ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠶᠠᠪᠤᠵᠤ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ — ᠬᠥᠬᠡᠬᠣᠲᠠ ᠵᠢᠨ ᠲᠥᠮᠡᠳ ᠳᠤᠮᠳᠠᠳᠤ ᠰᠤᠷᠭ᠋ᠠᠭᠤᠯᠢ ᠵᠢᠨ ᠲᠠᠷᠢᠶᠠᠨ ᠵᠠᠬ᠎ᠠ᠎ᠳᠤ ᠰᠣᠳᠤᠯᠤᠨ ᠰᠤᠷᠤᠯᠴᠠᠬᠤ ᠦᠢ᠍ᠯᠡᠳᠦᠯᠭᠡ ᠵᠢᠨ ᠠᠵᠢᠯᠯᠠᠭ᠎ᠠ
ᠨᠡᠶ᠋ᠢᠲᠡᠯᠡᠭᠰᠡᠨ ᠴᠠᠭ᠄ 2024-10-24

      ᠬᠥᠳᠡᠯᠮᠦᠷᠢ ᠵᠢᠨ ᠬᠥᠮᠦᠵᠢᠯ᠎ᠢ ᠴᠢᠩᠭ᠋ᠠᠳᠬᠠᠵᠤ᠂ ᠰᠤᠷᠤᠭᠴᠢᠳ᠎ᠢ ᠬᠢᠴᠢᠶᠡᠯ᠎ᠤᠨ ᠭᠡᠷ᠎ᠠᠴᠠ ᠭᠠᠷᠭ᠋ᠠᠨ᠂ ᠠᠮᠢᠳᠤᠷᠠᠯ᠎ᠳᠤ ᠭᠦᠨᠵᠡᠭᠡᠢ᠌ᠷᠡᠭᠦᠯᠬᠦ᠎ᠪᠠᠷ ᠬᠥᠲᠥᠯᠥᠨ ᠵᠢᠯᠣᠭᠣᠳᠴᠤ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠠᠮᠢᠳᠤᠯᠢᠭᠵᠢᠭᠤᠯᠬᠤ ᠵᠢᠨ ᠲᠥᠯᠥᠭᠡ᠂ ᠣᠶ᠋ᠢᠷ᠎ᠠ ᠵᠢᠨ ᠡᠳᠦᠷ᠂ ᠬᠥᠬᠡᠬᠣᠲᠠ ᠵᠢᠨ ᠲᠦᠮᠡᠳ ᠳᠤᠮᠳᠠᠳᠤ ᠰᠤᠷᠭ᠋ᠠᠭᠤᠯᠢ ᠪᠠᠭᠰᠢ ᠰᠤᠷᠤᠭᠴᠢᠳ᠎ᠢ ᠵᠣᠬᠢᠶᠠᠨ ᠪᠠᠶ᠋ᠢᠭᠤᠯᠤᠨ ᠬᠥᠬᠡᠬᠣᠲᠠ ᠵᠢᠨ ᠦᠴᠦᠸᠠᠨ ᠰᠢᠶᠠᠨ᠎ᠤ ᠳ᠋ᠢᠩ ᠰᠢᠶᠠᠩ ᠶᠢᠩ᠎ᠤᠨ ᠾᠧᠦ ᠵᠢᠶᠠ ᠭᠧᠦ ᠳᠣᠰᠬᠤᠨ᠎ᠳᠤ ᠬᠦᠷᠴᠦ᠂ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠦᠨ᠂ ᠰᠤᠷᠤᠭᠴᠢᠳ᠎ᠤᠨ ᠬᠥᠳᠡᠯᠮᠦᠷᠢ ᠵᠢᠨ  ᠤᠬᠠᠮᠰᠠᠷ ᠪᠠ ᠮᠡᠷᠭᠡᠵᠢᠯ᠎ᠤᠨ ᠴᠢᠳᠠᠪᠤᠷᠢ ᠵᠢ ᠴᠢᠩᠭ᠋ᠠᠷᠠᠭᠤᠯᠵᠤ᠂ ᠠᠵᠢᠯᠯᠠᠭ᠎ᠠ ᠪᠠ ᠮᠡᠳᠡᠯᠭᠡ ᠵᠢ ᠨᠢᠭᠡᠳᠭᠡᠬᠦ ᠶᠠᠪᠤᠴᠠ᠎ᠳᠤ ᠰᠤᠷᠤᠭᠴᠢᠳ᠎ᠤᠨ ᠰᠡᠳᠬᠢᠮᠵᠢ ᠵᠢᠨ ᠴᠢᠳᠠᠪᠤᠷᠢ ᠪᠠ ᠶᠡᠷᠦᠩᠬᠡᠢ ᠬᠡᠪ ᠪᠣᠯᠪᠠᠰᠤᠷᠠᠯ᠎ᠢ ᠬᠥᠮᠥᠵᠢᠭᠦᠯᠪᠡ᠃

