵᠡᠭᠦᠯᠦᠨ ᠨᠠᠰᠤᠨ᠎ᠳᠤ ᠥᠯᠥ ᠬᠦᠷᠦᠭᠰᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠪᠠᠲᠤᠯᠠᠨ᠎ᠠ
ᠨᠡᠶ᠋ᠢᠲᠡᠯᠡᠭᠰᠡᠨ ᠴᠠᠭ᠄ 2025-06-03

ᠬᠠᠤᠯᠢ ᠴᠠᠭ᠋ᠠᠵᠠ ᠵᠢᠨ ᠶᠠᠮᠤᠨ᠎ᠤ 《ᠬᠠᠤᠯᠢ ᠴᠠᠭ᠋ᠠᠵᠠ ᠵᠢᠨ ᠲᠤᠰᠠᠯᠠᠮᠵᠢ᠎ᠪᠠᠷ ᠬᠡᠦᠬᠡᠳ ᠪᠠᠭ᠋ᠠᠴᠤᠳ᠎ᠢ ᠬᠠᠶ᠋ᠢᠷᠠᠯᠠᠨ ᠬᠠᠮᠠᠭ᠋ᠠᠯᠠᠬᠤ》 ᠠᠵᠢᠯᠯᠠᠭ᠎ᠠ ᠵᠢᠨ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠦᠢ᠍ᠯᠡᠴᠢᠯᠡᠭᠡ᠎ᠪᠠᠷ ᠨᠠᠰᠤᠨ᠎ᠳᠤ ᠥᠯᠥ ᠭᠦᠷᠦᠭᠰᠡᠳ᠎ᠤᠨ ᠡᠷᠡᠭᠦᠯ ᠵᠶ᠋ᠠᠷ ᠦᠰᠦᠨ ᠪᠤᠶ᠋ᠢᠵᠢᠬᠤ ᠵᠢ ᠪᠠᠲᠤᠯᠠᠬᠤ ᠡᠭᠦᠷᠭᠡ ᠴᠢᠳᠠᠪᠤᠷᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ᠎ᠠᠴᠠ 《ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠨ  ᠬᠡᠦᠬᠡᠳ ᠪᠠᠭ᠋ᠠᠴᠤᠳ᠎ᠢ ᠬᠠᠶ᠋ᠢᠷᠠᠯᠠᠨ ᠬᠠᠮᠠᠭ᠋ᠠᠯᠠᠵᠤ ᠦᠰᠦᠨ ᠪᠣᠶ᠋ᠢᠵᠢᠯᠲᠠ᠎ᠳᠤ᠎ᠨᠢ ᠳᠡᠮᠵᠢᠯᠭᠡ ᠦᠵᠡᠭᠦᠯᠰᠦᠭᠡᠢ》 ᠭᠡᠬᠦ ᠲᠤᠰᠬᠠᠶ ᠠᠵᠢᠯᠯᠠᠭ᠎ᠠ ᠵᠢ ᠥᠷᠨᠢᠭᠦᠯᠵᠦ᠂ ᠨᠠᠰᠤᠨ᠎ᠳᠤ ᠥᠯᠥ ᠭᠦᠷᠦᠭᠰᠡᠳ᠎ᠤᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠬᠠᠮᠵᠢᠯᠴᠠᠭ᠋ᠠᠨ᠎ᠤ ᠲᠣᠭᠲᠠᠴᠠ ᠵᠢ ᠤᠯᠠᠮ ᠨᠢᠭᠡ ᠠᠯᠬᠤᠮ ᠪᠦᠷᠢᠨᠰᠢᠬᠦᠯᠵᠦ᠂ ᠦᠢ᠍ᠯᠡᠴᠢᠯᠡᠭᠡᠨ᠎ᠤ ᠡᠬᠢ ᠪᠠᠶᠠᠯᠢᠭ᠎ᠢ ᠨᠡᠶ᠋ᠢᠳᠬᠡᠵᠦ᠂ ᠠᠷᠠᠳ᠎ᠲᠤ ᠲᠥᠬᠦᠮ ᠦᠵᠡᠭᠦᠯᠬᠦ ᠠᠷᠭ᠎ᠠ ᠠᠪᠴᠠᠯ᠎ᠤᠨ ᠲᠣᠭᠲᠠᠴᠠ᠎ᠳᠤ ᠰᠢᠨ᠎ᠡ ᠵᠢ ᠡᠭᠦᠳᠴᠦ᠂ ᠨᠠᠰᠤᠨ᠎ᠳᠤ ᠥᠯᠥ ᠭᠦᠷᠦᠭᠰᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠪᠠᠲᠤᠯᠠᠵᠤ᠂ ᠨᠠᠰᠤᠨ᠎ᠳᠤ ᠥᠯᠥ ᠭᠦᠷᠦᠭᠰᠡᠳ᠎ᠤᠨ ᠡᠷᠡᠭᠦᠯ ᠵᠶ᠋ᠠᠷ ᠦᠰᠦᠨ ᠪᠤᠶ᠋ᠢᠵᠢᠬᠤ ᠠᠶᠠᠯᠠᠯ᠎ᠳᠤ᠎ᠨᠢ ᠳᠡᠮᠵᠢᠯᠭᠡ ᠲᠤᠰᠠ ᠦᠵᠡᠭᠦᠯᠦᠨ᠎ᠡ᠃

ᠨᠢᠭᠡ᠎ᠳᠤ᠂ ᠦᠢ᠍ᠯᠡᠴᠢᠯᠡᠭᠡᠨ᠎ᠤ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠦᠨ᠎ᠡ᠃ ᠡᠷᠬᠡ᠎ᠪᠠᠨ ᠬᠠᠮᠠᠭ᠋ᠠᠯᠠᠬᠤ ᠦᠢ᠍ᠯᠡᠴᠢᠯᠡᠭᠡᠨ᠎ᠤ ᠰᠦᠯᠵᠢᠶ᠎ᠡ ᠵᠢᠨ ᠲᠣᠭᠲᠠᠯᠴᠠᠭ᠎ᠠ ᠵᠢ ᠰᠢᠯᠢᠳᠡᠭᠵᠢᠭᠦᠯᠦᠨ ᠪᠠᠶ᠋ᠢᠷᠢᠯᠠᠭᠤᠯᠵᠤ᠂ ᠨᠠᠰᠤᠨ᠎ᠳᠤ ᠥᠯᠥ ᠭᠦᠷᠦᠭᠰᠡᠳ᠎ᠤᠨ 《ᠰᠠᠭ᠋ᠠᠳ ᠥᠬᠡᠶ ᠨᠡᠪᠲᠡᠷᠡᠬᠦ ᠵᠠᠮ》᠎ᠢ ᠪᠠᠶ᠋ᠢᠭᠤᠯᠵᠤ᠂ ᠠᠳᠠᠯᠢ ᠱᠠᠲᠤᠨ᠎ᠤ ᠡᠪᠯᠡᠯ᠎ᠤᠨ ᠬᠤᠷᠢᠶ᠎ᠠ᠎ᠳᠤ ᠲᠦᠰᠢᠭᠯᠡᠨ ᠨᠠᠰᠤᠨ᠎ᠳᠤ ᠥᠯᠥ ᠭᠦᠷᠦᠭᠰᠡᠳ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠤᠨ ᠥᠷᠲᠡᠭᠡ ᠪᠤᠶᠤ ᠡᠷᠬᠡ᠎ᠪᠠᠨ ᠬᠠᠮᠠᠭ᠋ᠠᠯᠠᠬᠤ ᠵᠢᠨ ᠬᠠᠷᠢᠯᠴᠠᠬᠤ ᠴᠡᠭ᠎ᠢ ᠪᠠᠶ᠋ᠢᠭᠤᠯᠵᠤ᠂ ᠨᠠᠰᠤᠨ᠎ᠳᠤ ᠥᠯᠥ ᠭᠦᠷᠦᠭᠰᠡᠳ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠡᠷᠡᠭ᠎ᠢ ᠤᠷᠢᠳ ᠵᠶ᠋ᠠᠷ ᠭᠥᠯᠢᠶᠡᠨ ᠠᠪᠴᠤ ᠰᠢᠢ᠍ᠳᠪᠦᠷᠢᠯᠡᠬᠦ᠂ ᠤᠷᠢᠳ ᠵᠶ᠋ᠠᠷ ᠬᠢᠨᠠᠨ ᠪᠠᠶ᠋ᠢᠴᠠᠭ᠋ᠠᠬᠤ᠂ ᠤᠷᠢᠳ ᠵᠶ᠋ᠠᠷ ᠲᠣᠮᠢᠯᠠᠬᠤ ᠵᠠᠷᠴᠢᠮ᠎ᠢ ᠵᠢᠷᠤᠮᠯᠠᠨ᠂ ᠨᠥᠬᠦᠴᠡᠯ᠎ᠳᠤ ᠨᠡᠶ᠋ᠢᠴᠡᠬᠦ ᠲᠤᠰᠠᠯᠠᠮᠵᠢ ᠵᠢᠨ ᠬᠡᠷᠡᠭ᠎ᠢ ᠲᠤᠬᠠᠢ ᠵᠢᠨ ᠡᠳᠦᠷ᠎ᠲᠤ᠎ᠨᠢ ᠭᠥᠯᠢᠶᠡᠨ ᠠᠪᠴᠤ ᠰᠢᠢ᠍ᠳᠪᠦᠷᠢᠯᠡᠨ᠂ ᠲᠤᠬᠠᠢ ᠵᠢᠨ ᠡᠳᠦᠷ᠎ᠲᠤ᠎ᠨᠢ ᠲᠣᠮᠢᠯᠠᠵᠤ᠂ ᠨᠠᠰᠤᠨ᠎ᠳᠤ ᠥᠯᠥ ᠭᠦᠷᠦᠭᠰᠡᠳ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠬᠤ᠎ᠳᠤ᠎ᠨᠢ 《ᠥᠴᠦᠬᠡᠨ ᠴᠦ᠍ ᠬᠦᠯᠢᠶᠡᠯᠭᠡᠯ ᠥᠬᠡᠶ》 ᠪᠠᠶ᠋ᠢᠬᠤ ᠵᠢ ᠪᠡᠶᠡᠯᠡᠭᠦᠯᠪᠡ᠃ ᠪᠦᠬᠦ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠶ᠋ᠢᠭᠤᠯᠤᠮᠵᠢ᠎ᠨᠤᠭᠤᠳ᠎ᠨᠢ ᠡᠪ ᠬᠠᠮᠲᠤ ᠵᠠᠯᠠᠭᠤᠴᠤᠳ᠎ᠤᠨ ᠡᠪᠯᠡᠯ᠎ᠳᠤ ᠲᠦᠰᠢᠭᠯᠡᠨ ᠬᠠᠤᠯᠢ ᠴᠠᠭ᠋ᠠᠵᠠ ᠵᠢᠨ ᠲᠤᠰᠠᠯᠠᠮᠵᠢ ᠣᠯᠭᠤᠬᠤ 109 ᠠᠵᠢᠯᠯᠠᠬᠤ ᠦᠷᠲᠡᠭᠡ ᠵᠢ ᠪᠠᠶ᠋ᠢᠭᠤᠯᠪᠠ᠃

