ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠰᠢᠯᠢ ᠵᠢᠨ ᠭᠤᠤᠯ ᠠᠶ᠋ᠢᠮᠠᠭ᠎ᠤᠨ ᠰᠤᠷᠭ᠋ᠠᠨ ᠬᠥᠮᠦᠵᠢᠯ᠎ᠤᠨ ᠲᠣᠪᠴᠢᠶ᠎ᠠ ᠪᠥᠬᠥ ᠠᠶ᠋ᠢᠮᠠᠭ᠎ᠤᠨ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠬᠠᠮᠲᠤ ᠵᠢᠨ ᠴᠣᠭᠴᠠ ᠵᠢᠨ ᠠᠬᠤᠢ ᠲᠠᠯᠠᠪᠠᠢ ᠵᠢᠨ ᠵᠢᠭ᠋ᠠᠨ ᠰᠤᠷᠭ᠋ᠠᠯᠲᠠ᠂ ᠰᠣᠨᠣᠰᠴᠤ ᠦᠨᠡᠯᠡᠬᠦ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠪᠣᠯᠪᠠᠰᠤᠷᠠᠯ᠎ᠤᠨ ᠠᠩᠭᠢ ᠵᠢ ᠡᠷᠭᠢᠯᠡᠪᠡ
ᠨᠡᠶ᠋ᠢᠲᠡᠯᠡᠭᠰᠡᠨ ᠴᠠᠭ᠄ 2024-10-09

      ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠤᠨ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠶ᠋ᠢᠭᠤᠯᠤᠯᠲᠠ ᠵᠢᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢᠨ ᠲᠥᠯᠥᠭᠡ᠂ 2024 ᠣᠨ᠎ᠤ 9 ᠰᠠᠷ᠎ᠠ ᠵᠢᠨ 26-27᠎ᠤ ᠡᠳᠦᠷ᠂ ᠰᠢᠯᠢ ᠵᠢᠨ ᠭᠤᠤᠯ ᠠᠶ᠋ᠢᠮᠠᠭ᠎ᠤᠨ ᠰᠤᠷᠭ᠋ᠠᠨ ᠬᠥᠮᠦᠵᠢᠯ᠎ᠤᠨ ᠲᠣᠪᠴᠢᠶ᠎ᠠ ᠰᠥᠨᠢᠳ ᠵᠡᠭᠦᠨ ᠬᠣᠰᠢᠭᠤ᠂ ᠰᠢᠯᠢ ᠵᠢᠨ ᠬᠣᠲᠠ᠎ᠳᠤ ᠪᠥᠬᠥ ᠠᠶ᠋ᠢᠮᠠᠭ᠎ᠤᠨ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠬᠠᠮᠲᠤ ᠵᠢᠨ ᠴᠣᠭᠴᠠ ᠵᠢᠨ ᠠᠬᠤᠢ ᠲᠠᠯᠠᠪᠠᠶ ᠵᠢᠨ ᠵᠢᠭ᠋ᠠᠨ ᠰᠤᠷᠭ᠋ᠠᠯᠲᠠ᠂ ᠰᠣᠨᠣᠰᠴᠤ ᠦᠨᠡᠯᠡᠬᠦ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠪᠣᠯᠪᠠᠰᠤᠷᠠᠯ᠎ᠤᠨ ᠠᠩᠭᠢ ᠵᠢ           ᠡᠷᠭᠢᠯᠡᠪᠡ᠃ ᠡᠨᠡ ᠤᠳᠠᠭ᠋ᠠᠨ᠎ᠤ ᠪᠣᠯᠪᠠᠰᠤᠷᠠᠯ ᠎ᠳᠤ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠶ ᠵᠢᠨ ᠶᠡᠬᠡ ᠰᠤᠷᠭ᠋ᠠᠭᠤᠯᠢ ᠵᠢᠨ ᠮᠠᠷᠺᠰ ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠨᠠᠮ᠎ᠤᠨ ᠶᠡᠷᠦᠩᠬᠡᠶ ᠡᠭᠦᠷ᠎ᠤᠨ ᠳᠡᠳ᠋ ᠱᠦᠵᠢ᠂ ᠳᠡᠳ᠋ ᠵᠠᠬᠢᠷᠤᠯ ᠿᠧᠨ ᠬᠠᠶ ᠰᠢᠶᠠ ᠨᠠᠷ᠎ᠢ ᠣᠷᠢᠵᠤ᠂ ᠠᠬᠤᠢ ᠲᠠᠯᠠᠪᠠᠶ᠎ᠳᠤ ᠰᠤᠳᠤᠯᠤᠨ ᠰᠤᠷᠤᠯᠴᠠᠬᠤ᠂ ᠬᠠᠮᠲᠤ᠎ᠳᠤ᠎ᠪᠠᠨ ᠬᠢᠴᠢᠶᠡᠯ ᠪᠡᠯᠡᠳᠬᠡᠬᠦ᠂ ᠵᠢᠭ᠋ᠠᠬᠤ ᠵᠢ ᠰᠣᠳᠤᠯᠬᠤ ᠬᠣᠯᠪᠤᠯᠳᠤᠨ ᠬᠥᠳᠡᠯᠦᠯᠴᠡᠬᠦ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠲᠤᠬᠠᠶ ᠵᠢᠨ ᠭᠠᠵᠠᠷ᠎ᠲᠤ᠎ᠨᠢ ᠵᠢᠭ᠋ᠠᠨ ᠵᠢᠯᠣᠭᠣᠳᠴᠤ᠂ ᠰᠤᠷᠭ᠋ᠠᠨ ᠬᠥᠮᠦᠵᠢᠯ᠎ᠤᠨ ᠴᠢᠨᠠᠷᠯᠢᠭ ᠡᠬᠢ ᠪᠠᠶᠠᠯᠢᠭ᠎ᠢ ᠦᠨᠡᠨ ᠬᠦ᠌ ᠬᠠᠮᠲᠤ᠎ᠳᠤ᠎ᠪᠠᠨ ᠬᠤᠪᠢᠶᠠᠯᠴᠠᠨ ᠡᠳ᠋ᠯᠡᠵᠦ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠪᠡ᠃


