ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
5 ᠲᠦᠮᠡᠨ ᠤᠶᠤᠲᠠᠳ᠎ᠢ ᠬᠥᠬᠡᠬᠤᠲᠠᠨ᠎ᠠ ᠬᠤᠴᠤᠷᠭ᠋ᠠᠵᠤ ᠠᠵᠢᠯᠯᠠᠭᠤᠯᠬᠤ᠎ᠳᠤ ᠬᠦᠴᠦᠨ ᠨᠡᠮᠡᠷᠢᠯᠡᠪᠡ ᠬᠥᠬᠡᠬᠤᠲᠠ ᠵᠢᠨ ᠡᠪᠯᠡᠯ᠎ᠤᠨ ᠬᠤᠷᠢᠶᠠᠨ᠎ᠤ᠎ᠬᠢᠨ ᠶᠡᠭᠡ ᠳᠡᠭᠡᠳᠦ ᠰᠤᠷᠭ᠋ᠠᠭᠤᠯᠢ᠎ᠳᠤ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠪᠠ
ᠨᠡᠶ᠋ᠢᠲᠡᠯᠡᠭᠰᠡᠨ ᠴᠠᠭ᠄ 2024-11-21

      ᠣᠶ᠋ᠢᠷ᠎ᠠ᠎ᠳᠤ᠂ ᠬᠥᠬᠡᠬᠤᠲᠠ ᠵᠢᠨ ᠡᠪᠯᠡᠯ᠎ᠤᠨ ᠬᠤᠷᠢᠶ᠎ᠠ ᠬᠤᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ᠎ᠯᠤᠭ᠎ᠠ ᠬᠠᠮᠲᠤᠷᠠᠨ ᠥᠪᠥᠷ ᠮᠣᠩᠭᠤᠯ᠎ᠤᠨ ᠶᠡᠭᠡ ᠰᠤᠷᠭ᠋ᠠᠭᠤᠯᠢ᠎ᠳᠤ ᠬᠦᠷᠴᠦ᠂ 《ᠬᠦᠬᠡᠬᠤᠲᠠᠨ᠎ᠠ ᠴᠤᠭᠯᠠᠷᠠᠬᠤ》᠎ᠪᠠᠷ 《ᠲᠠᠪᠤᠨ ᠲᠦᠮᠡᠨ ᠣᠶᠣᠲᠠᠳ᠎ᠢ ᠬᠦᠬᠡᠬᠤᠲᠠᠨ᠎ᠠ ᠬᠤᠴᠤᠷᠭ᠋ᠠᠵᠤ ᠠᠵᠢᠯᠯᠠᠭᠤᠯᠬᠤ》᠎ᠳᠤ ᠬᠦᠴᠦᠨ ᠨᠡᠮᠡᠷᠢᠯᠡᠬᠦ ᠲᠤᠰᠬᠠᠢ ᠠᠵᠢᠯᠯᠠᠭ᠋ᠠᠨ · ᠶᠡᠭᠡ ᠳᠡᠭᠡᠳᠦ ᠰᠤᠷᠭ᠋ᠠᠭᠤᠯᠢ᠎ᠳᠤ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠥᠷᠨᠢᠭᠦᠯᠪᠡ᠃ ᠥᠪᠥᠷ ᠮᠣᠩᠭᠤᠯ᠎ᠤᠨ ᠶᠡᠭᠡ ᠰᠤᠷᠭ᠋ᠠᠭᠤᠯᠢ ᠵᠢᠨ 200 ᠭᠠᠷᠤᠢ ᠰᠢᠯᠢᠳᠡᠭ ᠵᠠᠯᠠᠭᠤ ᠰᠤᠷᠤᠭᠴᠢᠳ᠎ᠤᠨ ᠲᠦᠯᠦᠭᠡᠯᠡᠭᠴᠢᠳ ᠲᠤᠰ ᠠᠵᠢᠯᠯᠠᠭ᠎ᠠ᠎ᠳᠤ ᠣᠷᠣᠯᠴᠠᠪᠠ᠃