ᠬᠤᠶᠠᠷ᠎ᠲᠤ᠂ ᠣᠨᠣᠴᠠᠲᠠᠶ ᠦᠢ᠍ᠯᠡᠴᠢᠯᠡᠭᠡ ᠬᠠᠩᠭ᠋ᠠᠨ᠎ᠠ᠃ ᠬᠥᠳᠡᠭᠡ ᠲᠣᠰᠬᠤᠨ᠎ᠤ ᠭᠡᠷ᠎ᠲᠤ᠎ᠪᠠᠨ ᠦᠯᠡᠳᠡᠵᠦ ᠬᠤᠴᠤᠷᠤᠭᠰᠠᠨ ᠬᠡᠦᠬᠡᠳ᠂ ᠨᠠᠰᠤᠨ᠎ᠳᠤ ᠬᠦᠷᠦᠭᠡᠳᠦᠢ ᠬᠤᠬᠢᠷᠠᠯ ᠠᠮᠰᠠᠭᠰᠠᠳ᠂ ᠨᠠᠰᠤᠨ᠎ᠳᠤ ᠬᠦᠷᠦᠭᠡᠳᠦᠢ ᠵᠡᠮᠳᠡᠭᠴᠦᠳ᠂ ᠥᠨᠥᠴᠢᠨ ᠥᠷᠦᠭᠡᠰᠦᠨ (ᠤᠷᠤᠭ ᠰᠠᠯᠤᠭᠰᠠᠨ) ᠭᠡᠷ ᠪᠦᠯᠢ ᠵᠢᠨ ᠨᠠᠰᠤᠨ᠎ᠳᠤ ᠦᠯᠦ ᠬᠦᠷᠦᠭᠰᠡᠳ ᠵᠡᠷᠭᠡ ᠬᠠᠤᠯᠢ ᠴᠠᠭ᠋ᠠᠵᠠ ᠵᠢᠨ ᠦᠢ᠍ᠯᠡᠴᠢᠯᠡᠭᠡ ᠱᠠᠭ᠋ᠠᠷᠳᠠᠭᠳᠠᠬᠤ ᠬᠦᠮᠦᠰ᠎ᠲᠤ ᠠᠩᠬᠠᠷᠤᠯ ᠵᠶ᠋ᠠᠨ ᠲᠦᠪᠯᠡᠷᠡᠭᠦᠯᠵᠦ᠂ ᠬᠠᠯᠠ ᠲᠠᠮᠤ ᠠᠮᠰᠠᠭᠳᠠᠭᠰᠠᠨ᠂ ᠭᠤᠯᠣᠵᠤ ᠣᠷᠬᠢᠭᠳᠠᠭᠰᠠᠨ ᠡᠰᠡᠬᠦᠯ᠎ᠡ ᠭᠡᠷ ᠪᠦᠯᠢ ᠵᠢᠨ ᠬᠦᠴᠦᠷᠬᠡᠭᠯᠡᠯ᠎ᠳᠤ ᠤᠴᠠᠷᠠᠭᠰᠠᠨ ᠨᠠᠰᠤᠨ᠎ᠳᠤ ᠦᠯᠦ ᠬᠦᠷᠦᠭᠰᠡᠳ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠬᠤ᠎ᠳᠤ ᠠᠵᠤ ᠠᠬᠤᠢ ᠵᠢᠨ ᠬᠦᠴᠢᠷᠳᠡᠯ ᠪᠠᠶ᠋ᠢᠬᠤ ᠡᠰᠡᠬᠦ᠎ᠪᠠᠷ ᠬᠢᠵᠠᠭ᠋ᠠᠷᠯᠠᠭᠳᠠᠬᠤ ᠦᠭᠡᠢ᠃ ᠠᠮᠢᠳᠤᠷᠠᠯ᠎ᠤᠨ ᠢᠷᠡᠯᠲᠡ᠎ᠨᠢ ᠲᠣᠭᠲᠠᠪᠤᠷᠢ ᠦᠭᠡᠢ ᠪᠠᠶ᠋ᠢᠬᠤ ᠨᠠᠰᠤᠨ᠎ᠳᠤ ᠥᠯᠥ ᠭᠦᠷᠦᠭᠰᠡᠳ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠪᠠᠯ ᠠᠵᠤ ᠠᠬᠤᠶ ᠵᠢᠨ ᠬᠦᠴᠢᠷᠳᠡᠯ᠎ᠤᠨ ᠪᠠᠶ᠋ᠢᠳᠠᠯ᠎ᠢ᠎ᠨᠢ ᠬᠢᠨᠠᠨ ᠪᠠᠶ᠋ᠢᠴᠠᠭ᠋ᠠᠬᠤ᠎ᠠᠴᠠ ᠬᠡᠯᠲᠦᠷᠢᠭᠦᠯᠦᠨ᠎ᠡ᠃ ᠬᠢᠩᠭ᠋ᠠᠨ ᠠᠶ᠋ᠢᠮᠠᠭ᠎ᠤᠨ ᠡᠯ᠎ᠡ ᠱᠠᠲᠤᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠶ᠋ᠢᠭᠤᠯᠤᠮᠵᠢ᠎ᠨᠤᠭᠤᠳ᠎ᠨᠢ 《ᠢᠲᠡᠭᠡᠮᠵᠢ᠎ᠪᠠᠷ ᠭᠦᠢ᠍ᠴᠡᠳᠬᠡᠬᠦ᠎ᠳᠤ ᠳᠦᠭᠦᠮ + ᠬᠠᠤᠯᠢ ᠴᠠᠭ᠋ᠠᠵᠠ ᠵᠢᠨ ᠲᠤᠰᠠᠯᠠᠮᠵᠢ》 ᠵᠢᠨ ᠬᠡᠷᠡᠭᠯᠡᠭᠡᠨ᠎ᠤ ᠠᠬᠤᠢ ᠪᠠᠶ᠋ᠢᠳᠠᠯ᠎ᠢ ᠰᠦᠪᠡᠭᠴᠢᠯᠡᠨ ᠬᠡᠷᠡᠭᠵᠢᠭᠦᠯᠵᠦ᠂ ᠦᠨᠳᠦᠰᠦᠨ ᠨᠥᠬᠦᠴᠡᠯ᠎ᠢ ᠪᠦᠷᠢᠯᠳᠦᠭᠦᠯᠦᠭᠰᠡᠨ᠂ ᠭᠤᠣᠯ ᠪᠣᠯᠬᠤ ᠮᠠᠲ᠋ᠧᠷᠢᠶᠠᠯ᠎ᠨᠢ ᠪᠦᠷᠢᠨ ᠭᠦᠢ᠍ᠴᠡᠳ ᠪᠥᠭᠡᠳ ᠬᠠᠤᠯᠢ᠎ᠪᠠᠷ ᠲᠣᠭᠲᠠᠭ᠋ᠠᠭᠰᠠᠨ ᠨᠥᠬᠦᠴᠡᠯ᠎ᠳᠤ ᠨᠡᠶ᠋ᠢᠴᠡᠭᠰᠡᠨ ᠪᠣᠯᠪᠠᠴᠤ ᠪᠤᠰᠤᠳ ᠮᠠᠲ᠋ᠧᠷᠢᠶᠠᠯ ᠪᠤᠶᠤ ᠭᠠᠷᠳᠠᠮ᠎ᠤᠨ ᠲᠠᠯ᠎ᠠ᠎ᠪᠠᠷ ᠳᠤᠲᠠᠮᠠᠭ ᠪᠠᠶ᠋ᠢᠬᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠵᠦᠢ᠍ᠯᠡᠰ᠎ᠢ ᠲᠤᠬᠠᠢ ᠵᠢᠨ ᠬᠥᠮᠥᠨ ᠪᠤᠶᠤ ᠬᠠᠷᠠᠭ᠋ᠠᠯᠵᠠᠨ ᠬᠠᠮᠠᠭ᠋ᠠᠯᠠᠭᠴᠢ᠎ᠠᠴᠠ ᠨᠥᠬᠦᠵᠦ ᠳᠡᠶ᠋ᠢᠯᠬᠦ ᠠᠮᠠᠯᠠᠯᠲᠠ ᠬᠢᠭᠰᠡᠨ ᠪᠠᠶ᠋ᠢᠳᠠᠯ ᠳᠣᠣᠷ᠎ᠠ ᠲᠤᠰᠢᠶᠠᠬᠤ ᠮᠠᠲ᠋ᠧᠷᠢᠶᠠᠯ᠎ᠨᠢ ᠲᠤᠲᠠᠭᠤ ᠪᠠᠶ᠋ᠢᠭᠰᠠᠨ ᠴᠤ᠌ ᠬᠦᠯᠢᠶᠡᠨ ᠠᠪᠴᠤ ᠰᠢᠢ᠍ᠳᠪᠦᠷᠢᠯᠡᠨ᠎ᠡ᠃

ᠭᠤᠷᠪᠠ᠎ᠳᠤ᠂ ᠰᠤᠷᠭ᠋ᠠᠭᠤᠯᠢ ᠵᠢᠨ ᠬᠦᠷᠢᠶᠡᠨ᠎ᠤ ᠬᠠᠤᠯᠢ ᠲᠦᠭᠡᠮᠡᠯᠵᠢᠭᠦᠯᠬᠦ ᠠᠵᠢᠯ᠎ᠢ ᠴᠢᠩᠭ᠋ᠠᠳᠬᠠᠨ᠎ᠠ᠃ ᠡᠪᠦᠯ᠎ᠤᠨ ᠪᠠ ᠵᠣᠨ᠎ᠤ ᠠᠮᠠᠷᠠᠯᠲᠠ᠂ ᠬᠠᠪᠤᠷ᠎ᠤᠨ ᠪᠠ ᠨᠠᠮᠤᠷ᠎ᠤᠨ ᠤᠯᠠᠷᠢᠯ᠎ᠤᠨ ᠰᠤᠷᠭ᠋ᠠᠭᠤᠯᠢ ᠡᠬᠢᠯᠡᠬᠦ ᠵᠡᠷᠭᠡ ᠴᠠᠭ ᠬᠤᠭᠤᠴᠠᠭ᠋ᠠᠨ᠎ᠤ ᠴᠢᠬᠤᠯᠠ ᠵᠠᠩᠭᠢᠯᠠᠭ᠎ᠠ ᠵᠢᠨ ᠴᠡᠭ᠎ᠤᠳ᠎ᠢ ᠠᠰᠢᠭᠯᠠᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠲᠤᠰᠬᠠᠶ ᠠᠵᠢᠯᠯᠠᠭ᠎ᠠ ᠵᠢ ᠲᠥᠪᠯᠡᠷᠡᠭᠦᠯᠦᠨ ᠥᠷᠨᠢᠭᠦᠯᠵᠦ᠂ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ᠂ ᠨᠠᠰᠤᠨ᠎ᠳᠤ ᠥᠯᠥ ᠭᠦᠷᠦᠭᠰᠡᠳ᠎ᠤᠨ ᠶᠠᠯ᠎ᠠ ᠬᠢᠬᠦ ᠵᠢ ᠰᠡᠷᠭᠡᠶ᠋ᠢᠯᠡᠬᠦ᠂ ᠰᠤᠷᠭ᠋ᠠᠭᠤᠯᠢ ᠵᠢᠨ ᠬᠦᠷᠢᠶᠡᠨ᠎ᠤ ᠳᠣᠷᠣᠮᠵᠢᠯᠠᠯ᠎ᠢ ᠰᠡᠷᠭᠡᠶ᠋ᠢᠯᠡᠬᠦ᠂ ᠮᠡᠬᠡᠯᠡᠯ᠎ᠢ ᠡᠰᠡᠷᠭᠦᠴᠡᠬᠦ ᠮᠡᠬᠡᠯᠡᠨ ᠬᠤᠳᠠᠯᠳᠤᠬᠤ ᠵᠢ ᠡᠰᠡᠷᠭᠦᠴᠡᠬᠦ ᠪᠠ ᠪᠡᠯᠭᠡ ᠵᠢᠨ ᠬᠠᠯᠳᠠᠯᠭ᠎ᠠ ᠵᠢ ᠰᠡᠷᠭᠡᠶ᠋ᠢᠯᠡᠬᠦ ᠠᠮᠤᠷ ᠲᠦᠪᠰᠢᠨ᠎ᠤ ᠦᠵᠡᠯ ᠤᠬᠠᠮᠰᠠᠷ ᠵᠡᠷᠭᠡ ᠲᠠᠯ᠎ᠠ ᠵᠢᠨ ᠬᠥᠮᠦᠵᠢᠯ᠎ᠢ ᠬᠠᠨᠳᠤᠯᠭ᠋ᠠᠲᠤ ᠴᠢᠨᠠᠷᠲᠠᠶ᠎ᠪᠠᠷ ᠥᠷᠨᠢᠭᠦᠯᠦᠨ᠎ᠡ᠃ ᠪᠠᠶᠠᠨᠨᠠᠭᠤᠷ ᠬᠤᠲᠠ ᠵᠢᠨ ᠡᠯ᠎ᠡ ᠱᠠᠲᠤᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠶ᠋ᠢᠭᠤᠯᠤᠮᠵᠢ᠎ᠨᠤᠭᠤᠳ᠎ᠨᠢ ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠰᠠᠭᠤᠷᠢᠨ ᠭᠠᠵᠠᠷ᠎ᠤᠨ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠵᠤ᠂ ᠣᠲᠣ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ ᠪᠠ ᠬᠠᠷᠢᠯᠴᠠᠨ ᠬᠥᠳᠡᠯᠦᠯᠴᠡᠵᠦ ᠪᠡᠶᠡᠴᠢᠯᠡᠨ ᠣᠶ᠋ᠢᠯᠠᠭ᠋ᠠᠬᠤ᠎ᠪᠠᠷ ᠳᠠᠮᠵᠢᠭᠤᠯᠤᠨ᠂ 《ᠭᠦᠨ ᠰᠠᠭᠤᠭᠳᠠᠭᠤᠯᠬᠤ ᠮᠠᠶᠢᠭ》᠎ᠤᠨ ᠬᠠᠤᠯᠢ ᠲᠦᠭᠡᠮᠡᠯᠵᠢᠭᠦᠯᠬᠦ ᠪᠡᠶᠡᠴᠢᠯᠡᠨ ᠣᠶ᠋ᠢᠯᠠᠭ᠋ᠠᠬᠤ ᠦᠢ᠍ᠯᠡᠳᠦᠯᠭᠡ ᠬᠥᠮᠦᠵᠢᠯ᠎ᠤᠨ ᠠᠵᠢᠯᠯᠠᠭ᠎ᠠ ᠵᠢ ᠰᠢᠨ᠎ᠡ᠎ᠪᠠᠷ ᠡᠭᠦᠳᠦᠨ ᠥᠷᠨᠢᠭᠦᠯᠵᠦ᠂ ᠨᠠᠰᠤᠨ᠎ᠳᠤ ᠥᠯᠥ ᠭᠦᠷᠦᠭᠰᠡᠳ᠎ᠢ ᠬᠠᠮᠢᠶ᠎ᠠ ᠪᠥᠬᠦᠶ ᠬᠠᠤᠯᠢ ᠴᠠᠭ᠋ᠠᠵᠠ ᠵᠢᠨ ᠮᠡᠳᠡᠯᠭᠡ ᠵᠢ ᠭᠦᠨ ᠰᠠᠭᠤᠭᠳᠠᠯ᠎ᠲᠠᠢ ᠪᠣᠯᠲᠠᠯ᠎ᠠ᠎ᠨᠢ ᠰᠤᠷᠤᠯᠴᠠᠭᠤᠯᠵᠤ᠂ ᠬᠠᠤᠯᠢᠵᠢᠯ᠎ᠤᠨ ᠤᠬᠠᠮᠰᠠᠷ ᠪᠠ ᠬᠡᠪ ᠪᠣᠯᠪᠠᠰᠤᠷᠠᠯ᠎ᠢ᠎ᠨᠢ ᠳᠡᠭᠡᠭᠰᠢᠯᠡᠭᠦᠯᠪᠡ᠃ ᠤᠯᠠᠭ᠋ᠠᠨᠬᠠᠳᠠ ᠬᠤᠲᠠ ᠵᠢᠨ᠎ᠬᠢᠨ 《ᠵᠠᠯᠠᠭᠤᠴᠤᠳ ᠪᠠᠭ᠋ᠠᠴᠤᠳ᠎ᠢ ᠬᠠᠤᠯᠢᠵᠢᠯ ᠵᠶ᠋ᠠᠷ ᠰᠤᠷᠭ᠋ᠠᠨ ᠬᠦᠮᠦᠵᠢᠭᠦᠯᠬᠦ ᠬᠥᠲᠥᠯᠪᠦᠷᠢ》 ᠵᠢ ᠨᠠᠶ᠋ᠢᠳᠠᠪᠤᠷᠢᠵᠢᠭᠤᠯᠵᠤ᠂ ᠬᠠᠤᠯᠢᠵᠢᠯ᠎ᠤᠨ ᠵᠢᠭ᠋ᠠᠨ ᠰᠤᠷᠭ᠋ᠠᠯᠲᠠ ᠵᠢᠨ ᠬᠢᠴᠢᠶᠡᠯ᠎ᠢ ᠪᠥᠬᠦ ᠲᠠᠯ᠎ᠠ᠎ᠪᠠᠷ ᠬᠡᠷᠡᠭᠵᠢᠭᠦᠯᠵᠦ᠂ 573 ᠳᠤᠮᠳᠠᠳᠤ ᠪᠠᠭ᠎ᠠ ᠰᠤᠷᠭ᠋ᠠᠭᠤᠯᠢ᠎ᠳᠤ ᠬᠠᠤᠯᠢ᠎ᠪᠠᠷ ᠵᠠᠰᠠᠬᠤ ᠳᠡᠳ᠋ ᠵᠠᠬᠢᠷᠤᠯ ᠳᠣᠬᠢᠷᠠᠭᠤᠯᠤᠭᠰᠠᠨ ᠨᠣᠷᠮ᠎ᠠ 100%᠎ᠳᠤ ᠬᠦᠷᠴᠦ᠂ ᠬᠠᠤᠯᠢ᠎ᠪᠠᠷ ᠵᠠᠰᠠᠬᠤ ᠤᠨᠴᠠᠯᠢᠭᠳᠤ ᠰᠤᠷᠭ᠋ᠠᠭᠤᠯᠢ ᠵᠢ ᠪᠤᠶ᠋ᠢᠵᠢᠭᠤᠯᠤᠨ ᠪᠠᠶ᠋ᠢᠭᠤᠯᠬᠤ ᠠᠵᠢᠯ᠎ᠢ ᠥᠷᠨᠢᠭᠦᠯᠦᠨ᠂ ᠵᠠᠯᠠᠭᠤᠴᠤᠳ ᠪᠠᠭ᠋ᠠᠴᠤᠳ᠎ᠲᠤ ᠬᠠᠤᠯᠢ ᠵᠢᠨ ᠤᠬᠠᠭ᠋ᠠᠨ᠎ᠢ ᠰᠤᠷᠤᠯᠴᠠᠬᠤ ᠲᠡᠮᠳᠡᠭᠯᠡᠯ᠎ᠤᠨ ᠳᠡᠪᠲᠡᠷ᠎ᠢ ᠳᠠᠷᠤᠮᠠᠯᠯᠠᠨ ᠦᠢ᠍ᠯᠡᠳᠦᠨ ᠥᠭᠴᠦ᠂ ᠰᠢᠨ᠎ᠡ ᠰᠤᠷᠤᠯᠭ᠎ᠠ ᠵᠢᠨ ᠬᠤᠭᠤᠴᠠᠭ᠎ᠠ ᠡᠬᠢᠯᠡᠭᠰᠡᠨ᠎ᠤ ᠳᠠᠷᠠᠭ᠎ᠠ ᠪᠥᠬᠦ ᠬᠤᠲᠠ ᠵᠢᠨ ᠡᠯ᠎ᠡ ᠬᠤᠰᠢᠭᠤ ᠰᠢᠶᠠᠨ ᠲᠣᠭᠤᠷᠢᠭ᠎ᠤᠨ ᠳᠤᠮᠳᠠᠳᠤ ᠪᠠᠭ᠎ᠠ ᠰᠤᠷᠭ᠋ᠠᠭᠤᠯᠢ᠎ᠳᠤ 《ᠬᠥᠮᠦᠨ᠎ᠤ ᠠᠮᠢᠳᠤᠷᠠᠯ᠎ᠤᠨ ᠠᠩᠬᠠᠨ᠎ᠤ ᠬᠠᠤᠯᠢᠵᠢᠯ᠎ᠤᠨ ᠬᠢᠴᠢᠶᠡᠯ》᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠪᠡ᠃

ᠲᠦᠷᠪᠡ᠎ᠳᠤ᠂ ᠦᠢ᠍ᠯᠡᠴᠢᠯᠡᠭᠡᠨ᠎ᠤ ᠶᠠᠰᠤ ᠴᠢᠨᠠᠷ ᠪᠠ ᠦᠷ᠎ᠡ ᠠᠰᠢᠭ᠎ᠢ ᠳᠡᠭᠡᠭᠰᠢᠯᠡᠭᠦᠯᠦᠨ᠎ᠡ᠃ ᠨᠠᠰᠤᠨ᠎ᠳᠤ ᠦᠯᠦ ᠬᠦᠷᠦᠭᠰᠡᠳ᠎ᠤᠨ ᠪᠡᠶ᠎ᠡ ᠰᠡᠳᠬᠢᠴᠡ ᠵᠢᠨ ᠣᠨᠴᠠᠯᠢᠭ᠎ᠢ ᠰᠠᠶ᠋ᠢᠲᠤᠷ ᠣᠶ᠋ᠢᠯᠠᠭ᠋ᠠᠬᠤ ᠪᠠ ᠨᠠᠰᠤᠨ᠎ᠳᠤ ᠦᠯᠦ ᠬᠦᠷᠦᠭᠰᠡᠳ᠎ᠤᠨ ᠬᠠᠤᠯᠢ ᠴᠠᠭ᠋ᠠᠵᠠ ᠵᠢᠨ ᠲᠤᠬᠠᠶ᠋ᠢᠯᠠᠭᠰᠠᠨ ᠠᠵᠢᠯ᠎ᠳᠤ ᠴᠠᠭ᠋ᠠᠷᠠᠭᠰᠠᠨ ᠬᠠᠤᠯᠢᠴᠢ ᠵᠢ ᠡᠩ ᠲᠡᠷᠢᠭᠦᠨ᠎ᠳᠤ ᠲᠣᠮᠢᠯᠠᠵᠤ ᠨᠠᠰᠤᠨ᠎ᠳᠤ ᠦᠯᠦ ᠬᠦᠷᠦᠭᠰᠡᠳ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠡᠷᠡᠭ᠎ᠢ ᠰᠢᠢ᠍ᠳᠪᠦᠷᠢᠯᠡᠭᠦᠯᠵᠦ᠂ ᠡᠴᠦᠰ᠎ᠲᠤ᠎ᠨᠢ ᠲᠤᠯᠲᠠᠯ᠎ᠠ ᠲᠤᠰᠠᠯᠠᠬᠤ ᠵᠢ ᠬᠡᠷᠡᠭᠵᠢᠭᠦᠯᠪᠡ᠃ ᠬᠥᠬᠡᠬᠤᠲᠠ ᠵᠢᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠶ᠋ᠢᠭᠤᠯᠤᠮᠵᠢ᠎ᠨᠢ ᠬᠤᠲᠠ ᠵᠢᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠵᠥᠪᠯᠡᠯ᠎ᠤᠨ ᠰᠠᠭᠤᠷᠢᠨ ᠳᠡᠭᠡᠷ᠎ᠡ᠂ ᠤᠯᠤᠰ ᠲᠥᠷᠥ ᠵᠢᠨ ᠤᠬᠠᠮᠰᠠᠷ ᠵᠶ᠋ᠠᠷ ᠴᠢᠩᠭ᠎ᠠ᠂ ᠲᠤᠬᠠᠶ᠋ᠢᠯᠠᠭᠰᠠᠨ ᠠᠵᠢᠯ᠎ᠤᠨ ᠴᠢᠳᠠᠪᠤᠷᠢ᠎ᠪᠠᠷ ᠰᠠᠶ᠋ᠢᠨ᠂ ᠬᠠᠶ᠋ᠢᠷ᠎ᠠ ᠬᠠᠯᠠᠮᠵᠢ᠎ᠲᠠᠢ᠂ ᠪᠤᠰᠤᠳ᠎ᠲᠤ ᠲᠤᠰᠠᠴᠢ 50 ᠬᠠᠤᠯᠢᠴᠢ ᠵᠢ ᠣᠷᠣᠭᠤᠯᠵᠤ ᠠᠪᠴᠢᠷᠠᠨ᠂ ᠨᠠᠰᠤᠨ᠎ᠳᠤ ᠥᠯᠥ ᠭᠦᠷᠦᠭᠰᠡᠳ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢᠴᠢᠳ᠎ᠤᠨ ᠬᠥᠮᠥᠷᠭᠡ ᠵᠢ ᠵᠣᠬᠢᠶᠠᠨ ᠪᠠᠶ᠋ᠢᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ᠂ ᠬᠡᠷ᠎ᠲᠤ᠎ᠪᠠᠨ ᠦᠯᠡᠳᠡᠵᠦ ᠬᠤᠴᠣᠷᠤᠭᠰᠠᠨ ᠬᠡᠤᠬᠡᠳ᠂ ᠵᠡᠮᠳᠡᠭ ᠬᠡᠤᠬᠡᠳ᠎ᠲᠤ ᠪᠣᠯᠵᠣᠬᠤ ᠦᠢ᠍ᠯᠡᠴᠢᠯᠡᠭᠡ᠂ ᠬᠡᠷ᠎ᠲᠤ᠎ᠨᠢ ᠬᠦᠷᠴᠦ ᠦᠢ᠍ᠯᠡᠴᠢᠯᠡᠬᠦ ᠦᠢ᠍ᠯᠡᠴᠢᠯᠡᠭᠡ ᠵᠢ ᠣᠨᠣᠴᠠᠲᠠᠶ᠎ᠪᠠᠷ ᠬᠠᠩᠭ᠋ᠠᠪᠠ᠃

ᠲᠠᠪᠤ᠎ᠳᠤ᠂ ᠣᠨᠴᠠᠯᠢᠭᠲᠤ ᠨᠡᠷᠡᠲᠦ ᠲᠡᠮᠳᠡᠭ᠎ᠢ ᠡᠭᠦᠳᠪᠡ᠃ ᠥᠪᠥᠷ ᠮᠣᠩᠭᠤᠯ᠎ᠤᠨ 《12348》 ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠠᠯᠠᠮᠰᠢᠯ ᠤᠲᠠᠰᠤ ᠎ᠨᠢ ᠨᠠᠰᠤᠨ᠎ᠳᠤ ᠥᠯᠥ ᠭᠦᠷᠦᠭᠰᠡᠳ᠎ᠲᠤ 7 × 24 ᠴᠠᠭ᠎ᠤᠨ ᠪᠥᠬᠦ ᠵᠢᠯ ᠵᠶ᠋ᠠᠷ ᠠᠮᠠᠷᠠᠯᠲᠠ ᠥᠬᠡᠶ᠎ᠪᠠᠷ ᠦᠢ᠍ᠯᠡᠴᠢᠯᠡᠬᠦ ᠬᠠᠤᠯᠢ ᠴᠠᠭ᠋ᠠᠵᠠ ᠵᠢᠨ ᠵᠥᠪᠯᠡᠯᠭᠡ ᠥᠭᠬᠦ ᠦᠢ᠍ᠯᠡᠴᠢᠯᠡᠭᠡ ᠪᠠ ᠰᠡᠳᠬᠢᠴᠡ ᠵᠢᠨ ᠵᠥᠪᠯᠡᠯᠭᠡ ᠥᠭᠬᠦ ᠦᠢ᠍ᠯᠡᠴᠢᠯᠡᠭᠡ ᠵᠢ ᠰᠦᠢ᠍ᠳᠬᠡᠯ ᠬᠤᠷᠢᠶᠠᠬᠤ ᠥᠬᠡᠶ᠎ᠪᠠᠷ ᠬᠠᠩᠭ᠋ᠠᠵᠤ ᠪᠣᠢ᠃ ᠨᠠᠰᠤᠨ᠎ᠳᠤ ᠥᠯᠥ ᠭᠦᠷᠦᠭᠰᠡᠳ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠭᠰᠠᠳ᠎ᠲᠤ ᠦᠢ᠍ᠯᠡᠴᠢᠯᠡᠬᠦ ᠬᠠᠯᠠᠮᠰᠢᠯ ᠤᠲᠠᠰᠤ ᠲᠣᠰᠬᠤ ᠲᠤᠰᠬᠠᠶ ᠬᠦᠮᠦᠨ ᠲᠠᠭ᠋ᠠᠷᠠᠭᠤᠯᠵᠤ᠂ ᠨᠠᠰᠤᠨ᠎ᠳᠤ ᠥᠯᠥ ᠭᠦᠷᠦᠭᠰᠡᠳ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠰᠠᠭᠤᠨ ᠯᠠᠪᠯᠠᠯᠲᠠ ᠵᠢ ᠲᠤᠰᠬᠠᠶ᠋ᠢᠯᠠᠨ ᠭᠥᠯᠢᠶᠡᠨ ᠠᠪᠴᠤ ᠰᠤᠨᠤᠰᠤᠨ᠂ ᠨᠠᠰᠤᠨ᠎ᠳᠤ ᠥᠯᠥ ᠭᠦᠷᠦᠭᠰᠡᠳ᠎ᠤᠨ ᠤᠲᠠᠰᠤ ᠢᠷᠡᠭᠦᠯᠦᠭᠰᠡᠨ ᠠᠰᠠᠭᠤᠨ ᠯᠠᠪᠯᠠᠯᠲᠠ ᠵᠢᠨ ᠠᠭᠤᠯᠭ᠎ᠠ ᠵᠢ ᠴᠠᠭ ᠲᠤᠬᠠᠶ᠎ᠳᠤ᠎ᠨᠢ ᠵᠠᠳᠠᠯᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠦᠯᠦᠯᠲᠡ ᠵᠢᠨ ᠲᠣᠭᠲᠠᠴᠠ ᠵᠢ ᠬᠡᠷᠡᠭᠵᠢᠭᠦᠯᠪᠡ᠃ 《110》 ᠳᠣᠲᠣᠭ᠋ᠠᠳᠤ ᠵᠢ ᠬᠠᠮᠠᠭ᠋ᠠᠯᠠᠬᠤ ᠲᠦᠭᠰᠢᠭᠦᠷᠢ ᠮᠡᠳᠡᠭᠦᠯᠬᠦ ᠤᠲᠠᠰᠤ᠂ 《12345》ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠦᠮ ᠦᠵᠡᠭᠦᠯᠬᠦ ᠤᠲᠠᠰᠤ᠂ 《12355》 ᠵᠠᠯᠠᠭᠤᠴᠤᠳ ᠪᠠᠭ᠋ᠠᠴᠤᠳ᠎ᠤᠨ ᠦᠢ᠍ᠯᠡᠴᠢᠯᠡᠭᠡᠨ᠎ᠤ ᠲᠠᠪᠴᠠᠩ ᠵᠡᠷᠭᠡ ᠰᠠᠯᠠᠭ᠎ᠠ ᠮᠥᠴᠢᠷ᠎ᠤᠳ᠎ᠤᠨ ᠬᠠᠯᠠᠮᠰᠢᠯ ᠤᠲᠠᠰᠤ᠎ᠯᠤᠭ᠎ᠠ ᠬᠠᠷᠢᠯᠴᠠᠨ ᠬᠤᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠲᠣᠭᠲᠠᠴᠠ ᠵᠢ ᠪᠠᠶ᠋ᠢᠭᠤᠯᠵᠤ᠂ ᠨᠠᠰᠤᠨ᠎ᠳᠤ ᠥᠯᠥ ᠭᠦᠷᠦᠭᠰᠡᠳ᠎ᠲᠤ 《ᠡᠷᠢᠵᠦ ᠣᠯᠳᠠᠬᠤ᠂ ᠰᠠᠶ᠋ᠢᠲᠤᠷ ᠬᠡᠷᠡᠭᠯᠡᠭᠳᠡᠬᠦ᠂ ᠭᠦᠢ᠍ᠴᠡᠳᠬᠡᠵᠦ ᠥᠭᠴᠦ ᠳᠡᠶ᠋ᠢᠯᠬᠦ》ᠨᠢᠭᠡ ᠥᠷᠲᠡᠭᠡᠴᠢᠯᠡᠭᠰᠡᠨ ᠮᠠᠶᠢᠭ᠎ᠤᠨ ᠬᠠᠤᠯᠢ ᠴᠠᠭ᠋ᠠᠵᠠ ᠵᠢᠨ ᠠᠰᠠᠭᠤᠨ ᠯᠠᠪᠯᠠᠬᠤ ᠦᠢ᠍ᠯᠡᠴᠢᠯᠡᠭᠡ ᠬᠦᠷᠲᠡᠭᠡᠬᠦ ᠵᠢ ᠦᠨᠡᠨ ᠬᠦ᠌ ᠪᠠᠲᠤᠯᠠᠵᠤ ᠪᠣᠢ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
             蒙ICP备05000248号