ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠨᠠᠶ᠋ᠢᠳᠠᠪᠤᠷᠢᠵᠢᠭᠤᠯᠤᠭᠰᠠᠨ ᠠᠩᠬᠠᠨ᠎ᠤ ᠵᠢᠯ ᠥᠪᠥᠷ ᠮᠣᠩᠭᠤᠯ᠎ᠤᠨ 15. 7 ᠲᠦᠮᠡᠨ ᠰᠢᠯᠭ᠋ᠠᠭᠤᠯᠤᠭᠴᠢ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠣᠷᠣᠯᠴᠠᠨ᠎ᠠ
ᠨᠡᠶ᠋ᠢᠲᠡᠯᠡᠭᠰᠡᠨ ᠴᠠᠭ᠄ 2025-06-09

6 ᠰᠠᠷ᠎ᠠ ᠵᠢᠨ 7᠎ᠤ ᠡᠳᠦᠷ᠂ ᠵᠢᠯ᠎ᠳᠤ ᠨᠢᠭᠡ ᠤᠳᠠᠭ᠎ᠠ ᠶᠠᠪᠤᠭᠳᠠᠳᠠᠭ ᠤᠯᠤᠰ᠎ᠤᠨ ᠨᠢᠭᠡᠳᠦᠯᠲᠡᠢ ᠰᠢᠯᠭ᠋ᠠᠯᠲᠠ ᠪᠣᠯᠵᠤᠭ᠎ᠠ ᠶᠣᠰᠣᠭ᠋ᠠᠷ ᠬᠦᠷᠴᠦ ᠢᠷᠡᠪᠡ᠃ ᠡᠨᠡ ᠵᠢᠯ ᠪᠣᠯ ᠮᠠᠨ᠎ᠤ ᠣᠷᠣᠨ᠎ᠠᠴᠠ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠨᠠᠶ᠋ᠢᠳᠠᠪᠤᠷᠢᠵᠢᠭᠤᠯᠤᠭᠰᠠᠨ ᠠᠩᠬᠠᠨ᠎ᠤ ᠵᠢᠯ ᠪᠣᠯᠣᠨ᠎ᠠ᠂ ᠥᠪᠡᠷᠲᠡᠭᠡᠨ ᠵᠠᠰᠠᠬᠤ ᠣᠷᠣᠨ᠎ᠠᠴᠠ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭ᠋ᠠᠷᠳᠠᠯᠭ᠎ᠠ᠂ ᠨᠠᠩ ᠪᠣᠳᠠᠲᠠᠢ ᠠᠷᠭ᠎ᠠ ᠬᠡᠮᠵᠢᠶ᠎ᠡ᠎ᠪᠠᠷ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠲᠣᠭᠲᠠᠭᠤᠨ ᠪᠥᠭᠡᠳ ᠡᠮᠬᠢ ᠵᠢᠷᠤᠮ᠎ᠲᠠᠢ ᠶᠠᠪᠤᠭᠳᠠᠬᠤ ᠵᠢ ᠦᠨᠡᠨ ᠬᠦ᠌ ᠪᠠᠲᠤᠯᠠᠵᠤ ᠪᠠᠶ᠋ᠢᠨ᠎ᠠ᠃