1.webp.jpg

      ᠰᠤᠷᠤᠭᠴᠢᠳ ᠨᠢᠭᠡᠨ ᠲᠠᠷᠢᠶᠠᠴᠢᠨ ᠠᠢ᠌ᠯ᠎ᠤᠨ ᠲᠥᠮᠥᠰᠦᠨ ᠲᠠᠷᠢᠶᠠᠨ᠎ᠳᠤ ᠬᠦᠷᠴᠦ᠂ ᠲᠡᠨᠳᠡ ᠲᠠᠷᠢᠶᠠᠴᠢᠨ ᠠᠢ᠌ᠯ ᠰᠤᠷᠤᠭᠴᠢᠳ᠎ᠲᠤ ᠪᠡᠭᠡᠯᠡᠢ ᠪᠠ ᠮᠠᠳᠠᠢ ᠲᠦᠭᠡᠭᠡᠵᠦ  ᠥᠭᠭᠦᠨ᠂ ᠲᠥᠮᠥᠰᠥ ᠬᠤᠷᠢᠶᠠᠬᠤ ᠠᠷᠭ᠎ᠠ ᠵᠢ ᠲᠠᠨᠢᠯᠴᠠᠭᠤᠯᠪᠠ᠃

2.jpg


      ᠲᠠᠷᠢᠶᠠᠴᠢᠨ ᠠᠢ᠌ᠯ᠎ᠤᠨ ᠵᠢᠯᠣᠭᠣᠳᠣᠯᠭ᠎ᠠ᠎ᠪᠠᠷ᠂ ᠰᠤᠷᠤᠭᠴᠢᠳ ᠲᠥᠮᠥᠰᠦᠨ᠎ᠤ ᠦᠷ᠎ᠡ ᠵᠢ ᠶᠠᠭ᠋ᠠᠬᠢᠵᠤ ᠰᠣᠩᠭᠤᠬᠤ ᠮᠡᠷᠭᠡᠵᠢᠯ᠎ᠢ ᠡᠵᠡᠮᠰᠢᠵᠦ᠂ ᠤᠳᠠᠯ ᠦᠭᠡᠢ ᠨᠢᠭᠡ ᠲᠣᠮᠣ ᠤᠭᠤᠲᠠ ᠲᠥᠮᠥᠰᠥ ᠵᠢ ᠰᠣᠩᠭᠤᠨ           ᠭᠠᠷᠭ᠋ᠠᠪᠠ᠃ ᠥᠪᠡᠷ᠎ᠤᠨ ᠬᠥᠳᠡᠯᠮᠦᠷᠢ ᠵᠢᠨ ᠦᠷ᠎ᠡ ᠪᠦᠲᠦᠭᠡᠯ ᠵᠶ᠋ᠠᠨ ᠬᠠᠷᠠᠭ᠋ᠠᠳ᠂ ᠰᠤᠷᠤᠭᠴᠢᠳ ᠲᠠᠷᠢᠶᠠᠯᠠᠩ ᠦᠢ᠍ᠯᠡᠳᠪᠦᠷᠢᠯᠡᠯ᠎ᠤᠨ ᠬᠢᠯᠪᠠᠷ ᠪᠤᠰᠤ ᠪᠠ ᠡᠯᠪᠡᠭ ᠬᠤᠷᠢᠶᠠᠯᠲᠠ ᠵᠢᠨ ᠪᠠᠶᠠᠷ ᠪᠠᠶᠠᠰᠤᠯ᠎ᠢ ᠨᠡᠩ ᠭᠦᠨᠵᠡᠭᠡᠢ ᠣᠢ᠌ᠯᠠᠭ᠋ᠠᠪᠠ᠃
    

