ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠥᠯᠥᠨ ᠪᠤᠶ᠋ᠢᠷ ᠬᠣᠲᠠ ᠮᠥᠰᠥ ᠴᠠᠰᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠣᠲᠠ ᠵᠢᠨ ᠬᠡᠪᠴᠢᠶᠡᠨ᠎ᠤ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ ᠪᠠᠶ᠋ᠢᠭᠤᠯᠤᠭᠳᠠᠬᠤ ᠶᠡᠬᠡ ᠬᠤᠷᠠᠯ ᠵᠢᠴᠢ ᠮᠥᠰᠥ ᠴᠠᠰᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠢ ᠠᠬᠢᠭᠤᠯᠬᠤ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-11-15

      11 ᠰᠠᠷ᠎ᠠ ᠵᠢᠨ 10᠎ᠤ ᠡᠳᠦᠷ᠂ ᠬᠥᠯᠥᠨ ᠪᠤᠶ᠋ᠢᠷ ᠬᠣᠲᠠ ᠮᠥᠰᠥ ᠴᠠᠰᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠣᠲᠠ ᠵᠢᠨ ᠬᠡᠪᠴᠢᠶᠡᠨ᠎ᠤ  ᠠᠵᠤ ᠦᠢ᠍ᠯᠡᠰ ᠪᠠ ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ (《ᠬᠣᠯᠪᠣᠭ᠋ᠠᠲᠤ ᠴᠣᠭᠴᠠ》 ᠭᠡᠵᠦ ᠳᠦᠭᠦᠮᠴᠢᠯᠡᠨ᠎ᠡ) ᠵᠢ ᠪᠠᠢ᠌ᠭᠤᠯᠬᠤ ᠶᠡᠬᠡ ᠬᠤᠷᠠᠯ ᠵᠢᠴᠢ ᠮᠥᠰᠥ ᠴᠠᠰᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠢ ᠠᠬᠢᠭᠤᠯᠬᠤ ᠬᠤᠷᠠᠯ᠎ᠢ ᠬᠤᠷᠠᠯᠳᠤᠭᠤᠯᠪᠠ᠃


1.png


      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶᠠᠨ᠎ᠤ ᠭᠡᠰᠢᠭᠦᠨ᠂ ᠰᠤᠷᠭ᠋ᠠᠨ ᠬᠥᠮᠦᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠵᠢᠶᠦ᠋ᠨ ᠰᠢ᠂ ᠬᠥᠯᠥᠨ ᠪᠤᠶ᠋ᠢᠷ ᠬᠣᠲᠠ ᠵᠢᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠰᠦᠨ ᠰᠢᠶᠣᠤ ᠬᠥᠯᠥᠨ ᠪᠤᠶ᠋ᠢᠷ ᠬᠣᠲᠠ ᠵᠢᠨ ᠮᠥᠰᠥ ᠴᠠᠰᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠣᠲᠠ ᠵᠢᠨ ᠬᠡᠪᠴᠢᠶᠡᠨ᠎ᠤ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ ᠵᠢᠨ ᠫᠠᠶ᠋ᠢᠰᠠ  ᠵᠢ ᠰᠡᠬᠦᠪᠡ᠃ ᠬᠥᠯᠥᠨ ᠪᠤᠶ᠋ᠢᠷ ᠬᠣᠲᠠ ᠵᠢᠨ ᠮᠥᠰᠥ ᠴᠠᠰᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠣᠲᠠ ᠵᠢᠨ ᠬᠡᠪᠴᠢᠶᠡᠨ᠎ᠤ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ ᠪᠠᠶ᠋ᠢᠭᠤᠯᠤᠭᠳᠠᠭᠰᠠᠨ᠎ᠢ ᠵᠢᠩᠬᠢᠨᠢ᠎ᠪᠠᠷ ᠨᠡᠶ᠋ᠢᠲᠡᠯᠡᠪᠡ᠃


      ᠬᠣᠯᠪᠣᠭ᠋ᠠᠲᠤ ᠴᠣᠭᠴᠠ ᠵᠢ ᠪᠠᠶ᠋ᠢᠭᠤᠯᠤᠭᠰᠠᠨ ᠵᠣᠷᠢᠯᠲᠠ ᠪᠣᠯ ᠬᠣᠲᠠ ᠵᠢᠨ ᠬᠡᠪᠴᠢᠶᠡᠨ᠎ᠤ ᠮᠥᠰᠥ ᠴᠠᠰᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠪᠠᠶ᠋ᠢᠭᠤᠯᠵᠤ᠂ ᠪᠦᠬᠦ ᠬᠣᠲᠠ ᠵᠢᠨ ᠮᠥᠰᠥ ᠴᠠᠰᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠤᠨ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ ᠠᠵᠤ ᠦᠢ᠍ᠯᠡᠰ᠎ᠲᠤ ᠬᠡᠷᠡᠭᠰᠡᠬᠦ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠶᠡᠬᠡ᠎ᠪᠠᠷ ᠬᠥᠮᠦᠵᠢᠭᠦᠯᠵᠦ᠂ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠲᠠᠰᠤᠷᠠᠯᠲᠠ ᠥᠬᠡᠶ ᠲᠦᠭᠡᠮᠡᠯᠵᠢᠭᠦᠯᠬᠦ ᠵᠢ ᠠᠬᠢᠭᠤᠯᠤᠨ᠂ ᠮᠥᠰᠥ ᠴᠠᠰᠤᠨ᠎ᠤ ᠠᠵᠤ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ  ᠵᠢ ᠲᠤᠯᠭ᠋ᠠᠭᠤᠷᠢᠯᠠᠵᠤ᠂ ᠬᠥᠯᠥᠨ ᠪᠤᠶ᠋ᠢᠷ ᠬᠣᠲᠠ ᠵᠢᠨ ᠮᠥᠰᠥ ᠴᠠᠰᠤᠨ᠎ᠤ ᠠᠵᠤ ᠦᠢ᠍ᠯᠡᠰ᠎ᠤᠨ ᠠᠵᠤ ᠠᠬᠤᠢ ᠵᠢᠨ ᠡᠷᠡᠭᠦᠯ ᠵᠶ᠋ᠠᠷ ᠬᠥᠭᠵᠢᠬᠦ᠎ᠳᠤ ᠥᠨᠳᠥᠷ ᠬᠡᠪ ᠪᠣᠯᠪᠠᠰᠤᠷᠠᠯ ᠪᠠ ᠲᠤᠰᠬᠠᠶ᠋ᠢᠵᠢᠭᠰᠠᠨ ᠤᠷ᠎ᠠ ᠴᠢᠳᠠᠪᠤᠷᠢᠲᠤ ᠴᠢᠳᠠᠪᠤᠷᠢᠲᠠᠨ᠎ᠢ ᠶᠡᠬᠡ ᠬᠡᠮᠵᠢᠶ᠎ᠡ᠎ᠪᠠᠷ ᠬᠥᠮᠦᠵᠢᠭᠦᠯᠬᠦ ᠵᠢᠨ ᠲᠥᠯᠥᠭᠡ ᠶᠤᠮ᠃
   

2.jpg

   

      ᠬᠤᠷᠠᠯ᠎ᠤᠨ ᠳᠠᠷᠠᠭ᠎ᠠ᠂ ᠡᠯ᠎ᠡ ᠬᠣᠯᠪᠣᠭ᠋ᠠᠲᠤ ᠴᠣᠭᠴᠠ ᠵᠢᠨ ᠪᠦᠷᠢᠯᠳᠦᠬᠦᠨ ᠨᠢᠭᠡᠴᠢ 《ᠬᠥᠯᠥᠨ ᠪᠤᠶ᠋ᠢᠷ ᠬᠣᠲᠠ ᠵᠢᠨ ᠮᠥᠰᠥ ᠴᠠᠰᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ ᠵᠢ ᠬᠥᠭᠵᠢᠭᠦᠯᠬᠦ ᠠᠷᠭ᠎ᠠ ᠵᠠᠮ》 ᠭᠡᠬᠦ ᠭᠣᠣᠯ ᠰᠡᠳᠦᠪ᠎ᠤᠨ ᠲᠣᠭᠣᠷᠢᠨ᠎ᠳᠤ ᠭᠦᠨᠵᠡᠭᠡᠢ ᠰᠣᠯᠢᠯᠴᠠᠨ ᠶᠠᠷᠢᠯᠴᠠᠪᠠ᠃


