ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠳᠤᠮᠳᠠᠳᠤ ᠪᠠᠭ᠎ᠠ ᠰᠤᠷᠭ᠋ᠠᠭᠤᠯᠢ ᠵᠢᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠪᠠᠭᠰᠢ ᠵᠢᠨ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠨ ᠲᠥᠯᠥᠭᠡ᠂ ᠣᠶ᠋ᠢᠷ᠎ᠠ᠎ᠳᠤ᠂ ᠬᠥᠬᠡᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ ᠬᠥᠯᠥᠨ ᠪᠤᠶ᠋ᠢᠷ ᠳᠡᠭᠡᠳᠦ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠳᠡᠭᠡᠳᠦ ᠰᠤᠷᠭ᠋ᠠᠭᠤᠯᠢ (ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠳᠡᠭᠡᠳᠦ ᠰᠤᠷᠭ᠋ᠠᠭᠤᠯᠢ)᠎ᠲᠠᠢ ᠬᠠᠮᠲᠤᠷᠠᠨ ᠪᠦᠬᠦ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠪᠠᠭᠰᠢ ᠵᠢᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠣᠨᠣᠯ᠎ᠤᠨ ᠪᠣᠯᠪᠠᠰᠤᠷᠠᠯ᠎ᠤᠨ ᠠᠩᠭᠢ ᠵᠢ ᠡᠷᠬᠢᠯᠡᠪᠡ᠃

ᠪᠣᠯᠪᠠᠰᠤᠷᠠᠯ ᠭᠤᠷᠪᠠᠨ ᠡᠳᠦᠷ ᠶᠠᠪᠤᠭᠳᠠᠵᠤ᠂ ᠲᠤᠬᠠᠢ᠌ᠯᠠᠭᠰᠠᠨ ᠠᠵᠢᠯ᠎ᠤᠨ ᠬᠦᠷᠢᠶᠡᠨ᠎ᠤ ᠨᠡᠷ᠎ᠡ ᠬᠦᠨᠳᠦ᠎ᠲᠠᠢ ᠲᠤᠰᠬᠠᠢ ᠮᠡᠷᠭᠡᠵᠢᠯᠲᠡᠨ᠂ ᠤᠯᠤᠰ᠎ᠤᠨ ᠣᠨᠴᠠ ᠳᠡᠰ᠎ᠤᠨ ᠪᠠᠭᠰᠢ᠂ ᠣᠯᠠᠨ ᠤᠯᠤᠰ᠎ᠤᠨ ᠳᠡᠰ᠎ᠤᠨ ᠬᠢᠨᠠᠭᠴᠢ ᠵᠢᠴᠢ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠦᠷᠢᠶᠡᠨ᠎ᠤ ᠰᠢᠯᠢᠳᠡᠭ ᠲᠥᠯᠥᠭᠡᠯᠡᠭᠴᠢ ᠵᠡᠷᠭᠡ ᠵᠢ ᠣᠨᠴᠠᠭ᠋ᠠᠢ᠌ᠯᠠᠨ ᠤᠷᠢᠵᠤ ᠬᠢᠴᠢᠶᠡᠯ ᠣᠷᠣᠭᠤᠯᠪᠠ᠃ ᠪᠣᠯᠪᠠᠰᠤᠷᠠᠯ᠎ᠨᠢ ᠣᠨᠣᠯ᠎ᠤᠨ ᠲᠠᠶ᠋ᠢᠯᠤᠮᠵᠢ᠂ ᠬᠡᠷᠡᠭ᠎ᠤᠨ ᠵᠢᠱ᠌ᠢᠶ᠎ᠡ ᠵᠢᠨ ᠵᠠᠳᠠᠯᠤᠯᠲᠠ᠂ ᠪᠣᠳᠠᠲᠠᠢ ᠬᠢᠵᠦ ᠵᠢᠱ᠌ᠢᠶ᠎ᠡ ᠦᠵᠡᠭᠦᠯᠬᠦ᠂ ᠦᠢ᠍ᠯᠡᠳᠦᠯᠴᠡᠵᠦ ᠰᠤᠳᠤᠯᠤᠨ ᠶᠠᠷᠢᠯᠴᠠᠬᠤ ᠵᠡᠷᠭᠡ ᠣᠯᠠᠨ ᠵᠦᠢ᠍ᠯ᠎ᠤᠨ ᠵᠢᠭ᠋ᠠᠨ ᠰᠤᠷᠭ᠋ᠠᠯᠲᠠ ᠵᠢᠨ ᠠᠷᠭ᠎ᠠ ᠮᠠᠶᠢᠭ᠎ᠢ ᠬᠡᠷᠡᠭᠯᠡᠨ᠂ ᠲᠦᠷᠭᠡᠨ ᠲᠡᠰᠢᠯᠲᠡ ᠵᠢᠨ ᠲᠡᠦᠬᠡ ᠵᠢᠨ ᠤᠯᠠᠷᠢᠯ ᠬᠤᠪᠢᠰᠤᠯ᠂ ᠮᠡᠷᠭᠡᠵᠢᠯ᠎ᠤᠨ ᠨᠠᠷᠢᠨ ᠵᠦᠢ᠍ᠯ ᠪᠠ ᠤᠷᠤᠯᠳᠤᠭ᠋ᠠᠨ᠎ᠤ ᠳᠦᠷᠢᠮ᠂ ᠴᠠᠰᠤᠨ᠎ᠳᠤ ᠭᠤᠯᠭᠤᠬᠤ ᠬᠥᠳᠡᠯᠭᠡᠭᠡᠨ᠎ᠤ ᠡᠭᠦᠰᠦᠯ᠂ ᠲᠥᠷᠥᠯ ᠵᠦᠢ᠍ᠯ᠎ᠤᠨ ᠣᠯᠠᠨ ᠶᠠᠩᠵᠤᠲᠤ ᠴᠢᠨᠠᠷ ᠪᠠ ᠬᠥᠭᠵᠢᠯᠲᠡ ᠵᠢᠨ ᠬᠠᠨᠳᠤᠰᠢ᠂ ᠮᠥᠰᠥᠨ ᠪᠥᠮᠪᠥᠭᠡ ᠵᠢᠨ ᠬᠥᠳᠡᠯᠭᠡᠭᠡᠨ᠎ᠤ ᠮᠡᠷᠭᠡᠵᠢᠯ᠎ᠤᠨ ᠠᠷᠭ᠎ᠠ ᠳᠡᠮ᠂ ᠪᠠᠶ᠋ᠢᠯᠳᠤᠬᠤ ᠠᠷᠭ᠎ᠠ ᠪᠣᠳᠣᠯᠭ᠎ᠠ ᠪᠣᠯᠤᠨ ᠲᠠᠰᠤᠯᠤᠨ ᠲᠣᠭᠲᠠᠭ᠋ᠠᠬᠤ ᠳᠦᠷᠢᠮ ᠵᠡᠷᠭᠡ ᠠᠭᠤᠯᠭ᠎ᠠ ᠵᠢ ᠬᠠᠮᠤᠷᠪᠠ᠃ ᠡᠨᠡ ᠤᠳᠠᠭ᠋ᠠᠨ᠎ᠤ ᠪᠣᠯᠪᠠᠰᠤᠷᠠᠯ ᠵᠶ᠋ᠠᠷ ᠳᠠᠮᠵᠢᠭᠤᠯᠤᠨ᠂ ᠪᠦᠬᠦ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠪᠠᠭᠰᠢ ᠵᠢᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠦᠷᠢᠶᠡᠨ᠎ᠤ ᠲᠤᠰᠬᠠᠢ ᠮᠡᠷᠭᠡᠵᠢᠯ᠎ᠤᠨ ᠤᠷ᠎ᠠ ᠴᠢᠳᠠᠪᠤᠷᠢ ᠪᠠ ᠵᠢᠭ᠋ᠠᠨ ᠰᠤᠷᠭ᠋ᠠᠯᠲᠠ ᠵᠢᠨ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠮᠥᠰᠥ ᠴᠠᠰᠤᠨ᠎ᠤ ᠵᠢᠭ᠋ᠠᠨ ᠰᠤᠷᠭ᠋ᠠᠯᠲᠠ ᠵᠢᠨ ᠰᠢᠨ᠎ᠡ ᠵᠢ ᠡᠭᠦᠳᠬᠦ ᠴᠢᠳᠠᠪᠤᠷᠢ ᠵᠢ ᠬᠥᠭᠵᠢᠭᠡᠨ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠲᠥᠷᠥᠯ ᠵᠦᠢ᠍ᠯ᠎ᠢ ᠰᠤᠷᠭ᠋ᠠᠭᠤᠯᠢ ᠵᠢᠨ ᠬᠦᠷᠢᠶᠡᠨ᠎ᠳᠤ ᠲᠦᠭᠡᠮᠡᠯᠵᠢᠭᠦᠯᠦᠨ ᠳᠡᠯᠭᠡᠷᠡᠭᠦᠯᠬᠦ ᠵᠢ ᠲᠦᠷᠭᠡᠳᠭᠡᠪᠡ᠃

ᠪᠣᠯᠪᠠᠰᠤᠷᠠᠯ᠎ᠤᠨ ᠬᠤᠭᠤᠴᠠᠭ᠋ᠠᠨ᠎ᠳᠤ᠂ ᠬᠠᠶ᠋ᠢᠯᠠᠷ ᠲᠣᠭᠣᠷᠢᠭ᠂ ᠮᠠᠨᠵᠤᠤᠷ ᠬᠣᠲᠠ᠂ ᠵᠠᠯᠠᠨ ᠠᠶ᠋ᠢᠯ ᠬᠤᠳᠠ᠂ ᠭᠡᠭᠡᠨ ᠭᠣᠣᠯ ᠬᠣᠲᠠ᠂ ᠡᠸᠡᠩᠬᠢ ᠬᠣᠰᠢᠭᠤᠨ᠎ᠤ ᠪᠠᠭᠰᠢ ᠵᠢᠨ ᠲᠥᠯᠥᠭᠡᠯᠡᠭᠴᠢ ᠲᠤᠰ ᠭᠠᠵᠠᠷ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠥᠷᠨᠢᠭᠦᠯᠦᠭᠰᠡᠨ ᠪᠠᠶ᠋ᠢᠳᠠᠯ᠂ ᠲᠤᠯᠭ᠋ᠠᠷᠠᠵᠤ ᠪᠠᠶ᠋ᠢᠭ᠎ᠠ ᠥᠷᠢᠰᠥᠯᠳᠦᠭᠡᠨ᠂ ᠲᠤᠷᠰᠢᠯᠭ᠎ᠠ ᠪᠠ ᠡᠷᠭᠢᠴᠡᠭᠦᠯᠦᠯ᠎ᠤᠨ ᠲᠤᠬᠠᠢ ᠰᠠᠨᠠᠯ ᠵᠶ᠋ᠠᠨ ᠰᠣᠯᠢᠯᠴᠠᠨ ᠬᠤᠪᠢᠶᠠᠯᠴᠠᠵᠤ᠂ ᠭᠠᠵᠠᠷ ᠣᠷᠣᠨ ᠬᠣᠭᠣᠷᠤᠨᠳᠤ᠎ᠪᠠᠨ ᠬᠠᠷᠢᠯᠴᠠᠨ ᠰᠤᠷᠤᠯᠴᠠᠵᠤ ᠯᠠᠪᠯᠠᠬᠤ ᠵᠢ ᠠᠬᠢᠭᠤᠯᠤᠨ᠂ ᠣᠷᠣᠨ ᠨᠤᠲᠤᠭ᠎ᠤᠨ ᠰᠤᠷᠭ᠋ᠠᠭᠤᠯᠢ ᠵᠢᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠦᠷᠭᠦᠯᠵᠢᠯᠡᠨ ᠡᠷᠡᠭᠦᠯ ᠵᠶ᠋ᠠᠷ ᠬᠥᠭᠵᠢᠬᠦ᠎ᠳᠤ ᠡᠷᠬᠢᠮ ᠨᠠᠨᠳᠢᠨ ᠰᠡᠳᠬᠢᠮᠵᠢ ᠬᠠᠩᠭ᠋ᠠᠪᠠ᠃
ᠡᠨᠡ ᠤᠳᠠᠭ᠋ᠠᠨ᠎ᠤ ᠪᠣᠯᠪᠠᠰᠤᠷᠠᠯ᠎ᠨᠢ ᠪᠦᠬᠦ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠬᠦᠷᠢᠶᠡᠨ᠎ᠤ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠪᠠᠭᠰᠢ ᠵᠢᠨ ᠲᠤᠰᠬᠠᠢ ᠮᠡᠷᠭᠡᠵᠢᠯ᠎ᠤᠨ ᠬᠡᠪ ᠪᠣᠯᠪᠠᠰᠤᠷᠠᠯ ᠪᠠ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠭ᠋ᠠᠭᠤᠯᠢ ᠵᠢᠨ ᠬᠣᠭᠣᠷᠣᠨᠳᠣᠬᠢ ᠬᠠᠮᠲᠤᠷᠠᠯᠴᠠᠭ᠎ᠠ᠎ᠳᠤ ᠥᠷᠭᠡᠨ ᠠᠭᠤᠳᠠᠮ ᠲᠠᠪᠴᠠᠩ ᠪᠠᠶ᠋ᠢᠭᠤᠯᠤᠨ ᠥᠭᠴᠦ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠮᠡᠳᠡᠭᠡ ᠵᠠᠩᠭᠢ ᠵᠢ ᠬᠠᠮᠲᠤ᠎ᠳᠤ᠎ᠪᠠᠨ ᠬᠤᠪᠢᠶᠠᠯᠴᠠᠨ ᠡᠳ᠋ᠯᠡᠬᠦ᠂ ᠴᠢᠳᠠᠪᠤᠷᠢᠲᠠᠨ᠎ᠢ ᠬᠠᠮᠲᠤᠷᠠᠨ ᠬᠥᠮᠦᠵᠢᠭᠦᠯᠬᠦ᠂ ᠵᠢᠭ᠋ᠠᠨ ᠰᠤᠷᠭ᠋ᠠᠯᠲᠠ ᠵᠢᠨ ᠠᠷᠭ᠎ᠠ ᠵᠢᠨ ᠰᠢᠨ᠎ᠡ ᠵᠢ ᠡᠭᠦᠳᠬᠦ ᠵᠢᠴᠢ ᠰᠤᠷᠭ᠋ᠠᠭᠤᠯᠢ ᠵᠢᠨ ᠬᠦᠷᠢᠶᠡᠨ᠎ᠤ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠢ ᠡᠷᠬᠢᠯᠡᠬᠦ᠎ᠳᠤ ᠪᠠᠲᠤ ᠪᠡᠬᠢ ᠰᠠᠭᠤᠷᠢ ᠲᠠᠯᠪᠢᠵᠤ᠂ ᠪᠦᠬᠦ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠬᠦᠷᠢᠶᠡᠨ᠎ᠤ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠥᠷᠨᠢᠨ ᠬᠥᠭᠵᠢᠬᠦ ᠵᠢ ᠬᠦᠴᠦᠲᠡᠢ ᠠᠬᠢᠭᠤᠯᠤᠨ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠴᠢᠳᠠᠪᠤᠷᠢᠲᠠᠨ᠎ᠢ ᠨᠡᠩ ᠣᠯᠠᠨ ᠬᠥᠮᠦᠵᠢᠭᠦᠯᠬᠦ᠂ ᠮᠥᠰᠥ ᠴᠠᠰᠤᠨ᠎ᠤ ᠰᠣᠶᠣᠯ᠎ᠢ ᠪᠠᠳᠠᠷᠠᠭᠤᠯᠬᠤ᠎ᠳᠤ ᠬᠦᠴᠦᠨ ᠴᠢᠳᠠᠯ ᠵᠶ᠋ᠠᠨ ᠡᠷᠭᠦᠪᠡ᠃
ᠬᠥᠯᠥᠨ ᠪᠤᠶ᠋ᠢᠷ ᠬᠣᠲᠠ ᠵᠢᠨ 14 ᠬᠣᠰᠢᠭᠤ ᠬᠣᠲᠠ ᠲᠣᠭᠣᠷᠢᠭ᠂ ᠰᠢᠭᠤᠳ ᠬᠠᠷᠢᠶ᠎ᠠ ᠰᠤᠷᠭ᠋ᠠᠭᠤᠯᠢ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ 66 ᠪᠡᠶ᠎ᠡ ᠵᠢᠨ ᠲᠠᠮᠢᠷ᠎ᠤᠨ ᠪᠠᠭᠰᠢ ᠪᠣᠯᠪᠠᠰᠤᠷᠠᠯ᠎ᠳᠤ ᠣᠷᠣᠯᠴᠠᠵᠠᠢ᠃