ᠶᠣᠰᠣ ᠰᠤᠷᠲᠠᠬᠤᠨ᠎ᠤ ᠬᠥᠮᠦᠵᠢᠯ ᠵᠠᠮᠴᠢᠯᠠᠵᠤ᠂ ᠣᠶᠤᠨ᠎ᠤ ᠬᠥᠮᠦᠵᠢᠯ ᠦᠨᠳᠦᠰᠦ ᠵᠢ ᠪᠡᠬᠢᠵᠢᠭᠦᠯᠵᠦ᠂ ᠪᠡᠶ᠎ᠡ ᠵᠢᠨ ᠲᠠᠮᠢᠷ ᠰᠠᠭᠤᠷᠢ ᠵᠢ ᠴᠢᠩᠭ᠋ᠠᠳᠬᠠᠵᠤ᠂ ᠭᠤᠸ᠎ᠠ ᠰᠠᠶ᠋ᠢᠬᠠᠨ᠎ᠤ ᠬᠥᠮᠦᠵᠢᠯ ᠰᠡᠳᠬᠢᠯ᠎ᠢ ᠤᠮᠳᠠᠯᠠᠵᠤ᠂ ᠬᠥᠳᠡᠯᠮᠦᠷᠢ ᠵᠢᠨ ᠬᠥᠮᠥᠵᠢᠯ ᠡᠨᠧᠷᠭᠢ ᠣᠯᠭᠣᠨ᠎ᠠ᠃ ᠣᠶ᠋ᠢᠷ᠎ᠠ ᠵᠢᠨ ᠵᠢᠯ᠂ ᠤᠯᠠᠭ᠋ᠠᠨᠬᠣᠲᠠ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ 《ᠲᠠᠪᠤᠨ ᠬᠥᠮᠦᠵᠢᠯ》᠎ᠢ ᠵᠡᠷᠭᠡ᠎ᠪᠠᠷ ᠴᠢᠬᠤᠯᠠᠴᠢᠯᠠᠬᠤ ᠣᠶ᠋ᠢᠯᠠᠭ᠋ᠠᠭᠳᠠᠬᠤᠨ᠎ᠢ ᠢᠳᠡᠪᠬᠢᠲᠡᠢ ᠨᠠᠶ᠋ᠢᠳᠠᠪᠤᠷᠢᠵᠢᠭᠤᠯᠵᠤ᠂ ᠭᠣᠢ᠌ᠲᠠ ᠰᠠᠶ᠋ᠢᠬᠠᠨ᠂ ᠥᠪᠡᠷᠮᠢᠴᠡ ᠣᠨᠴᠠᠯᠢᠭ᠎ᠲᠠᠢ ᠬᠢᠴᠢᠶᠡᠯ᠎ᠤᠨ ᠳᠣᠭᠲᠠᠯᠴᠠᠭ᠎ᠠ ᠵᠢ ᠪᠠᠢ᠌ᠭᠤᠯᠤᠨ᠂ ᠪᠦᠬᠦ ᠬᠣᠲᠠ ᠵᠢᠨ ᠡᠯ᠎ᠡ ᠳᠤᠮᠳᠠᠳᠤ ᠪᠠᠭ᠎ᠠ ᠰᠤᠷᠭ᠋ᠠᠭᠤᠯᠢ ᠵᠢᠨ᠎ᠬᠢᠨ ᠠᠯᠢ ᠣᠯᠠᠨ ᠥᠪᠡᠷᠮᠢᠴᠡ ᠣᠨᠴᠠᠯᠢᠭ᠎ᠲᠠᠢ ᠰᠤᠷᠭ᠋ᠠᠨ ᠬᠥᠮᠦᠵᠢᠯ᠎ᠤᠨ ᠦᠪᠡᠳᠡᠭᠰᠢ ᠠᠵᠢᠯᠯᠠᠭ᠎ᠠ ᠵᠢ ᠶᠡᠬᠡ᠎ᠪᠠᠷ ᠥᠷᠨᠢᠭᠦᠯᠦᠨ᠂ ᠰᠤᠷᠤᠭᠴᠢᠳ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠪᠠ᠃