ᠡᠨᠡ ᠵᠢᠯ᠂ ᠮᠠᠨ᠎ᠤ ᠣᠷᠣᠨ᠎ᠤ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠨᠡᠷ᠎ᠡ ᠮᠡᠳᠡᠭᠦᠯᠦᠭᠰᠡᠨ ᠰᠤᠷᠤᠬ᠍ᠴᠢ 20.9 ᠲᠦᠮᠡᠨ ᠬᠥᠮᠥᠨ ᠪᠠᠶ᠋ᠢᠵᠤ᠂ ᠡᠮᠦᠨᠡᠬᠢ ᠬᠤᠭᠤᠴᠠᠭ᠋ᠠᠨ᠎ᠳᠤ ᠨᠢᠭᠡᠨᠲᠡ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠲᠤᠰᠠᠭ᠋ᠠᠷ ᠡᠯᠰᠡᠭᠳᠡᠭᠰᠡᠨ ᠪᠠ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠳᠤ 3 ᠵᠢᠯ ᠰᠤᠷᠤᠯᠴᠠᠬᠰᠠᠨ᠎ᠤ ᠲᠠᠷᠠᠭ᠎ᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠳᠤ ᠲᠠᠭᠢᠨ 2 ᠵᠢᠯ ᠰᠤᠷᠤᠯᠴᠠᠬᠤ᠎ᠪᠠᠷ ᠱᠠᠲᠤ ᠰᠢᠯᠵᠢᠭᠦ ᠵᠢᠴᠢ ᠪᠤᠰᠤᠳ ᠲᠤᠰᠠᠭ᠋ᠠᠷ ᠰᠣᠷᠣᠬ᠍ᠴᠢ ᠡᠯᠰᠡᠭᠰᠡᠨ 5.2 ᠲᠦᠮᠡᠨ ᠬᠥᠮᠥᠨ᠎ᠠᠴᠠ ᠭᠠᠳᠠᠨ᠎ᠠ᠂ ᠤᠯᠤᠰ᠎ᠤᠨ ᠨᠢᠭᠡᠳᠦᠯᠲᠡᠢ ᠰᠢᠯᠭ᠋ᠠᠯᠲᠠ᠎ᠳᠤ ᠪᠣᠳᠠᠲᠠᠢ ᠣᠷᠤᠯᠴᠠᠬᠤ ᠬᠥᠮᠥᠨ ᠪᠠᠷᠤᠭ 15.7 ᠲᠦᠮᠡ ᠬᠥᠮᠥᠨ ᠪᠠᠶ᠋ᠢᠨ᠎ᠠ᠃ ᠪᠦᠭᠦ ᠣᠷᠣᠨ᠎ᠤ 12 ᠠᠶ᠋ᠢᠮᠠᠭ ᠬᠤᠲᠠ᠎ᠳᠤ ᠨᠡᠶ᠋ᠢᠲᠡ 104 ᠰᠢᠯᠭ᠋ᠠᠯᠲᠠ ᠵᠢᠨ ᠲᠣᠭᠤᠷᠢᠭ᠂ 187 ᠰᠢᠯᠭ᠋ᠠᠯᠲᠠ ᠵᠢᠨ ᠴᠡᠭ᠂ 5625 ᠰᠢᠯᠭ᠋ᠠᠯᠲᠠ ᠵᠢᠨ ᠲᠠᠯᠠᠪᠠᠶ ᠪᠠ 565 ᠪᠡᠯᠡᠳᠬᠡᠯ ᠰᠢᠯᠭ᠋ᠠᠯᠲᠠ ᠵᠢᠨ ᠲᠠᠯᠠᠪᠠᠶ ᠲᠣᠬᠢᠷᠠᠭᠤᠯᠵᠤ᠂ ᠰᠢᠯᠭ᠋ᠠᠯᠲᠠ ᠵᠢ ᠴᠥᠮ ᠪᠠᠷᠢᠮᠵᠢᠶᠠᠵᠢᠭᠤᠯᠤᠭᠰᠠᠨ ᠰᠢᠯᠭ᠋ᠠᠯᠲᠠ ᠵᠢᠨ ᠲᠠᠯᠠᠪᠠᠶ᠎ᠳᠤ ᠶᠠᠪᠤᠭᠳᠠᠭᠤᠯᠤᠨ᠎ᠠ᠃

ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠡᠬᠢᠯᠡᠭᠦᠯᠦᠭᠰᠡᠨ ᠪᠦᠭᠦ ᠤᠯᠤᠰ᠎ᠤᠨ ᠲᠠᠪᠤᠳᠤᠭ᠋ᠠᠷ ᠪᠦᠯᠦᠭ᠎ᠤᠨ ᠨᠠᠢ᠍ᠮᠠᠨ ᠮᠤᠵᠢ ᠣᠷᠣᠨ᠎ᠤ ᠨᠢᠭᠡ ᠪᠣᠯᠤᠭᠰᠠᠨ᠎ᠤ ᠬᠤᠪᠢ᠎ᠳᠤ᠂ ᠡᠨᠡ ᠵᠢᠯ ᠥᠪᠥᠷ ᠮᠣᠩᠭᠤᠯ᠎ᠤᠨ ᠡᠩ᠎ᠤᠨ ᠶᠡᠭᠡ ᠳᠡᠭᠡᠳᠦ ᠰᠤᠷᠭ᠋ᠠᠭᠤᠯᠢ  ᠵᠢᠨ ᠰᠣᠷᠣᠬ᠍ᠴᠢ ᠡᠯᠰᠡᠬᠦ ᠰᠢᠯᠭ᠋ᠠᠯᠲᠠ᠎ᠳᠤ 《3 + 1 + 2》᠎ᠤᠨ ᠵᠠᠭᠪᠤᠷ᠎ᠢ ᠬᠡᠷᠡᠭᠵᠢᠭᠦᠯᠵᠦ᠂ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠬᠢᠴᠢᠶᠡᠯ ᠲᠥᠷᠥᠯ ᠪᠠ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠲᠦᠪᠰᠢᠨ᠎ᠤ ᠰᠣᠩᠭᠤᠯᠲᠠ ᠵᠢᠨ ᠴᠢᠨᠠᠷᠲᠠᠢ ᠰᠢᠯᠭ᠋ᠠᠯᠲᠠ ᠵᠢᠨ ᠬᠢᠴᠢᠶᠡᠯ ᠲᠥᠷᠥᠯ ᠵᠶ᠋ᠠᠷ ᠪᠦᠷᠢᠯᠳᠦᠪᠡ᠃ ᠡᠭᠦᠨ᠎ᠳᠤ᠂ 《3》 ᠭᠡᠳᠡᠭ᠎ᠨᠢ ᠪᠦᠭᠦ ᠤᠯᠤᠰ᠎ᠤᠨ ᠨᠢᠭᠡᠳᠦᠯᠲᠡᠢ ᠰᠢᠯᠭ᠋ᠠᠬᠤ ᠬᠢᠴᠢᠶᠡᠯ ᠲᠥᠷᠥᠯ᠎ᠤᠨ ᠭᠡᠯᠡ ᠪᠢᠴᠢᠭ᠂ ᠲᠣᠭ᠋ᠠᠨ᠎ᠤ ᠤᠬᠠᠭ᠋ᠠᠨ᠂ ᠭᠠᠳᠠᠭ᠋ᠠᠳᠤ ᠭᠡᠯᠡ ᠵᠢ ᠵᠢᠭ᠋ᠠᠵᠤ ᠪᠠᠶ᠋ᠢᠨ᠎ᠠ᠂ ᠨᠡᠶ᠋ᠢᠭᠡᠮ᠎ᠤᠨ ᠰᠢᠨᠵᠢᠯᠡᠬᠦ ᠤᠬᠠᠭ᠋ᠠᠨ ᠪᠠ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ ᠭᠡᠵᠦ ᠬᠤᠪᠢᠶᠠᠬᠤ ᠦᠭᠡᠢ᠂ ᠪᠤᠶ ᠪᠦᠬᠦᠢ ᠰᠢᠯᠭ᠋ᠠᠭᠤᠯᠤᠭᠴᠢ ᠵᠠᠪᠠᠯ ᠰᠢᠯᠭ᠋ᠠᠬᠤ ᠭᠡᠷᠡᠭᠲᠡᠶ; 《1》 ᠪᠠ 《2》 ᠪᠣᠯ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠲᠦᠪᠰᠢᠨ᠎ᠤ ᠰᠣᠩᠭᠤᠯᠲᠠ ᠵᠢᠨ ᠴᠢᠨᠠᠷᠲᠠᠢ ᠰᠢᠯᠭ᠋ᠠᠯᠲᠠ ᠵᠢᠨ ᠬᠢᠴᠢᠶᠡᠯ ᠲᠥᠷᠥᠯ ᠪᠠᠶ᠋ᠢᠵᠤ᠂ 《1》 ᠭᠡᠳᠡᠭ᠎ᠨᠢ ᠲᠡᠷᠢᠭᠦᠨ ᠰᠣᠩᠭᠤᠯᠲᠠ ᠵᠢᠨ ᠬᠢᠴᠢᠶᠡᠯ ᠲᠥᠷᠥᠯ ᠮᠥᠨ᠂ ᠳᠠᠷᠤᠢ ᠹᠢᠽᠢᠺ᠂ ᠲᠡᠦᠬᠡ ᠵᠢᠨ ᠬᠢᠴᠢᠶᠡᠯ ᠲᠥᠷᠥᠯ ᠳᠣᠲᠣᠷ᠎ᠠ ᠎ᠠᠴᠠ 1 ᠬᠢᠴᠢᠶᠡᠯ ᠲᠥᠷᠥᠯ᠎ᠢ ᠰᠣᠩᠭᠤᠨ᠎ᠠ; 《2》 ᠭᠡᠳᠡᠭ᠎ᠨᠢ ᠳᠠᠭᠢᠨ ᠰᠣᠩᠭᠤᠯᠲᠠ ᠵᠢᠨ ᠬᠢᠴᠢᠶᠡᠯ ᠪᠣᠯᠣᠨ᠎ᠠ᠂ ᠰᠢᠯᠭ᠋ᠠᠭᠤᠯᠤᠭᠴᠢ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠢ᠂ ᠬᠢᠮᠢ᠂ ᠠᠮᠢᠳᠤ ᠪᠣᠳᠠᠰ᠎ᠤᠨ ᠤᠬᠠᠭ᠋ᠠᠨ ᠵᠡᠷᠭᠡ ᠬᠢᠴᠢᠶᠡᠯ ᠲᠦᠷᠦᠯ ᠳᠣᠲᠣᠷ᠎ᠠ᠎ᠠᠴᠠ 2 ᠬᠢᠴᠢᠶᠡᠯ ᠲᠦᠷᠦᠯ᠎ᠢ ᠰᠣᠩᠭᠤᠵᠤ ᠪᠣᠯᠣᠨ᠎ᠠ᠃ ᠡᠨᠡ ᠬᠦ᠌ ᠬᠡᠪ ᠵᠠᠭᠪᠤᠷ᠎ᠲᠤ ᠰᠣᠷᠣᠬ᠍ᠴᠢ ᠥᠪᠡᠷ᠎ᠤᠨ ᠳᠤᠷ᠎ᠠ ᠪᠠᠬ᠎ᠠ᠂ ᠳᠤᠷ᠎ᠠ ᠰᠣᠨᠢᠷᠬᠠᠯ᠂ ᠣᠨᠴᠠ ᠴᠢᠳᠠᠪᠤᠷᠢ᠎ᠪᠠᠨ ᠦᠨᠳᠦᠰᠦᠯᠡᠨ᠂ 12 ᠵᠦᠢ᠍ᠯ᠎ᠤᠨ ᠬᠠᠮ ᠬᠡᠰᠡᠭᠯᠡᠯ ᠳᠣᠲᠣᠷ᠎ᠠ᠎ᠠᠴᠠ ᠨᠢᠭᠡ ᠵᠢ᠎ᠨᠢ ᠡᠵᠡᠨ ᠮᠡᠳᠡᠵᠦ ᠰᠣᠩᠭᠤᠵᠤ ᠪᠣᠯᠣᠨ᠎ᠠ᠃ ᠪᠡᠶ᠎ᠡ ᠵᠢᠨ ᠲᠠᠮᠢᠷ᠎ᠤᠨ ᠲᠥᠷᠥᠯ᠂ ᠤᠷᠠᠯᠢᠭ᠎ᠤᠨ ᠲᠥᠷᠥᠯ ᠵᠡᠷᠭᠡ ᠲᠤᠰᠬᠠᠢ ᠮᠡᠷᠭᠡᠵᠢᠯ᠎ᠳᠤ ᠨᠡᠷ᠎ᠡ ᠮᠡᠳᠡᠭᠦᠯᠦᠭᠰᠡᠨ ᠰᠢᠯᠭ᠋ᠠᠭᠤᠯᠤᠭᠴᠢ ᠬᠤᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠵᠣᠬᠢᠬᠤ ᠲᠤᠰᠬᠠᠢ ᠮᠡᠷᠭᠡᠵᠢᠯ᠎ᠤᠨ ᠰᠢᠯᠭ᠋ᠠᠯᠲᠠ᠎ᠳᠤ ᠣᠷᠣᠯᠴᠠᠨ᠎ᠠ᠃ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠪᠣᠳᠠᠲᠠᠢ ᠴᠠᠭ᠎ᠨᠢ᠂ 6 ᠰᠠᠷ᠎ᠠ ᠵᠢᠨ 7᠎ᠤ ᠡᠳᠦᠷ᠎ᠤᠨ 9᠄ 00 -11᠄ 30 ᠭᠡᠯᠡ ᠪᠢᠴᠢᠭ᠂ 15᠄ 00-17᠄ 00 ᠲᠣᠭ᠋ᠠᠨ᠎ᠤ ᠤᠬᠠᠭ᠋ᠠᠨ; 6 ᠰᠠᠷ᠎ᠠ ᠵᠢᠨ 8᠎ᠤ ᠡᠳᠦᠷ᠎ᠤᠨ 9᠄ 00-10᠄ 15  ᠹᠢᠽᠢᠺ / ᠲᠡᠦᠬᠡ᠂ 15᠄ 00-17᠄ 00 ᠭᠠᠳᠠᠭ᠋ᠠᠳᠤ ᠭᠡᠯᠡ (ᠰᠣᠨᠣᠰᠬᠤ ᠴᠢᠳᠠᠪᠤᠷᠢ ᠵᠢᠨ ᠰᠢᠯᠭ᠋ᠠᠯᠲᠠ ᠪᠠᠭᠲᠠᠨ᠎ᠠ); 6 ᠰᠠᠷ᠎ᠠ ᠵᠢᠨ 9᠎ᠤ ᠡᠳᠦᠷ᠎ᠤᠨ 8᠄ 30- 9᠄ 45 ᠬᠢᠮᠢ᠂ 11᠄ 00-12᠄ 15 ᠭᠠᠵᠠᠷ ᠵᠦᠢ᠂ 14᠄ 30-15᠄ 45 ᠦᠵᠡᠯ ᠰᠠᠨᠠᠭ᠎ᠠ ᠤᠯᠤᠰ ᠲᠥᠷᠥ᠂ 17᠄ 00-18᠄ 15 ᠠᠮᠢᠳᠤ ᠪᠣᠳᠠᠰ᠎ᠤᠨ ᠤᠬᠠᠭ᠋ᠠᠨ᠃ ᠮᠣᠩᠭᠤᠯ ᠭᠡᠯᠡ ᠨᠡᠮᠡᠵᠦ ᠰᠢᠯᠭ᠋ᠠᠬᠤ ᠰᠢᠯᠭ᠋ᠠᠯᠲᠠ ᠵᠢᠨ ᠴᠠᠭ᠎ᠨᠢ 6 ᠰᠠᠷ᠎ᠠ ᠵᠢᠨ 10᠎ᠤ ᠡᠳᠦᠷ᠎ᠤᠨ 9᠄ 00 -11᠄ 30 ᠪᠣᠯᠣᠨ᠎ᠠ᠃

ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ ᠶᠡᠭᠡ ᠳᠡᠭᠡᠳᠦ ᠰᠤᠷᠭ᠋ᠠᠭᠤᠯᠢ ᠵᠢᠨ ᠰᠣᠷᠣᠬ᠍ᠴᠢ ᠵᠢᠨ ᠭᠠᠵᠠᠷ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠂ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠥᠭᠡᠷᠡᠴᠢᠯᠡᠯᠲᠡ᠎ᠨᠢ ᠰᠢᠯᠭ᠋ᠠᠬᠤ ᠬᠢᠴᠢᠶᠡᠯ ᠲᠥᠷᠥᠯ᠂ ᠬᠢᠷᠢ ᠪᠦᠲᠦᠮᠵᠢ ᠵᠢ ᠨᠡᠶ᠋ᠢᠲᠡᠯᠡᠬᠦ᠂ ᠡᠷᠡᠮᠡᠯᠵᠡᠯ ᠲᠠᠭᠯᠠᠬᠤ ᠪᠠ ᠡᠯᠰᠡᠬᠦ ᠵᠡᠷᠭᠡ ᠲᠠᠯ᠎ᠠ᠎ᠪᠠᠷ ᠬᠤᠪᠢᠷᠠᠯᠲᠠ ᠭᠠᠷᠪᠠ᠂ 2025 ᠣᠨ᠎ᠤ ᠰᠢᠨ᠎ᠡ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠥᠭᠡᠷᠡᠴᠢᠯᠡᠯᠲᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ᠎ᠠᠴᠠ ᠰᠢᠯᠭ᠋ᠠᠬᠤ ᠪᠠ ᠰᠣᠷᠣᠬ᠍ᠴᠢ ᠡᠯᠰᠡᠬᠦ ᠠᠵᠢᠯ᠎ᠤᠨ ᠲᠥᠰᠥᠯ᠂ ᠰᠢᠯᠭ᠋ᠠᠯᠲᠠ  ᠵᠢᠨ ᠶᠠᠪᠤᠳᠠᠯ᠎ᠤᠨ ᠬᠠᠮᠢᠶᠠᠷᠤᠯᠲᠠ᠂ ᠡᠷᠡᠮᠡᠯᠵᠡᠯ ᠲᠠᠭᠯᠠᠬᠤ ᠪᠠ ᠲᠠᠩᠰᠠ ᠡᠪᠬᠡᠮᠡᠯ ᠵᠶ᠋ᠠᠨ ᠲᠤᠰᠢᠶᠠᠬᠤ ᠡᠯᠰᠡᠬᠦ ᠵᠡᠷᠭᠡ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠣᠭᠲᠠᠭ᠋ᠠᠨ ᠲᠡᠭᠦᠯᠳᠡᠷᠵᠢᠭᠦᠯᠵᠦ᠂ ᠠᠵᠢᠯ᠎ᠤᠨ ᠭᠤᠭᠴᠤᠭ᠎ᠠ ᠵᠢ ᠪᠦᠭᠦ ᠶᠠᠪᠤᠴᠠ᠎ᠳᠤ ᠨᠠᠷᠢᠯᠢᠭᠵᠢᠭᠤᠯᠤᠨ᠂ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠪᠦᠭᠦ ᠬᠦᠴᠦᠨ ᠵᠶ᠋ᠠᠷ ᠵᠶ᠋ᠠᠨ ᠬᠠᠮᠠᠭ᠋ᠠᠯᠠᠭᠰᠠᠨ ᠪᠠᠶ᠋ᠢᠨ᠎ᠠ ᠭᠡᠵᠦ ᠲᠠᠨᠢᠯᠴᠠᠭᠤᠯᠪᠠ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
             蒙ICP备05000248号