1.jpg


      ᠲᠣᠭᠣᠷᠢᠨ ᠦᠵᠡᠬᠦ ᠶᠠᠪᠤᠴᠠ᠎ᠳᠤ᠂ ᠪᠥᠬᠥ ᠪᠠᠭᠰᠢ ᠰᠥᠨᠢᠳ ᠵᠡᠭᠦᠨ ᠬᠣᠰᠢᠭᠤᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ᠎ᠤᠨ ᠦᠵᠡᠭᠦᠯᠭᠡ  ᠵᠢᠨ ᠣᠷᠳᠣᠨ᠎ᠤ 《ᠤᠯᠤᠰ᠎ᠤᠨ ᠬᠡᠦᠬᠡᠳ》 ᠭᠡᠬᠦ ᠭᠤᠤᠯ ᠰᠡᠳᠦᠪᠲᠦ ᠦᠵᠡᠭᠦᠯᠭᠡ ᠵᠢᠨ ᠲᠣᠭᠣᠷᠢᠭ᠎ᠲᠤ ᠬᠦᠷᠴᠦ᠂ 《ᠶᠠᠪᠤᠵᠤ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠤᠨ ᠪᠠᠭᠰᠢ᠎ᠠᠴᠠ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠵᠦ᠂ ᠰᠥᠨᠢᠳ ᠵᠡᠭᠦᠨ ᠬᠣᠰᠢᠭᠤᠨ᠎ᠤ ᠬᠤᠪᠢᠰᠬᠠᠯ᠎ᠤᠨ ᠡᠬᠢ ᠪᠠᠶᠠᠯᠢᠭ᠎ᠲᠤ ᠲᠦᠰᠢᠭᠯᠡᠨ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠬᠥᠮᠦᠨ ᠬᠥᠮᠦᠵᠢᠭᠦᠯᠬᠦ ᠡᠯᠪᠡᠭ ᠪᠠᠶᠠᠯᠢᠭ ᠪᠣᠷᠣ ᠮᠠᠲ᠋ᠧᠷᠢᠶᠠᠯ᠎ᠢ ᠪᠠᠭᠰᠢ ᠨᠠᠷ᠎ᠲᠤ ᠳᠡᠯᠭᠡᠨ ᠦᠵᠡᠭᠦᠯᠵᠦ᠂ ᠪᠥᠬᠥ ᠠᠶ᠋ᠢᠮᠠᠭ᠎ᠤᠨ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠬᠠᠮᠲᠤ ᠵᠢᠨ ᠴᠣᠭᠴᠠ ᠵᠢᠨ ᠪᠣᠯᠪᠠᠰᠤᠷᠠᠯ᠎ᠢ ᠡᠬᠢᠯᠡᠭᠦᠯᠪᠡ᠃