      ᠣᠶ᠋ᠢᠯᠠᠭ᠋ᠠᠭᠰᠠᠨ ᠵᠶ᠋ᠠᠷ᠂ ᠲᠣᠰ ᠲᠠᠯᠠᠪᠤᠷ᠎ᠤᠨ ᠠᠵᠢᠯᠯᠠᠭ᠎ᠠ᠎ᠨᠢ ᠪᠣᠯ ᠬᠥᠬᠡᠬᠤᠲᠠ ᠵᠢᠨ ᠡᠪᠯᠡᠯ᠎ᠤᠨ ᠬᠤᠷᠢᠶᠠᠨ᠎ᠤ ᠶᠡᠭᠡ ᠳᠡᠭᠡᠳᠦ ᠰᠤᠷᠭ᠋ᠠᠭᠤᠯᠢ᠎ᠳᠠᠬᠢ ᠠᠩᠬᠠᠨ᠎ᠤ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠪᠣᠯᠬᠤ ᠪᠦᠭᠡᠳ᠂ ᠬᠥᠬᠡᠬᠤᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ ᠬᠠᠷᠢᠭᠤᠴᠠᠯᠭ᠋ᠠᠲᠠᠨ᠎ᠠᠴᠠ ᠰᠤᠷᠤᠭᠴᠢᠳ᠎ᠤᠨ ᠵᠦᠪ ᠣᠨᠤᠪᠴᠢᠲᠠᠢ ᠠᠵᠢᠯ ᠮᠡᠷᠭᠡᠵᠢᠯ᠎ᠤᠨ ᠬᠦᠰᠡᠯᠡᠩ ᠪᠠ ᠠᠵᠢᠯ ᠮᠡᠷᠭᠡᠵᠢᠯ᠎ᠤᠨ ᠦᠵᠡᠯᠲᠡ᠎ᠲᠠᠢ ᠪᠣᠯᠵᠤ᠂ ᠠᠵᠢᠯ ᠰᠣᠩᠭᠤᠬᠤ ᠰᠢᠢ᠍ᠳᠪᠦᠷᠢᠲᠦ ᠪᠣᠳᠣᠯᠭ᠎ᠠ ᠵᠢᠴᠢ ᠠᠵᠢᠯ ᠮᠡᠷᠭᠡᠵᠢᠯ᠎ᠤᠨ ᠬᠦᠰᠡᠯ ᠬᠦᠭᠡᠭᠡᠴᠡᠯᠳᠦᠯ ᠲᠥᠯᠥᠪᠵᠢᠭᠦᠯᠭᠡ᠎ᠪᠠᠨ ᠰᠠᠶ᠋ᠢᠲᠤᠷ ᠬᠢᠬᠦ᠎ᠳᠤ᠎ᠨᠢ ᠬᠠᠪᠰᠤᠷᠤᠮᠵᠢ ᠦᠵᠡᠭᠦᠯᠬᠦ᠎ᠪᠠᠷ ᠬᠥᠬᠡᠬᠤᠲᠠ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠠᠶ᠋ᠢᠳᠠᠯ᠎ᠯᠤᠭ᠎ᠠ ᠤᠶᠠᠯᠳᠤᠭᠤᠯᠤᠨ᠂ ᠱᠠᠲᠤ ᠦᠶ᠎ᠡ ᠵᠢᠨ ᠦᠷ᠎ᠡ ᠪᠦᠲᠦᠮᠵᠢ᠂ ᠲᠥᠷᠥ ᠵᠢᠨ ᠪᠣᠳᠣᠯᠭ᠎ᠠ ᠵᠢᠨ ᠳᠡᠮᠵᠢᠯᠭᠡ᠂ ᠲᠠᠪᠴᠠᠩ ᠪᠠᠶ᠋ᠢᠭᠤᠯᠬᠤ᠂ ᠦᠢ᠍ᠯᠡᠴᠢᠯᠡᠭᠡ᠎ᠪᠠᠨ ᠴᠢᠩᠭ᠋ᠠᠳᠬᠠᠬᠤ ᠵᠡᠷᠭᠡ᠎ᠠᠴᠠ 《ᠲᠠᠪᠤᠨ ᠲᠦᠮᠡᠨ ᠤᠶᠤᠲᠠᠳ᠎ᠢ ᠬᠥᠬᠡᠬᠤᠲᠠ᠎ᠳᠤ ᠬᠤᠴᠤᠷᠭ᠋ᠠᠬᠤ ᠢᠨᠵᠧᠨᠧᠷᠢᠩ》᠎ᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢᠴᠢ ᠤᠶᠤᠲᠠᠳ᠎ᠤᠨ ᠠᠵᠢᠯ ᠤᠯᠬᠤ᠂ ᠠᠳᠠᠯ ᠦᠢ᠍ᠯᠡᠰ ᠴᠣᠭᠴᠠᠯᠠᠬᠤ ᠵᠢ᠎ᠨᠢ ᠳᠠᠮᠵᠢᠨ ᠲᠡᠳᠬᠦᠬᠦ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ ᠵᠢ ᠲᠠᠨᠢᠯᠴᠠᠭᠤᠯᠪᠠ᠃ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ ᠵᠢᠨ ᠠᠵᠢᠯᠲᠠᠳ᠎ᠠᠴᠠ ᠤᠶᠤᠲᠠᠳ᠎ᠢ ᠰᠤᠷᠭ᠋ᠠᠭᠤᠯᠢ ᠲᠡᠭᠦᠰᠦᠭᠰᠡᠨ᠎ᠤ ᠳᠠᠷᠠᠭ᠎ᠠ ᠣᠷᠣᠨ᠎ᠤ ᠲᠥᠪ᠎ᠲᠤ ᠰᠠᠨᠠᠭ᠎ᠠ ᠠᠮᠤᠷ ᠠᠵᠢᠯᠯᠠᠵᠤ ᠠᠮᠢᠳᠤᠷᠠᠭᠤᠯᠬᠤ᠎ᠪᠠᠷ ᠣᠷᠣᠰᠢᠨ ᠰᠠᠭᠤᠬᠤ᠎ᠳᠤ ᠲᠣᠬᠢᠷᠠᠮᠵᠢᠲᠠᠶ 《ᠵᠠᠯᠠᠭᠤᠴᠤᠳ᠎ᠲᠤ ᠠᠰᠢᠭ ᠬᠦᠷᠲᠡᠭᠡᠬᠦ》 ᠲᠥᠷᠥ ᠵᠢᠨ ᠪᠣᠳᠣᠯᠭ᠎ᠠ ᠪᠠ ᠲᠤᠷᠰᠢᠯᠲᠠ ᠵᠢᠨ ᠴᠡᠭ᠎ᠤᠨ ᠠᠵᠢᠯ᠎ᠢ ᠠᠬᠢᠭᠤᠯᠬᠤ ᠰᠢᠨ᠎ᠡ ᠡᠭᠦᠳᠦᠯᠲᠡ᠎ᠲᠠᠢ ᠠᠷᠭ᠎ᠠ ᠬᠡᠮᠵᠢᠶ᠎ᠡ ᠵᠢ ᠬᠠᠮᠲᠦ᠎ᠳᠤ᠎ᠪᠠᠨ ᠬᠤᠪᠢᠶᠠᠯᠴᠠᠨ᠂ ᠤᠶᠤᠲᠠᠳ᠎ᠤᠨ ᠬᠡᠷ ᠳᠦᠷᠢᠶᠡᠰᠦᠯᠡᠬᠦ ᠪᠠ ᠬᠤᠳᠠᠯᠳᠤᠨ ᠠᠪᠬᠤ ᠭᠤᠶᠤᠴᠢᠯᠠᠯ᠎ᠤᠨ ᠨᠥᠬᠦᠴᠡᠯ᠂ ᠲᠥᠷᠥ ᠵᠢᠨ ᠪᠣᠳᠣᠯᠭ᠎ᠠ ᠵᠢᠨ ᠨᠡᠮᠡᠭᠦᠷᠢ ᠵᠡᠷᠭᠡ ᠲᠠᠯ᠎ᠠ᠎ᠪᠠᠷ ᠨᠠᠷᠢᠨ ᠲᠠᠶ᠋ᠢᠯᠪᠤᠷᠢ ᠬᠢᠪᠡ᠃
      ᠥᠪᠥᠷ ᠮᠣᠩᠭᠤᠯ᠎ᠤᠨ ᠶᠡᠭᠡ ᠰᠤᠷᠭ᠋ᠠᠭᠤᠯᠢ ᠵᠢᠨ ᠣᠯᠠᠨ ᠨᠡᠶ᠋ᠢᠲᠡ ᠵᠢᠨ ᠬᠠᠮᠢᠶᠠᠷᠤᠯᠲᠠ ᠵᠢᠨ ᠳᠡᠭᠡᠳᠦ ᠰᠤᠷᠭ᠋ᠠᠭᠤᠯᠢ ᠵᠢᠨ ᠵᠠᠯᠠᠭᠤ ᠯᠧᠺᠲ᠋ᠣᠷ ᠨᠢᠶᠧ ᠱᠣ᠌᠂ ᠥᠪᠥᠷ ᠮᠣᠩᠭᠤᠯ᠎ᠤᠨ ᠢᠯᠢ ᠠᠵᠤ ᠦᠢ᠍ᠯᠡᠰ᠎ᠤᠨ ᠪᠦᠯᠦᠭᠯᠡᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠤᠰᠬᠠᠶ ᠮᠡᠷᠭᠡᠵᠢᠯ᠎ᠤᠨ ᠳᠠᠭ᠋ᠠᠭ᠋ᠠᠮᠠᠯ ᠵᠠᠩ ᠺᠠᠶ ᠱᠤᠸᠠᠢ ᠨᠠᠷ ᠬᠥᠬᠡᠬᠤᠲᠠ᠎ᠳᠤ ᠴᠢᠷᠮᠠᠶ᠋ᠢᠨ ᠠᠵᠢᠯᠯᠠᠵᠤ ᠰᠤᠷᠤᠯᠴᠠᠵᠤ ᠪᠠᠶ᠋ᠢᠭᠰᠠᠨ ᠦᠩᠭᠡᠷᠡᠯᠲᠡ᠎ᠪᠠᠨ ᠶᠠᠷᠢᠪᠠ᠃