3.jpg

   

      ᠠᠵᠢᠯᠯᠠᠭ᠎ᠠ᠎ᠨᠢ ᠪᠠᠰᠠ ᠨᠤᠲᠤᠭ᠎ᠤᠨ ᠣᠨᠴᠠ ᠭᠠᠷᠤᠯᠲᠠ 《ᠦᠴᠤᠸᠠᠨ ᠲᠥᠮᠥᠰᠥ》᠎ᠪᠠᠷ ᠰᠤᠳᠤᠯᠤᠨ ᠰᠤᠷᠤᠯᠴᠠᠬᠤ ᠡᠲᠡᠭᠡᠳ ᠪᠣᠯᠭ᠋ᠠᠨ ᠰᠢᠨᠵᠢᠯᠡᠭᠡᠨ᠎ᠤ ᠰᠠᠯᠠᠭ᠎ᠠ ᠠᠯᠤᠰᠯᠠᠭᠰᠠᠨ ᠰᠤᠳᠤᠯᠭ᠋ᠠᠨ᠎ᠤ ᠴᠢᠨᠠᠷᠲᠠᠢ ᠰᠤᠷᠤᠯᠴᠠᠯᠭ᠎ᠠ ᠥᠷᠨᠢᠭᠦᠯᠵᠦ᠂ ᠠᠵᠢᠯᠯᠠᠭ᠎ᠠ᠎ᠠᠴᠠ ᠡᠮᠦᠨ᠎ᠡ᠂ ᠡᠯ᠎ᠡ ᠰᠢᠨᠵᠢᠯᠡᠭᠡᠨ᠎ᠤ ᠰᠠᠯᠠᠭ᠋ᠠᠨ᠎ᠤ ᠵᠢᠯᠣᠭᠣᠳᠬᠤ ᠪᠠᠭᠰᠢ           ᠰᠤᠳᠤᠯᠤᠨ ᠰᠤᠷᠤᠯᠴᠠᠬᠤ ᠡᠭᠦᠷᠭᠡ᠎ᠪᠠᠨ ᠨᠠᠷᠢᠯᠢᠭ ᠲᠥᠯᠥᠪᠯᠡᠵᠦ᠂ ᠰᠤᠷᠤᠭᠴᠢᠳ᠎ᠢ ᠦᠢ᠍ᠯᠡᠳᠦᠯᠭᠡ ᠵᠢᠨ           ᠠᠵᠢᠯᠯᠠᠭ᠋ᠠᠨ᠎ᠤ ᠶᠠᠪᠤᠴᠠ᠎ᠳᠤ ᠦᠴᠤᠸᠠᠨ ᠲᠥᠮᠥᠰᠦᠨ᠎ᠤ ᠲᠡᠦᠬᠡ ᠵᠢᠨ ᠢᠷᠡᠯᠲᠡ᠂ ᠲᠠᠷᠢᠬᠤ ᠨᠥᠬᠥᠴᠡᠯ᠂ ᠠᠵᠤ ᠦᠢ᠍ᠯᠡᠰ᠎ᠤᠨ ᠬᠥᠭᠵᠢᠯᠲᠡ ᠪᠠ ᠠᠯᠤᠰ ᠢᠷᠡᠭᠡᠳᠦᠢ ᠵᠡᠷᠭᠡ ᠵᠢ ᠰᠦᠪᠡᠭᠴᠢᠯᠡᠨ ᠰᠤᠳᠤᠯᠬᠤ᠎ᠪᠠᠷ ᠬᠥᠲᠦᠯᠦᠨ ᠵᠢᠯᠣᠭᠣᠳᠪᠠ᠃ ᠠᠵᠢᠯᠯᠠᠭ᠎ᠠ ᠳᠠᠭᠤᠰᠤᠭᠰᠠᠨ᠎ᠤ ᠳᠠᠷᠠᠭ᠎ᠠ᠂ ᠰᠤᠷᠤᠭᠴᠢᠳ ᠪᠠᠰᠠ ᠰᠤᠳᠤᠯᠤᠨ ᠰᠤᠷᠤᠯᠴᠠᠬᠤ ᠡᠭᠦᠷᠭᠡ᠎ᠪᠠᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠬᠠᠷᠢᠭᠤ ᠮᠡᠳᠡᠭᠦᠯᠦᠯᠲᠡ ᠬᠢᠵᠦ ᠳᠡᠯᠭᠡᠨ ᠦᠵᠡᠭᠦᠯᠵᠦ᠂ ᠰᠤᠳᠤᠯᠤᠨ ᠰᠤᠷᠤᠯᠴᠠᠭᠰᠠᠨ ᠦᠷ᠎ᠡ ᠪᠦᠲᠦᠭᠡᠯ ᠵᠶ᠋ᠠᠨ ᠬᠤᠪᠢᠶᠠᠯᠴᠠᠪᠠ᠃
      ᠠᠵᠢᠯᠯᠠᠭ᠋ᠠᠨ᠎ᠤ ᠶᠠᠪᠤᠴᠠ᠎ᠳᠤ᠂ ᠰᠢᠨᠵᠢᠯᠡᠭᠡᠨ᠎ᠤ ᠰᠠᠯᠠᠭ᠋ᠠᠨ᠎ᠤ ᠵᠢᠯᠣᠭᠣᠳᠬᠤ ᠪᠠᠭᠰᠢ ᠲᠤᠬᠠᠢ ᠵᠢᠨ ᠭᠠᠵᠠᠷ᠎ᠲᠤ᠎ᠨᠢ ᠠᠬᠤᠢ ᠲᠠᠯᠠᠪᠠᠢ ᠵᠢᠨ ᠵᠢᠭ᠋ᠠᠨ ᠰᠤᠷᠭ᠋ᠠᠯᠲᠠ ᠬᠢᠵᠦ᠂ ᠰᠤᠷᠤᠭᠴᠢᠳ᠎ᠲᠤ ᠦᠴᠤᠸᠠᠨ ᠲᠥᠮᠥᠰᠥᠨ᠎ᠤ ᠥᠪᠡᠷᠮᠢᠴᠡ ᠭᠠᠵᠠᠷ ᠵᠦᠢ ᠵᠢᠨ ᠳᠠᠪᠠᠭᠤᠯᠢᠭ ᠣᠨᠴᠠᠯᠢᠭ ᠪᠠ ᠤᠷᠭᠤᠯᠲᠠ᠎ᠳᠤ ᠲᠣᠬᠢᠷᠠᠮᠵᠢᠲᠠᠢ ᠣᠷᠴᠢᠨ ᠲᠣᠭᠣᠷᠢᠨ᠎ᠤ ᠲᠤᠬᠠᠢ ᠲᠠᠢ᠌ᠯᠪᠤᠷᠢᠯᠠᠵᠤ᠂ ᠭᠣᠣᠯ ᠮᠥᠷᠡᠨ ᠬᠥᠷᠥᠰᠦ ᠭᠠᠵᠠᠷ᠎ᠢ ᠳᠠᠭ᠋ᠠᠷᠢᠨ ᠡᠯᠡᠭᠳᠡᠭᠦᠯᠵᠦ ᠪᠦᠷᠢᠯᠳᠦᠬᠦ ᠶᠠᠪᠤᠴᠠ ᠵᠡᠷᠭᠡ ᠵᠢ ᠰᠤᠳᠤᠯᠤᠨ ᠶᠠᠷᠢᠯᠴᠠᠵᠤ᠂ ᠰᠤᠷᠤᠭᠴᠢᠳ ᠨᠠᠷᠢᠨ ᠬᠢᠨᠠᠮᠠᠭ᠋ᠠᠢ ᠰᠣᠨᠣᠰᠴᠤ᠂ ᠪᠠᠶ᠋ᠢᠨ ᠳᠠᠬᠢᠨ ᠠᠰᠠᠭᠤᠵᠤ᠂ ᠪᠠᠶ᠋ᠢᠭ᠋ᠠᠯᠢ ᠵᠢᠨ ᠬᠢᠴᠢᠶᠡᠯ᠎ᠤᠨ ᠲᠠᠩᠬᠢᠮ᠎ᠠᠴᠠ ᠮᠡᠳᠡᠯᠭᠡ ᠬᠤᠷᠠᠮᠳᠤᠭᠤᠯᠪᠠ᠃
   

