ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠠᠵᠢᠯ ᠮᠡᠷᠭᠡᠵᠢᠯ᠎ᠤᠨ ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ ᠪᠠᠶ᠋ᠢᠭᠤᠯᠬᠤ ᠠᠵᠢᠯ᠎ᠢ ᠠᠬᠢᠭᠤᠯᠬᠤ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-06-06

ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠠᠵᠢᠯ ᠮᠡᠷᠭᠡᠵᠢᠯ᠎ᠤᠨ ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ ᠪᠠᠶ᠋ᠢᠭᠤᠯᠬᠤ ᠠᠵᠢᠯ᠎ᠢ ᠠᠬᠢᠭᠤᠯᠬᠤ ᠬᠤᠷᠠᠯ᠎ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠳ᠋ᠦ᠋ ᠬᠤᠢ ᠯᠢᠶᠠᠩ ᠬᠤᠷᠠᠯ᠎ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠵᠢᠶᠦ᠋ᠨ ᠰᠢ ᠬᠤᠷᠠᠯ ᠎ᠳᠤ ᠣᠷᠣᠯᠴᠠᠵᠠᠢ᠃

 

1.jpg

2.jpg

 

ᠬᠤᠷᠠᠯ᠎ᠠᠴᠠ ᠥᠪᠥᠷ ᠮᠣᠩᠭᠣᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠬᠥᠬᠡᠬᠣᠲᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠴᠢ ᠬᠥᠬᠡᠬᠣᠲᠠ᠂ ᠬᠢᠩᠭ᠋ᠠᠨ ᠠᠶ᠋ᠢᠮᠠᠭ᠎ᠤᠨ ᠰᠤᠷᠭ᠋ᠠᠨ ᠬᠥᠮᠦᠵᠢᠯ᠎ᠤᠨ ᠲᠣᠪᠴᠢᠶ᠎ᠠ ᠵᠢᠨ ᠭᠣᠣᠯ ᠬᠠᠷᠢᠭᠤᠴᠠᠯᠭ᠋ᠠᠲᠠᠨ᠎ᠤ ᠠᠵᠢᠯ ᠮᠡᠷᠭᠡᠵᠢᠯ᠎ᠤᠨ ᠵᠢᠩᠬᠢᠨᠢ ᠠᠩᠭᠢ ᠵᠢ ᠪᠠᠶ᠋ᠢᠭᠤᠯᠬᠤ ᠠᠵᠢᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂  ᠳᠠᠷᠠᠭ᠎ᠠ ᠠᠯᠬᠤᠮ᠎ᠤᠨ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢ ᠲᠣᠬᠢᠷᠠᠭᠤᠯᠤᠨ ᠪᠠᠶ᠋ᠢᠷᠢᠯᠠᠭᠤᠯᠪᠠ᠃

ᠬᠤᠷᠠᠯ᠎ᠠᠴᠠ᠂ ᠤᠯᠤᠰ ᠲᠥᠷᠥ ᠵᠢᠨ ᠵᠣᠭᠰᠣᠴᠠ᠎ᠪᠠᠨ ᠴᠠᠭ᠋ᠠᠰᠢᠲᠠ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠵᠶ᠋ᠠᠨ ᠴᠢᠩᠭ᠋ᠠᠳᠬᠠᠬᠤ ᠬᠡᠷᠡᠭᠲᠡᠢ᠃ ᠠᠵᠢᠯ ᠮᠡᠷᠭᠡᠵᠢᠯ᠎ᠤᠨ ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ ᠪᠠᠶ᠋ᠢᠭᠤᠯᠬᠤ ᠵᠢ ᠨᠢᠭᠡ ᠵᠦᠢ᠍ᠯ᠎ᠤᠨ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠵᠤ᠂ ᠰᠤᠷᠭ᠋ᠠᠭᠤᠯᠢ ᠵᠢᠨ ᠨᠠᠮ᠎ᠤᠨ ᠬᠣᠷᠢᠶ᠎ᠠ ᠪᠠ ᠵᠠᠰᠠᠭ ᠵᠠᠬᠢᠷᠭ᠎ᠠ ᠭᠣᠣᠯ ᠴᠣᠭᠴᠠ ᠵᠢᠨ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠵᠦ᠂ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠬᠠᠷᠢᠶ᠎ᠠ ᠭᠠᠵᠠᠷ᠎ᠤᠨ ᠬᠠᠷᠢᠭᠤᠴᠠᠯᠭ᠎ᠠ ᠵᠢ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠵᠢ ᠴᠢᠩᠭ᠋ᠠᠳᠬᠠᠨ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠢ᠌ᠬᠤ ᠬᠠᠷᠢᠭᠤᠴᠠᠯᠭ᠋ᠠᠲᠤ ᠰᠡᠳᠬᠢᠯᠭᠡ ᠪᠠ ᠳᠤᠯᠭ᠋ᠠᠮ ᠰᠡᠳᠬᠢᠯᠭᠡ᠎ᠪᠠᠷ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠬᠦ ᠬᠡᠷᠡᠭᠲᠡᠢ᠃ ᠵᠥᠪ ᠲᠠᠯ᠎ᠠ ᠵᠢᠨ ᠤᠬᠠᠭᠤᠯᠭ᠎ᠠ᠎ᠪᠠᠷ ᠬᠥᠲᠥᠯᠥᠨ ᠵᠢᠯᠣᠭᠣᠳᠬᠤ ᠵᠢ ᠴᠢᠩᠭ᠋ᠠᠳᠬᠠᠵᠤ᠂ ᠠᠵᠢᠯ ᠮᠡᠷᠭᠡᠵᠢᠯ᠎ᠤᠨ ᠵᠢᠩᠬᠢᠨᠢ ᠠᠩᠭᠢ ᠵᠢᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠦᠨ ᠬᠥᠭᠵᠢᠭᠦᠯᠦᠭᠰᠡᠨ ᠦᠷ᠎ᠡ ᠪᠦᠲᠦᠭᠡᠯ᠎ᠢ ᠪᠦᠬᠦ ᠲᠠᠯ᠎ᠠ᠎ᠪᠠᠷ ᠳᠡᠯᠭᠡᠨ ᠦᠵᠡᠭᠦᠯᠵᠦ᠂ ᠪᠦᠬᠦ ᠨᠡᠶ᠋ᠢᠭᠡᠮ ᠵᠶ᠋ᠠᠷ ᠵᠶ᠋ᠠᠨ ᠠᠵᠢᠯ ᠮᠡᠷᠭᠡᠵᠢᠯ᠎ᠤᠨ ᠵᠢᠩᠬᠢᠨᠢ ᠠᠩᠭᠢ ᠵᠢᠨ ᠰᠤᠷᠭ᠋ᠠᠨ ᠬᠥᠮᠦᠵᠢᠯ᠎ᠢ ᠬᠠᠯᠠᠮᠵᠢᠯᠠᠨ ᠳᠡᠮᠵᠢᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠴᠢᠷᠮᠠᠶ᠋ᠢᠨ ᠪᠤᠢ ᠪᠣᠯᠭ᠋ᠠᠬᠤ ᠬᠡᠷᠡᠭᠲᠡᠢ᠃ ᠵᠠᠩᠭᠢᠯᠠᠭ᠎ᠠ ᠵᠢᠨ ᠭᠣᠭᠴᠣᠭ᠎ᠠ᠎ᠳᠤ ᠤᠯᠠᠮ ᠨᠢᠭᠡ ᠠᠯᠬᠤᠮ ᠠᠩᠬᠠᠷᠤᠯ ᠵᠶ᠋ᠠᠨ ᠲᠥᠪᠯᠡᠷᠡᠭᠦᠯᠵᠦ᠂ ᠪᠠᠶ᠋ᠢᠷᠢᠯᠠᠭᠤᠯᠬᠤ ᠠᠵᠢᠯ᠎ᠢ ᠲᠦᠷᠭᠡᠨ ᠪᠥᠭᠡᠳ ᠯᠠᠪᠳᠠᠭᠤᠨ ᠵᠶ᠋ᠠᠷ ᠠᠬᠢᠭᠤᠯᠬᠤ ᠬᠡᠷᠡᠭᠲᠡᠢ᠃ ᠠᠵᠢᠯ ᠮᠡᠷᠭᠡᠵᠢᠯ᠎ᠤᠨ ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ ᠵᠢ ᠪᠠᠶ᠋ᠢᠭᠤᠯᠬᠤ ᠠᠵᠢᠯ᠎ᠤᠨ ᠭᠣᠣᠯᠳᠠᠯᠭ᠎ᠠ᠎ᠲᠠᠢ ᠡᠭᠦᠷᠭᠡ  ᠵᠢᠨ ᠨᠠᠷᠢᠨ ᠳᠠᠩᠰᠠ ᠵᠢ ᠥᠳᠲᠡᠷ ᠲᠦᠷᠭᠡᠨ ᠲᠣᠭᠲᠠᠭ᠋ᠠᠵᠤ᠂ ᠬᠠᠷᠢᠭᠤᠴᠠᠬᠤ ᠰᠠᠯᠠᠭ᠎ᠠ ᠮᠥᠴᠢᠷ᠂ ᠬᠠᠷᠢᠭᠤᠴᠠᠯᠭ᠎ᠠ ᠡᠭᠦᠷᠭᠡᠯᠡᠭᠴᠢ᠂ ᠪᠡᠶᠡᠯᠡᠭᠦᠯᠬᠦ ᠴᠠᠭ᠎ᠤᠨ ᠬᠢᠵᠠᠭ᠋ᠠᠷ᠎ᠢ ᠲᠣᠳᠣᠷᠬᠠᠶ᠋ᠢᠯᠠᠨ᠂ ᠠᠵᠢᠯ᠎ᠤᠨ ᠬᠤᠭᠤᠴᠠᠭ᠎ᠠ ᠵᠢ ᠲᠣᠩᠭᠤᠷᠤᠭᠤᠯᠤᠨ ᠵᠢᠭᠰᠠᠭ᠋ᠠᠵᠤ᠂ ᠨᠠᠷᠢᠨ ᠳᠠᠩᠰᠠ ᠵᠢᠨ ᠬᠡᠯᠪᠡᠷᠢ᠎ᠪᠠᠷ ᠠᠬᠢᠭᠤᠯᠤᠨ᠂ ᠠᠵᠢᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠦᠨᠡᠨ ᠬᠦ᠌ ᠪᠠᠲᠤᠯᠠᠬᠤ ᠬᠡᠷᠡᠭᠲᠡᠢ᠃ ᠠᠵᠢᠯ ᠮᠡᠷᠭᠡᠵᠢᠯ᠎ᠤᠨ ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ ᠵᠢᠨ ᠪᠠᠷᠢᠮᠵᠢᠶ᠎ᠠ ᠶᠣᠰᠣᠭ᠋ᠠᠷ ᠳᠡᠭᠡᠳᠦ ᠰᠤᠷᠭ᠋ᠠᠭᠤᠯᠢ ᠵᠢᠨ ᠳᠣᠲᠣᠭ᠋ᠠᠳᠤ ᠪᠠᠶ᠋ᠢᠭᠤᠯᠤᠮᠵᠢ ᠵᠢᠨ ᠪᠠᠶ᠋ᠢᠷᠢᠯᠠᠭᠤᠯᠤᠯᠲᠠ ᠵᠢ ᠵᠢᠷᠤᠮᠵᠢᠭᠤᠯᠵᠤ᠂ ᠰᠤᠷᠭ᠋ᠠᠭᠤᠯᠢ ᠵᠢᠨ ᠳᠦᠷᠢᠮ᠎ᠳᠤ ᠵᠠᠰᠠᠪᠤᠷᠢ ᠣᠷᠣᠭᠤᠯᠬᠤ ᠵᠢᠨ ᠬᠠᠮᠲᠤ ᠬᠢᠨᠠᠨ ᠵᠥᠪᠰᠢᠶᠡᠷᠡᠬᠦ ᠵᠢ ᠱᠠᠯᠠᠪᠳᠠᠨ ᠪᠡᠶᠡᠯᠡᠭᠦᠯᠵᠦ᠂ ᠳᠦᠷᠢᠮ ᠵᠶ᠋ᠠᠷ ᠰᠠᠭᠤᠷᠢ ᠪᠣᠯᠭ᠋ᠠᠭᠰᠠᠨ ᠳᠣᠲᠣᠭ᠋ᠠᠳᠤ ᠵᠢᠨ ᠬᠠᠮᠢᠶᠠᠷᠤᠯᠲᠠ ᠵᠢᠨ ᠡᠯ᠎ᠡ ᠵᠦᠢ᠍ᠯ᠎ᠤᠨ ᠳᠦᠷᠢᠮ᠎ᠢ ᠲᠡᠭᠦᠯᠳᠡᠷᠵᠢᠭᠦᠯᠬᠦ ᠵᠢ ᠠᠬᠢᠭᠤᠯᠵᠤ᠂ ᠰᠢᠨᠵᠢᠯᠡᠬᠦ ᠤᠬᠠᠭ᠋ᠠᠨᠴᠢ ᠥᠨᠳᠥᠷ ᠪᠦᠲᠦᠮᠵᠢᠲᠡᠢ ᠵᠠᠰᠠᠯᠲᠠ ᠵᠢᠨ ᠳᠣᠭᠲᠠᠯᠴᠠᠭ᠎ᠠ ᠵᠢ ᠪᠦᠷᠢᠯᠳᠦᠭᠦᠯᠬᠦ ᠬᠡᠷᠡᠭᠲᠡᠢ᠃ ᠠᠵᠢᠯ᠎ᠤᠨ ᠲᠣᠭᠲᠠᠴᠠ ᠵᠢᠨ ᠲᠠᠯ᠎ᠠ᠎ᠪᠠᠷ ᠤᠯᠠᠮ ᠨᠢᠭᠡ ᠠᠯᠬᠤᠮ ᠰᠢᠨ᠎ᠡ ᠵᠢ ᠡᠭᠦᠳᠴᠦ᠂ ᠣᠨᠴᠠᠭ᠋ᠠᠢ ᠶᠠᠪᠤᠳᠠᠯ᠎ᠢ ᠣᠨᠴᠠᠭ᠋ᠠᠢ ᠰᠢᠢ᠍ᠳᠪᠦᠷᠢᠯᠡᠵᠦ᠂ ᠠᠩᠬᠠᠳᠠᠭᠴᠢ ᠪᠦᠯᠦᠭ ᠰᠤᠷᠤᠭᠴᠢ ᠡᠯᠰᠡᠬᠦ ᠵᠢ ᠪᠡᠶᠡᠯᠡᠭᠦᠯᠬᠦ ᠬᠡᠷᠡᠭᠲᠡᠢ᠃ ᠠᠵᠤ ᠦᠢ᠍ᠯᠡᠰ᠎ᠤᠨ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠨ ᠲᠤᠰᠬᠠᠢ ᠮᠡᠷᠭᠡᠵᠢᠯ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠨᠠᠮᠤᠷ ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠤ ᠰᠤᠷᠤᠭᠴᠢ ᠡᠯᠰᠡᠬᠦ ᠠᠵᠢᠯ᠎ᠢ ᠡᠷᠲᠡᠬᠡᠨ ᠡᠬᠢᠯᠡᠭᠦᠯᠵᠦ᠂ ᠠᠩᠬ᠎ᠠ ᠪᠠᠶ᠋ᠢᠭᠤᠯᠤᠭᠰᠠᠨ ᠠᠵᠢᠯ ᠮᠡᠷᠭᠡᠵᠢᠯ᠎ᠤᠨ ᠵᠢᠩᠬᠢᠨᠢ ᠠᠩᠭᠢ ᠵᠢᠨ ᠲᠤᠰᠬᠠᠢ ᠮᠡᠷᠭᠡᠵᠢᠯ᠎ᠢ ᠰᠤᠷᠭ᠋ᠠᠨ ᠬᠥᠮᠦᠵᠢᠯ᠎ᠤᠨ ᠶᠠᠮᠤᠨ᠎ᠳᠤ ᠪᠦᠷᠢᠳᠬᠡᠨ ᠳᠠᠩᠰᠠᠯᠠᠭᠤᠯᠬᠤ᠂ ᠰᠤᠷᠤᠭᠴᠢ ᠡᠯᠰᠡᠬᠦ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠪᠡᠶᠡᠯᠡᠭᠦᠯᠵᠦ᠂ ᠴᠢᠳᠠᠪᠤᠷᠢᠲᠠᠨ᠎ᠤ ᠬᠠᠩᠭ᠋ᠠᠯᠭ᠎ᠠ ᠪᠣᠯᠤᠨ ᠠᠵᠤ ᠦᠢ᠍ᠯᠡᠰ᠎ᠤᠨ ᠬᠡᠷᠡᠭᠴᠡᠭᠡ ᠱᠠᠭ᠋ᠠᠷᠳᠠᠯᠭ᠎ᠠ ᠵᠢ ᠨᠠᠷᠢᠯᠢᠭ ᠣᠨᠣᠴᠠᠲᠠᠢ ᠵᠣᠯᠭ᠋ᠠᠭᠤᠯᠬᠤ ᠵᠢ ᠪᠡᠶᠡᠯᠡᠭᠦᠯᠬᠦ ᠬᠡᠷᠡᠭᠲᠡᠢ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠥᠷᠥᠯ ᠬᠡᠯᠪᠡᠷᠢ ᠵᠢᠨ ᠣᠨᠴᠠᠯᠢᠭ᠎ᠢ ᠳᠣᠪᠣᠶ᠋ᠢᠯᠭ᠋ᠠᠨ᠂ ᠵᠢᠩᠬᠢᠨᠢ ᠠᠩᠭᠢ ᠵᠢᠨ ᠳᠡᠰ᠎ᠤᠨ ᠴᠢᠳᠠᠪᠤᠷᠢᠲᠠᠨ ᠬᠥᠮᠦᠵᠢᠭᠦᠯᠬᠦ ᠲᠥᠰᠦᠯ᠎ᠳᠤ ᠵᠠᠰᠠᠪᠤᠷᠢ ᠣᠷᠣᠭᠤᠯᠵᠤ᠂ ᠪᠠᠭᠰᠢ ᠵᠢᠨ ᠡᠩᠨᠡᠭᠡ ᠵᠢ ᠪᠦᠷᠢᠨ ᠭᠦᠢ᠍ᠴᠡᠳ ᠴᠢᠩᠭ᠎ᠠ ᠲᠣᠬᠢᠷᠠᠭᠤᠯᠤᠨ᠂ ᠠᠭᠤᠯᠤᠭᠳᠠᠬᠤᠨ᠎ᠤ ᠬᠥᠭᠵᠢᠯᠲᠡ ᠵᠢ ᠴᠢᠩᠭ᠋ᠠᠷᠠᠭᠤᠯᠵᠤ᠂ ᠰᠤᠷᠭ᠋ᠠᠭᠤᠯᠢ ᠡᠷᠬᠢᠯᠡᠬᠦ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠬᠡᠷᠡᠭᠲᠡᠢ᠃ ᠠᠵᠢᠯ᠎ᠤᠨ ᠴᠢᠨᠠᠷ ᠴᠢᠨᠰᠠᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠰᠤᠷᠭ᠋ᠠᠭᠤᠯᠢ ᠵᠢᠨ ᠠᠭᠤᠯᠤᠭᠳᠠᠬᠤᠨᠲᠤ ᠬᠥᠭᠵᠢᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠡᠷᠡᠭᠲᠡᠢ᠃ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠬᠠᠷᠠᠯᠲᠠ᠎ᠳᠤ ᠰᠠᠭᠤᠷᠢᠯᠠᠵᠤ᠂ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠬᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ ᠪᠠ ᠡᠩ᠎ᠤᠨ ᠰᠤᠷᠭ᠋ᠠᠨ ᠬᠥᠮᠥᠵᠢᠯ᠎ᠢ ᠠᠭᠤᠰᠬᠠᠬᠤ᠎ᠳᠤ ᠠᠩᠬᠠᠷᠤᠯ ᠵᠶ᠋ᠠᠨ ᠬᠠᠨᠳᠤᠭᠤᠯᠤᠨ᠂ ᠲᠤᠰᠬᠠᠢ ᠮᠡᠷᠭᠡᠵᠢᠯ᠎ᠤᠨ ᠪᠠᠶ᠋ᠢᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠣᠶᠤᠲᠠᠨ᠎ᠳᠤ ᠡᠷᠳᠡᠮ᠎ᠤᠨ ᠴᠣᠯᠠ ᠣᠯᠭᠣᠬᠤ ᠨᠢᠭᠡᠴᠢ ᠵᠢᠴᠢ ᠡᠷᠳᠡᠮ᠎ᠤᠨ ᠴᠣᠯᠠ ᠵᠢᠨ ᠡᠷᠬᠡ ᠣᠯᠭᠣᠬᠤ ᠴᠡᠭ᠎ᠢ ᠮᠡᠳᠡᠭᠦᠯᠬᠦ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠵᠦ᠂ ᠦᠢ᠍ᠯᠡᠴᠢᠯᠡᠭᠡᠨ᠎ᠤ ᠣᠷᠣᠨ ᠪᠦᠰᠡ ᠵᠢᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

 

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠠᠵᠢᠯᠲᠠᠨ ᠤᠷᠢᠵᠤ ᠡᠯᠰᠡᠬᠦ ᠵᠢ ᠰᠢᠯᠢᠳᠡᠭᠵᠢᠭᠦᠯᠵᠦ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠭᠤᠯᠲᠠ᠎ᠳᠤ ᠬᠦᠴᠦᠨ ᠨᠡᠮᠡᠷᠢᠯᠡᠵᠦ ᠪᠣᠢ
ᠮᠠᠨ᠎ᠤ ᠣᠷᠣᠨ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠠᠮᠤᠷ ᠲᠦᠪᠰᠢᠨ ᠣᠷᠴᠢᠨ ᠬᠠᠩᠭ᠋ᠠᠵᠤ ᠪᠤᠢ
ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠨᠠᠶ᠋ᠢᠳᠠᠪᠤᠷᠢᠵᠢᠭᠤᠯᠤᠭᠰᠠᠨ ᠠᠩᠬᠠᠨ᠎ᠤ ᠵᠢᠯ ᠥᠪᠥᠷ ᠮᠣᠩᠭᠤᠯ᠎ᠤᠨ 15. 7 ᠲᠦᠮᠡᠨ ᠰᠢᠯᠭ᠋ᠠᠭᠤᠯᠤᠭᠴᠢ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠣᠷᠣᠯᠴᠠᠨ᠎ᠠ
ᠪᠦᠬᠦ ᠣᠷᠣᠨ᠎ᠤ ᠰᠤᠷᠤᠭᠴᠢ ᠵᠢ ᠳᠡᠳᠬᠦᠨ ᠲᠤᠰᠠᠯᠠᠬᠤ ᠰᠠᠯᠠᠭ᠎ᠠ ᠮᠥᠴᠢᠷ ᠰᠤᠷᠤᠯᠭ᠎ᠠ ᠵᠢ ᠳᠡᠳᠬᠦᠨ ᠰᠢᠯᠭ᠋ᠠᠯᠲᠠ᠎ᠳᠤ ᠲᠤᠰᠠᠯᠠᠬᠤ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠪᠡ
 
             蒙ICP备05000248号