      ᠣᠶ᠋ᠢᠯᠠᠭ᠋ᠠᠭᠰᠠᠨ ᠵᠶ᠋ᠠᠷ᠂ ᠬᠥᠬᠡᠬᠤᠲᠠ ᠵᠢᠨ ᠡᠪᠯᠡᠯ᠎ᠤᠨ ᠬᠤᠷᠢᠶ᠎ᠠ 《ᠬᠦᠬᠡᠬᠤᠲᠠᠨ᠎ᠠ ᠴᠤᠭᠯᠠᠷᠠᠬᠤ》᠎ᠪᠠᠷ 《ᠲᠠᠪᠤᠨ ᠲᠦᠮᠡᠨ ᠤᠶᠤᠲᠠᠳ᠎ᠢ ᠬᠦᠬᠡᠬᠤᠲᠠᠨ᠎ᠠ ᠬᠤᠴᠤᠷᠭ᠋ᠠᠵᠤ ᠠᠵᠢᠯᠯᠠᠭᠤᠯᠬᠤ》᠎ᠳᠤ ᠬᠦᠴᠦᠨ ᠨᠡᠮᠡᠷᠢᠯᠡᠬᠦ ᠲᠤᠰᠬᠠᠢ ᠠᠵᠢᠯᠯᠠᠭ᠋ᠠᠨ · ᠶᠡᠭᠡ ᠳᠡᠭᠡᠳᠦ ᠰᠤᠷᠭ᠋ᠠᠭᠤᠯᠢ᠎ᠳᠤ ᠲᠥᠷᠥ  ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠦᠷᠭᠦᠯᠵᠢᠯᠡᠨ ᠦᠷᠨᠢᠭᠦᠯᠵᠤ᠂ ᠵᠠᠯᠠᠭᠤᠴᠤᠳ᠎ᠤᠨ ᠬᠥᠭᠵᠢᠯᠲᠡ᠎ᠳᠤ ᠠᠰᠢᠭᠲᠠᠢ ᠬᠤᠲᠠ ᠵᠢ ᠪᠥᠲᠥᠭᠡᠨ ᠪᠠᠶ᠋ᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠠᠷᠰᠠᠷ》 ᠠᠷᠭ᠎ᠠ ᠬᠡᠮᠵᠢᠶ᠎ᠡ᠎ᠪᠠᠷ ᠵᠠᠯᠠᠭᠤᠴᠤᠳ᠎ᠤᠨ ᠬᠥᠭᠵᠢᠯᠲᠡ ᠵᠢᠨ 《ᠬᠠᠮ》 ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠵᠠᠯᠠᠭᠤ ᠴᠢᠳᠠᠪᠤᠷᠢᠲᠠᠨ᠎ᠢ ᠬᠤᠲᠠ ᠵᠢᠨ ᠬᠥᠭᠵᠢᠯᠲᠡ ᠵᠢᠨ ᠭᠤᠤᠯ ᠪᠠᠶ᠋ᠢᠷᠢᠨ᠎ᠳᠤ ᠲᠠᠯᠪᠢᠵᠦ᠂ ᠬᠤᠲᠠ ᠵᠢᠨ ᠰᠦᠷ ᠳᠠᠯᠠᠶ᠋ᠢᠴᠠᠲᠠᠢ ᠠᠮᠢᠵᠢᠷᠠᠯ ᠬᠦᠴᠦᠨ᠎ᠢ ᠬᠦᠭᠵᠢᠭᠡᠨ᠎ᠡ᠃


ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
             蒙ICP备05000248号