      ᠳᠠᠷᠠᠭ᠎ᠠ ᠠᠯᠬᠤᠮ᠎ᠳᠤ᠂ ᠬᠥᠯᠥᠨ ᠪᠤᠶ᠋ᠢᠷ ᠬᠣᠲᠠ ᠵᠢᠨ ᠮᠥᠰᠥ ᠴᠠᠰᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠣᠲᠠ ᠵᠢᠨ ᠬᠡᠪᠴᠢᠶᠡᠨ᠎ᠤ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ᠎ᠨᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠣᠯᠤᠨ ᠮᠥᠰᠥ ᠴᠠᠰᠤᠨ᠎ᠤ ᠠᠵᠤ ᠦᠢ᠍ᠯᠡᠰ᠎ᠤᠨ ᠭᠦᠨᠵᠡᠭᠡᠢ ᠠᠭᠤᠰᠤᠯᠴᠠᠭ᠎ᠠ ᠵᠢ ᠦᠷᠭᠦᠯᠵᠢᠯᠡᠨ ᠠᠬᠢᠭᠤᠯᠵᠤ᠂ ᠮᠥᠰᠥ ᠴᠠᠰᠤᠨ᠎ᠤ ᠠᠵᠤ ᠦᠢ᠍ᠯᠡᠰ᠎ᠤᠨ ᠴᠢᠳᠠᠪᠤᠷᠢᠲᠠᠨ᠎ᠢ ᠬᠥᠮᠦᠵᠢᠭᠦᠯᠬᠦ ᠬᠡᠪᠴᠢᠶ᠎ᠡ ᠪᠣᠯᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠂ ᠰᠤᠷᠭ᠋ᠠᠨ ᠬᠥᠮᠦᠵᠢᠯ᠎ᠤᠨ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ᠂ ᠠᠵᠤ ᠦᠢ᠍ᠯᠡᠰ᠎ᠤᠨ ᠬᠡᠯᠬᠢᠶ᠎ᠡ᠂ ᠰᠢᠨ᠎ᠡ ᠵᠢ ᠡᠭᠦᠳᠬᠦ ᠬᠡᠯᠬᠢᠶ᠎ᠡ ᠵᠢ ᠠᠭᠤᠰᠬᠠᠨ ᠬᠥᠭᠵᠢᠭᠦᠯᠬᠦ ᠵᠢ ᠲᠦᠷᠭᠡᠳᠬᠡᠵᠦ᠂ ᠪᠦᠬᠦ ᠬᠣᠲᠠ ᠵᠢᠨ ᠮᠥᠰᠥ ᠴᠠᠰᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠡᠷᠡᠭᠦᠯ᠂ ᠦᠷᠭᠦᠯᠵᠢᠯᠡᠬᠦᠢ᠌ᠴᠡ ᠬᠥᠭᠵᠢᠯᠲᠡ ᠵᠢ ᠲᠠᠰᠤᠷᠠᠯᠲᠠ ᠥᠬᠡᠶ ᠠᠬᠢᠭᠤᠯᠵᠤ᠂ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠵᠣᠬᠢᠴᠠᠭᠰᠠᠨ᠂ ᠠᠵᠤ ᠦᠢ᠍ᠯᠡᠰ᠎ᠤᠨ ᠪᠦᠲᠦᠴᠡ᠎ᠲᠠᠢ ᠵᠣᠬᠢᠴᠠᠭᠰᠠᠨ ᠣᠳᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃
      ᠡᠨᠡ ᠤᠳᠠᠭ᠋ᠠᠨ᠎ᠤ ᠠᠵᠢᠯᠯᠠᠭ᠎ᠠ ᠵᠢ ᠬᠥᠯᠥᠨ ᠪᠤᠶ᠋ᠢᠷ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ᠎ᠠᠴᠠ ᠭᠣᠣᠯᠯᠠᠨ ᠡᠷᠬᠢᠯᠡᠵᠦ᠂ ᠵᠠᠯᠠᠨ ᠠᠶ᠋ᠢᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠵᠠᠯᠠᠨ ᠠᠶ᠋ᠢᠯ ᠬᠣᠲᠠ ᠵᠢᠨ ᠵᠠᠰᠠᠭ᠎ᠤᠨ ᠣᠷᠳᠣᠨ ᠳᠠᠭ᠋ᠠᠭ᠋ᠠᠴᠢᠯᠠᠨ ᠡᠷᠬᠢᠯᠡᠵᠦ᠂ ᠨᠠᠮ ᠵᠠᠰᠠᠭ᠎ᠤᠨ ᠪᠠᠶ᠋ᠢᠭᠤᠯᠭ᠎ᠠ᠂ ᠠᠵᠤ ᠠᠬᠤᠶ᠋ᠢᠯᠠᠯ᠎ᠤᠨ ᠡᠲᠡᠭᠡᠳ᠂ ᠶᠡᠬᠡ ᠳᠡᠭᠡᠳᠦ ᠰᠤᠷᠭ᠋ᠠᠭᠤᠯᠢ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠴᠢ ᠠᠵᠢᠯ ᠲᠥᠷᠥᠯ᠎ᠤᠨ ᠨᠡᠶ᠋ᠢᠭᠡᠮᠯᠢᠭ᠎ᠠᠴᠠ ᠢᠷᠡᠭᠰᠡᠨ ᠵᠠᠭᠤ ᠭᠠᠷᠤᠢ ᠲᠥᠯᠥᠭᠡᠯᠡᠭᠴᠢ ᠬᠤᠷᠠᠯ᠎ᠳᠤ ᠣᠷᠣᠯᠴᠠᠵᠠᠢ᠃


