ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠳᠤᠮᠳᠠᠳᠤ ᠪᠠᠭ᠎ᠠ ᠰᠤᠷᠭ᠋ᠠᠭᠤᠯᠢ ᠵᠢᠨ ᠬᠠᠤᠯᠢ᠎ᠪᠠᠷ ᠵᠠᠰᠠᠬᠤ ᠬᠢᠴᠢᠶᠡᠯ᠎ᠤᠨ ᠪᠠᠭᠰᠢ ᠪᠣᠯᠤᠨ ᠬᠠᠤᠯᠢ᠎ᠪᠠᠷ ᠵᠠᠰᠠᠬᠤ ᠳᠡᠳ᠋ ᠵᠠᠬᠢᠷᠤᠯ᠎ᠤᠨ ᠪᠢᠴᠢᠯ ᠬᠢᠴᠢᠶᠡᠯ᠎ᠤᠨ ᠤᠷᠤᠯᠳᠤᠭ᠋ᠠᠨ (ᠥᠪᠥᠷ ᠮᠣᠩᠭᠣᠯ)᠎ᠤ ᠰᠢᠢ᠍ᠳᠪᠦᠷᠢᠲᠦ ᠤᠷᠤᠯᠳᠤᠭ᠋ᠠᠨ᠎ᠢ ᠶᠠᠪᠤᠭᠳᠠᠭᠤᠯᠪᠠ
ᠨᠡᠶ᠋ᠢᠲᠡᠯᠡᠭᠰᠡᠨ ᠴᠠᠭ᠄ 2025-06-30

《2025 ᠣᠨ᠎ᠤ 〈ᠵᠠᠯᠠᠭᠤ ᠨᠠᠰᠤᠨ᠎ᠳᠤ ᠬᠤᠷᠠᠨ ᠴᠤᠭᠯᠠᠷᠠᠵᠤ ᠤᠮᠠᠷᠠᠲᠤ ᠬᠢᠯᠢ ᠵᠢ ᠬᠠᠤᠯᠢ᠎ᠪᠠᠷ ᠵᠠᠰᠠᠬᠤ〉 ᠪᠦᠬᠦ ᠣᠷᠣᠨ᠎ᠤ ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠰᠢᠷᠢᠰ ᠠᠵᠢᠯᠯᠠᠭ᠎ᠠ ᠵᠢ ᠥᠷᠨᠢᠭᠦᠯᠬᠦ ᠲᠤᠬᠠᠢ ᠮᠡᠳᠡᠭᠳᠡᠯ》᠎ᠤᠨ ᠲᠣᠬᠢᠷᠠᠭᠤᠯᠤᠯᠲᠠ ᠵᠢ ᠦᠨᠳᠦᠰᠦᠯᠡᠨ᠂ 6 ᠳ᠋ᠤᠭ᠋ᠠᠷ ᠰᠠᠷ᠎ᠠ ᠵᠢᠨ 25᠎ᠤ ᠡᠳᠦᠷ᠂ ᠳᠤᠮᠳᠠᠳᠤ ᠪᠠᠭ᠎ᠠ ᠰᠤᠷᠭ᠋ᠠᠭᠤᠯᠢ ᠵᠢᠨ ᠬᠠᠤᠯᠢ᠎ᠪᠠᠷ ᠵᠠᠰᠠᠬᠤ ᠬᠢᠴᠢᠶᠡᠯ᠎ᠤᠨ ᠪᠠᠭᠰᠢ ᠪᠣᠯᠤᠨ ᠬᠠᠤᠯᠢ᠎ᠪᠠᠷ ᠵᠠᠰᠠᠬᠤ ᠳᠡᠳ᠋ ᠵᠠᠬᠢᠷᠤᠯ᠎ᠤᠨ ᠪᠢᠴᠢᠯ ᠬᠢᠴᠢᠶᠡᠯ᠎ᠤᠨ ᠤᠷᠤᠯᠳᠤᠭ᠋ᠠᠨ (ᠥᠪᠥᠷ ᠮᠣᠩᠭᠣᠯ)᠎ᠤ ᠰᠢᠢ᠍ᠳᠪᠦᠷᠢᠲᠦ ᠤᠷᠤᠯᠳᠤᠭ᠋ᠠᠨ᠎ᠢ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠎ᠳᠤ ᠶᠠᠪᠤᠭᠳᠠᠭᠤᠯᠵᠤ᠂ ᠤᠷᠤᠯᠳᠤᠭ᠋ᠠᠨ᠎ᠢ ᠰᠦᠯᠵᠢᠶᠡᠨ ᠭᠠᠳᠠᠨ᠎ᠠ ᠲᠥᠪᠯᠡᠷᠡᠭᠦᠯᠦᠨ ᠬᠢᠨᠠᠨ ᠲᠣᠭᠲᠠᠭ᠋ᠠᠬᠤ ᠬᠡᠯᠪᠡᠷᠢ᠎ᠪᠠᠷ ᠥᠷᠨᠢᠭᠦᠯᠪᠡ᠃

   

1.jpg

 

ᠡᠨᠡ ᠤᠳᠠᠭ᠋ᠠᠨ᠎ᠤ ᠤᠷᠤᠯᠳᠤᠭ᠋ᠠᠨ᠎ᠨᠢ ᠡᠯ᠎ᠡ ᠠᠶ᠋ᠢᠮᠠᠭ ᠬᠣᠲᠠ ᠵᠢᠨ ᠰᠣᠩᠭᠤᠨ ᠲᠠᠨᠢᠯᠴᠠᠭᠤᠯᠤᠭᠰᠠᠨ 58 ᠪᠢᠴᠢᠯ ᠬᠢᠴᠢᠶᠡᠯ᠎ᠤᠨ ᠪᠦᠲᠦᠭᠡᠯ᠎ᠢ ᠬᠦᠯᠢᠶᠡᠨ ᠠᠪᠴᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠬᠠᠤᠯᠢ ᠵᠢᠨ ᠤᠬᠠᠭ᠋ᠠᠨ᠂ ᠬᠢᠴᠢᠶᠡᠯ ᠪᠣᠯᠤᠨ ᠵᠢᠭ᠋ᠠᠨ ᠰᠤᠷᠭ᠋ᠠᠯᠲᠠ ᠵᠢᠨ ᠣᠨᠣᠯ ᠵᠡᠷᠭᠡ ᠬᠦᠷᠢᠶ᠎ᠡ ᠴᠠᠷᠠᠭ᠎ᠠ ᠵᠢᠨ ᠲᠤᠰᠬᠠᠢ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠳᠤᠭᠤᠶ᠋ᠢᠯᠠᠩ᠎ᠢ ᠵᠣᠬᠢᠶᠠᠨ ᠪᠠᠶ᠋ᠢᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠬᠠᠤᠯᠢ᠎ᠪᠠᠷ ᠵᠠᠰᠠᠬᠤ ᠬᠢᠴᠢᠶᠡᠯ ᠎ᠤᠨ ᠪᠠᠭᠰᠢ ᠪᠣᠯᠤᠨ ᠬᠠᠤᠯᠢ᠎ᠪᠠᠷ ᠵᠠᠰᠠᠬᠤ ᠳᠡᠳ᠋ ᠵᠠᠬᠢᠷᠤᠯ᠎ᠤᠨ ᠪᠢᠴᠢᠯ ᠬᠢᠴᠢᠶᠡᠯ᠎ᠤᠨ ᠤᠷᠤᠯᠳᠤᠭ᠋ᠠᠨ᠎ᠢ ᠬᠢᠨᠠᠨ ᠲᠣᠭᠲᠠᠭ᠋ᠠᠬᠤ ᠪᠠᠷᠢᠮᠵᠢᠶ᠎ᠠ》 ᠵᠢ ᠴᠢᠩᠭ᠎ᠠ ᠵᠢᠷᠤᠮᠯᠠᠨ᠂ ᠪᠦᠲᠦᠭᠡᠯ᠎ᠢ ᠪᠠᠭ᠎ᠠ ᠰᠤᠷᠭ᠋ᠠᠭᠤᠯᠢ ᠵᠢᠨ ᠬᠠᠤᠯᠢ᠎ᠪᠠᠷ ᠵᠠᠰᠠᠬᠤ ᠬᠢᠴᠢᠶᠡᠯ᠎ᠤᠨ ᠪᠠᠭᠰᠢ ᠵᠢᠨ ᠳᠤᠭᠤᠶ᠋ᠢᠯᠠᠩ᠂ ᠠᠩᠬ᠎ᠠ ᠵᠡᠷᠭᠡ  ᠵᠢᠨ ᠳᠤᠮᠳᠠᠳᠤ ᠰᠤᠷᠭ᠋ᠠᠭᠤᠯᠢ ᠵᠢᠨ ᠬᠠᠤᠯᠢ᠎ᠪᠠᠷ ᠵᠠᠰᠠᠬᠤ ᠬᠢᠴᠢᠶᠡᠯ᠎ᠤᠨ ᠪᠠᠭᠰᠢ ᠵᠢᠨ ᠳᠤᠭᠤᠶ᠋ᠢᠯᠠᠩ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ (ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ ᠪᠠᠭᠲᠠᠭ᠋ᠠᠨ᠎ᠠ) ᠵᠢᠨ ᠬᠠᠤᠯᠢ᠎ᠪᠠᠷ ᠵᠠᠰᠠᠬᠤ ᠬᠢᠴᠢᠶᠡᠯ᠎ᠤᠨ ᠪᠠᠭᠰᠢ ᠵᠢᠨ ᠳᠤᠭᠤᠶ᠋ᠢᠯᠠᠩ᠂ ᠪᠠᠭ᠎ᠠ ᠰᠤᠷᠭ᠋ᠠᠭᠤᠯᠢ ᠵᠢᠨ ᠬᠠᠤᠯᠢ᠎ᠪᠠᠷ ᠵᠠᠰᠠᠬᠤ ᠳᠡᠳ᠋ ᠵᠠᠬᠢᠷᠤᠯ᠎ᠤᠨ ᠳᠤᠭᠤᠶ᠋ᠢᠯᠠᠩ ᠪᠠ ᠳᠤᠮᠳᠠᠳᠤ ᠰᠤᠷᠭ᠋ᠠᠭᠤᠯᠢ (ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ ᠪᠠᠭᠲᠠᠭ᠋ᠠᠨ᠎ᠠ) ᠵᠢᠨ ᠬᠠᠤᠯᠢ᠎ᠪᠠᠷ ᠵᠠᠰᠠᠬᠤ ᠳᠡᠳ᠋ ᠵᠠᠬᠢᠷᠤᠯ᠎ᠤᠨ ᠳᠤᠭᠤᠶ᠋ᠢᠯᠠᠩ ᠵᠡᠷᠭᠡ ᠲᠠᠪᠤᠨ ᠳᠤᠭᠤᠶ᠋ᠢᠯᠠᠩ ᠬᠤᠪᠢᠶᠠᠵᠤ ᠲᠤᠰ ᠲᠤᠰ ᠰᠢᠯᠭ᠋ᠠᠷᠠᠭᠤᠯᠪᠠ᠃ ᠡᠴᠦᠰ᠎ᠲᠤ᠂ ᠳᠤᠭᠤᠶ᠋ᠢᠯᠠᠩ ᠪᠦᠷᠢ ᠵᠢᠨ ᠰᠢᠯᠢᠳᠡᠭ ᠪᠦᠲᠦᠭᠡᠯ᠎ᠠᠴᠠ ᠨᠢᠭᠡᠳᠦᠭᠡᠷ ᠳᠡᠰ᠎ᠤᠨ ᠱᠠᠩᠨᠠᠯ 1᠂ ᠬᠣᠶᠠᠳᠤᠭ᠋ᠠᠷ ᠳᠡᠰ᠎ᠤᠨ ᠱᠠᠩᠨᠠᠯ 2᠂ ᠭᠤᠷᠪᠠᠳᠤᠭ᠋ᠠᠷ ᠳᠡᠰ᠎ᠤᠨ ᠱᠠᠩᠨᠠᠯ 3 ᠵᠢ ᠰᠢᠯᠭ᠋ᠠᠷᠠᠭᠤᠯᠵᠤ᠂ ᠨᠢᠭᠡᠳᠦᠭᠡᠷ ᠳᠡᠰ᠎ᠤᠨ ᠱᠠᠩᠨᠠᠯ ᠭᠦᠷᠲᠡᠭᠰᠡᠳ ᠥᠪᠥᠷ ᠮᠣᠩᠭᠣᠯ᠎ᠢ ᠲᠥᠯᠥᠭᠡᠯᠡᠨ ᠪᠦᠬᠦ ᠤᠯᠤᠰ᠎ᠤᠨ ᠶᠡᠷᠦᠩᠬᠡᠢ ᠰᠢᠢ᠍ᠳᠪᠦᠷᠢᠲᠦ ᠤᠷᠤᠯᠳᠤᠭ᠋ᠠᠨ᠎ᠳᠤ ᠣᠷᠣᠯᠴᠠᠨ᠎ᠠ᠃

ᠡᠨᠡ ᠤᠳᠠᠭ᠋ᠠᠨ᠎ᠤ ᠤᠷᠤᠯᠳᠤᠭ᠋ᠠᠨ᠎ᠨᠢ ᠬᠠᠤᠯᠢ᠎ᠪᠠᠷ ᠵᠠᠰᠠᠬᠤ ᠰᠢᠯᠢᠳᠡᠭ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠭᠡᠯ᠎ᠢ ᠳᠡᠯᠭᠡᠷᠡᠭᠦᠯᠬᠦ᠎ᠳᠤ ᠪᠠᠲᠤ ᠪᠡᠬᠢ ᠰᠠᠭᠤᠷᠢ ᠵᠢ ᠲᠠᠯᠪᠢᠪᠠ᠃ ᠳᠠᠷᠠᠭ᠎ᠠ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠵᠠᠯᠠᠭᠤ ᠨᠠᠰᠤᠨ᠎ᠳᠤ ᠬᠤᠷᠠᠨ ᠴᠤᠭᠯᠠᠷᠠᠵᠤ ᠤᠮᠠᠷᠠᠲᠤ ᠬᠢᠯᠢ ᠵᠢ ᠬᠠᠤᠯᠢ᠎ᠪᠠᠷ ᠵᠠᠰᠠᠬᠤ》 ᠪᠦᠬᠦ ᠣᠷᠣᠨ᠎ᠤ ᠵᠠᠯᠠᠭᠤᠴᠤᠳ ᠪᠠᠭ᠋ᠠᠴᠤᠳ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ 6 ᠲᠥᠷᠥᠯ᠎ᠤᠨ 15 ᠵᠦᠢ᠍ᠯ᠎ᠤᠨ ᠰᠢᠷᠢᠰ ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ᠂ 《ᠬᠠᠤᠯᠢ᠎ᠪᠠᠷ ᠵᠠᠰᠠᠬᠤ ᠵᠢ ᠵᠠᠯᠠᠭᠤᠴᠤᠳ ᠶᠠᠷᠢᠬᠤ᠎ᠨᠢ》᠂ 《ᠦᠨᠳᠦᠰᠦᠨ ᠬᠠᠤᠯᠢ ᠵᠢᠨ ᠬᠠᠮᠠᠭ᠋ᠠᠯᠠᠭᠴᠢ》 ᠵᠢᠨ ᠠᠵᠢᠯᠯᠠᠭ᠋ᠠᠨ᠎ᠤ ᠲᠥᠯᠥᠪᠯᠡᠭᠡ᠂ 《ᠦᠨᠳᠦᠰᠦᠨ ᠬᠠᠤᠯᠢ ᠵᠢ ᠰᠤᠷᠴᠤ ᠦᠨᠳᠦᠰᠦᠨ ᠬᠠᠤᠯᠢ ᠵᠢ ᠡᠷᠬᠢᠮᠯᠡᠬᠦ》 ᠶᠠᠷᠢᠶᠠᠨ᠎ᠤ ᠤᠷᠤᠯᠳᠤᠭ᠋ᠠᠨ ᠪᠠ ᠬᠠᠤᠯᠢ᠎ᠪᠠᠷ ᠵᠠᠰᠠᠬᠤ ᠬᠡᠪ ᠪᠣᠯᠪᠠᠰᠤᠷᠠᠯ᠎ᠤᠨ ᠤᠷᠤᠯᠳᠤᠭ᠋ᠠᠨ ᠥᠪᠥᠷ ᠮᠣᠩᠭᠣᠯ᠎ᠤᠨ ᠤᠷᠤᠯᠳᠤᠭ᠋ᠠᠨ᠂ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠬᠠᠤᠯᠢ᠎ᠪᠠᠷ ᠵᠠᠰᠠᠬᠤ ᠦᠵᠡᠭᠳᠡᠯᠲᠦ ᠵᠦᠴᠦᠭᠡ ᠵᠢᠨ ᠤᠷᠤᠯᠳᠤᠭ᠋ᠠᠨ ᠵᠡᠷᠭᠡ ᠠᠵᠢᠯᠯᠠᠭ᠎ᠠ ᠵᠢ ᠵᠠᠯᠭ᠋ᠠᠭ᠎ᠠ᠎ᠪᠠᠷ ᠥᠷᠨᠢᠭᠦᠯᠵᠦ᠂ ᠬᠡᠰᠡᠭ ᠪᠦᠯᠦᠭ ᠦᠨᠳᠦᠰᠦᠨ ᠬᠠᠤᠯᠢ ᠵᠢᠨ ᠬᠠᠮᠠᠭ᠋ᠠᠯᠠᠭᠴᠢ᠂ ᠬᠠᠤᠯᠢ᠎ᠪᠠᠷ ᠵᠠᠰᠠᠬᠤ ᠰᠤᠷᠭ᠋ᠠᠨ ᠬᠥᠮᠦᠵᠢᠯ᠎ᠤᠨ ᠰᠢᠯᠢᠳᠡᠭ ᠡᠬᠢ ᠪᠠᠶᠠᠯᠢᠭ ᠵᠡᠷᠭᠡ 《ᠠᠷᠪᠠᠨ ᠬᠡᠰᠡᠭ ᠪᠦᠯᠦᠭ》 ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠦᠷᠢᠯᠳᠦᠯᠭᠦᠯᠵᠦ᠂ ᠵᠠᠯᠠᠭᠤᠴᠤᠳ ᠪᠠᠭ᠋ᠠᠴᠤᠳ᠎ᠤᠨ ᠬᠠᠤᠯᠢ ᠎ᠪᠠᠷ ᠵᠠᠰᠠᠬᠤ ᠤᠬᠠᠭᠤᠯᠭ᠎ᠠ ᠬᠥᠮᠥᠵᠢᠯ᠎ᠤᠨ ᠬᠢᠴᠢᠶᠡᠯ᠎ᠤᠨ ᠲᠠᠩᠬᠢᠮ᠂ ᠬᠢᠴᠢᠶᠡᠯ᠎ᠤᠨ ᠳᠠᠷᠠᠭ᠋ᠠᠬᠢ ᠦᠢ᠍ᠯᠡᠴᠢᠯᠡᠭᠡ᠂ ᠭᠡᠷ᠎ᠤᠨ ᠬᠥᠮᠦᠵᠢᠯ᠂ ᠨᠡᠶ᠋ᠢᠭᠡᠮ᠎ᠤᠨ ᠦᠢ᠍ᠯᠡᠳᠦᠯᠭᠡ ᠵᠡᠷᠭᠡ ᠡᠯ᠎ᠡ ᠭᠣᠭᠴᠣᠭ᠎ᠠ᠎ᠳᠤ ᠠᠭᠤᠰᠬᠠᠨ᠂ ᠥᠷᠭᠡᠨ ᠣᠯᠠᠨ ᠵᠠᠯᠠᠭᠤᠴᠤᠳ ᠪᠠᠭ᠋ᠠᠴᠤᠳ᠎ᠤᠨ ᠬᠠᠤᠯᠢ ᠵᠢ ᠰᠤᠷᠴᠤ ᠬᠠᠤᠯᠢ ᠵᠢ ᠮᠡᠳᠡᠵᠦ ᠬᠠᠤᠯᠢ ᠵᠢ ᠣᠶ᠋ᠢᠯᠠᠭ᠋ᠠᠵᠤ ᠬᠠᠤᠯᠢ ᠵᠢ ᠰᠠᠬᠢᠵᠤ ᠬᠠᠤᠯᠢ ᠵᠢ ᠬᠡᠷᠡᠭᠯᠡᠬᠦ ᠵᠢ  ᠠᠬᠢᠭᠤᠯᠤᠨ᠂ ᠵᠠᠯᠠᠭᠤᠴᠤᠳ ᠪᠠᠭ᠋ᠠᠴᠤᠳ᠎ᠤᠨ ᠬᠠᠤᠯᠢ ᠵᠢ ᠵᠥᠷᠢᠴᠡᠵᠦ ᠶᠠᠯ᠎ᠠ ᠬᠢᠬᠦ ᠵᠢ ᠪᠦᠲᠦᠮᠵᠢᠲᠡᠢ ᠤᠷᠢᠳᠴᠢᠯᠠᠨ ᠰᠡᠷᠭᠡᠶ᠋ᠢᠯᠡᠨ᠎ᠡ᠃

 

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠵᠢᠨ ᠤᠷᠢᠳᠴᠢᠯᠠᠨ ᠰᠦᠢ᠍ᠳᠭᠡᠯ ᠬᠤᠷᠢᠶᠠᠬᠤ ᠵᠢ ᠬᠢᠨᠠᠨ ᠬᠠᠮᠢᠶᠠᠷᠬᠤ ᠠᠷᠭ᠎ᠠ ᠵᠢ ᠨᠡᠶ᠋ᠢᠲᠡᠯᠡᠪᠡ
ᠰᠢᠨ᠎ᠡ ᠵᠢᠯ᠎ᠤᠨ ᠪᠠᠶᠠᠷ᠎ᠤᠨ ᠦᠭᠡ — ᠰᠢᠨ᠎ᠡ ᠡᠷᠡᠮᠡᠯᠵᠡᠯ᠂ ᠰᠢᠨ᠎ᠡ ᠠᠶᠠᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠬᠡᠦᠬᠡᠳ᠎ᠤᠨ ᠴᠡᠴᠡᠷᠯᠢᠭ᠎ᠤᠨ ᠪᠠᠭᠰᠢ ᠨᠠᠷ᠎ᠢ ᠬᠥᠮᠥᠵᠢᠭᠦᠯᠦᠨ ᠪᠣᠯᠪᠠᠰᠤᠷᠠᠭᠤᠯᠬᠤ ᠲᠥᠰᠦᠯ ᠬᠡᠷᠡᠭᠵᠢᠭᠦᠯᠬᠦ ᠠᠯᠪᠠᠨ ᠬᠡᠷ᠎ᠤᠨ ᠫᠠᠶ᠋ᠢᠰᠠ ᠰᠡᠬᠦᠬᠦ ᠶᠣᠰᠣᠯᠠᠯ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠤᠨ ᠬᠢᠴᠢᠶᠡᠯ᠎ᠤᠨ ᠪᠠᠭᠰᠢ ᠵᠢᠨ ᠪᠣᠯᠪᠠᠰᠤᠷᠠᠭᠤᠯᠤᠯ᠎ᠢ ᠰᠤᠳᠤᠯᠤᠨ ᠶᠠᠷᠢᠯᠴᠠᠬᠤ ᠬᠤᠷᠠᠯ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠎ᠳᠤ ᠶᠠᠪᠤᠭᠳᠠᠪᠠ
ᠪᠥᠬᠥ ᠣᠷᠣᠨ᠎ᠤ ᠰᠢᠨ᠎ᠡ ᠴᠠᠭ ᠦᠶ᠎ᠡ ᠵᠢᠨ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠢ ᠰᠤᠳᠤᠯᠤᠨ ᠶᠠᠷᠢᠯᠴᠠᠵᠤ ᠠᠬᠢᠭᠤᠯᠬᠤ ᠬᠤᠷᠠᠯ ᠬᠤᠷᠠᠯᠳᠤᠪᠠ
ᠥᠪᠡᠷᠲᠡᠭᠡᠨ ᠵᠠᠰᠠᠬᠤ ᠣᠷᠣᠨ᠎ᠠᠴᠠ ᠠᠩᠬ᠎ᠠ ᠤᠳᠠᠭ᠎ᠠ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠭᠦᠯᠦᠯᠲᠡ᠎ᠳᠤ ᠵᠥᠪᠯᠡᠯᠭᠡ ᠥᠭᠬᠦ ᠺᠣᠮᠢᠰ ᠵᠡᠷᠭᠡ ᠲᠤᠰᠬᠠᠶ ᠮᠡᠷᠭᠡᠵᠢᠯᠲᠡᠨ᠎ᠤ ᠵᠣᠬᠢᠶᠠᠨ ᠪᠠᠶ᠋ᠢᠭᠤᠯᠤᠯᠲᠠ ᠵᠢᠨ ᠵᠢᠷᠭᠤᠭ᠋ᠠᠨ ᠺᠣᠮᠢᠰ᠎ᠢ ᠪᠠᠶ᠋ᠢᠭᠤᠯᠪᠠ
 
             蒙ICP备05000248号