2.jpg

3.jpg


      ᠠᠬᠤᠢ ᠲᠠᠯᠠᠪᠠᠶ ᠵᠢᠨ ᠵᠢᠭ᠋ᠠᠨ ᠰᠤᠷᠭ᠋ᠠᠯᠲᠠ ᠪᠠ 《ᠭᠠᠷ ᠬᠣᠯᠪᠣᠨ》 ᠬᠠᠮᠲᠤ᠎ᠳᠤ᠎ᠪᠠᠨ ᠬᠢᠴᠢᠶᠡᠯ ᠪᠡᠯᠡᠳᠬᠡᠬᠦ ᠭᠣᠭᠴᠣᠭ᠎ᠠ᠎ᠳᠤ᠂ ᠡᠯ᠎ᠡ ᠭᠠᠵᠠᠷ᠎ᠠᠴᠠ ᠰᠣᠩᠭᠣᠨ ᠲᠣᠮᠢᠯᠠᠭᠰᠠᠨ ᠪᠠᠭᠰᠢ ᠨᠠᠷ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠡᠯ᠎ᠡ ᠰᠤᠷᠤᠯᠭ᠎ᠠ ᠵᠢᠨ ᠱᠠᠲᠤᠨ᠎ᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠠᠭᠤᠯᠭ᠎ᠠ ᠪᠠ ᠵᠢᠭ᠋ᠠᠨ ᠰᠤᠷᠭ᠋ᠠᠯᠲᠠ ᠵᠢᠨ ᠲᠥᠯᠥᠪᠯᠡᠭᠡ ᠵᠢ ᠲᠠᠰ ᠳᠠᠷᠠᠭ᠋ᠠᠯᠠᠨ ᠳᠡᠯᠭᠡᠨ ᠦᠵᠡᠭᠦᠯᠵᠦ᠂ ᠬᠢᠴᠢᠶᠡᠯ᠎ᠤᠨ ᠬᠠᠷᠠᠯᠲᠠ ᠲᠣᠳᠣᠷᠬᠠᠶ᠂ ᠬᠢᠴᠢᠶᠡᠯᠯᠡᠬᠦ ᠠᠷᠭ᠎ᠠ ᠬᠡᠯᠪᠡᠷᠢ ᠣᠯᠠᠨ ᠶᠠᠩᠵᠤ ᠵᠢᠨ ᠪᠠᠶ᠋ᠢᠵᠤ᠂ 《ᠭᠤᠷᠪᠠᠨ ᠮᠢᠩᠭ᠋ᠠᠨ ᠥᠨᠥᠴᠢᠨ ᠬᠡᠦᠬᠡᠳ᠎ᠢ ᠥᠪᠥᠷ ᠮᠣᠩᠭᠣᠯ᠎ᠳᠤ ᠣᠷᠣᠭᠤᠯᠤᠭᠰᠠᠨ》᠂ ᠪᠥᠬᠥ ᠤᠯᠤᠰ᠎ᠤᠨ ᠬᠥᠳᠡᠯᠮᠦᠷᠢ ᠵᠢᠨ ᠵᠢᠱ᠌ᠢᠶᠡᠴᠢ᠂ ᠪᠥᠬᠥ ᠤᠯᠤᠰ᠎ᠤᠨ ᠰᠢᠯᠢᠳᠡᠭ ᠡᠪ ᠬᠠᠮᠲᠤ ᠨᠠᠮ᠎ᠤᠨ ᠭᠡᠰᠢᠭᠦᠨ᠂ 《ᠲᠤᠯᠤᠭ᠋ᠠᠨ ᠰᠠᠷ᠎ᠠ ᠵᠢᠨ ᠨᠢᠭᠡᠨ᠎ᠤ ᠭᠠᠪᠢᠶᠠᠨ ᠲᠡᠮᠳᠡᠭ》 ᠬᠦᠷᠲᠡᠭᠴᠢ ᠲᠢᠩ ᠪᠠᠭ᠋ᠠᠲᠤᠷ᠂ ᠰᠥᠨᠢᠳ ᠪᠠᠷᠠᠭᠤᠨ ᠬᠣᠰᠢᠭᠤᠨ᠎ᠤ ᠤᠯᠠᠭ᠋ᠠᠨᠮᠥ᠋ᠴᠢᠷ᠎ᠤᠨ ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ ᠵᠡᠷᠭᠡ ᠰᠢᠯᠢ ᠵᠢᠨ ᠭᠤᠤᠯ ᠠᠶ᠋ᠢᠮᠠᠭ᠎ᠤᠨ ᠬᠤᠪᠢᠰᠬᠠᠯ᠎ᠤᠨ ᠡᠬᠢ ᠪᠠᠶᠠᠯᠢᠭ᠎ᠲᠤ ᠪᠦᠲᠦᠮᠵᠢᠲᠡᠶ ᠠᠭᠤᠰᠴᠤ᠂ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠣᠨᠴᠠᠯᠢᠭ᠎ᠢ ᠬᠠᠷᠠᠭᠤᠯᠪᠠ᠃ ᠦᠵᠡᠭᠦᠯᠭᠡ ᠵᠢᠨ ᠳᠠᠷᠠᠭ᠎ᠠ᠂ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠢ ᠵᠢᠨ ᠶᠡᠬᠡ ᠰᠤᠷᠭ᠋ᠠᠭᠤᠯᠢ ᠵᠢᠨ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠫᠷᠤᠹᠸᠰᠰᠤᠷ ᠨᠠᠷᠢᠨ ᠨᠢᠮᠪᠠᠢ ᠦᠨᠡᠯᠡᠪᠡ᠃


4.jpg

5.jpg


      ᠰᠣᠨᠣᠰᠴᠤ ᠦᠨᠡᠯᠡᠬᠦ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠭᠣᠭᠴᠣᠭ᠎ᠠ᠎ᠳᠤ᠂ ᠰᠢᠯᠢ  ᠵᠢᠨ ᠭᠣᠣᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠰᠢᠯᠢ ᠵᠢᠨ ᠬᠣᠲᠠ ᠵᠢᠨ ᠭᠤᠷᠪᠠᠳᠤᠭ᠋ᠠᠷ ᠳᠤᠮᠳᠠᠳᠤ ᠰᠤᠷᠭ᠋ᠠᠭᠤᠯᠢ ᠪᠣᠯᠤᠨ ᠰᠢᠯᠢ ᠵᠢᠨ ᠬᠣᠲᠠ ᠵᠢᠨ ᠲᠤᠷᠰᠢᠯᠲᠠ ᠵᠢᠨ ᠬᠣᠶᠠᠳᠤᠭ᠋ᠠᠷ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠭᠤᠷᠪᠠᠨ ᠪᠠᠭᠰᠢ ᠲᠤᠰ ᠲᠤᠰ ᠶᠡᠬᠡ ᠳᠡᠭᠡᠳᠦ ᠰᠤᠷᠭ᠋ᠠᠭᠤᠯᠢ ᠵᠢᠨ ᠤᠯᠠᠨ ᠨᠡᠶ᠋ᠢᠲᠡ ᠵᠢᠨ ᠬᠢᠴᠢᠶᠡᠯ 《ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠤᠶ᠎ᠠ》᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ 《ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠬᠦᠰᠡᠯ᠎ᠢ ᠲᠡᠷᠭᠡᠯᠰᠢᠭᠦᠯᠦᠶ᠎ᠡ》᠂ ᠪᠠᠭ᠎ᠠ ᠰᠤᠷᠭ᠋ᠠᠭᠤᠯᠢ ᠵᠢᠨ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ ᠵᠢᠨ ᠬᠢᠴᠢᠶᠡᠯ᠎ᠤᠨ 《ᠳᠤᠮᠳᠠᠳᠤ ᠵᠢᠨ ᠦᠨᠳᠦᠰᠦᠲᠡᠨ ᠨᠢᠭᠡ ᠭᠡᠷ᠎ᠤᠨ᠎ᠬᠢᠨ ᠮᠡᠲᠦ ᠳᠣᠲᠣᠨᠣ》 ᠵᠢ ᠳᠡᠯᠭᠡᠨ ᠦᠵᠡᠭᠦᠯᠵᠦ᠂ ᠰᠤᠷᠤᠭᠴᠢᠳ᠎ᠢ ᠬᠦᠲᠦᠯᠦᠨ ᠵᠢᠯᠣᠭᠣᠳᠴᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠭᠦᠨᠵᠡᠭᠡᠢ ᠤᠢ᠍ᠢ᠍ᠯᠠᠭ᠋ᠠᠭᠤᠯᠵᠤ᠂ ᠰᠤᠷᠤᠭᠴᠢᠳ᠎ᠤᠨ ᠦᠨᠳᠦᠰᠦᠲᠡᠨ᠎ᠤ ᠪᠦᠯᠬᠦᠮᠳᠡᠯ᠎ᠤᠨ ᠤᠬᠠᠮᠰᠠᠷ ᠪᠣᠯᠤᠨ ᠡᠬᠡ ᠣᠷᠣᠨᠴᠢ  ᠰᠡᠳᠬᠢᠯᠭᠡ ᠵᠢ ᠬᠥᠭᠵᠢᠭᠡᠪᠡ᠃


6.jpg

7.jpg


      ᠪᠣᠯᠪᠠᠰᠤᠷᠠᠯ᠎ᠤᠨ ᠶᠠᠪᠤᠴᠠ᠎ᠳᠤ᠂ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠶ ᠵᠢᠨ ᠶᠡᠬᠡ ᠰᠤᠷᠭ᠋ᠠᠭᠤᠯᠢ ᠵᠢᠨ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠳᠤᠮᠳᠠᠳᠤ ᠤᠯᠤᠰ᠎ᠤᠨ ᠣᠶ᠋ᠢᠷ᠎ᠠ ᠦᠶ᠎ᠡ ᠵᠢᠨ ᠲᠡᠦᠬᠡ ᠵᠢᠨ ᠬᠥᠲᠥᠯᠪᠦᠷᠢ ᠵᠢᠨ ᠵᠢᠭ᠋ᠠᠬᠤ ᠵᠢ ᠰᠤᠳᠤᠯᠬᠤ ᠲᠠᠰᠤᠭ᠎ᠤᠨ ᠳᠡᠳ᠋ ᠫᠷᠤᠹᠧᠰᠰᠤᠷ᠂ ᠳ᠋ᠣᠺᠲ᠋ᠣᠷ ᠴᠢᠦ ᠰᠢᠤᠸᠠᠢ ᠵᠢᠩ ᠪᠣᠯᠤᠨ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠭ᠋ᠠᠬᠤ ᠵᠢ ᠰᠤᠳᠤᠯᠬᠤ ᠲᠠᠰᠤᠭ᠎ᠤᠨ ᠫᠷᠤᠹᠧᠰᠰᠤᠷ᠂ ᠳ᠋ᠣᠺᠲ᠋ᠣᠷ ᠪᠣᠯᠣᠷ 《ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ》 ᠪᠣᠯᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠡᠳᠦᠪ ᠪᠣᠯᠭ᠋ᠠᠨ ᠲᠤᠰᠬᠠᠶ ᠰᠡᠳᠦᠪᠲᠦ ᠪᠣᠯᠪᠠᠰᠤᠷᠠᠯ ᠬᠢᠭᠰᠡᠨ ᠪᠥᠭᠡᠳ ᠰᠢᠯᠢ ᠵᠢᠨ ᠭᠤᠤᠯ ᠠᠶ᠋ᠢᠮᠠᠭ᠎ᠤᠨ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢᠨ ᠪᠣᠳᠠᠲᠤ ᠪᠠᠶ᠋ᠢᠳᠠᠯ᠎ᠢ ᠦᠨᠳᠦᠰᠦᠯᠡᠨ᠂ ᠬᠠᠨᠳᠤᠯᠭ᠋ᠠᠲᠤ ᠴᠢᠨᠠᠷᠲᠠᠶ ᠰᠠᠨᠠᠭᠤᠯᠭ᠎ᠠ ᠵᠢ ᠭᠦᠨᠵᠡᠭᠡᠶ ᠪᠥᠭᠡᠳ ᠣᠶ᠋ᠢᠯᠠᠭ᠋ᠠᠮᠵᠢᠲᠠᠶ ᠳᠤᠷᠠᠳᠴᠤ᠂ ᠪᠣᠯᠪᠠᠰᠤᠷᠠᠯ᠎ᠳᠤ ᠣᠷᠣᠯᠴᠠᠭᠰᠠᠨ ᠪᠠᠭᠰᠢ ᠵᠢᠨ ᠬᠠᠷᠠᠭ᠋ᠠᠰᠤ ᠵᠢ ᠥᠷᠭᠡᠳᠬᠡᠪᠡ᠃


