ᠳᠡᠭᠡᠳᠦ ᠱᠠᠲᠤᠨ᠎ᠤ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠡᠯ᠎ᠡ ᠵᠦᠢ᠍ᠯ᠎ᠤᠨ ᠠᠵᠢᠯ᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠬᠤ ᠵᠢᠨ ᠲᠥᠯᠥᠭᠡ᠂ 11 ᠰᠠᠷ᠎ᠠ ᠵᠢᠨ 20᠎ᠤ ᠡᠳᠦᠷ᠎ᠤᠨ ᠦᠳᠡ ᠵᠢᠨ ᠬᠣᠶ᠋ᠢᠨ᠎ᠠ᠂ ᠬᠣᠲᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ 2024 ᠣᠨ᠎ᠤ ᠪᠦᠬᠦ ᠬᠣᠲᠠ ᠵᠢᠨ ᠠᠷᠪᠠᠨ ᠳᠥᠷᠪᠡᠳᠦᠭᠡᠷ ᠤᠳᠠᠭ᠋ᠠᠨ᠎ᠤ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠠᠵᠢᠯ᠎ᠤᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠪᠠ᠃ ᠬᠤᠷᠠᠯ᠎ᠢ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠲᠥᠪ᠎ᠤᠨ ᠡᠷᠬᠢᠯᠡᠭᠴᠢ ᠪᠠᠢ ᠽᠢ ᠺᠥᠸᠧ ᠡᠷᠬᠢᠯᠡᠵᠦ᠂ ᠳᠡᠳ᠋ ᠲᠣᠪᠴᠢᠶᠠᠨ ᠳᠠᠷᠤᠭ᠎ᠠ ᠮᠠᠨᠳᠤᠬᠤ ᠵᠢᠴᠢ ᠰᠤᠷᠭ᠋ᠠᠭᠤᠯᠢ ᠵᠢᠨ ᠡᠯ᠎ᠡ ᠬᠤᠪᠢᠳᠠᠨ ᠬᠠᠮᠢᠶᠠᠷᠴᠤ ᠪᠠᠶ᠋ᠢᠭ᠎ᠠ ᠳᠠᠷᠤᠭ᠎ᠠ ᠬᠤᠷᠠᠯ᠎ᠳᠤ ᠣᠷᠣᠯᠴᠠᠪᠠ᠃

ᠬᠤᠷᠠᠯ ᠳᠡᠭᠡᠷ᠎ᠡ 《ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠬᠦᠨᠳᠦ ᠶᠡᠬᠡ ᠠᠳᠠᠯ᠎ᠤᠨ ᠳᠠᠯᠳᠠ ᠭᠡᠮ᠎ᠢ ᠮᠠᠭ᠋ᠠᠳᠯᠠᠨ ᠲᠣᠭᠲᠠᠭ᠋ᠠᠬᠤ ᠵᠦᠭᠯᠡᠭᠦᠷ》᠎ᠢ ᠰᠤᠷᠤᠯᠴᠠᠵᠤ᠂ ᠣᠶ᠋ᠢᠷ᠎ᠠ ᠵᠢᠨ ᠡᠳᠦᠷ᠂ ᠡᠯ᠎ᠡ ᠲᠥᠷᠥᠯ᠎ᠤᠨ ᠠᠶᠤᠯ ᠦᠭᠡᠢ ᠦᠢ᠍ᠯᠡᠳᠪᠦᠷᠢᠯᠡᠯ ᠵᠢᠴᠢ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠠᠳᠠᠯᠢ ᠳᠠᠮᠵᠢᠭᠤᠯᠤᠨ ᠮᠡᠳᠡᠭᠡᠯᠡᠬᠦ᠎ᠪᠠᠷ ᠳᠠᠮᠵᠢᠨ᠂ ᠶᠡᠷᠦᠩᠬᠡᠢ ᠱᠦᠵᠢ ᠰᠢ ᠵᠢᠨ ᠫᠢᠩ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠲᠤᠬᠠᠢ ᠴᠢᠬᠤᠯᠠ ᠥᠭᠦᠯᠡᠯᠲᠡ᠂ ᠬᠠᠮᠢᠶ᠎ᠠ ᠪᠦᠬᠦᠢ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠠᠶ᠋ᠢᠮᠠᠭ᠂ ᠬᠣᠲᠠ ᠵᠢᠨ ᠡᠯ᠎ᠡ ᠱᠠᠲᠤᠨ᠎ᠤ ᠠᠮᠤᠷ ᠲᠦᠪᠰᠢᠨ᠎ᠤ ᠠᠵᠢᠯ᠎ᠤᠨ ᠬᠤᠷᠠᠯ ᠵᠢᠴᠢ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠳᠠᠮᠵᠢᠭᠤᠯᠤᠨ ᠰᠤᠷᠤᠯᠴᠠᠪᠠ᠃

ᠬᠤᠷᠠᠯ᠎ᠠᠴᠠ ᠣᠶ᠋ᠢᠷ᠎ᠠ ᠵᠢᠨ ᠬᠤᠭᠤᠴᠠᠭ᠋ᠠᠨ᠎ᠤ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠠᠵᠢᠯ᠎ᠢ ᠤᠯᠠᠮ ᠨᠢᠭᠡ ᠠᠯᠬᠤᠮ ᠲᠣᠬᠢᠷᠠᠭᠤᠯᠤᠨ ᠪᠠᠢ᠌ᠷᠢᠯᠠᠭᠤᠯᠪᠠ᠃ ᠨᠢᠭᠡ᠎ᠳᠤ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠤᠬᠠᠮᠰᠠᠷ᠂ ᠬᠠᠮᠢᠶᠠᠷᠤᠯᠲᠠ ᠵᠢᠨ ᠤᠬᠠᠮᠰᠠᠷ᠎ᠢ ᠦᠷᠭᠦᠯᠵᠢᠯᠡᠨ ᠳᠡᠭᠡᠭᠰᠢᠯᠡᠭᠦᠯᠵᠦ᠂ ᠰᠤᠷᠭ᠋ᠠᠭᠤᠯᠢ ᠵᠢᠨ ᠬᠣᠭᠣᠯᠠᠨ ᠭᠡᠷ᠂ ᠠᠮᠤᠷ᠎ᠢ ᠬᠠᠮᠠᠭ᠋ᠠᠯᠠᠬᠤ ᠲᠠᠰᠤᠭ᠎ᠤᠨ ᠪᠦᠲᠦᠭᠡᠨ ᠪᠠᠶ᠋ᠢᠭᠤᠯᠤᠯᠲᠠ᠂ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ᠂ ᠥᠨᠳᠥᠷ ᠳᠡᠭᠡᠷ᠎ᠡ᠎ᠠᠴᠠ ᠶᠠᠭᠤᠮ᠎ᠠ ᠤᠨᠠᠬᠤ᠂ ᠶᠡᠬᠡ ᠴᠢᠳᠠᠮᠵᠢᠲᠤ ᠴᠠᠬᠢᠯᠭ᠋ᠠᠨ ᠬᠡᠷᠡᠭᠯᠡᠬᠦ ᠬᠡᠰᠡᠭ ᠪᠠ ᠲᠥᠬᠥᠭᠡᠷᠦᠮᠵᠢ ᠵᠡᠷᠭᠡ ᠠᠮᠤᠷ ᠲᠦᠪᠰᠢᠨ᠎ᠤ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ; ᠬᠣᠶᠠᠷ᠎ᠲᠤ᠂ ᠠᠩᠭᠢ ᠵᠢᠨ ᠬᠤᠷᠠᠯ᠂ ᠠᠮᠤᠷ ᠲᠦᠪᠰᠢᠨ᠎ᠤ ᠬᠥᠮᠦᠵᠢᠯ᠎ᠤᠨ ᠬᠢᠴᠢᠶᠡᠯ ᠵᠡᠷᠭᠡ ᠬᠡᠯᠪᠡᠷᠢ᠎ᠪᠠᠷ ᠰᠤᠷᠤᠭᠴᠢᠳ᠎ᠲᠤ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ᠂ ᠨᠠᠰᠤᠨ᠎ᠳᠤ ᠦᠯᠦ ᠬᠦᠷᠦᠭᠰᠡᠳ᠎ᠤᠨ ᠴᠠᠬᠢᠯᠭ᠋ᠠᠨ ᠬᠥᠳᠡᠯᠭᠡᠭᠦᠷᠲᠦ ᠲᠡᠷᠭᠡ ᠤᠨᠤᠬᠤ᠂ ᠰᠤᠷᠤᠭᠴᠢᠳ᠎ᠤᠨ ᠳᠣᠷᠣᠮᠵᠢᠯᠠᠯ᠂ ᠥᠨᠳᠥᠷ ᠭᠠᠵᠠᠷ᠎ᠠᠴᠠ ᠶᠠᠭᠤᠮ᠎ᠠ ᠤᠨᠠᠬᠤ ᠵᠡᠷᠭᠡ ᠠᠮᠤᠷ ᠲᠦᠪᠰᠢᠨ᠎ᠤ ᠬᠥᠮᠦᠵᠢᠯ ᠬᠢᠬᠦ ᠬᠡᠷᠡᠭᠲᠡᠢ; ᠭᠤᠷᠪᠠ᠎ᠳᠤ᠂ ᠵᠢᠵᠢᠭᠦᠷᠯᠡᠨ ᠰᠠᠬᠢᠬᠤ ᠬᠠᠷᠢᠭᠤᠴᠠᠯᠭ᠎ᠠ ᠵᠢᠨ ᠤᠬᠠᠮᠰᠠᠷ᠎ᠢ ᠴᠢᠩᠭ᠋ᠠᠳᠬᠠᠵᠤ᠂ ᠰᠤᠷᠭ᠋ᠠᠭᠤᠯᠢ ᠵᠢᠨ ᠠᠮᠤᠷ᠎ᠢ ᠬᠠᠮᠠᠭ᠋ᠠᠯᠠᠬᠤ ᠲᠠᠰᠤᠭ᠂ ᠰᠤᠷᠤᠭᠴᠢ ᠵᠢᠨ ᠪᠠᠶ᠋ᠢᠷᠢ᠂ ᠵᠢᠭ᠋ᠠᠨ ᠰᠤᠷᠭ᠋ᠠᠯᠲᠠ ᠵᠢᠨ ᠠᠰᠠᠷ ᠵᠡᠷᠭᠡ ᠭᠣᠣᠯᠳᠠᠯᠭ᠎ᠠ᠎ᠲᠠᠢ ᠣᠷᠣᠨ ᠪᠠᠶ᠋ᠢᠷᠢ᠂ ᠬᠡᠰᠡᠭ ᠭᠠᠵᠠᠷ᠎ᠤᠨ ᠠᠮᠤᠷ ᠲᠦᠪᠰᠢᠨ᠎ᠢ ᠵᠢᠵᠢᠭᠦᠷᠯᠡᠨ ᠰᠠᠬᠢᠬᠤ᠂ ᠠᠮᠤᠷ ᠲᠦᠪᠰᠢᠨ ᠢ ᠪᠠᠢ᠌ᠴᠠᠭ᠋ᠠᠬᠤ ᠠᠵᠢᠯ᠎ᠢ ᠴᠢᠩᠭ᠋ᠠᠳᠬᠠᠵᠤ᠂ ᠰᠤᠷᠭ᠋ᠠᠭᠤᠯᠢ ᠵᠢᠨ ᠡᠭᠦᠳᠡᠨ᠎ᠤ ᠨᠢᠭᠡᠳᠦᠭᠡᠷ ᠰᠡᠷᠭᠡᠶ᠋ᠢᠯᠡᠯᠲᠡ ᠵᠢᠨ ᠱᠤᠭᠤᠮ᠎ᠢ ᠰᠠᠶ᠋ᠢᠲᠤᠷ ᠰᠠᠬᠢᠵᠤ᠂ ᠵᠢᠷᠤᠮᠵᠢᠭᠤᠯᠬᠤ ᠱᠠᠭ᠋ᠠᠷᠳᠠᠯᠭ᠎ᠠ ᠶᠣᠰᠣᠭ᠋ᠠᠷ ᠮᠥᠷᠭᠥᠯᠳᠦᠬᠦ ᠵᠢ ᠰᠡᠷᠭᠡᠶ᠋ᠢᠯᠡᠬᠦ ᠲᠥᠬᠥᠭᠡᠷᠦᠮᠵᠢ ᠵᠢ ᠵᠣᠬᠢᠰᠲᠠᠢ ᠲᠣᠬᠢᠷᠠᠭᠤᠯᠵᠤ᠂ ᠰᠤᠷᠤᠭᠴᠢ᠂ ᠪᠠᠭᠰᠢ ᠨᠠᠷ ᠢᠷᠡᠮᠡᠭᠴᠡ ᠰᠤᠷᠭ᠋ᠠᠭᠤᠯᠢ ᠵᠢᠨ ᠬᠦᠷᠢᠶᠡᠨ᠎ᠳᠤ ᠣᠷᠣᠵᠤ ᠵᠢ ᠪᠡᠶᠡᠯᠡᠭᠦᠯᠵᠦ᠂ ᠣᠷᠣᠰᠢᠵᠤ ᠪᠠᠶ᠋ᠢᠭ᠎ᠠ ᠠᠰᠠᠭᠤᠳᠠᠯ᠎ᠢ ᠳᠠᠷᠤᠢ᠎ᠳᠤ᠎ᠨᠢ ᠢᠯᠡᠷᠡᠭᠦᠯᠵᠦ᠂ ᠰᠢᠢ᠍ᠳᠪᠦᠷᠢᠯᠡᠬᠦ ᠬᠡᠷᠡᠭᠲᠡᠢ; ᠳᠥᠷᠪᠡ᠎ᠳᠤ᠂ ᠰᠤᠷᠭ᠋ᠠᠭᠤᠯᠢ ᠵᠢᠨ ᠬᠦᠷᠢᠶᠡᠨ᠎ᠤ ᠳᠣᠷᠣᠮᠵᠢᠯᠠᠯ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠵᠢ ᠪᠠᠢ᠌ᠩᠭᠤ ᠵᠢᠭᠰᠠᠭ᠋ᠠᠨ ᠪᠠᠢ᠌ᠴᠠᠭ᠋ᠠᠵᠤ᠂ ᠱᠠᠯᠢᠭ ᠵᠠᠪᠬᠠᠢ ᠵᠦᠢ᠍ᠯ᠎ᠢ ᠠᠷᠢᠯᠭ᠋ᠠᠵᠤ᠂ ᠬᠠᠤᠯᠢ ᠪᠤᠰᠤ ᠬᠡᠪᠯᠡᠭᠳᠡᠬᠦᠨ᠎ᠳᠤ ᠴᠣᠬᠢᠯᠲᠠ ᠥᠭᠭᠦᠨ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠳᠠᠩᠰᠠ ᠡᠪᠬᠡᠮᠡᠯ᠎ᠢ ᠡᠮᠬᠢᠯᠡᠬᠦ ᠵᠡᠷᠭᠡ ᠡᠳᠦᠷ ᠲᠤᠲᠤᠮ᠎ᠤᠨ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠠᠮᠤᠷ ᠲᠠᠢ᠌ᠪᠤᠭᠤᠨ ᠰᠤᠷᠭ᠋ᠠᠭᠤᠯᠢ ᠵᠢᠨ ᠬᠦᠷᠢᠶ᠎ᠡ᠂ ᠡᠶ᠎ᠡ ᠵᠣᠬᠢᠴᠠᠩᠭᠤᠢ ᠰᠤᠷᠭ᠋ᠠᠭᠤᠯᠢ ᠵᠢᠨ ᠬᠦᠷᠢᠶ᠎ᠡ ᠵᠢ ᠦᠷᠭᠦᠯᠵᠢᠯᠡᠨ ᠡᠭᠦᠳᠦᠨ ᠪᠠᠶ᠋ᠢᠭᠤᠯᠬᠤ ᠬᠡᠷᠡᠭᠲᠡᠢ᠃ ᠬᠤᠷᠠᠯ᠎ᠠᠴᠠ᠂ ᠨᠡᠶ᠋ᠢᠭᠡᠮ᠎ᠤᠨ ᠠᠮᠤᠷ ᠲᠦᠪᠰᠢᠨ᠎ᠳᠤ ᠬᠠᠮᠤᠭ᠎ᠤᠨ ᠴᠢᠬᠤᠯᠠ᠎ᠨᠢ ᠬᠥᠮᠦᠨ᠎ᠤ ᠪᠡᠶ᠎ᠡ ᠵᠢᠨ ᠠᠮᠤᠷ ᠲᠦᠪᠰᠢᠨ ᠪᠠᠶ᠋ᠢᠵᠤ᠂ ᠬᠡᠦᠬᠡᠳ᠎ᠤᠨ ᠠᠮᠤᠷ ᠲᠦᠪᠰᠢᠨ᠎ᠢ ᠬᠠᠮᠤᠭ᠎ᠠᠴᠠ ᠢᠯᠡᠭᠦᠦ ᠴᠢᠬᠤᠯᠠᠴᠢᠯᠠᠵᠤ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠢ ᠴᠢᠩᠭ᠋ᠠᠳᠬᠠᠬᠤ ᠵᠢᠨ ᠴᠢᠬᠤᠯᠠ ᠴᠢᠨᠠᠷ ᠪᠣᠯᠤᠨ ᠲᠤᠯᠭ᠋ᠠᠮ ᠴᠢᠨᠠᠷ᠎ᠢ ᠭᠦᠢ᠍ᠴᠡᠳ ᠲᠠᠨᠢᠵᠤ᠂ ᠪᠠᠭᠰᠢ ᠰᠤᠷᠤᠭᠴᠢᠳ᠎ᠤᠨ ᠠᠮᠤᠷ ᠲᠦᠪᠰᠢᠨ᠎ᠢ ᠬᠠᠮᠠᠭ᠋ᠠᠯᠠᠬᠤ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠵᠦ᠂ ᠠᠮᠤᠷ ᠲᠦᠪᠰᠢᠨ᠎ᠤ ᠠᠳᠠᠯ ᠭᠠᠷᠬᠤ ᠦᠭᠡᠢ ᠪᠠᠶ᠋ᠢᠬᠤ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