4.jpg

      ᠡᠨᠡ ᠤᠳᠠᠭ᠋ᠠᠨ᠎ᠤ ᠬᠢᠴᠢᠶᠡᠯ ᠲᠥᠷᠥᠯ ᠠᠯᠤᠰᠯᠠᠭᠰᠠᠨ ᠰᠤᠳᠤᠯᠭ᠋ᠠᠨ᠎ᠤ ᠴᠢᠨᠠᠷᠲᠠᠢ ᠰᠣᠳᠤᠯᠤᠨ ᠰᠤᠷᠤᠯᠴᠠᠵᠤ ᠦᠢ᠍ᠯᠡᠳᠦᠯᠭᠡᠵᠢᠭᠦᠯᠬᠦ ᠠᠵᠢᠯᠯᠠᠭ᠎ᠠ᠎ᠪᠠᠷ ᠳᠠᠮᠵᠢᠭᠤᠯᠤᠨ᠂ ᠰᠤᠷᠤᠭᠴᠢᠳ ᠡᠯᠪᠡᠭ ᠪᠠᠶᠠᠯᠢᠭ ᠮᠡᠳᠡᠯᠭᠡ ᠵᠢ ᠡᠵᠡᠮᠰᠢᠭᠰᠡᠨ ᠵᠶ᠋ᠠᠷ ᠪᠠᠷᠠᠬᠤ ᠦᠭᠡᠢ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠳᠤᠷ᠎ᠠ ᠰᠣᠨᠢᠷᠬᠠᠯ ᠵᠶ᠋ᠠᠨ ᠨᠡᠮᠡᠭᠳᠡᠭᠦᠯᠵᠦ᠂ 《ᠲᠥᠷᠥ ᠵᠢᠨ ᠪᠣᠳᠣᠯᠭ᠎ᠠ᠎ᠪᠠᠷ ᠲᠠᠷᠢᠶᠠᠴᠢᠳ᠎ᠲᠤ ᠠᠰᠢᠭ ᠬᠦᠷᠲᠡᠭᠡᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠲᠠᠷᠢᠶᠠᠯᠠᠩ᠎ᠢ ᠬᠥᠭᠵᠢᠭᠦᠯᠬᠦ᠂ ᠦᠢ᠍ᠯᠡᠴᠢᠯᠡᠭᠡ᠎ᠪᠠᠷ ᠲᠠᠷᠢᠶᠠᠯᠠᠩ᠎ᠢ ᠳᠡᠮᠵᠢᠬᠦ》 ᠴᠢᠬᠤᠯᠠ ᠠᠴᠢ ᠬᠣᠯᠪᠣᠭᠳᠠᠯ᠎ᠢ ᠰᠢᠭᠤᠳ ᠣᠶ᠋ᠢᠯᠠᠭ᠋ᠠᠵᠤ᠂ ᠲᠡᠳᠡᠨ᠎ᠤ ᠬᠥᠳᠡᠯᠮᠦᠷᠢ ᠵᠢ ᠬᠠᠶ᠋ᠢᠷᠠᠯᠠᠬᠤ᠂ ᠬᠥᠳᠡᠯᠮᠦᠷᠢ ᠵᠢ ᠬᠦᠨᠳᠦᠳᠬᠡᠬᠦ ᠰᠠᠶ᠋ᠢᠨ ᠰᠠᠶ᠋ᠢᠬᠠᠨ ᠬᠡᠪ ᠴᠢᠨᠠᠷ ᠪᠠ ᠲᠠᠷᠢᠶᠠᠯᠠᠩ᠎ᠢ ᠬᠦᠴᠦᠷᠬᠡᠭᠵᠢᠭᠦᠯᠦᠨ ᠲᠠᠷᠢᠶᠠᠯᠠᠩ᠎ᠢ ᠬᠥᠭᠵᠢᠭᠦᠯᠬᠦ᠂ ᠤᠯᠤᠰ ᠵᠶ᠋ᠠᠨ ᠬᠦᠴᠦᠷᠭᠡᠭᠵᠢᠭᠦᠯᠬᠦ᠎ᠳᠤ ᠪᠢ ᠪᠣᠢ ᠭᠡᠬᠦ ᠬᠠᠷᠢᠭᠤᠴᠠᠯᠭ᠋ᠠᠲᠤ ᠰᠡᠳᠬᠢᠯᠭᠡ  ᠵᠢ ᠪᠣᠢ᠌ᠵᠢᠭᠤᠯᠤᠨ ᠬᠥᠮᠥᠵᠢᠭᠦᠯᠪᠡ᠃