8.jpg


      ᠪᠣᠯᠪᠠᠰᠤᠷᠠᠯ᠎ᠤᠨ ᠬᠤᠭᠤᠴᠠᠭ᠋ᠠᠨ᠎ᠳᠤ᠂ ᠰᠥᠨᠢᠳ ᠵᠡᠭᠦᠨ ᠬᠣᠰᠢᠭᠤᠨ᠎ᠳᠤ 《ᠰᠤᠷᠭ᠋ᠠᠨ ᠬᠥᠮᠥᠵᠢᠯᠲᠡᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠲᠦᠷᠭᠡᠳᠬᠡᠨ ᠪᠠᠶ᠋ᠢᠭᠤᠯᠬᠤ》 ᠪᠥᠬᠥ ᠠᠶ᠋ᠢᠮᠠᠭ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠪᠠᠭᠰᠢ ᠵᠢᠨ ᠮᠣᠷᠠᠯ ᠰᠤᠷᠲᠠᠯ᠎ᠤᠨ ᠲᠡᠷᠢᠭᠦᠨ᠎ᠤ ᠦᠢ᠍ᠯᠡ ᠠᠵᠢᠯᠯᠠᠭ᠎ᠠ ᠵᠢ ᠲᠣᠭᠣᠷᠢᠨ ᠤᠬᠠᠭᠤᠯᠤᠨ ᠲᠠᠶ᠋ᠢᠯᠪᠤᠷᠢᠯᠠᠬᠤ ᠮᠡᠳᠡᠭᠦᠯᠦᠯᠲᠡ ᠵᠢᠨ ᠬᠤᠷᠠᠯ ᠬᠢᠵᠦ᠂ ᠰᠢᠯᠢ ᠵᠢᠨ ᠭᠤᠤᠯ ᠠᠶ᠋ᠢᠮᠠᠭ᠎ᠤᠨ ᠰᠢᠨ᠎ᠡ ᠴᠠᠭ ᠦᠶ᠎ᠡ ᠵᠢᠨ ᠥᠨᠳᠥᠷ ᠬᠡᠪ ᠪᠣᠯᠪᠠᠰᠤᠷᠠᠯ᠎ᠲᠠᠢ ᠲᠤᠰᠬᠠᠶ᠋ᠢᠵᠢᠭᠰᠠᠨ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢᠨ ᠲᠣᠪᠣᠶ᠋ᠢᠮ᠎ᠠ ᠠᠮᠵᠢᠯᠲᠠ ᠪᠦᠲᠦᠮᠵᠢ ᠪᠠ ᠥᠷᠭᠡᠨ ᠣᠯᠠᠨ ᠪᠠᠭᠰᠢ ᠵᠢᠨ ᠶᠣᠰᠣ ᠰᠤᠷᠲᠠᠬᠤᠨ᠎ᠢ ᠪᠣᠢ ᠪᠣᠯᠭ᠋ᠠᠵᠤ ᠬᠥᠮᠦᠨ ᠬᠥᠮᠦᠵᠢᠭᠦᠯᠬᠦ᠂ ᠥᠪᠡᠷ᠎ᠢ᠎ᠪᠠᠨ ᠢᠲᠡᠭᠡᠬᠦ ᠥᠪᠡᠷ᠎ᠢ᠎ᠪᠠᠨ ᠬᠦᠴᠦᠷᠬᠡᠭᠵᠢᠭᠦᠯᠬᠦ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠢᠯᠡᠷᠡᠭᠦᠯᠪᠡ᠃


