ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠪᠦᠬᠦ ᠣᠷᠣᠨ᠎ᠤ ᠰᠤᠷᠤᠭᠴᠢ ᠵᠢ ᠳᠡᠳᠬᠦᠨ ᠲᠤᠰᠠᠯᠠᠬᠤ ᠰᠠᠯᠠᠭ᠎ᠠ ᠮᠥᠴᠢᠷ ᠰᠤᠷᠤᠯᠭ᠎ᠠ ᠵᠢ ᠳᠡᠳᠬᠦᠨ ᠰᠢᠯᠭ᠋ᠠᠯᠲᠠ᠎ᠳᠤ ᠲᠤᠰᠠᠯᠠᠬᠤ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠪᠡ
ᠨᠡᠶ᠋ᠢᠲᠡᠯᠡᠭᠰᠡᠨ ᠴᠠᠭ᠄ 2025-06-09

ᠥᠴᠥᠭᠡᠳᠦᠷ᠂ ᠵᠢᠯ᠎ᠳᠤ ᠨᠢᠭᠡ ᠤᠳᠠᠭ᠎ᠠ ᠶᠠᠪᠤᠭᠳᠠᠳᠠᠭ ᠡᠩ᠎ᠤᠨ ᠳᠡᠭᠡᠳᠦ ᠰᠤᠷᠭ᠋ᠠᠭᠤᠯᠢ ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ  ᠬᠤᠭᠤᠴᠠᠭ᠎ᠠ ᠶᠣᠰᠣᠭ᠋ᠠᠷ ᠶᠠᠪᠤᠭᠳᠠᠵᠤ᠂ ᠪᠦᠬᠦ ᠣᠷᠣᠨ᠎ᠤ ᠰᠤᠷᠤᠭᠴᠢ ᠵᠢ ᠳᠡᠳᠭᠦᠨ ᠲᠤᠰᠠᠯᠠᠬᠤ ᠰᠠᠯᠠᠭ᠎ᠠ ᠮᠥᠴᠢᠷ ᠥᠷᠭᠡᠨ ᠣᠯᠠᠨ ᠪᠠᠭᠰᠢ ᠰᠤᠷᠤᠭᠴᠢ᠂ ᠭᠡᠷ᠎ᠤᠨ ᠠᠬᠠᠮᠠᠳ᠎ᠲᠤ ᠰᠤᠷᠤᠯᠭ᠎ᠠ ᠵᠢ ᠳᠡᠳᠬᠦᠨ ᠰᠢᠯᠭ᠋ᠠᠯᠲᠠ᠎ᠳᠤ ᠲᠤᠰᠠᠯᠠᠬᠤ ᠦᠢ᠍ᠯᠡᠴᠢᠯᠡᠭᠡᠨ᠎ᠤ ᠠᠵᠢᠯᠯᠠᠭ᠎ᠠ ᠵᠢ ᠢᠳᠡᠪᠬᠢᠲᠡᠢ ᠥᠷᠨᠢᠭᠦᠯᠪᠡ᠃

 

1.jpg

2.jpg

3.jpg

4.jpg

5.jpg

 

ᠡᠯ᠎ᠡ ᠭᠠᠵᠠᠷ᠎ᠤᠨ ᠰᠤᠷᠤᠭᠴᠢ ᠵᠢ ᠳᠡᠳᠬᠦᠨ ᠲᠤᠰᠠᠯᠠᠬᠤ ᠰᠠᠯᠠᠭ᠎ᠠ ᠮᠥᠴᠢᠷ᠎ᠤᠨ᠎ᠬᠢᠨ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠴᠡᠭ᠎ᠲᠤ ᠵᠦᠪᠯᠡᠯᠭᠡ ᠥᠭᠬᠦ ᠦᠢ᠍ᠯᠡᠴᠢᠯᠡᠭᠡᠨ᠎ᠤ ᠲᠠᠪᠴᠠᠩ᠎ᠢ ᠪᠠᠶ᠋ᠢᠭᠤᠯᠵᠤ᠂ ᠤᠬᠠᠭᠤᠯᠭ᠎ᠠ ᠵᠢᠨ ᠰᠠᠮᠪᠠᠷ᠎ᠠ ᠵᠣᠬᠢᠶᠠᠨ᠂ ᠠᠬᠤᠢ ᠲᠠᠯᠠᠪᠠᠢ᠎ᠳᠤ ᠰᠤᠷᠤᠭᠴᠢ ᠪᠠ ᠭᠡᠷ᠎ᠤᠨ ᠠᠬᠠᠮᠠᠳ᠎ᠲᠤ ᠳᠡᠳᠬᠦᠨ ᠳᠤᠰᠠᠯᠠᠬᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠳᠡᠪᠲᠡᠷ᠂ ᠨᠢᠭᠡ ᠬᠤᠪᠢ ᠵᠠᠬᠢᠳᠠᠯ᠎ᠢ ᠲᠠᠷᠬᠠᠭ᠋ᠠᠵᠤ᠂ ᠤᠯᠤᠰ᠎ᠤᠨ ᠳᠡᠳᠬᠦᠨ ᠳᠤᠰᠠᠯᠠᠬᠤ ᠲᠥᠷᠥ ᠵᠢᠨ ᠪᠣᠳᠣᠯᠭ᠎ᠠ ᠵᠢ ᠲᠠᠢ᠌ᠯᠪᠤᠷᠢᠯᠠᠨ᠂ ᠰᠢᠯᠭ᠋ᠠᠭᠤᠯᠤᠭᠴᠢ᠎ᠳᠤ ᠬᠦᠴᠦ ᠨᠡᠮᠡᠷᠢᠯᠡᠨ᠂ ᠬᠦᠴᠢᠷᠳᠡᠯᠲᠡᠢ ᠭᠡᠷ ᠪᠦᠯᠢ ᠵᠢᠨ ᠬᠦᠴᠢᠷᠳᠡᠯ ᠎ᠢ ᠰᠢᠢ᠍ᠳᠪᠦᠷᠢᠯᠡᠵᠦ ᠥᠭᠪᠡ᠃

ᠥᠪᠡᠷᠲᠡᠭᠡᠨ ᠵᠠᠰᠠᠬᠤ ᠣᠷᠣᠨ᠎ᠤ ᠰᠤᠷᠤᠭᠴᠢ ᠵᠢ ᠳᠡᠳᠬᠦᠨ ᠲᠤᠰᠠᠯᠠᠬᠤ ᠲᠣᠭᠲᠠᠯᠴᠠᠭ᠎ᠠ ᠰᠢᠯᠭ᠋ᠠᠯᠲᠠ ᠵᠢᠨ ᠲᠠᠯᠠᠪᠠᠢ᠎ᠳᠤ ᠬᠥᠯᠥᠰᠦ ᠤᠷᠤᠰᠬᠠᠨ ᠬᠦᠴᠦᠯᠡᠨ ᠴᠢᠷᠮᠠᠶ᠋ᠢᠵᠤ ᠪᠠᠶ᠋ᠢᠭ᠎ᠠ ᠰᠢᠯᠭ᠋ᠠᠭᠤᠯᠤᠭᠴᠢ ᠨᠢᠭᠡ ᠪᠦᠷᠢ ᠵᠢᠨ ᠠᠷᠤ ᠲᠠᠯ᠎ᠠ ᠵᠢᠨ ᠬᠦᠴᠢᠷᠳᠡᠯ᠎ᠢ ᠬᠠᠷᠠᠭ᠋ᠠᠯᠵᠠᠵᠤ᠂ ᠲᠡᠳᠡᠨ᠎ᠤ ᠴᠢᠭᠴᠢ ᠰᠢᠯᠤᠭᠤᠨ ᠵᠶ᠋ᠠᠷ ᠵᠣᠷᠢᠭᠰᠠᠨ ᠵᠦᠭ ᠵᠶ᠋ᠡᠨ ᠲᠡᠮᠡᠦᠯᠬᠦ ᠰᠡᠳᠬᠢᠯ᠎ᠢ ᠬᠥᠭᠵᠢᠭᠡᠪᠡ᠃ ᠪᠦᠬᠦ ᠣᠷᠣᠨ᠎ᠢ ᠬᠠᠮᠤᠷᠤᠭᠰᠠᠨ ᠡᠨᠡ ᠬᠦ᠌ ᠠᠶᠠᠯᠠᠯ᠎ᠢ ᠬᠠᠮᠠᠭ᠋ᠠᠯᠠᠬᠤ ᠠᠵᠢᠯᠯᠠᠭ᠎ᠠ᠎ᠨᠢ ᠰᠤᠷᠭ᠋ᠠᠨ ᠬᠥᠮᠦᠵᠢᠯ᠎ᠤᠨ ᠡᠷᠬᠡ ᠲᠡᠭᠰᠢ ᠬᠠᠯᠠᠭᠤᠨ ᠳᠤᠯᠠᠭ᠋ᠠᠨ᠎ᠢ ᠳᠠᠮᠵᠢᠭᠤᠯᠤᠭᠰᠠᠨ ᠵᠶ᠋ᠠᠷ ᠪᠠᠷᠠᠬᠤ ᠦᠭᠡᠢ᠂ ᠨᠡᠩ ᠣᠯᠠᠨ ᠭᠡᠷ ᠪᠦᠯᠢ ᠵᠢᠨ ᠬᠦᠰᠡᠯ ᠡᠷᠡᠮᠡᠯᠵᠡᠯ - ᠰᠢᠷᠭ᠋ᠠᠭᠤ ᠬᠠᠲᠠᠭᠤᠵᠢᠯᠲᠠᠢ ᠴᠢᠷᠮᠠᠢ᠌ᠵᠤ ᠪᠠᠢ᠌ᠭ᠎ᠠ ᠰᠢᠯᠭ᠋ᠠᠭᠤᠯᠤᠭᠴᠢ ᠵᠢᠨ ᠭᠡᠭᠡᠨ ᠰᠠᠷᠠᠭᠤᠯ ᠠᠯᠤᠰ ᠬᠡᠲᠦ ᠵᠢᠨ ᠬᠦᠰᠡᠯᠡᠩ᠎ᠢ ᠬᠠᠮᠠᠭ᠋ᠠᠯᠠᠨ ᠤᠷᠤᠭᠰᠢᠯᠠᠨᠠᠮ᠃

 

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号