2025 ᠣᠨ᠎ᠤ ᠡᠩ᠎ᠤᠨ ᠶᠡᠭᠡ ᠳᠡᠭᠡᠳᠦ ᠰᠤᠷᠭ᠋ᠠᠭᠤᠯᠢ᠎ᠳᠤ ᠰᠣᠷᠣᠬ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠣᠶ᠋ᠢᠷᠠᠲᠤᠬᠤ ᠲᠠᠰᠢᠷᠠᠮ᠎ᠳᠤ᠂ ᠰᠢᠯᠭ᠋ᠠᠯᠲᠠ᠎ᠪᠠᠷ ᠰᠣᠷᠣᠬ᠍ᠴᠢ ᠡᠯᠰᠡᠬᠦ ᠡᠮᠬᠢ ᠵᠢᠷᠤᠮ᠎ᠢ ᠬᠠᠮᠠᠭ᠋ᠠᠯᠠᠨ᠂ ᠰᠢᠯᠭ᠋ᠠᠯᠲᠠ ᠵᠢᠨ ᠣᠷᠴᠢᠨ ᠲᠣᠭᠤᠷᠢᠨ᠎ᠢ ᠴᠡᠪᠡᠷᠰᠢᠭᠦᠯᠵᠦ᠂ ᠰᠢᠯᠭ᠋ᠠᠭᠤᠯᠤᠭᠴᠢ ᠵᠢᠴᠢ ᠭᠡᠷ᠎ᠤᠨ ᠠᠬᠠᠮᠠᠳ᠎ᠤᠨ ᠡᠷᠬᠡ ᠠᠰᠢᠭ᠎ᠢ ᠪᠠᠲᠤᠯᠠᠬᠤ ᠵᠢᠨ ᠲᠥᠯᠥᠭᠡ᠂ 5 ᠰᠠᠷ᠎ᠠ ᠵᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠪᠦᠭᠦ ᠣᠷᠣᠨ᠎ᠤ ᠰᠢᠯᠭ᠋ᠠᠯᠲᠠ᠎ᠳᠤ ᠬᠤᠯᠪᠣᠭᠳᠠᠬᠤ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ᠎ᠳᠤ ᠮᠡᠳᠡᠭᠳᠡᠬᠦ ᠪᠢᠴᠢᠭ》 ᠨᠡᠶ᠋ᠢᠲᠡᠯᠡᠵᠦ᠂ ᠰᠢᠯᠭ᠋ᠠᠯᠲᠠ᠎ᠳᠤ ᠬᠤᠯᠪᠣᠭᠳᠠᠬᠤ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ᠎ᠳᠤ ᠲᠣᠳᠣᠷᠬᠠᠢ ᠱᠠᠭ᠋ᠠᠷᠳᠠᠯᠭ᠎ᠠ ᠳᠤᠷᠠᠳᠴᠤ᠂ 《ᠠᠮᠤᠷ ᠲᠦᠪᠰᠢᠨ ᠤᠯᠤᠰ᠎ᠤᠨ ᠨᠢᠭᠡᠳᠦᠯᠲᠡᠢ ᠰᠢᠯᠭ᠋ᠠᠯᠲᠠ》 ᠵᠢᠨ ᠬᠠᠷᠠᠯᠲᠠ ᠵᠢ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ ᠭᠡᠪᠡ᠃
ᠮᠡᠳᠡᠭᠳᠡᠯ᠎ᠤᠨ ᠪᠢᠴᠢᠭ᠎ᠲᠤ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠯ᠎ᠤᠨ ᠪᠠᠶ᠋ᠢᠭᠤᠯᠤᠮᠵᠢ᠎ᠨᠤᠭᠤᠳ ᠬᠤᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠬᠤ ᠬᠡᠷᠡᠭᠲᠡᠢ᠂ ᠬᠤᠳᠠᠯ ᠬᠠᠭᠤᠷᠮᠠᠭ ᠤᠬᠠᠭᠤᠯᠭ᠎ᠠ ᠬᠢᠵᠦ᠂ ᠪᠣᠯᠪᠠᠰᠤᠷᠠᠯ᠎ᠤᠨ ᠦᠷ᠎ᠡ ᠪᠦᠲᠦᠮᠵᠢ ᠵᠢ ᠥᠰᠬᠡᠭᠡᠨ ᠳᠥᠰᠬᠡᠭᠡᠨ᠎ᠲᠠᠢ ᠶᠠᠷᠢᠵᠤ ᠰᠤᠷᠤᠬ᠍ᠴᠢ ᠪᠠ ᠭᠡᠷ᠎ᠤᠨ ᠠᠬᠠᠮᠠᠳ᠎ᠢ ᠪᠤᠷᠤᠭᠤ᠎ᠪᠠᠷ ᠬᠥᠲᠥᠯᠥᠨ ᠵᠢᠯᠤᠭᠤᠳᠴᠤ ᠪᠤᠯᠬᠤ ᠦᠭᠡᠢ᠃ ᠰᠢᠯᠭ᠋ᠠᠯᠲᠠ᠎ᠳᠤ ᠭᠡᠮ ᠬᠢᠬᠦ ᠵᠢ ᠵᠣᠬᠢᠶᠠᠨ ᠪᠠᠶ᠋ᠢᠭᠤᠯᠬᠤ ᠪᠤᠶᠤ ᠤᠷᠤᠯᠴᠠᠵᠤ ᠪᠤᠯᠬᠤ ᠦᠭᠡᠢ᠂ ᠰᠢᠯᠭ᠋ᠠᠯᠲᠠ᠎ᠳᠤ ᠬᠤᠯᠪᠣᠭᠳᠠᠭᠰᠠᠨ ᠬᠤᠳᠠᠯ ᠬᠠᠭᠤᠷᠮᠠᠭ ᠮᠡᠳᠡᠭᠡ ᠵᠠᠩᠭᠢ ᠵᠢ ᠵᠣᠬᠢᠶᠠᠬᠤ᠂ ᠤᠯᠠᠮᠵᠢᠯᠠᠨ ᠲᠠᠷᠬᠠᠭ᠋ᠠᠬᠤ᠂ ᠰᠤᠷᠭ᠋ᠠᠨ ᠬᠥᠮᠦᠵᠢᠯ᠎ᠤᠨ ᠰᠠᠨᠠᠭ᠋ᠠᠰᠢᠷᠠᠯ ᠪᠤᠯᠬᠤ ᠵᠢ ᠴᠢᠩᠭ᠎ᠠ ᠴᠠᠭ᠋ᠠᠵᠠᠯᠠᠨ᠎ᠠ᠃ ᠡᠭᠦᠨ᠎ᠤ ᠬᠠᠮᠲᠤ᠂ 《ᠰᠢᠯᠭ᠋ᠠᠯᠲᠠ ᠵᠢᠨ ᠰᠡᠳᠦᠪ》᠂ 《ᠰᠡᠳᠦᠪ᠎ᠤᠨ ᠬᠠᠷᠢᠭᠤᠯᠲᠠ》᠂ 《ᠳᠣᠲᠣᠭ᠋ᠠᠳᠤ ᠵᠢᠨ ᠰᠣᠷᠣᠬ᠍ᠴᠢ ᠡᠯᠰᠡᠬᠦ ᠭᠦᠢ᠍ᠴᠡᠳᠬᠡᠯ ᠲᠤᠭ᠎ᠠ》 ᠵᠡᠷᠭᠡ ᠵᠢ ᠬᠤᠳᠠᠯᠳᠤᠬᠤ ᠵᠡᠷᠭᠡ ᠮᠡᠬᠡᠯᠡᠬᠦ ᠠᠵᠢᠯᠯᠠᠭ᠎ᠠ ᠬᠢᠵᠦ ᠪᠤᠯᠬᠤ ᠦᠭᠡᠢ᠂ ᠶᠡᠭᠡ ᠳᠡᠭᠡᠳᠦ ᠰᠤᠷᠭ᠋ᠠᠭᠤᠯᠢ ᠵᠢᠨ ᠰᠢᠯᠭ᠋ᠠᠯᠲᠠ ᠵᠢᠨ ᠰᠡᠳᠦᠪ᠎ᠢ ᠲᠣᠭᠲᠠᠭ᠋ᠠᠯ᠎ᠠᠴᠠ ᠵᠥᠷᠢᠴᠡᠨ ᠴᠤᠭᠯᠠᠭᠤᠯᠵᠤ᠂ ᠨᠡᠶ᠋ᠢᠲᠡᠯᠡᠬᠦ ᠪᠤᠶᠤ ᠤᠯᠠᠮᠵᠢᠯᠠᠨ ᠲᠠᠷᠬᠠᠭ᠋ᠠᠵᠤ ᠪᠤᠯᠬᠤ ᠦᠭᠡᠢ ᠭᠡᠵᠦ ᠴᠢᠬᠤᠯᠠᠴᠢᠯᠠᠪᠠ᠃
ᠡᠭᠦᠨ᠎ᠠᠴᠠ ᠭᠠᠳᠠᠨ᠎ᠠ᠂ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠣᠯᠪᠠᠰᠤᠷᠠᠯ᠎ᠤᠨ ᠪᠠᠶ᠋ᠢᠭᠤᠯᠤᠮᠵᠢ ᠰᠢᠯᠭ᠋ᠠᠯᠲᠠ ᠵᠢᠨ ᠴᠡᠭ᠂ ᠰᠤᠷᠭ᠋ᠠᠭᠤᠯᠢ ᠵᠢᠨ ᠡᠷᠭᠢᠨ ᠲᠣᠭᠤᠷᠢᠨ᠎ᠳᠤ ᠰᠣᠷᠣᠬ᠍ᠴᠢ ᠡᠯᠰᠡᠬᠦ ᠤᠬᠠᠭᠤᠯᠭ᠎ᠠ ᠥᠷᠨᠢᠭᠦᠯᠵᠦ ᠪᠤᠯᠬᠤ ᠦᠭᠡᠢ᠂ 《ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠮᠠᠩᠯᠠᠢ》᠂ 《ᠰᠤᠷᠭ᠋ᠠᠭᠤᠯᠢ ᠳᠡᠪᠰᠢᠭᠰᠡᠨ ᠨᠣᠷᠮ᠎ᠠ》᠂ 《ᠥᠨᠳᠥᠷ ᠬᠤᠪᠢ ᠣᠯᠣᠭᠰᠠᠨ ᠰᠢᠯᠭ᠋ᠠᠭᠤᠯᠤᠭᠴᠢ》 ᠵᠡᠷᠭᠡ ᠰᠡᠷᠭᠡᠭ ᠮᠡᠳᠡᠭᠡ ᠵᠠᠩᠭᠢ ᠵᠢ ᠤᠬᠠᠭᠤᠯᠬᠤ ᠵᠢ ᠴᠢᠩᠭ᠎ᠠ ᠴᠠᠭ᠋ᠠᠵᠠᠯᠠᠵᠤ᠂ ᠶᠡᠭᠡ ᠳᠡᠭᠡᠳᠦ ᠰᠤᠷᠭ᠋ᠠᠭᠤᠯᠢ᠎ᠳᠤ ᠰᠣᠷᠣᠬ᠍ᠴᠢ ᠡᠯᠰᠡᠬᠦ ᠰᠢᠯᠭ᠋ᠠᠯᠲᠠ ᠵᠢᠨ ᠲᠥᠷᠥ ᠵᠢᠨ ᠪᠣᠳᠣᠯᠭ᠎ᠠ ᠵᠢ ᠵᠣᠷᠢᠭᠤᠳᠠ ᠭᠠᠵᠢᠭᠤᠳᠠᠭᠤᠯᠵᠤ ᠪᠤᠯᠬᠤ ᠦᠭᠡᠢ᠃ ᠡᠷᠡᠮᠡᠯᠵᠡᠯ ᠲᠠᠭᠯᠠᠬᠤ ᠦᠢ᠍ᠯᠡᠴᠢᠯᠡᠭᠡᠨ᠎ᠤ ᠲᠠᠯ᠎ᠠ᠎ᠪᠠᠷ᠂ ᠡᠯ᠎ᠡ ᠪᠠᠶ᠋ᠢᠭᠤᠯᠤᠮᠵᠢ ᠡᠷᠬᠡᠪᠰᠢ ᠵᠢᠷᠤᠮᠵᠢᠯ᠎ᠲᠠᠢ ᠡᠵᠡᠩᠨᠡᠬᠦ ᠬᠡᠷᠡᠭᠲᠡᠢ᠂ ᠬᠡᠪᠴᠢᠶ᠎ᠡ᠎ᠠᠴᠠ ᠬᠡᠲᠦᠷᠡᠭᠦᠯᠦᠨ ᠲᠣᠭᠲᠠᠭ᠋ᠠᠯ᠎ᠠᠴᠠ ᠵᠥᠷᠢᠴᠡᠨ ᠰᠦᠢ᠍ᠳᠬᠡᠯ ᠬᠤᠷᠢᠶᠠᠵᠤ ᠪᠤᠯᠬᠤ ᠦᠭᠡᠢ᠂ ᠵᠠᠰᠠᠭ᠎ᠤᠨ ᠣᠷᠳᠣᠨ ᠪᠤᠶᠤ ᠰᠣᠷᠣᠬ᠍ᠴᠢ ᠡᠯᠰᠡᠬᠦ ᠨᠢᠭᠡᠴᠢ ᠵᠢᠨ ᠠᠯᠪᠠᠨ᠎ᠤ ᠰᠦᠯᠵᠢᠶ᠎ᠡ᠂ ᠤᠯᠠᠨ ᠨᠡᠶ᠋ᠢᠳᠡ ᠵᠢᠨ ᠲᠠᠪᠴᠠᠩ ᠵᠡᠷᠭᠡ ᠵᠢ ᠬᠠᠭᠤᠷᠮᠠᠭᠯᠠᠨ ᠳᠠᠭᠤᠷᠢᠶᠠᠵᠤ ᠲᠣᠭᠲᠠᠭ᠋ᠠᠯ᠎ᠠᠴᠠ ᠵᠥᠷᠢᠴᠡᠭᠰᠡᠨ ᠠᠵᠢᠯᠯᠠᠭ᠎ᠠ ᠬᠢᠬᠦ ᠵᠢ ᠴᠢᠩᠭ᠎ᠠ ᠴᠠᠭ᠋ᠠᠵᠠᠯᠠᠨ᠎ᠠ ᠭᠡᠵᠦ ᠲᠣᠳᠣᠷᠬᠠᠶ᠋ᠢᠯᠠᠪᠠ᠃
ᠣᠳᠣᠬᠠᠨ᠎ᠳᠤ᠂ ᠪᠦᠭᠦ ᠣᠷᠣᠨ᠎ᠤ ᠡᠯ᠎ᠡ ᠭᠠᠵᠠᠷ᠎ᠤᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠨᠢᠭᠡᠨᠲᠡ ᠲᠤᠰᠬᠠᠢ ᠵᠦᠢ᠍ᠯ᠎ᠤᠨ ᠪᠠᠶ᠋ᠢᠴᠠᠭ᠋ᠠᠯᠲᠠ ᠵᠢ ᠡᠬᠢᠯᠡᠭᠦᠯᠵᠦ᠂ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠪᠣᠳᠠᠲᠠᠢ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠵᠤ᠂ 2025 ᠣᠨ᠎ᠤ ᠡᠩ᠎ᠤᠨ ᠶᠡᠭᠡ ᠳᠡᠭᠡᠳᠦ ᠰᠤᠷᠭ᠋ᠠᠭᠤᠯᠢ᠎ᠳᠤ ᠰᠣᠷᠣᠬ᠍ᠴᠢ ᠡᠯᠰᠡᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠤᠷᠤᠭᠰᠢᠲᠠᠢ ᠶᠠᠪᠤᠭᠳᠠᠬᠤ ᠵᠢ ᠬᠠᠮᠠᠭ᠋ᠠᠯᠠᠵᠤ ᠪᠠᠶ᠋ᠢᠨ᠎ᠠ᠃