9.jpg


      ᠳᠠᠷᠠᠭ᠎ᠠ ᠠᠯᠬᠤᠮ᠎ᠳᠤ᠂ ᠰᠢᠯᠢ ᠵᠢᠨ ᠭᠤᠤᠯ ᠠᠶ᠋ᠢᠮᠠᠭ᠎ᠤᠨ ᠰᠤᠷᠭ᠋ᠠᠨ ᠬᠥᠮᠦᠵᠢᠯ᠎ᠤᠨ ᠲᠣᠪᠴᠢᠶ᠎ᠠ ᠥᠪᠥᠷ ᠮᠣᠩᠭᠣᠯ᠎ᠤᠨ ᠡᠳ᠋᠎ᠤᠨ ᠵᠠᠰᠠᠭ ᠠᠵᠤ ᠠᠬᠤᠶ ᠵᠢᠨ ᠶᠡᠬᠡ ᠰᠤᠷᠭ᠋ᠠᠭᠤᠯᠢ ᠵᠢᠨ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠰᠢᠯᠢᠳᠡᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠲᠤ ᠲᠦᠰᠢᠭᠯᠡᠨ᠂ ᠣᠳᠣᠬᠠᠨ᠎ᠤ ᠪᠥᠬᠥ ᠠᠶ᠋ᠢᠮᠠᠭ᠎ᠤᠨ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢᠨ ᠣᠳᠣᠬᠢ ᠪᠠᠶ᠋ᠢᠳᠠᠯ᠎ᠢ ᠣᠨᠣᠪᠴᠢᠲᠠᠶ ᠡᠵᠡᠮᠳᠡᠨ᠂ ᠦᠵᠡᠯ ᠰᠠᠨᠠᠭ᠎ᠠ ᠤᠯᠤᠰ ᠲᠥᠷᠥ ᠵᠢᠨ ᠪᠢᠴᠢᠯ ᠬᠢᠴᠢᠶᠡᠯ᠎ᠤᠨ ᠲᠠᠩᠬᠢᠮ ᠪᠣᠯᠤᠨ ᠨᠡᠶ᠋ᠢᠭᠡᠮ᠎ᠤᠨ  ᠲᠣᠮᠤ ᠬᠢᠴᠢᠶᠡᠯ ᠎ᠤᠨ ᠲᠠᠩᠬᠢᠮ᠎ᠢ ᠬᠠᠷᠢᠯᠴᠠᠨ ᠤᠶᠠᠯᠳᠤᠭᠤᠯᠬᠤ ᠵᠢ ᠬᠦᠴᠦᠯᠡᠨ ᠠᠬᠢᠭᠤᠯᠵᠤ᠂ ᠨᠢᠭᠡ ᠴᠣᠭᠴᠠᠵᠢᠭᠤᠯᠤᠭᠰᠠᠨ ᠪᠠᠭᠰᠢ ᠵᠢᠨ ᠡᠩᠨᠡᠭᠡ ᠵᠢ ᠪᠠᠶ᠋ᠢᠭᠤᠯᠬᠤ᠂ ᠨᠢᠭᠡ ᠴᠣᠭᠴᠠᠵᠢᠭᠤᠯᠤᠭᠰᠠᠨ ᠵᠢᠭ᠋ᠠᠨ ᠰᠤᠷᠭ᠋ᠠᠯᠲᠠ ᠵᠢᠨ ᠬᠢᠴᠢᠶᠡᠯ᠎ᠢ ᠪᠠᠶ᠋ᠢᠭᠤᠯᠬᠤ᠂ ᠨᠢᠭᠡ ᠴᠣᠭᠴᠠᠵᠢᠭᠤᠯᠤᠭᠰᠠᠨ ᠰᠤᠷᠭ᠋ᠠᠨ ᠬᠥᠮᠦᠵᠢᠯ᠎ᠤᠨ ᠪᠠᠢ᠌ᠷᠢᠰᠢᠯᠠᠭᠤᠯᠤᠯᠲᠠ ᠵᠢ ᠪᠦᠷᠢᠯᠳᠦᠭᠦᠯᠬᠦ ᠳᠡᠭᠡᠷ᠎ᠡ ᠬᠦᠴᠦ ᠲᠠᠯᠪᠢᠨ᠂ ᠰᠢᠯᠢ ᠵᠢᠨ ᠭᠤᠤᠯ ᠠᠶ᠋ᠢᠮᠠᠭ᠎ᠤᠨ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢ ᠴᠢᠨᠠᠷᠯᠢᠭ ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠰᠦᠭ᠎ᠢ ᠱᠤᠭᠤᠵᠤ ᠬᠥᠮᠦᠨ ᠬᠥᠮᠦᠵᠢᠭᠦᠯᠬᠦ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃

 

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠶᠠᠪᠤᠵᠤ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ — ᠬᠥᠬᠡᠬᠣᠲᠠ ᠵᠢᠨ ᠲᠥᠮᠡᠳ ᠳᠤᠮᠳᠠᠳᠤ ᠰᠤᠷᠭ᠋ᠠᠭᠤᠯᠢ ᠵᠢᠨ ᠲᠠᠷᠢᠶᠠᠨ ᠵᠠᠬ᠎ᠠ᠎ᠳᠤ ᠰᠣᠳᠤᠯᠤᠨ ᠰᠤᠷᠤᠯᠴᠠᠬᠤ ᠦᠢ᠍ᠯᠡᠳᠦᠯᠭᠡ ᠵᠢᠨ ᠠᠵᠢᠯᠯᠠᠭ᠎ᠠ
ᠬᠥᠯᠥᠨ ᠪᠤᠶ᠋ᠢᠷ ᠬᠣᠲᠠ ᠮᠥᠰᠥ ᠴᠠᠰᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠣᠲᠠ ᠵᠢᠨ ᠬᠡᠪᠴᠢᠶᠡᠨ᠎ᠤ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ ᠪᠠᠶ᠋ᠢᠭᠤᠯᠤᠭᠳᠠᠬᠤ ᠶᠡᠬᠡ ᠬᠤᠷᠠᠯ ᠵᠢᠴᠢ ᠮᠥᠰᠥ ᠴᠠᠰᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠢ ᠠᠬᠢᠭᠤᠯᠬᠤ ᠬᠤᠷᠠᠯ᠎ᠢ ᠬᠤᠷᠠᠯᠳᠤᠭᠤᠯᠪᠠ
ᠬᠥᠯᠥᠨ ᠪᠤᠶ᠋ᠢᠷ ᠬᠣᠲᠠ ᠳᠤᠮᠳᠠᠳᠤ ᠪᠠᠭ᠎ᠠ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠪᠠᠭᠰᠢ ᠵᠢᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠣᠨᠣᠯ᠎ᠤᠨ ᠮᠡᠳᠡᠯᠭᠡ ᠵᠢᠨ ᠪᠣᠯᠪᠠᠰᠤᠷᠠᠯ᠎ᠤᠨ ᠠᠩᠭᠢ ᠵᠢ ᠡᠷᠬᠢᠯᠡᠪᠡ
5 ᠲᠦᠮᠡᠨ ᠤᠶᠤᠲᠠᠳ᠎ᠢ ᠬᠥᠬᠡᠬᠤᠲᠠᠨ᠎ᠠ ᠬᠤᠴᠤᠷᠭ᠋ᠠᠵᠤ ᠠᠵᠢᠯᠯᠠᠭᠤᠯᠬᠤ᠎ᠳᠤ ᠬᠦᠴᠦᠨ ᠨᠡᠮᠡᠷᠢᠯᠡᠪᠡ ᠬᠥᠬᠡᠬᠤᠲᠠ ᠵᠢᠨ ᠡᠪᠯᠡᠯ᠎ᠤᠨ ᠬᠤᠷᠢᠶᠠᠨ᠎ᠤ᠎ᠬᠢᠨ ᠶᠡᠭᠡ ᠳᠡᠭᠡᠳᠦ ᠰᠤᠷᠭ᠋ᠠᠭᠤᠯᠢ᠎ᠳᠤ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠪᠠ
ᠤᠯᠠᠭ᠋ᠠᠨᠬᠣᠲᠠ᠄ 《ᠲᠠᠪᠤᠨ ᠬᠥᠮᠦᠵᠢᠯ》᠎ᠢ ᠵᠡᠷᠭᠡ᠎ᠪᠠᠷ ᠠᠳᠬᠤᠨ ᠰᠤᠷᠭ᠋ᠠᠨ ᠬᠥᠮᠦᠵᠢᠯ᠎ᠤᠨ ᠭᠣᠢ᠌ᠲᠠ ᠰᠠᠢ᠌ᠬᠠᠨ᠎ᠢ ᠭᠠᠢ᠌ᠬᠠᠭᠤᠯᠪᠠ
 
             蒙ICP备05000248号