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠬᠥᠯᠥᠨ ᠪᠤᠶ᠋ᠢᠷ ᠬᠣᠲᠠ ᠳᠤᠮᠳᠠᠳᠤ ᠪᠠᠭ᠎ᠠ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠪᠠᠭᠰᠢ ᠵᠢᠨ ᠮᠥᠰᠥ ᠴᠠᠰᠤᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠣᠨᠣᠯ᠎ᠤᠨ ᠮᠡᠳᠡᠯᠭᠡ ᠵᠢᠨ ᠪᠣᠯᠪᠠᠰᠤᠷᠠᠯ᠎ᠤᠨ ᠠᠩᠭᠢ ᠵᠢ ᠡᠷᠬᠢᠯᠡᠪᠡ
5 ᠲᠦᠮᠡᠨ ᠤᠶᠤᠲᠠᠳ᠎ᠢ ᠬᠥᠬᠡᠬᠤᠲᠠᠨ᠎ᠠ ᠬᠤᠴᠤᠷᠭ᠋ᠠᠵᠤ ᠠᠵᠢᠯᠯᠠᠭᠤᠯᠬᠤ᠎ᠳᠤ ᠬᠦᠴᠦᠨ ᠨᠡᠮᠡᠷᠢᠯᠡᠪᠡ ᠬᠥᠬᠡᠬᠤᠲᠠ ᠵᠢᠨ ᠡᠪᠯᠡᠯ᠎ᠤᠨ ᠬᠤᠷᠢᠶᠠᠨ᠎ᠤ᠎ᠬᠢᠨ ᠶᠡᠭᠡ ᠳᠡᠭᠡᠳᠦ ᠰᠤᠷᠭ᠋ᠠᠭᠤᠯᠢ᠎ᠳᠤ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠪᠠ
ᠤᠯᠠᠭ᠋ᠠᠨᠬᠣᠲᠠ᠄ 《ᠲᠠᠪᠤᠨ ᠬᠥᠮᠦᠵᠢᠯ》᠎ᠢ ᠵᠡᠷᠭᠡ᠎ᠪᠠᠷ ᠠᠳᠬᠤᠨ ᠰᠤᠷᠭ᠋ᠠᠨ ᠬᠥᠮᠦᠵᠢᠯ᠎ᠤᠨ ᠭᠣᠢ᠌ᠲᠠ ᠰᠠᠢ᠌ᠬᠠᠨ᠎ᠢ ᠭᠠᠢ᠌ᠬᠠᠭᠤᠯᠪᠠ
【ᠰᠤᠷᠭ᠋ᠠᠭᠤᠯᠢ ᠵᠢᠨ ᠠᠮᠤᠷ ᠲᠦᠪᠰᠢᠨ】 ᠡᠷᠢᠶᠡᠨ ᠬᠣᠲᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ 2024 ᠣᠨ᠎ᠤ ᠪᠦᠬᠦ ᠬᠣᠲᠠ ᠵᠢᠨ ᠠᠷᠪᠠᠨ ᠳᠥᠷᠪᠡᠳᠦᠭᠡᠷ ᠤᠳᠠᠭ᠋ᠠᠨ᠎ᠤ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠠᠵᠢᠯ᠎ᠤᠨ ᠬᠤᠷᠠᠯ᠎ᠢ ᠬᠤᠷᠠᠯᠳᠤᠭᠤᠯᠪᠠ
ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ ᠪᠦᠬᠦ ᠬᠣᠲᠠ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠭᠣᠣᠯᠳᠠᠯᠭ᠎ᠠ᠎ᠲᠠᠢ ᠠᠵᠢᠯ᠎ᠤᠨ ᠬᠤᠷᠠᠯ᠎ᠢ ᠬᠤᠷᠠᠯᠳᠤᠭᠤᠯᠪᠠ
 
             蒙ICP备05000248号