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠬᠥᠯᠥᠨ ᠪᠤᠶ᠋ᠢᠷ ᠬᠣᠲᠠ ᠮᠥᠰᠥ ᠴᠠᠰᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠣᠲᠠ ᠵᠢᠨ ᠬᠡᠪᠴᠢᠶᠡᠨ᠎ᠤ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ ᠪᠠᠶ᠋ᠢᠭᠤᠯᠤᠭᠳᠠᠬᠤ ᠶᠡᠬᠡ ᠬᠤᠷᠠᠯ ᠵᠢᠴᠢ ᠮᠥᠰᠥ ᠴᠠᠰᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠢ ᠠᠬᠢᠭᠤᠯᠬᠤ ᠬᠤᠷᠠᠯ᠎ᠢ ᠬᠤᠷᠠᠯᠳᠤᠭᠤᠯᠪᠠ
ᠬᠥᠯᠥᠨ ᠪᠤᠶ᠋ᠢᠷ ᠬᠣᠲᠠ ᠳᠤᠮᠳᠠᠳᠤ ᠪᠠᠭ᠎ᠠ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠪᠠᠭᠰᠢ ᠵᠢᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠣᠨᠣᠯ᠎ᠤᠨ ᠮᠡᠳᠡᠯᠭᠡ ᠵᠢᠨ ᠪᠣᠯᠪᠠᠰᠤᠷᠠᠯ᠎ᠤᠨ ᠠᠩᠭᠢ ᠵᠢ ᠡᠷᠬᠢᠯᠡᠪᠡ
5 ᠲᠦᠮᠡᠨ ᠤᠶᠤᠲᠠᠳ᠎ᠢ ᠬᠥᠬᠡᠬᠤᠲᠠᠨ᠎ᠠ ᠬᠤᠴᠤᠷᠭ᠋ᠠᠵᠤ ᠠᠵᠢᠯᠯᠠᠭᠤᠯᠬᠤ᠎ᠳᠤ ᠬᠦᠴᠦᠨ ᠨᠡᠮᠡᠷᠢᠯᠡᠪᠡ ᠬᠥᠬᠡᠬᠤᠲᠠ ᠵᠢᠨ ᠡᠪᠯᠡᠯ᠎ᠤᠨ ᠬᠤᠷᠢᠶᠠᠨ᠎ᠤ᠎ᠬᠢᠨ ᠶᠡᠭᠡ ᠳᠡᠭᠡᠳᠦ ᠰᠤᠷᠭ᠋ᠠᠭᠤᠯᠢ᠎ᠳᠤ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠪᠠ
ᠤᠯᠠᠭ᠋ᠠᠨᠬᠣᠲᠠ᠄ 《ᠲᠠᠪᠤᠨ ᠬᠥᠮᠦᠵᠢᠯ》᠎ᠢ ᠵᠡᠷᠭᠡ᠎ᠪᠠᠷ ᠠᠳᠬᠤᠨ ᠰᠤᠷᠭ᠋ᠠᠨ ᠬᠥᠮᠦᠵᠢᠯ᠎ᠤᠨ ᠭᠣᠢ᠌ᠲᠠ ᠰᠠᠢ᠌ᠬᠠᠨ᠎ᠢ ᠭᠠᠢ᠌ᠬᠠᠭᠤᠯᠪᠠ
【ᠰᠤᠷᠭ᠋ᠠᠭᠤᠯᠢ ᠵᠢᠨ ᠠᠮᠤᠷ ᠲᠦᠪᠰᠢᠨ】 ᠡᠷᠢᠶᠡᠨ ᠬᠣᠲᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ 2024 ᠣᠨ᠎ᠤ ᠪᠦᠬᠦ ᠬᠣᠲᠠ ᠵᠢᠨ ᠠᠷᠪᠠᠨ ᠳᠥᠷᠪᠡᠳᠦᠭᠡᠷ ᠤᠳᠠᠭ᠋ᠠᠨ᠎ᠤ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠠᠵᠢᠯ᠎ᠤᠨ ᠬᠤᠷᠠᠯ᠎ᠢ ᠬᠤᠷᠠᠯᠳᠤᠭᠤᠯᠪᠠ
 
             蒙ICP备05000248号