ᠤᠯᠠᠭ᠋ᠠᠨᠬᠣᠲᠠ ᠵᠢᠨ ᠲᠡᠮᠦᠷ ᠵᠠᠮ᠎ᠤᠨ ᠪᠠᠷᠠᠭᠤᠨᠳᠠᠬᠢ ᠨᠢᠭᠡᠳᠦᠭᠡᠷ ᠪᠠᠭ᠎ᠠ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠲᠠᠯᠠᠪᠤᠷ᠎ᠲᠤ᠂ ᠪᠢᠴᠢᠬᠠᠨ ᠬᠥᠯ ᠪᠥᠮᠪᠦᠭᠡᠴᠢᠳ ᠭᠦᠶᠦᠯᠳᠦᠵᠦ᠂ ᠬᠥᠭᠡᠭᠡᠴᠡᠯᠳᠦᠵᠦ᠂ ᠪᠥᠮᠪᠦᠭᠡ ᠳᠠᠮᠵᠢᠭᠤᠯᠵᠤ᠂ ᠡᠭᠦᠳᠡ ᠤᠷᠤᠭᠤ ᠪᠥᠮᠪᠦᠭᠡ ᠢᠰᠭᠦᠯᠵᠦ᠂ ᠪᠥᠮᠪᠦᠭᠡᠨ ᠲᠠᠯᠠᠪᠤᠷ᠎ᠲᠤ ᠡᠷᠡᠮᠡᠬᠡᠢ᠌ᠯᠡᠨ ᠲᠡᠮᠡᠴᠡᠬᠦ ᠪᠡᠶ᠎ᠡ ᠵᠢᠨ ᠲᠠᠮᠢᠷ᠎ᠤᠨ ᠵᠣᠷᠢᠭ ᠰᠠᠨᠠᠭ᠎ᠠ ᠵᠢ ᠢᠯᠡᠷᠡᠭᠦᠯᠪᠡ᠃
《ᠪᠢ ᠬᠥᠯ ᠪᠥᠮᠪᠥᠭᠡ ᠢᠰᠭᠦᠯᠬᠦ ᠮᠠᠰᠢ ᠳᠤᠷᠠᠲᠠᠢ᠂ ᠪᠥᠮᠪᠥᠭᠡ ᠢᠰᠬᠦᠯᠬᠦ᠎ᠨᠢ ᠪᠢᠳᠡᠨ᠎ᠢ ᠵᠣᠷᠢᠭᠲᠠᠢ ᠪᠣᠯᠭ᠋ᠠᠬᠤ᠎ᠪᠠᠷ ᠪᠠᠷᠠᠬᠤ ᠦᠭᠡᠢ᠂ ᠪᠠᠰᠠ ᠪᠡᠶ᠎ᠡ ᠮᠠᠬᠠᠪᠣᠳ᠎ᠢ ᠪᠣᠯᠪᠠᠰᠤᠷᠠᠭᠤᠯᠳᠠᠭ᠃ ᠣᠳᠣ ᠰᠤᠷᠭ᠋ᠠᠭᠤᠯᠢ ᠶᠠᠭ ᠰᠠᠢ᠌ᠬᠠᠨ ᠬᠥᠯ ᠪᠥᠮᠪᠥᠭᠡ ᠢᠰᠬᠦᠯᠬᠦ ᠠᠵᠢᠯᠯᠠᠭ᠎ᠠ ᠥᠷᠨᠢᠭᠦᠯᠵᠦ ᠪᠣᠢ᠂ ᠪᠢ ᠬᠠᠮᠲᠤ ᠰᠤᠷᠤᠭᠴᠢᠳ᠎ᠲᠠᠢ᠎ᠪᠠᠨ ᠪᠡᠶ᠎ᠡ ᠵᠢᠨ ᠲᠠᠮᠢᠷ᠎ᠤᠨ ᠲᠠᠯᠠᠪᠤᠷ᠎ᠲᠤ ᠭᠦᠶᠦᠬᠦ ᠵᠢᠴᠢ ᠪᠥᠮᠪᠥᠭᠡ ᠢᠰᠬᠦᠯᠬᠦ ᠴᠠᠭ ᠮᠥᠴᠡ᠎ᠪᠠᠨ ᠲᠤᠢ᠌ᠯ ᠵᠶ᠋ᠠᠷ ᠨᠠᠨᠳᠢᠩᠨᠠᠵᠤ ᠶᠠᠪᠤᠨ᠎ᠠ》 ᠭᠡᠵᠦ ᠲᠡᠮᠦᠷ ᠵᠠᠮ᠎ᠤᠨ ᠨᠢᠭᠡᠳᠦᠭᠡᠷ ᠪᠠᠭ᠎ᠠ ᠰᠤᠷᠭ᠋ᠠᠭᠤᠯᠢ ᠵᠢᠨ ᠵᠢᠷᠭᠤᠳᠤᠭ᠋ᠠᠷ ᠣᠨ᠎ᠤ ᠨᠢᠭᠡᠳᠦᠭᠡᠷ ᠠᠩᠭᠢ ᠵᠢᠨ ᠰᠤᠷᠤᠭᠴᠢ ᠶᠠᠩ ᠹᠦ᠌ ᠵᠢᠶᠠ ᠶᠠᠷᠢᠪᠠ᠃
ᠤᠯᠠᠭ᠋ᠠᠨᠬᠣᠲᠠ ᠵᠢᠨ ᠾᠧ ᠵᠠᠨ ᠪᠠᠭ᠎ᠠ ᠰᠤᠷᠭ᠋ᠠᠭᠤᠯᠢ ᠵᠢᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠨᠡᠢ᠌ᠭᠡᠮ᠎ᠤᠨ ᠪᠦᠯᠬᠦᠮ᠎ᠤᠨ ᠥᠷᠦᠭᠡᠨ᠎ᠳᠤ ᠠᠯᠬᠤᠨ ᠣᠷᠣᠬᠤ᠎ᠳᠤ᠎ᠪᠠᠷ ᠵᠢᠷᠤᠭ᠎ᠤᠨ ᠤᠷᠠᠯᠢᠭ᠎ᠤᠨ ᠷᠢᠳᠢ ᠰᠢᠳᠢ ᠵᠢ ᠭᠠᠢ᠌ᠬᠠᠭᠤᠯᠤᠭᠰᠠᠨ ᠪᠥᠲᠦᠭᠡᠯ᠎ᠤᠳ ᠨᠢᠳᠦᠨ᠎ᠡ ᠳᠣᠲᠤᠷᠠᠳᠠᠭ᠂ ᠰᠡᠢ᠌ᠯᠦᠭᠦᠷ ᠪᠠᠷᠢᠨ ᠰᠡᠢ᠌ᠯᠵᠦ ᠪᠠᠶ᠋ᠢᠭ᠎ᠠ ᠰᠤᠷᠤᠭᠴᠢᠳ ᠥᠪᠡᠷ ᠵᠶ᠋ᠠᠨ ᠰᠡᠳᠬᠢᠨ ᠭᠣᠮ ᠲᠠᠮᠠᠭ᠎ᠠ ᠳᠡᠭᠡᠷ᠎ᠡ ᠨᠠᠷᠢᠨ ᠨᠢᠮᠪᠠᠢ ᠵᠢᠷᠤᠭ ᠰᠡᠶ᠋ᠢᠯᠵᠦ ᠪᠠᠶ᠋ᠢᠯ᠎ᠠ᠃


《ᠾᠧ ᠵᠠᠨ ᠪᠠᠭ᠎ᠠ ᠰᠤᠷᠭ᠋ᠠᠭᠤᠯᠢ ᠤᠯᠤᠰ᠎ᠤᠨ 〈ᠲᠠᠪᠤᠨ ᠬᠥᠮᠦᠵᠢᠯ〉᠎ᠢ ᠵᠡᠷᠭᠡ᠎ᠪᠠᠷ ᠴᠢᠬᠤᠯᠠᠴᠢᠯᠠᠬᠤ ᠴᠢᠭᠯᠡᠯᠲᠡ ᠵᠢ ᠦᠢ᠍ᠯᠡᠳᠦᠯᠭᠡᠵᠢᠭᠦᠯᠵᠦ᠂ ᠨᠡᠶ᠋ᠢᠭᠡᠮ᠎ᠤᠨ ᠪᠦᠯᠬᠦᠮ᠎ᠤᠨ ᠭᠤᠸ᠎ᠠ ᠰᠠᠶ᠋ᠢᠬᠠᠨ᠎ᠤ ᠬᠥᠮᠦᠵᠢᠯ᠎ᠤᠨ ᠬᠢᠴᠢᠶᠡᠯ ᠵᠶ᠋ᠡᠷ ᠳᠠᠮᠵᠢᠭᠤᠯᠤᠨ᠂ ᠪᠦᠬᠦ ᠠᠵᠢᠯᠲᠠᠨ᠎ᠤ᠎ᠪᠠᠷ ᠵᠢᠷᠤᠭ᠎ᠤᠨ ᠬᠢᠴᠢᠶᠡᠯ᠎ᠢ ᠰᠢᠨ᠎ᠡ᠎ᠪᠠᠷ ᠡᠭᠦᠳᠦᠨ ᠨᠡᠭᠡᠭᠡᠵᠦ᠂ ᠮᠣᠳᠣᠨ ᠰᠡᠶ᠋ᠢᠯᠦᠮᠡᠯ᠂ ᠪᠣᠳᠤᠭᠲᠤ ᠳᠠᠷᠤᠮᠠᠯᠯᠠᠯ᠂ ᠥᠩᠭᠡ ᠲᠣᠬᠣᠬᠤ᠂ ᠬᠥᠪᠭᠡᠭᠡᠷ ᠴᠠᠭ᠋ᠠᠰᠤᠨ᠎ᠪᠠᠷ᠎ᠤᠨ ᠵᠢᠷᠤᠭ ᠪᠣᠯᠤᠨ ᠬᠢᠲᠠᠳ ᠵᠢᠷᠤᠭ᠎ᠢ ᠠᠭᠤᠰᠬᠠᠬᠤ ᠵᠡᠷᠭᠡ ᠬᠢᠴᠢᠶᠡᠯ᠎ᠢ ᠬᠠᠮᠤᠷᠤᠭᠤᠯᠵᠤ᠂ ᠰᠤᠷᠤᠭᠴᠢᠳ᠎ᠤᠨ ᠤᠷᠠᠯᠢᠭ᠎ᠤᠨ ᠪᠦᠲᠦᠭᠡᠯᠴᠢ ᠬᠦᠴᠦᠨ᠎ᠢ ᠬᠥᠮᠦᠵᠢᠭᠦᠯᠬᠦ ᠵᠢᠨ ᠬᠠᠮᠲᠤ ᠶᠣᠰᠣ ᠰᠤᠷᠲᠠᠬᠤᠨ᠂ ᠣᠶᠤᠨ ᠤᠬᠠᠭ᠋ᠠᠨ᠂ ᠪᠡᠶ᠎ᠡ ᠮᠠᠬᠠᠪᠣᠳ ᠵᠢᠴᠢ ᠭᠤᠸ᠎ᠠ ᠰᠠᠶ᠋ᠢᠬᠠᠨ᠎ᠤ ᠬᠥᠮᠥᠵᠢᠯ᠎ᠢ ᠴᠢᠩᠭ᠋ᠠᠷᠠᠭᠤᠯᠤᠨ᠂ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠪᠠᠶᠠᠯᠢᠭ ᠰᠠᠶ᠋ᠢᠬᠠᠨ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠢ ᠪᠣᠢ ᠪᠣᠯᠭ᠋ᠠᠪᠠ》 ᠭᠡᠵᠦ ᠾᠧ ᠵᠠᠨ ᠪᠠᠭ᠎ᠠ ᠰᠤᠷᠭ᠍ᠠᠭ᠍ᠤᠯᠢ ᠵᠢᠨ ᠵᠢᠭ᠋ᠠᠨ ᠰᠤᠷᠭ᠋ᠠᠯᠲᠠ ᠵᠢᠨ ᠲᠥᠪ᠎ᠤᠨ ᠳᠡᠳ᠋ ᠡᠷᠬᠢᠯᠡᠭᠴᠢ ᠫᠠᠨ ᠾᠥᠩ ᠢᠦᠢ ᠶᠠᠷᠢᠪᠠ᠃

ᠤᠯᠠᠭ᠋ᠠᠨᠬᠣᠲᠠ ᠵᠢᠨ ᠾᠥᠩ ᠶᠦᠨ ᠬᠦᠰᠡᠯ ᠪᠠᠭ᠎ᠠ ᠰᠤᠷᠭ᠋ᠠᠭᠤᠯᠢ ᠵᠢᠨ 《ᠬᠥᠳᠡᠯᠮᠦᠷᠢ ᠵᠢᠨ ᠦᠢ᠍ᠯᠡᠳᠦᠯᠭᠡ ᠵᠢᠨ ᠰᠠᠭᠤᠷᠢᠨ ᠭᠠᠵᠠᠷ》᠎ᠲᠤ᠂ ᠲᠤᠰ ᠲᠤᠰ᠎ᠤᠨ ᠣᠨᠴᠠᠯᠢᠭ᠎ᠲᠠᠢ ᠬᠥᠳᠡᠯᠮᠦᠷᠢ ᠵᠢᠨ ᠬᠢᠴᠢᠶᠡᠯ ᠭᠠᠶ᠋ᠢᠬᠠᠮᠰᠢᠭᠲᠤ ᠲᠦᠯᠬᠢᠭᠦᠷ ᠮᠡᠲᠦ ᠰᠤᠷᠤᠭᠴᠢᠳ᠎ᠤᠨ ᠪᠦᠬᠦ ᠲᠠᠯ᠎ᠠ᠎ᠪᠠᠷ ᠬᠥᠭᠵᠢᠬᠦ ᠵᠠᠮ᠎ᠢ ᠨᠡᠭᠡᠭᠡᠪᠡ᠃ ᠲᠠᠷᠢᠶᠠᠯᠠᠭ᠎ᠠ ᠵᠢᠨ ᠬᠢᠴᠢᠶᠡᠯ ᠳᠡᠭᠡᠷ᠎ᠡ᠂ ᠬᠡᠦᠬᠡᠳ᠎ᠤᠳ ᠢᠳᠡᠭᠡᠨ᠎ᠳᠤ ᠬᠡᠷᠡᠭᠯᠡᠬᠦ ᠵᠢᠶᠦ᠋ᠨ ᠵᠢᠶᠦ᠋ᠨ ᠪᠠᠩᠢ ᠤᠰᠤᠯᠠᠵᠤ᠂ ᠮᠥᠭᠥ ᠵᠢᠨ ᠤᠷᠭᠤᠯᠲᠠ ᠵᠢᠨ ᠪᠠᠶ᠋ᠢᠳᠠᠯ᠎ᠢ ᠠᠵᠢᠭᠯᠠᠨ ᠲᠡᠮᠳᠡᠭᠯᠡᠪᠡ᠃ ᠡᠭᠦᠨ᠎ᠤ ᠬᠠᠮᠲᠤ᠂ ᠮᠠᠨᠲᠠᠤ ᠵᠢᠩᠨᠡᠬᠦ᠂ ᠭᠠᠷ ᠤᠷᠠᠯᠠᠯ ᠵᠡᠷᠭᠡ ᠣᠯᠠᠨ ᠵᠦᠢ᠍ᠯ᠎ᠤᠨ ᠬᠢᠴᠢᠶᠡᠯ᠎ᠢ ᠨᠡᠭᠡᠭᠡᠵᠦ᠂ ᠰᠤᠷᠤᠭᠴᠢᠳ ᠬᠥᠳᠡᠯᠮᠦᠷᠢ᠎ᠠᠴᠠ ᠠᠮᠢᠳᠤᠷᠠᠯ᠎ᠤᠨ ᠬᠠᠪᠤ ᠴᠡᠩᠭᠡᠯ᠎ᠢ ᠡᠳ᠋ᠯᠡᠵᠦ᠂ ᠠᠮᠵᠢᠯᠲᠠ ᠵᠢᠨ ᠪᠠᠶᠠᠷ ᠪᠠᠬᠠᠳᠤᠯ᠎ᠢ ᠮᠡᠳᠡᠷᠡᠪᠡ᠃

《ᠭᠠᠭᠴᠠ ᠬᠦ᠌ ᠢᠮᠠᠭᠲᠠ ᠶᠣᠰᠣ ᠰᠤᠷᠲᠠᠬᠤᠨ᠂ ᠣᠶᠤᠨ ᠤᠬᠠᠭ᠋ᠠᠨ᠂ ᠪᠡᠶ᠎ᠡ ᠮᠠᠬᠠᠪᠣᠳ᠂ ᠭᠤᠸ᠎ᠠ ᠰᠠᠶ᠋ᠢᠬᠠᠨ᠂ ᠬᠥᠳᠡᠯᠮᠦᠷᠢ ᠵᠡᠷᠭᠡ 〈ᠲᠠᠪᠤᠨ ᠬᠥᠮᠦᠵᠢᠯ〉᠎ᠢ ᠵᠡᠷᠭᠡ᠎ᠪᠠᠷ ᠠᠳᠬᠤᠵᠤ ᠠᠭᠤᠰᠬᠠᠨ ᠬᠥᠭᠵᠢᠭᠦᠯᠬᠦ ᠵᠢ ᠪᠠᠷᠢᠮᠲᠠᠯᠠᠪᠠᠯ ᠰᠠᠶᠢ ᠰᠤᠷᠤᠭᠴᠢᠳ᠎ᠤᠨ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠵᠤ ᠴᠢᠳᠠᠨ᠎ᠠ》 ᠭᠡᠵᠦ ᠤᠯᠠᠭ᠋ᠠᠨᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢ ᠰᠢᠶᠣᠤ ᠢᠦᠢ ᠶᠠᠷᠢᠪᠠ᠃ ᠵᠠᠯᠭ᠋ᠠᠭ᠋ᠠᠳ᠂ ᠤᠯᠠᠭ᠋ᠠᠨᠬᠣᠲᠠ ᠵᠢᠨ 35 ᠳᠤᠮᠳᠠᠳᠤ ᠪᠠᠭ᠎ᠠ ᠰᠤᠷᠭ᠋ᠠᠭᠤᠯᠢ ᠰᠤᠷᠭ᠋ᠠᠨ ᠬᠥᠮᠦᠵᠢᠯ᠎ᠤᠨ ᠬᠡᠯᠪᠡᠷᠢ ᠵᠢᠨ ᠰᠢᠨ᠎ᠡ ᠵᠢ ᠲᠠᠰᠤᠷᠠᠯᠲᠠ ᠥᠬᠡᠶ ᠡᠭᠦᠳᠴᠦ᠂ 《ᠲᠠᠪᠤᠨ ᠬᠥᠮᠦᠵᠢᠯ》᠎ᠢ ᠵᠡᠷᠭᠡ᠎ᠪᠠᠷ ᠠᠳᠬᠤᠨ᠂ ᠪᠦᠬᠦ ᠲᠠᠯ᠎ᠠ᠎ᠪᠠᠷ ᠬᠥᠮᠦᠵᠢᠭᠦᠯᠬᠦ ᠰᠤᠷᠭ᠋ᠠᠨ ᠬᠥᠮᠦᠵᠢᠯ᠎ᠤᠨ ᠳᠣᠭᠲᠠᠯᠴᠠᠭ᠎ᠠ ᠵᠢ ᠴᠢᠷᠮᠠᠶ᠋ᠢᠨ ᠪᠠᠶ᠋ᠢᠭᠤᠯᠵᠤ᠂ ᠰᠤᠷᠤᠭᠴᠢᠳ᠎ᠢ ᠶᠣᠰᠣ ᠰᠤᠷᠲᠠᠬᠤᠨ᠂ ᠣᠶᠤᠨ ᠤᠬᠠᠭ᠋ᠠᠨ᠂ ᠪᠡᠶ᠎ᠡ ᠮᠠᠬᠠᠪᠣᠳ᠂ ᠭᠤᠸ᠎ᠠ ᠰᠠᠶ᠋ᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ᠎ᠪᠠᠷ ᠬᠥᠭᠵᠢᠭᠰᠡᠨ ᠨᠡᠶ᠋ᠢᠭᠡᠮ ᠵᠢᠷᠤᠮ᠎ᠤᠨ ᠪᠦᠲᠦᠭᠡᠨ ᠪᠠᠶ᠋ᠢᠭᠤᠯᠤᠭᠴᠢ ᠪᠠ ᠵᠠᠯᠭ᠋ᠠᠮᠵᠢᠯᠠᠭᠴᠢ ᠪᠣᠯᠭ᠋ᠠᠬᠤ᠎ᠪᠠᠷ ᠴᠢᠷᠮᠠᠢ᠌ᠨ᠂ ᠤᠯᠤᠰ ᠪᠠ ᠦᠨᠳᠦᠰᠦᠲᠡᠨ᠎ᠤ ᠬᠥᠭᠵᠢᠯᠲᠡ᠎ᠳᠤ ᠵᠠᠯᠠᠭᠤ ᠨᠠᠰᠤᠨ᠎ᠤ ᠬᠦᠴᠦᠨ ᠴᠢᠳᠠᠯ᠎ᠢ ᠲᠠᠰᠤᠷᠠᠯᠲᠠ ᠦᠭᠡᠢ ᠡᠷᠭᠦᠨ᠎ᠡ᠃