ᠬᠥᠬᠡᠬᠣᠲᠠ᠄ ᠬᠣᠲᠠ ᠬᠥᠳᠡᠭᠡ ᠵᠢ ᠤᠶᠠᠯᠳᠤᠭᠤᠯᠤᠨ ᠰᠤᠷᠭ᠋ᠠᠭᠤᠯᠢ ᠡᠷᠬᠢᠯᠡᠵᠦ᠂ ᠰᠢᠯᠢᠳᠡᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠬᠠᠮᠲᠤ᠎ᠳᠤ᠎ᠪᠠᠨ ᠬᠤᠪᠢᠶᠠᠯᠴᠠᠵᠤ᠂ ᠭᠡᠷ᠎ᠤᠨ ᠡᠭᠦᠳᠡᠨ᠎ᠳᠠᠬᠢ ᠰᠠᠶ᠋ᠢᠨ ᠰᠤᠷᠭ᠋ᠠᠭᠤᠯᠢ ᠵᠢ ᠪᠠᠶ᠋ᠢᠭᠤᠯᠪᠠ
ᠣᠶ᠋ᠢᠷ᠎ᠠ ᠵᠢᠨ ᠵᠢᠯ᠂ ᠬᠥᠬᠡᠬᠣᠲᠠ ᠵᠢᠨ᠎ᠬᠢᠨ ᠰᠤᠷᠭ᠋ᠠᠨ ᠬᠥᠮᠦᠵᠢᠯ᠎ᠢ ᠣᠯᠠᠨ ᠲᠦᠮᠡᠨ᠎ᠳᠤ ᠵᠣᠯ ᠵᠢᠷᠭ᠋ᠠᠯ ᠭᠦᠷᠲᠡᠭᠡᠬᠦ ᠴᠢᠬᠤᠯᠠ ᠭᠠᠷᠳᠠᠴᠠ ᠪᠣᠯᠭ᠋ᠠᠵᠤ᠂ 《ᠰᠤᠷᠤᠯᠴᠠᠬᠤ᠎ᠳᠤ ᠲᠠᠭ᠋ᠠᠲᠠᠢ ᠬᠣᠲᠠ》 ᠵᠢ ᠪᠦᠲᠦᠭᠡᠨ ᠪᠠᠢ᠌ᠭᠤᠯᠬᠤ ᠬᠠᠷᠠᠯᠲᠠ ᠵᠢᠨ ᠲᠣᠭᠣᠷᠢᠨ᠎ᠳᠤ᠂ ᠰᠢᠯᠢᠳᠡᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠬᠠᠩᠭ᠋ᠠᠯᠭ᠎ᠠ ᠵᠢ ᠨᠡᠮᠡᠭᠳᠡᠭᠦᠯᠦᠨ᠂ ᠰᠤᠷᠭ᠋ᠠᠨ ᠬᠥᠮᠦᠵᠢᠯ᠎ᠤᠨ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠬᠤᠷᠳᠤᠴᠠ ᠵᠢ ᠲᠦᠷᠭᠡᠳᠬᠡᠵᠦ᠂ ᠪᠦᠬᠦ ᠬᠣᠲᠠ ᠵᠢᠨ ᠰᠤᠷᠭ᠋ᠠᠨ ᠬᠥᠮᠦᠵᠢᠯ᠎ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠵᠢ ᠠᠬᠢᠭᠤᠯᠬᠤ᠎ᠳᠤ ᠦᠷᠭᠦᠯᠵᠢᠯᠡᠨ ᠬᠦᠴᠦᠨ ᠨᠡᠮᠡᠷᠢᠯᠡᠵᠦ᠂ ᠬᠠᠯᠠᠭᠤᠨ ᠳᠤᠯᠠᠭ᠋ᠠᠨ᠂ ᠴᠢᠨᠠᠷᠯᠢᠭ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠡᠷᠬᠢᠯᠡᠪᠡ᠃
ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ ᠵᠢᠨ ᠵᠢᠨ ᠾᠧ ᠰᠤᠷᠭ᠋ᠠᠭᠤᠯᠢ ᠵᠢᠨ ᠲᠣᠭᠣᠷᠢᠭ᠎ᠲᠤ ᠠᠯᠬᠤᠨ ᠣᠷᠣᠬᠤ᠎ᠳᠤ ᠣᠩᠰᠢᠯᠭ᠎ᠠ ᠵᠢᠨ ᠳᠠᠭᠤᠨ ᠰᠤᠷᠭ᠋ᠠᠭᠤᠯᠢ ᠵᠢᠨ ᠬᠦᠷᠢᠶ᠎ᠡ ᠳᠦᠭᠦᠷᠡᠩ ᠴᠤᠤᠷᠢᠶᠠᠳᠤᠨ᠎ᠠ᠃ ᠡᠨᠡ ᠰᠤᠷᠭ᠋ᠠᠭᠤᠯᠢ ᠪᠣᠯ ᠤᠤᠯ᠎ᠤᠨ ᠬᠣᠲᠠ ᠵᠢᠨ ᠠᠷᠪᠠᠨ ᠨᠢᠭᠡᠳᠦᠭᠡᠷ ᠳᠤᠮᠳᠠᠳᠤ ᠰᠤᠷᠭ᠋ᠠᠭᠤᠯᠢ ᠶᠤᠮ᠃ ᠥᠩᠭᠡᠷᠡᠭᠰᠡᠨ ᠬᠡᠳᠦᠨ ᠵᠢᠯ᠂ ᠬᠥᠬᠡᠬᠣᠲᠠ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ᠎ᠠᠴᠠ ᠰᠢᠯᠲᠠᠭ᠋ᠠᠯᠠᠨ᠂ ᠰᠤᠷᠭ᠋ᠠᠭᠤᠯᠢ ᠵᠢᠨ ᠰᠤᠷᠤᠭᠴᠢ ᠵᠢᠨ ᠢᠷᠡᠯᠲᠡ ᠬᠣᠮᠰᠠᠳᠠᠵᠤ᠂ ᠨᠢᠳᠤᠨᠤᠨ ᠵᠢᠯ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠵᠦᠪᠬᠡᠨ 11 ᠰᠤᠷᠤᠭᠴᠢ ᠡᠯᠰᠡᠪᠡ᠃ ᠡᠨᠡ ᠬᠦ᠌ ᠪᠠᠶ᠋ᠢᠳᠠᠯ᠎ᠢ ᠬᠤᠪᠢᠷᠠᠭᠤᠯᠬᠤ ᠵᠢᠨ ᠲᠥᠯᠥᠭᠡ᠂ 2022 ᠣᠨ᠎ᠳᠤ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ ᠪᠣᠯᠤᠨ ᠬᠣᠲᠠ ᠵᠢᠨ ᠠᠷᠪᠠᠨ ᠨᠢᠭᠡᠳᠦᠭᠡᠷ ᠳᠤᠮᠳᠠᠳᠤ ᠰᠤᠷᠭ᠋ᠠᠭᠤᠯᠢ ᠬᠣᠲᠠ ᠬᠥᠳᠡᠭᠡ ᠵᠢ ᠨᠢᠭᠡ ᠴᠣᠭᠴᠠᠵᠢᠭᠤᠯᠤᠨ ᠰᠤᠷᠭ᠋ᠠᠭᠤᠯᠢ ᠡᠷᠬᠢᠯᠡᠬᠦ ᠵᠢ ᠵᠢᠩᠬᠢᠨᠢ᠎ᠪᠠᠷ ᠨᠠᠶ᠋ᠢᠳᠠᠪᠤᠷᠢᠵᠢᠭᠤᠯᠵᠤ᠂ ᠡᠨᠡ ᠵᠢᠯ᠎ᠤᠨ 9 ᠰᠠᠷ᠎ᠠ᠎ᠳᠤ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ ᠵᠢᠨ ᠵᠢᠨ ᠾᠧ ᠰᠤᠷᠭ᠋ᠠᠭᠤᠯᠢ ᠵᠢᠨ ᠲᠣᠭᠣᠷᠢᠭ ᠵᠢᠩᠬᠢᠨᠢ᠎ᠪᠠᠷ ᠰᠤᠷᠤᠭᠴᠢ ᠡᠯᠰᠡᠵᠦ᠂ 4 ᠠᠩᠭᠢ᠎ᠳᠤ 134 ᠰᠤᠷᠤᠭᠴᠢ ᠡᠯᠰᠡᠬᠦ ᠬᠠᠷᠠᠯᠲᠠ ᠵᠢ ᠲᠡᠭᠦᠰ ᠠᠮᠵᠢᠯᠲᠠ᠎ᠲᠠᠢ ᠪᠡᠶᠡᠯᠡᠭᠦᠯᠦᠭᠰᠡᠨ᠎ᠨᠢ ᠪᠥᠯᠦᠭᠵᠢᠭᠦᠯᠦᠨ ᠰᠤᠷᠭ᠋ᠠᠭᠤᠯᠢ ᠡᠷᠬᠢᠯᠡᠬᠦ ᠠᠵᠢᠯ᠎ᠤᠨ ᠣᠯᠤᠭᠰᠠᠨ ᠬᠢᠷᠢ ᠪᠦᠲᠦᠮᠵᠢ ᠪᠣᠯᠤᠨ᠎ᠠ᠃
2024 ᠣᠨ᠎ᠳᠤ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ ᠵᠢᠨ ᠵᠢᠨ ᠾᠧ ᠰᠤᠷᠭ᠋ᠠᠭᠤᠯᠢ ᠵᠢᠨ ᠲᠣᠭᠣᠷᠢᠭ ᠬᠠᠲᠠᠭᠤ ᠲᠣᠨᠤᠭ ᠲᠥᠬᠦᠭᠡᠷᠦᠮᠵᠢ ᠵᠢ ᠪᠦᠬᠦ ᠲᠠᠯ᠎ᠠ᠎ᠪᠠᠷ ᠰᠢᠨᠡᠳᠭᠡᠭᠰᠡᠨ ᠪᠥᠭᠡᠳ ᠭᠣᠣᠯ ᠰᠤᠷᠭ᠋ᠠᠭᠤᠯᠢ᠎ᠠᠴᠠ 10 ᠬᠥᠮᠦᠨ ᠵᠶ᠋ᠡᠷ ᠪᠦᠷᠢᠯᠳᠦᠭᠰᠡᠨ ᠰᠢᠯᠢᠳᠡᠭ ᠵᠢᠭ᠋ᠠᠨ ᠰᠤᠷᠭ᠋ᠠᠯᠲᠠ ᠵᠢᠨ ᠪᠦᠯᠬᠦᠮ᠎ᠢ ᠰᠣᠩᠭᠣᠨ᠂ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠪᠠᠲᠤᠯᠠᠵᠤ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠣᠶ᠋ᠢᠯᠠᠭ᠋ᠠᠭᠳᠠᠬᠤᠨ᠎ᠢ ᠳᠠᠬᠢᠨ ᠱᠤᠭᠤᠵᠤ᠂ ᠬᠦᠴᠦ᠎ᠪᠠᠨ ᠬᠠᠮᠲᠤᠳᠬᠠᠨ ᠰᠤᠷᠭ᠋ᠠᠭᠤᠯᠢ ᠡᠷᠬᠢᠯᠡᠬᠦ ᠵᠢ ᠪᠡᠶᠡᠯᠡᠭᠦᠯᠦᠭᠰᠡᠨ᠎ᠨᠢ ᠡᠨᠡ ᠰᠤᠷᠭ᠋ᠠᠭᠤᠯᠢ ᠵᠢᠨ ᠰᠠᠢ᠌ᠨ ᠰᠠᠢ᠌ᠬᠠᠨ ᠳᠦᠷᠢ ᠲᠥᠷᠬᠦ ᠵᠢ ᠳᠠᠬᠢᠨ ᠪᠥᠲᠦᠭᠡᠪᠡ᠃
《ᠮᠠᠨ᠎ᠤ ᠰᠤᠷᠭ᠋ᠠᠭᠤᠯᠢ ᠵᠢᠨ ᠪᠠᠭᠰᠢ ᠰᠠᠢ᠌ᠨ᠂ ᠰᠤᠷᠭ᠋ᠠᠭᠤᠯᠢ ᠵᠢᠨ ᠠᠭᠤᠷ ᠠᠮᠢᠰᠬᠤᠯ ᠴᠤ᠌ ᠰᠠᠶ᠋ᠢᠨ᠂ ᠠᠮᠢᠳᠤ ᠪᠣᠳᠠᠰ᠎ᠤᠨ ᠲᠤᠷᠰᠢᠯᠲᠠ ᠵᠢᠨ ᠲᠠᠰᠤᠭ᠂ ᠹᠢᠽᠢᠺ᠎ᠤᠨ ᠲᠤᠷᠰᠢᠯᠲᠠ ᠵᠢᠨ ᠲᠠᠰᠤᠭ ᠴᠥᠮ ᠪᠣᠢ᠂ ᠬᠠᠲᠠᠭᠤ ᠲᠣᠨᠤᠭ ᠲᠥᠬᠦᠭᠡᠷᠦᠮᠵᠢ ᠵᠢᠨ ᠨᠥᠬᠥᠴᠡᠯ ᠬᠠᠩᠭ᠋ᠠᠮᠵᠢᠲᠠᠢ》 ᠭᠡᠵᠦ ᠰᠤᠷᠤᠭᠴᠢ ᠵᠠᠩ ᠬᠤᠤ ᠢᠦᠢ ᠶᠠᠷᠢᠪᠠ᠃
ᠵᠠᠩ ᠬᠤᠤ ᠢᠦᠢ ᠵᠢᠨ ᠬᠡᠯᠡᠵᠦ ᠪᠠᠶ᠋ᠢᠭ᠎ᠠ ᠹᠢᠽᠢᠺ᠎ᠤᠨ ᠲᠤᠷᠰᠢᠯᠲᠠ ᠪᠣᠯ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ᠎ᠠᠴᠠ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠨᠢᠭᠡᠳᠦᠭᠡᠷ ᠣᠨ᠎ᠳᠤ ᠵᠣᠷᠢᠭᠤᠯᠤᠨ ᠥᠷᠨᠢᠭᠦᠯᠵᠦ ᠪᠠᠢ᠌ᠭ᠎ᠠ ᠣᠨᠴᠠᠯᠢᠭᠲᠤ ᠰᠤᠷᠭ᠋ᠠᠭᠤᠯᠢ ᠵᠢᠨ ᠬᠢᠴᠢᠶᠡᠯ ᠪᠣᠯᠬᠤ ᠪᠥᠭᠡᠳ ᠪᠦᠲᠦᠭᠡᠯᠴᠢ ᠵᠢᠵᠢᠭ ᠲᠤᠷᠰᠢᠯᠲᠠ᠎ᠪᠠᠷ ᠳᠠᠮᠵᠢᠭᠤᠯᠤᠨ᠂ ᠭᠠᠷ ᠬᠥᠳᠡᠯᠵᠦ ᠬᠢᠬᠦ ᠪᠤᠶᠤ ᠲᠠᠷᠢᠬᠢ᠎ᠪᠠᠨ ᠬᠥᠳᠡᠯᠭᠡᠬᠦ ᠶᠠᠪᠤᠴᠠ᠎ᠳᠤ ᠰᠤᠷᠤᠭᠴᠢᠳ᠎ᠤᠨ ᠹᠢᠽᠢᠺ᠎ᠤᠨ ᠳᠤᠷ᠎ᠠ ᠰᠣᠨᠢᠷᠬᠠᠯ᠎ᠢ ᠬᠥᠭᠵᠢᠭᠡᠵᠦ᠂ ᠬᠣᠶ᠋ᠢᠰᠢᠳᠠ ᠵᠢᠨ ᠰᠢᠰᠲ᠋ᠧᠮ᠎ᠲᠠᠢ ᠰᠤᠷᠤᠯᠴᠠᠭ᠎ᠠ᠎ᠳᠤ ᠰᠠᠭᠤᠷᠢ ᠲᠠᠯᠪᠢᠵᠤ ᠥᠭᠪᠡ᠃ ᠡᠨᠡ ᠬᠦ᠌ ᠬᠢᠴᠢᠶᠡᠯ᠎ᠢ ᠬᠤᠪᠢᠶᠠᠷᠢ ᠰᠤᠷᠭ᠋ᠠᠭᠤᠯᠢ ᠵᠢᠨ ᠲᠣᠭᠣᠷᠢᠭ᠂ ᠭᠣᠣᠯ ᠰᠤᠷᠭ᠋ᠠᠭᠤᠯᠢ ᠵᠢᠨ ᠲᠣᠭᠣᠷᠢᠭ᠎ᠲᠤ ᠵᠡᠷᠭᠡ᠎ᠪᠠᠷ ᠣᠷᠣᠵᠤ ᠪᠣᠢ᠃
ᠣᠳᠣ᠂ ᠬᠣᠲᠠ ᠬᠥᠳᠡᠭᠡ ᠵᠢ ᠨᠢᠭᠡ ᠴᠣᠭᠴᠠᠵᠢᠭᠤᠯᠬᠤ ᠶᠠᠪᠤᠳᠠᠯ ᠬᠥᠭᠵᠢᠭᠡᠳ ᠨᠢᠭᠡᠨᠲᠡ ᠪᠥᠯᠦᠭᠵᠢᠭᠦᠯᠦᠨ ᠰᠤᠷᠭ᠋ᠠᠭᠤᠯᠢ ᠡᠷᠬᠢᠯᠡᠬᠦ ᠵᠠᠭᠪᠤᠷ᠎ᠤᠨ ᠦᠷᠭᠦᠯᠵᠢᠯᠡᠯ ᠪᠠ ᠭᠦᠨᠵᠡᠭᠡᠢ᠌ᠷᠡᠯ ᠪᠣᠯᠵᠤ᠂ ᠬᠥᠬᠡᠬᠣᠲᠠ ᠵᠢᠨ ᠲᠠᠷᠢᠶᠠᠯᠠᠬᠤ ᠣᠷᠣᠨ᠎ᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ᠎ᠳᠤ ᠲᠤᠷᠰᠢᠯᠭ᠎ᠠ ᠬᠤᠷᠠᠮᠳᠤᠭᠤᠯᠤᠨ ᠥᠭᠴᠦ᠂ ᠬᠣᠲᠠ ᠬᠥᠳᠡᠭᠡ ᠵᠢᠨ ᠬᠣᠭᠣᠷᠣᠨᠳᠣᠬᠢ᠂ ᠰᠤᠷᠭ᠋ᠠᠭᠤᠯᠢ ᠵᠢᠨ ᠬᠣᠭᠣᠷᠣᠨᠳᠣᠬᠢ ᠰᠤᠷᠭ᠋ᠠᠭᠤᠯᠢ ᠡᠷᠬᠢᠯᠡᠬᠦ ᠴᠢᠨᠠᠷ ᠴᠢᠨᠰᠠᠭ᠎ᠠ ᠵᠢᠨ ᠵᠥᠷᠢᠶ᠎ᠡ ᠵᠢ ᠠᠯᠬᠤᠮ ᠠᠯᠬᠤᠮ ᠵᠶ᠋ᠠᠷ ᠪᠠᠭ᠋ᠠᠰᠬᠠᠬᠤ ᠵᠢᠨ ᠬᠠᠮᠲᠤ ᠨᠡᠩ ᠴᠢᠨᠠᠷᠯᠢᠭ ᠬᠥᠭᠵᠢᠭᠦᠯᠪᠡ᠃ ᠣᠢ᠌ᠷ᠎ᠠ ᠵᠢᠨ ᠵᠢᠯ᠂ ᠬᠥᠬᠡᠬᠣᠲᠠ ᠴᠢᠨᠠᠷᠯᠢᠭ ᠰᠤᠷᠭ᠋ᠠᠭᠤᠯᠢ ᠵᠢᠨ ᠳᠠᠭᠤᠷᠢᠶᠠᠯ ᠦᠵᠡᠭᠦᠯᠬᠦ᠂ ᠨᠥᠯᠥᠭᠡᠯᠡᠬᠦ᠂ ᠬᠥᠲᠥᠯᠥᠨ ᠳᠠᠭ᠋ᠠᠭᠤᠯᠬᠤ ᠪᠠ ᠳᠠᠶ᠋ᠢᠴᠢᠯᠠᠬᠤ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠤᠨ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠠᠶ᠋ᠢᠮᠠᠭ ᠬᠣᠯᠪᠤᠭ᠋ᠠᠯᠠᠬᠤ ᠳᠦᠷᠢᠮ᠂ ᠪᠥᠯᠦᠭᠵᠢᠭᠦᠯᠦᠨ ᠰᠤᠷᠭ᠋ᠠᠭᠤᠯᠢ ᠡᠷᠬᠢᠯᠡᠬᠦ ᠶᠠᠪᠤᠳᠠᠯ᠎ᠢ ᠴᠢᠩᠭ᠋ᠠᠳᠬᠠᠵᠤ᠂ ᠲᠦᠷᠦᠭᠦᠦ ᠪᠦᠯᠦᠭ 86 《ᠨᠡᠷᠡᠲᠦ ᠰᠤᠷᠭ᠋ᠠᠭᠤᠯᠢ》 ᠵᠢᠨ ᠰᠤᠷᠭ᠋ᠠᠨ ᠬᠥᠮᠦᠵᠢᠯ᠎ᠤᠨ ᠪᠦᠯᠦᠭᠯᠡᠯ᠎ᠢ ᠨᠢᠭᠡᠨᠲᠡ ᠵᠣᠬᠢᠶᠠᠨ ᠪᠠᠢ᠌ᠭᠤᠯᠵᠤ᠂ 155 ᠰᠤᠷᠭ᠋ᠠᠭᠤᠯᠢ᠎ᠳᠤ ᠬᠣᠯᠪᠣᠭᠳᠠᠭᠰᠠᠨ᠂ ᠪᠦᠬᠦ ᠬᠣᠲᠠ ᠵᠢᠨ 50%᠎ᠠᠴᠠ ᠳᠡᠭᠡᠭᠰᠢᠬᠢ ᠰᠤᠷᠤᠭᠴᠢᠳ᠎ᠲᠤ ᠠᠰᠢᠭ ᠬᠦᠷᠲᠡᠭᠡᠪᠡ᠃ ᠡᠭᠦᠨ᠎ᠠᠴᠠ ᠭᠠᠳᠠᠨ᠎ᠠ᠂ ᠡᠷᠳᠡᠮ᠎ᠤᠨ ᠴᠣᠯᠠ ᠵᠢᠨ ᠳᠤᠲᠠᠭᠤᠳᠠᠯ᠎ᠢ ᠨᠥᠬᠥᠪᠥᠷᠢᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ 2023 ᠣᠨ᠎ᠳᠤ ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ 62᠎ᠢ ᠲᠣᠭᠲᠠᠭ᠋ᠠᠵᠤ᠂ ᠣᠳᠣ 14 ᠲᠥᠷᠥᠯ ᠵᠦᠢ᠍ᠯ᠎ᠢ ᠵᠢᠯ᠎ᠤᠨ ᠳᠣᠲᠣᠷ᠎ᠠ ᠠᠰᠢᠭᠯᠠᠯᠲᠠ᠎ᠳᠤ ᠣᠷᠣᠭᠤᠯᠬᠤ ᠬᠠᠷᠠᠯᠲᠠ ᠵᠢ ᠨᠢᠭᠡᠨᠲᠡ ᠪᠡᠶᠡᠯᠡᠭᠦᠯᠵᠦ᠂ 7680 ᠡᠷᠳᠡᠮ᠎ᠤᠨ ᠴᠣᠯᠠ ᠵᠢ ᠨᠡᠮᠡᠪᠡ᠃ ᠪᠦᠬᠦ ᠬᠣᠲᠠ ᠵᠢᠨ 66 ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ 35 ᠪᠣᠯᠭ᠋ᠠᠨ ᠴᠣᠮᠬᠠᠳᠬᠠᠵᠤ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠬᠦᠷᠢᠶᠡᠯᠡᠩ ᠲᠣᠭᠣᠷᠢᠭ᠎ᠢ ᠡᠨᠡ ᠵᠢᠯ᠎ᠤᠨ 4 ᠰᠠᠷ᠎ᠠ᠎ᠳᠤ ᠪᠦᠬᠦ ᠲᠠᠯ᠎ᠠ᠎ᠪᠠᠷ ᠡᠬᠢᠯᠡᠨ ᠪᠠᠶ᠋ᠢᠭᠤᠯᠵᠤ᠂ ᠵᠢᠱ᠌ᠢᠯᠲᠡ᠎ᠪᠠᠷ ᠵᠢᠯ᠎ᠤᠨ ᠡᠴᠦᠰ᠎ᠲᠤ ᠨᠢᠭᠡᠳᠦᠭᠡᠷ ᠬᠤᠭᠤᠴᠠᠭ᠋ᠠᠨ᠎ᠤ ᠲᠥᠷᠥᠯ ᠵᠦᠢ᠍ᠯ᠎ᠤᠨ ᠭᠣᠣᠯ ᠪᠣᠯᠬᠤ 12 ᠰᠠᠭᠤᠷᠢ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠰᠠᠷ᠎ᠤᠨ ᠣᠷᠣᠢ ᠵᠢ ᠪᠢᠲᠡᠭᠦᠯᠡᠵᠦ ᠳᠠᠭᠤᠰᠬᠠᠨ᠎ᠠ᠃
ᠨᠢᠭᠡ ᠵᠢᠯ᠎ᠤᠨ ᠳᠣᠲᠣᠷ᠎ᠠ᠂ ᠬᠥᠬᠡᠬᠣᠲᠠ ᠡᠷᠳᠡᠮ᠎ᠤᠨ ᠴᠣᠯᠠ ᠵᠢᠨ ᠬᠠᠩᠭ᠋ᠠᠯᠭ᠎ᠠ ᠪᠣᠯᠤᠨ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠵᠣᠬᠢᠴᠠᠯᠳᠤᠬᠤ ᠦᠭᠡᠢ᠂ ᠴᠢᠨᠠᠷᠯᠢᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠪᠠᠶ᠋ᠢᠷᠢᠰᠢᠭᠤᠯᠤᠯᠲᠠ ᠲᠡᠩᠴᠡᠭᠦᠷᠢ ᠦᠭᠡᠢ᠂ ᠰᠤᠷᠭ᠋ᠠᠨ ᠬᠥᠮᠦᠵᠢᠯ᠎ᠤᠨ ᠬᠠᠮᠢᠶᠠᠷᠤᠯᠲᠠ ᠵᠢᠨ ᠪᠠᠶ᠋ᠢᠭᠤᠯᠤᠯ ᠲᠣᠭᠲᠠᠴᠠ ᠲᠡᠭᠦᠯᠳᠡᠷ ᠪᠤᠰᠤ ᠵᠡᠷᠭᠡ ᠠᠰᠠᠭᠤᠳᠠᠯ᠎ᠢ ᠪᠦᠬᠦ ᠬᠦᠴᠦᠨ ᠵᠶ᠋ᠠᠷ ᠵᠶ᠋ᠠᠨ ᠰᠢᠢ᠍ᠳᠪᠦᠷᠢᠯᠡᠪᠡ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠢᠯᠭ᠋ᠠᠬᠤ ᠦᠭᠡᠢ᠎ᠪᠠᠷ ᠣᠶ᠋ᠢᠷ᠎ᠠ ᠬᠠᠪᠢ ᠵᠢᠨ ᠵᠶ᠋ᠡᠨ ᠰᠤᠷᠭ᠋ᠠᠭᠤᠯᠢ᠎ᠳᠤ ᠣᠷᠣᠬᠤ ᠪᠠ 《ᠢᠯᠡ᠎ᠪᠠᠷ ᠰᠤᠷᠤᠭᠴᠢ ᠡᠯᠰᠡᠨ ᠠᠩᠭᠢ ᠬᠤᠪᠢᠶᠠᠬᠤ》᠂ 《ᠠᠯᠪᠠᠨ᠎ᠠᠴᠠ ᠡᠷᠬᠢᠯᠡᠭᠰᠡᠨ ᠰᠤᠷᠭ᠋ᠠᠭᠤᠯᠢ ᠪᠠ ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠵᠡᠷᠭᠡ᠎ᠪᠠᠷ ᠰᠤᠷᠤᠭᠴᠢ ᠡᠯᠰᠡᠬᠦ》 ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠨᠠᠶ᠋ᠢᠳᠠᠪᠤᠷᠢᠵᠢᠭᠤᠯᠵᠤ᠂ 《ᠰᠤᠷᠭ᠋ᠠᠭᠤᠯᠢ ᠰᠣᠩᠭᠣᠬᠤ᠂ ᠠᠩᠭᠢ ᠰᠣᠩᠭᠣᠬᠤ ᠬᠠᠯᠠᠮᠰᠢᠯ》᠎ᠢ ᠶᠡᠬᠡ᠎ᠪᠠᠷ ᠪᠠᠭᠤᠷᠠᠭᠤᠯᠪᠠ᠃ 《ᠰᠢᠶᠠᠨ᠎ᠠᠴᠠ ᠬᠠᠮᠢᠶᠠᠷᠴᠤ ᠰᠤᠷᠭ᠋ᠠᠭᠤᠯᠢ᠎ᠠᠴᠠ ᠤᠷᠢᠬᠤ》 ᠥᠭᠡᠷᠡᠴᠢᠯᠡᠯᠲᠡ ᠵᠢ ᠠᠬᠢᠭᠤᠯᠵᠤ᠂ ᠰᠢᠶᠠᠨ᠎ᠤ ᠬᠡᠪᠴᠢᠶᠡᠨ᠎ᠤ ᠪᠠᠭᠰᠢ ᠵᠢᠨ ᠲᠡᠩᠴᠡᠭᠦᠷᠢ ᠵᠢ ᠠᠬᠢᠭᠤᠯᠪᠠ᠃ ᠬᠥᠮᠦᠨ ᠠᠮᠠ ᠵᠢᠨ ᠨᠡᠭᠦᠳᠡᠯ᠎ᠤᠨ ᠬᠠᠨᠳᠤᠰᠢ ᠵᠢ ᠵᠠᠳᠠᠯᠬᠤ ᠪᠠ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠰᠤᠷᠤᠭᠴᠢ ᠵᠢᠨ ᠢᠷᠡᠯᠲᠡ ᠵᠢᠨ ᠲᠠᠷᠬᠠᠯᠲᠠ ᠪᠣᠯᠤᠨ ᠡᠷᠳᠡᠮ᠎ᠤᠨ ᠴᠣᠯᠠ ᠵᠢᠨ ᠬᠠᠩᠭ᠋ᠠᠯᠭ᠎ᠠ ᠵᠢᠨ ᠡᠬᠢ ᠪᠠᠶᠠᠯᠢᠭ᠎ᠤᠨ ᠲᠥᠯᠦᠪᠯᠡᠭᠡ ᠵᠢ ᠲᠣᠭᠲᠠᠭ᠋ᠠᠵᠤ᠂ ᠰᠤᠷᠭ᠋ᠠᠭᠤᠯᠢ ᠵᠢᠨ ᠪᠠᠶ᠋ᠢᠷᠢᠯᠠᠭᠤᠯᠤᠯᠲᠠ ᠵᠢ ᠥᠳᠲᠡᠷ ᠲᠦᠷᠭᠡᠨ ᠲᠣᠬᠢᠷᠠᠭᠤᠯᠪᠠ᠃ ᠪᠠᠭᠰᠢ ᠵᠢ ᠬᠦᠴᠦᠷᠬᠡᠭᠵᠢᠭᠦᠯᠬᠦ ᠲᠥᠯᠥᠪᠯᠡᠭᠡ ᠵᠢ ᠬᠡᠷᠡᠭᠵᠢᠭᠦᠯᠵᠦ᠂ ᠪᠦᠬᠦ ᠤᠯᠤᠰ᠎ᠲᠤ ᠬᠠᠨᠳᠤᠭᠤᠯᠤᠨ ᠳᠡᠭᠡᠳᠦ ᠳᠡᠰ᠎ᠤᠨ ᠰᠢᠯᠢᠳᠡᠭ ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ᠂ ᠪᠠᠭᠰᠢ ᠵᠢᠨ ᠦᠢ᠍ᠯᠡᠴᠢᠯᠡᠭᠡ ᠵᠢ ᠪᠠᠲᠤᠯᠠᠬᠤ ᠡᠷᠴᠢᠮ᠎ᠢ ᠴᠢᠩᠭ᠋ᠠᠷᠠᠭᠤᠯᠪᠠ᠃ ᠡᠭᠦᠨ᠎ᠤ ᠬᠠᠮᠲᠤ᠂ 《ᠰᠤᠷᠭ᠋ᠠᠭᠤᠯᠢ ᠵᠢᠨ ᠵᠠᠬᠢᠷᠤᠯ᠂ ᠪᠠᠭᠰᠢ᠂ ᠵᠢᠭ᠋ᠠᠬᠤ ᠵᠢ ᠰᠤᠳᠤᠯᠤᠭᠴᠢ》 ᠵᠢᠨ ᠡᠩᠨᠡᠭᠡ ᠵᠢ ᠴᠢᠨᠠᠷᠯᠢᠭ ᠪᠠᠶ᠋ᠢᠭᠤᠯᠵᠤ᠂ ᠭᠤᠷᠪᠠᠨ ᠵᠢᠯ᠎ᠤᠨ ᠴᠠᠭ᠎ᠢ ᠠᠰᠢᠭᠯᠠᠨ᠂ ᠬᠡᠰᠡᠭ ᠪᠦᠯᠦᠭ ᠰᠢᠯᠭ᠋ᠠᠷᠠᠭᠰᠠᠨ ᠪᠠᠭᠰᠢ ᠵᠢ ᠬᠥᠮᠦᠵᠢᠭᠦᠯᠵᠦ᠂ ᠬᠡᠰᠡᠭ ᠪᠦᠯᠦᠭ ᠵᠠᠮᠴᠢᠯᠠᠭᠴᠢ ᠰᠤᠷᠭ᠋ᠠᠭᠤᠯᠢ ᠵᠢᠨ ᠵᠠᠬᠢᠷᠤᠯ᠎ᠢ ᠬᠥᠮᠥᠵᠢᠭᠦᠯᠪᠡ᠃
ᠣᠷᠳᠣᠰ ᠬᠤᠳᠠ᠄ 《ᠵᠢᠷᠭᠤᠭ᠋ᠠᠨ ᠨᠠᠷᠢᠯᠢᠭ》 ᠰᠠᠢ᠌ᠨ ᠬᠢᠴᠢᠶᠡᠯ᠎ᠤᠨ ᠪᠠᠶ᠋ᠢᠭᠤᠯᠤᠯᠲᠠ ᠠᠩᠬ᠎ᠠ ᠠᠯᠬᠤᠮ ᠦᠷ᠎ᠡ ᠪᠦᠲᠦᠮᠵᠢ ᠣᠯᠪᠠ
ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠪᠣᠯ ᠭᠠᠵᠠᠷ ᠣᠷᠣᠨ᠎ᠤ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠬᠢᠷᠢ ᠲᠦᠪᠰᠢᠨ᠎ᠢ ᠳᠣᠭᠲᠠᠭ᠋ᠠᠬᠤ ᠭᠣᠣᠯ ᠠᠭᠤᠯᠭ᠎ᠠ ᠪᠣᠯᠤᠨ᠎ᠠ᠃ ᠣᠷᠳᠣᠰ ᠬᠤᠳᠠ ᠶᠣᠰᠣ ᠮᠣᠷᠠᠯ᠎ᠢ ᠪᠣᠢ ᠪᠣᠯᠭ᠋ᠠᠨ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠬᠤ ᠵᠢ ᠪᠠᠷᠢᠮᠲᠠᠯᠠᠵᠤ᠂ ᠰᠤᠷᠭ᠋ᠠᠨ ᠬᠥᠮᠦᠵᠢᠯ᠎ᠤᠨ ᠣᠶ᠋ᠢᠯᠠᠭ᠋ᠠᠭᠳᠠᠬᠤᠨ᠎ᠢ ᠦᠷᠭᠦᠯᠵᠢᠯᠡᠨ ᠰᠢᠯᠢᠳᠡᠭᠵᠢᠭᠦᠯᠵᠦ᠂ ᠬᠢᠮᠡᠯ ᠣᠶᠤᠨ ᠵᠡᠷᠭᠡ ᠰᠢᠨ᠎ᠡ᠎ᠪᠠᠷ ᠬᠥᠭᠵᠢᠭᠰᠡᠨ ᠮᠡᠷᠭᠡᠵᠢᠯ᠎ᠢ ᠰᠦᠪᠡᠭᠴᠢᠯᠡᠨ ᠬᠡᠷᠡᠭᠯᠡᠵᠦ᠂ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠰᠠᠭᠤᠷᠢ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠲᠠᠰᠤᠷᠠᠯᠲᠠ ᠦᠭᠡᠢ ᠳᠡᠭᠡᠭᠰᠢᠯᠡᠭᠦᠯᠪᠡ᠃
2024 ᠣᠨ᠎ᠤ ᠡᠬᠢ᠎ᠪᠠᠷ ᠥᠷᠭᠡᠨ ᠵᠶ᠋ᠠᠷ ᠪᠠᠶ᠋ᠢᠴᠠᠭ᠋ᠠᠨ ᠰᠣᠳᠤᠯᠬᠤ ᠪᠠ ᠰᠠᠨᠠᠯ ᠬᠤᠷᠢᠶᠠᠬᠤ᠎ᠪᠠᠷ ᠳᠠᠮᠵᠢᠨ᠂ ᠣᠷᠳᠣᠰ ᠬᠣᠲᠠ ᠵᠢᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ ᠣᠷᠳᠣᠰ ᠬᠣᠲᠠ ᠵᠢᠨ 《ᠵᠢᠷᠭᠤᠭ᠋ᠠᠨ ᠨᠠᠷᠢᠯᠢᠭ》 ᠰᠠᠶ᠋ᠢᠨ ᠬᠢᠴᠢᠶᠡᠯ᠎ᠤᠨ ᠪᠠᠶ᠋ᠢᠭᠤᠯᠤᠯᠲᠠ ᠵᠢ ᠡᠬᠢᠯᠡᠭᠦᠯᠪᠡ᠃ 《ᠵᠢᠷᠭᠤᠭ᠋ᠠᠨ ᠨᠠᠷᠢᠯᠢᠭ》 ᠪᠣᠯ ᠬᠢᠴᠢᠶᠡᠯ᠎ᠤᠨ ᠡᠮᠦᠨ᠎ᠡ 《ᠨᠠᠷᠢᠯᠢᠭ ᠣᠨᠣᠴᠠᠲᠠᠢ ᠵᠠᠳᠠᠯᠬᠤ》᠂ 《ᠨᠠᠷᠢᠯᠢᠭ ᠣᠨᠣᠴᠠᠲᠠᠢ ᠪᠠᠶ᠋ᠢᠷᠢ ᠲᠣᠭᠲᠠᠭ᠋ᠠᠬᠤ》᠂ ᠬᠢᠴᠢᠶᠡᠯ ᠳᠡᠭᠡᠷ᠎ᠡ 《ᠨᠠᠷᠢᠯᠢᠭ ᠣᠨᠣᠴᠠᠲᠠᠢ ᠵᠢᠯᠣᠭᠣᠳᠬᠤ》᠂ 《ᠨᠠᠷᠢᠯᠢᠭ ᠣᠨᠣᠴᠠᠲᠠᠢ ᠣᠨᠣᠰᠢᠯᠠᠬᠤ》᠂ ᠬᠢᠴᠢᠶᠡᠯ᠎ᠤᠨ ᠳᠠᠷᠠᠭ᠎ᠠ 《ᠨᠠᠷᠢᠯᠢᠭ ᠣᠨᠣᠴᠠᠲᠠᠢ ᠦᠨᠡᠯᠡᠬᠦ》᠂ 《ᠨᠠᠷᠢᠯᠢᠭ ᠣᠨᠣᠴᠠᠲᠠᠢ ᠬᠠᠮᠢᠶᠠᠷᠬᠤ》 ᠵᠡᠷᠭᠡ ᠪᠣᠯᠤᠨ᠎ᠠ᠃

ᠣᠷᠳᠣᠰ ᠬᠣᠲᠠ ᠵᠢᠨ 〈ᠵᠢᠷᠭᠤᠭ᠋ᠠᠨ ᠨᠠᠷᠢᠯᠢᠭ〉 ᠰᠠᠶ᠋ᠢᠨ ᠬᠢᠴᠢᠶᠡᠯ ᠪᠣᠯ ᠬᠢᠴᠢᠶᠡᠯ᠎ᠤᠨ ᠪᠠᠷᠢᠮᠵᠢᠶ᠎ᠠ᠎ᠳᠤ ᠰᠠᠭᠤᠷᠢᠯᠠᠭᠰᠠᠨ ᠵᠢᠭ᠋ᠠᠨ ᠰᠤᠷᠭ᠋ᠠᠯᠲᠠ ᠵᠢᠨ ᠦᠨᠡᠯᠡᠯᠲᠡ ᠵᠢ ᠨᠢᠭᠡ ᠴᠣᠭᠴᠠᠵᠢᠭᠤᠯᠤᠭᠰᠠᠨ ᠪᠠ ᠲᠣᠭ᠎ᠠ ᠪᠠᠷᠢᠮᠲᠠ᠎ᠪᠠᠷ ᠬᠥᠳᠡᠯᠭᠡᠭᠦᠷ ᠪᠣᠯᠭ᠋ᠠᠭᠰᠠᠨ ᠨᠠᠷᠢᠯᠢᠭ ᠣᠨᠣᠴᠠᠲᠠᠢ ᠵᠢᠭ᠋ᠠᠨ ᠰᠤᠷᠭ᠋ᠠᠯᠲᠠ ᠵᠢ ᠪᠦᠬᠦ ᠶᠠᠪᠤᠴᠠᠵᠢᠭᠤᠯᠤᠭᠰᠠᠨ ᠰᠠᠶ᠋ᠢᠨ ᠬᠢᠴᠢᠶᠡᠯ ᠪᠣᠯᠤᠨ᠎ᠠ᠃ ᠲᠡᠭᠦᠨ᠎ᠤ ᠦᠨᠡᠯᠡᠯᠲᠡ ᠵᠢ ᠭᠤᠷᠪᠠᠨ ᠲᠥᠷᠥᠯ᠎ᠳᠤ ᠬᠤᠪᠢᠶᠠᠵᠤ᠂ ᠲᠤᠰ ᠲᠤᠰ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠲᠥᠯᠥᠪᠯᠡᠭᠡ᠂ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠬᠡᠷᠡᠭ᠎ᠤᠨ ᠵᠢᠱ᠌ᠢᠶ᠎ᠡ ᠪᠠ ᠵᠢᠭ᠋ᠠᠨ ᠰᠤᠷᠭ᠋ᠠᠯᠲᠠ ᠵᠢᠨ ᠬᠡᠷᠡᠭ᠎ᠤᠨ ᠵᠢᠱ᠌ᠢᠶ᠎ᠡ ᠵᠢ ᠦᠨᠡᠯᠡᠨ ᠵᠠᠳᠠᠯᠤᠯᠲᠠ ᠪᠣᠯᠤᠨ᠎ᠠ᠃
《ᠮᠠᠨ᠎ᠤ ᠬᠠᠷᠠᠯᠲᠠ ᠪᠣᠯ ᠪᠦᠬᠦ ᠬᠣᠲᠠ ᠵᠢᠨ ᠳᠤᠮᠳᠠᠳᠤ ᠪᠠᠭ᠎ᠠ ᠰᠤᠷᠭ᠋ᠠᠭᠤᠯᠢ ᠵᠢᠨ ᠬᠢᠴᠢᠶᠡᠯ᠎ᠢ ᠵᠢᠯᠣᠭᠣᠳᠴᠤ᠂ ᠵᠢᠭ᠋ᠠᠨ ᠰᠤᠷᠭ᠋ᠠᠯᠲᠠ ᠵᠢᠨ ᠬᠠᠷᠠᠯᠲᠠ᠂ ᠵᠢᠭ᠋ᠠᠨ ᠰᠤᠷᠭ᠋ᠠᠯᠲᠠ ᠵᠢᠨ ᠦᠵᠡᠯᠲᠡ᠂ ᠵᠢᠭ᠋ᠠᠨ ᠰᠤᠷᠭ᠋ᠠᠯᠲᠠ ᠵᠢᠨ ᠠᠭᠤᠯᠭ᠎ᠠ᠂ ᠵᠢᠭ᠋ᠠᠨ ᠰᠤᠷᠭ᠋ᠠᠯᠲᠠ ᠵᠢᠨ ᠠᠷᠭ᠎ᠠ ᠬᠡᠮᠵᠢᠶ᠎ᠡ᠂ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ᠂ ᠵᠢᠭ᠋ᠠᠨ ᠰᠤᠷᠭ᠋ᠠᠯᠲᠠ ᠵᠢᠨ ᠠᠷᠭ᠎ᠠ ᠪᠠᠷᠢᠯ᠂ ᠪᠠᠭᠰᠢ ᠰᠤᠷᠤᠭᠴᠢ ᠵᠢᠨ ᠬᠠᠷᠢᠴᠠᠭ᠎ᠠ᠂ ᠰᠤᠷᠤᠭᠴᠢ ᠵᠢᠨ ᠦᠨᠡᠯᠡᠯᠲᠡ ᠵᠡᠷᠭᠡ ᠨᠠᠢ᠍ᠮᠠᠨ ᠶᠡᠬᠡ ᠬᠤᠪᠢᠷᠠᠯᠲᠠ ᠵᠢ ᠪᠡᠶᠡᠯᠡᠭᠦᠯᠵᠦ᠂ ᠵᠢᠭ᠋ᠠᠬᠤ ᠵᠢ ᠰᠤᠳᠤᠯᠬᠤ ᠵᠢᠨ ᠥᠭᠡᠷᠡᠴᠢᠯᠡᠯᠲᠡ᠎ᠪᠠᠷ ᠵᠢᠭ᠋ᠠᠨ ᠰᠤᠷᠭ᠋ᠠᠯᠲᠠ ᠵᠢᠨ ᠬᠢᠷᠢ ᠲᠦᠪᠰᠢᠨ᠎ᠤ ᠳᠡᠭᠡᠭᠰᠢᠯᠡᠯᠲᠡ ᠵᠢ ᠠᠬᠢᠭᠤᠯᠬᠤ ᠶᠠᠪᠤᠳᠠᠯ ᠪᠣᠯᠤᠨ᠎ᠠ》 ᠭᠡᠵᠦ ᠣᠷᠳᠣᠰ ᠬᠣᠲᠠ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠰᠤᠳᠤᠯᠭ᠋ᠠᠨ᠎ᠤ ᠲᠠᠰᠤᠭ᠎ᠤᠨ ᠡᠷᠬᠢᠯᠡᠭᠴᠢ ᠯᠢᠦ ᠲᠦᠩ ᠲᠠᠨᠢᠯᠴᠠᠭᠤᠯᠪᠠ᠃
ᠣᠶ᠋ᠢᠯᠠᠭ᠋ᠠᠭᠰᠠᠨ ᠵᠶ᠋ᠠᠷ᠂ ᠣᠷᠳᠣᠰ ᠬᠣᠲᠠ ᠵᠢᠨ 《ᠵᠢᠷᠭᠤᠭ᠋ᠠᠨ ᠨᠠᠷᠢᠯᠢᠭ》 ᠰᠠᠶ᠋ᠢᠨ ᠬᠢᠴᠢᠶᠡᠯ᠎ᠤᠨ ᠬᠡᠷᠡᠭᠵᠢᠭᠦᠯᠦᠯᠲᠡ ᠵᠢᠨ ᠦᠶᠡᠯᠡᠯ᠎ᠤᠨ ᠬᠤᠭᠤᠴᠠᠭ᠎ᠠ 3 ᠵᠢᠯ᠂ ᠰᠡᠳᠦᠪ ᠰᠣᠩᠭᠣᠨ ᠮᠡᠳᠡᠭᠦᠯᠬᠦ᠂ ᠰᠤᠷᠭ᠋ᠠᠭᠤᠯᠢ ᠥᠪᠡᠰᠦᠪᠡᠨ ᠦᠨᠡᠯᠡᠬᠦ᠂ ᠬᠣᠰᠢᠭᠤ ᠲᠣᠭᠣᠷᠢᠭ ᠳᠠᠬᠢᠨ ᠦᠨᠡᠯᠡᠬᠦ᠂ ᠬᠣᠲᠠ ᠵᠢᠨ ᠱᠠᠲᠤᠨ᠎ᠤ ᠰᠣᠩᠭᠤᠨ ᠪᠠᠢ᠌ᠴᠠᠭ᠋ᠠᠬᠤ ᠵᠡᠷᠭᠡ 4 ᠱᠠᠲᠤ ᠬᠤᠪᠢᠶᠠᠵᠤ᠂ ᠣᠷᠳᠣᠰ ᠬᠣᠲᠠ ᠵᠢᠨ 《ᠵᠢᠷᠭᠤᠭ᠋ᠠᠨ ᠨᠠᠷᠢᠯᠢᠭ》 ᠰᠠᠶ᠋ᠢᠨ ᠬᠢᠴᠢᠶᠡᠯ᠎ᠤᠨ ᠰᠢᠯᠢᠳᠡᠭ ᠵᠢᠭ᠋ᠠᠨ ᠰᠤᠷᠭ᠋ᠠᠯᠲᠠ ᠵᠢᠨ ᠵᠢᠱ᠌ᠢᠶ᠎ᠡ ᠪᠠ ᠰᠢᠯᠢᠳᠡᠭ ᠬᠡᠷᠡᠭ᠎ᠤᠨ ᠵᠢᠱ᠌ᠢᠶ᠎ᠡ ᠵᠢ ᠦᠨᠡᠯᠡᠨ ᠵᠠᠳᠠᠯᠬᠤ᠎ᠪᠠᠷ ᠰᠠᠭᠤᠷᠢ ᠪᠣᠯᠭ᠋ᠠᠵᠤ᠂ ᠬᠣᠲᠠ ᠵᠢᠨ ᠱᠠᠲᠤᠨ᠎ᠠᠴᠠ ᠳᠡᠭᠡᠭᠰᠢᠬᠢ ᠰᠢᠯᠢᠳᠡᠭ ᠬᠢᠴᠢᠶᠡᠯ᠂ ᠰᠤᠷᠭ᠋ᠠᠨ ᠬᠥᠮᠦᠵᠢᠯ ᠡᠷᠳᠡᠮ ᠰᠢᠨᠵᠢᠯᠡᠭᠡᠨ᠎ᠤ ᠰᠡᠳᠦᠪ ᠪᠠ ᠰᠠᠭᠤᠷᠢ ᠰᠤᠷᠭ᠋ᠠᠨ ᠬᠥᠮᠦᠵᠢᠯ᠎ᠤᠨ ᠦᠷ᠎ᠡ ᠪᠦᠲᠦᠭᠡᠯ᠎ᠢ ᠪᠣᠢ᠌ᠵᠢᠭᠤᠯᠪᠠ᠃

ᠣᠷᠳᠣᠰ ᠬᠣᠲᠠ 《ᠵᠢᠷᠭᠤᠭ᠋ᠠᠨ ᠨᠠᠷᠢᠯᠢᠭ》 ᠰᠠᠶ᠋ᠢᠨ ᠬᠢᠴᠢᠶᠡᠯ᠎ᠤᠨ ᠪᠠᠶ᠋ᠢᠭᠤᠯᠤᠯᠲᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠵᠢᠨ ᠲᠥᠯᠥᠭᠡ᠂ ᠣᠷᠳᠣᠰ ᠬᠣᠲᠠ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠰᠤᠳᠤᠯᠭ᠋ᠠᠨ᠎ᠤ ᠲᠠᠰᠤᠭ᠎ᠠᠴᠠ 97 ᠰᠢᠯᠭ᠋ᠠᠷᠠᠭᠰᠠᠨ ᠪᠠᠭᠰᠢ ᠪᠠ 3470 ᠪᠤᠰᠤᠳ ᠨᠢᠭᠡᠳᠦᠭᠡᠷ ᠹᠷᠣᠨᠲ᠎ᠤᠨ ᠪᠠᠭᠰᠢ ᠵᠢ ᠲᠤᠰᠬᠠᠢ ᠪᠣᠯᠪᠠᠰᠤᠷᠠᠭᠤᠯᠵᠤ᠂ ᠲᠤᠰᠬᠠᠢ ᠮᠡᠷᠭᠡᠵᠢᠯᠲᠡᠨ᠎ᠢ ᠤᠷᠢᠨ 《ᠣᠷᠳᠣᠰ ᠬᠣᠲᠠ ᠵᠢᠨ 〈ᠵᠢᠷᠭᠤᠭ᠋ᠠᠨ ᠨᠠᠷᠢᠯᠢᠭ〉 ᠰᠠᠶ᠋ᠢᠨ ᠬᠢᠴᠢᠶᠡᠯ᠎ᠤᠨ ᠦᠨᠡᠯᠡᠯᠲᠡ ᠵᠢᠨ ᠬᠡᠷᠡᠭᠵᠢᠭᠦᠯᠬᠦ ᠲᠥᠰᠦᠯ》᠎ᠤᠨ ᠲᠤᠬᠠᠢ ᠨᠠᠷᠢᠯᠢᠭ ᠲᠠᠶ᠋ᠢᠯᠤᠮᠵᠢ ᠬᠢᠯᠭᠡᠵᠦ᠂ ᠣᠷᠳᠣᠰ ᠬᠣᠲᠠ ᠵᠢᠨ 《ᠵᠢᠷᠭᠤᠭ᠋ᠠᠨ ᠨᠠᠷᠢᠯᠢᠭ》 ᠰᠠᠶ᠋ᠢᠨ ᠬᠢᠴᠢᠶᠡᠯ᠎ᠢ ᠤᠷᠤᠭᠰᠢᠲᠠᠢ ᠬᠡᠷᠡᠭᠵᠢᠭᠦᠯᠬᠦ᠎ᠳᠤ ᠰᠠᠭᠤᠷᠢ ᠲᠠᠯᠪᠢᠵᠤ ᠥᠭᠪᠡ᠃
ᠨᠢᠭᠡ ᠵᠢᠯ᠎ᠤᠨ ᠲᠤᠷᠰᠢ᠂ ᠣᠷᠳᠣᠰ ᠬᠣᠲᠠ ᠵᠢᠨ 《ᠵᠢᠷᠭᠤᠭ᠋ᠠᠨ ᠨᠠᠷᠢᠯᠢᠭ》 ᠰᠠᠶ᠋ᠢᠨ ᠬᠢᠴᠢᠶᠡᠯ᠎ᠤᠨ ᠪᠠᠶ᠋ᠢᠭᠤᠯᠤᠯᠲᠠ᠎ᠳᠤ ᠣᠷᠣᠯᠴᠠᠭᠰᠠᠨ ᠰᠤᠷᠭ᠋ᠠᠭᠤᠯᠢ ᠪᠣᠯᠤᠨ ᠪᠠᠭᠰᠢ ᠨᠠᠷ ᠲᠤᠩ ᠶᠡᠬᠡ ᠣᠯᠤᠯᠲᠠ᠎ᠲᠠᠢ ᠶᠤᠮ᠃ ᠡᠨᠡ ᠤᠳᠠᠭ᠋ᠠᠨ᠎ᠤ ᠰᠣᠩᠭᠣᠯᠲᠠ᠎ᠳᠤ᠂ ᠳ᠋ᠦᠩᠱ᠌ᠧᠩ ᠲᠣᠭᠣᠷᠢᠭ᠎ᠤᠨ ᠵᠢᠷᠭᠤᠳᠤᠭ᠋ᠠᠷ ᠳᠤᠮᠳᠠᠳᠤ ᠰᠤᠷᠭ᠋ᠠᠭᠤᠯᠢ ᠵᠢᠨ ᠬᠡᠰᠡᠭ ᠪᠥᠯᠦᠭ ᠬᠢᠮᠢ ᠵᠢᠨ ᠬᠢᠴᠢᠶᠡᠯ ᠪᠦᠬᠦ ᠣᠷᠣᠨ᠎ᠤ 《ᠰᠠᠭᠤᠷᠢ ᠰᠤᠷᠭ᠋ᠠᠨ ᠬᠥᠮᠦᠵᠢᠯ᠎ᠤᠨ ᠰᠢᠯᠢᠳᠡᠭ ᠬᠢᠴᠢᠶᠡᠯ》 ᠵᠶ᠋ᠡᠷ ᠰᠣᠩᠭᠣᠭᠳᠠᠪᠠ᠃ ᠲᠤᠰ ᠰᠤᠷᠭ᠋ᠠᠭᠤᠯᠢ ᠵᠢᠨ ᠵᠢᠭ᠋ᠠᠨ ᠰᠤᠷᠭ᠋ᠠᠯᠲᠠ ᠵᠢᠨ ᠳᠡᠳ᠋ ᠵᠠᠬᠢᠷᠤᠯ ᠱ᠌ᠢ ᠹᠧᠩ ᠵᠦᠸᠧ᠄ 《ᠣᠷᠳᠣᠰ ᠬᠣᠲᠠ 〈ᠵᠢᠷᠭᠤᠭ᠋ᠠᠨ ᠨᠠᠷᠢᠯᠢᠭ〉》 ᠰᠠᠢ᠌ᠨ ᠬᠢᠴᠢᠶᠡᠯ᠎ᠢ ᠬᠡᠷᠡᠭᠵᠢᠭᠦᠯᠦᠭᠰᠡᠨ᠎ᠠᠴᠠ ᠨᠠᠭ᠋ᠠᠰᠢ᠂ ᠪᠢᠳᠡ AI ᠤᠶᠤᠨᠴᠢ ᠬᠢᠴᠢᠶᠡᠯ᠎ᠤᠨ ᠵᠠᠳᠠᠯᠤᠯᠲᠠ ᠵᠢᠨ ᠰᠢᠰᠲ᠋ᠧᠮ᠎ᠢ ᠬᠡᠷᠡᠭᠯᠡᠨ᠂ ᠰᠤᠳᠤᠯᠭ᠋ᠠᠨ᠎ᠤ ᠬᠢᠴᠢᠶᠡᠯ᠂ ᠳᠤᠭᠤᠶ᠋ᠢᠯᠠᠩ᠎ᠤᠨ ᠬᠣᠭᠣᠷᠤᠨᠲᠤ ᠲᠡᠩᠴᠡᠭᠦᠯᠬᠦ ᠬᠢᠴᠢᠶᠡᠯ᠂ ᠭᠣᠣᠯᠯᠠᠭᠴᠢ ᠪᠠᠭᠰᠢ ᠵᠢᠨ ᠳᠠᠭᠤᠷᠢᠶᠠᠯ ᠦᠵᠡᠭᠦᠯᠬᠦ ᠬᠢᠴᠢᠶᠡᠯ᠂ ᠵᠠᠯᠠᠭᠤ ᠪᠠᠭᠰᠢ ᠵᠢᠨ ᠬᠠᠷᠢᠭᠤ ᠮᠡᠳᠡᠭᠦᠯᠦᠯᠲᠡ ᠵᠢᠨ ᠬᠢᠴᠢᠶᠡᠯ ᠵᠡᠷᠭᠡ ᠵᠢᠨ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢ ᠨᠠᠷᠢᠯᠢᠭ ᠣᠨᠣᠴᠠᠲᠠᠢ ᠣᠨᠣᠰᠢᠯᠠᠵᠤ᠂ ᠪᠠᠭᠰᠢ ᠵᠢᠨ ᠵᠢᠭ᠋ᠠᠨ ᠰᠤᠷᠭ᠋ᠠᠯᠲᠠ ᠵᠢᠨ ᠶᠠᠪᠤᠴᠠ ᠵᠢᠨ ᠭᠦᠢ᠍ᠴᠡᠳᠬᠡᠯ ᠲᠣᠭ᠎ᠠ ᠪᠠ ᠰᠤᠷᠤᠭᠴᠢᠳ᠎ᠤᠨ ᠰᠤᠷᠤᠯᠭ᠎ᠠ ᠵᠢᠨ ᠶᠡᠷᠦᠩᠬᠡᠶ᠋ᠢᠯᠡᠭᠰᠡᠨ ᠭᠦᠢ᠍ᠴᠡᠳᠬᠡᠯ ᠲᠣᠭ᠎ᠠ ᠵᠢ ᠵᠠᠳᠠᠯᠤᠨ᠂ ᠥᠭᠡᠷᠡᠴᠢᠯᠡᠨ ᠰᠠᠶ᠋ᠢᠵᠢᠷᠠᠭᠤᠯᠬᠤ ᠴᠢᠭᠯᠡᠯ ᠵᠶ᠋ᠠᠨ ᠲᠣᠳᠤᠷᠬᠠᠢ᠌ᠯᠠᠪᠠ᠃ ᠣᠳᠣ᠂ ᠪᠠᠭᠰᠢ ᠨᠠᠷ᠎ᠤᠨ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠬᠠᠷᠠᠯᠲᠠ ᠪᠠ ᠵᠢᠭ᠋ᠠᠨ ᠰᠤᠷᠭ᠋ᠠᠯᠲᠠ ᠵᠢᠨ ᠦᠨᠡᠯᠡᠯᠲᠡ ᠵᠢ ᠠᠯᠬᠤᠮ ᠠᠯᠬᠤᠮ ᠵᠶ᠋ᠠᠷ ᠨᠢᠭᠡᠳᠭᠡᠵᠦ᠂ ᠰᠤᠷᠤᠭᠴᠢᠳ᠎ᠤᠨ ᠰᠤᠷᠤᠯᠴᠠᠬᠤ ᠢᠳᠡᠪᠬᠢᠵᠢᠯ᠎ᠢ ᠭᠦᠢ᠍ᠴᠡᠳ ᠪᠠᠳᠠᠷᠠᠭᠤᠯᠤᠨ᠂ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠮᠵᠢ ᠵᠢ ᠢᠯᠡᠳᠲᠡ ᠳᠡᠭᠡᠭᠰᠢᠯᠡᠭᠦᠯᠪᠡ》 ᠭᠡᠵᠡᠢ᠃

ᠣᠷᠳᠣᠰ ᠬᠣᠲᠠ ᠵᠢᠨ 《ᠵᠢᠷᠭᠤᠭ᠋ᠠᠨ ᠨᠠᠷᠢᠯᠢᠭ》 ᠰᠠᠢ᠌ᠨ ᠬᠢᠴᠢᠶᠡᠯ᠎ᠤᠨ ᠪᠠᠢ᠌ᠭᠤᠯᠤᠯᠲᠠ ᠵᠢᠨ ᠳᠠᠭ᠋ᠠᠭᠤᠯᠭ᠎ᠠ᠎ᠪᠠᠷ᠂ ᠡᠯ᠎ᠡ ᠬᠣᠰᠢᠭᠤ ᠲᠣᠭᠣᠷᠢᠭ᠂ ᠡᠯ᠎ᠡ ᠰᠤᠷᠭ᠋ᠠᠭᠤᠯᠢ ᠵᠢᠨ᠎ᠬᠢᠨ ᠬᠢᠴᠢᠶᠡᠯ᠎ᠤᠨ ᠪᠠᠶ᠋ᠢᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠬᠢᠴᠢᠶᠡᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠨᠢ ᠨᠢᠭᠡᠨᠲᠡ ᠨᠡᠶ᠋ᠢᠳᠡᠮ᠎ᠤᠨ ᠴᠢᠨᠠᠷᠲᠠᠢ ᠬᠠᠮᠲᠤ ᠵᠢᠨ ᠲᠠᠨᠢᠯᠲᠠ ᠪᠣᠯᠵᠣ᠂ 《ᠳ᠋ᠦᠩᠱ᠌ᠧᠩ ᠲᠣᠭᠣᠷᠢᠭ᠎ᠤᠨ ᠰᠠᠶ᠋ᠢᠨ ᠬᠢᠴᠢᠶᠡᠯ》᠂ ᠬᠢᠶ᠎ᠠ ᠪᠠᠭᠰᠢ ᠲᠣᠭᠣᠷᠢᠭ᠎ᠤᠨ 《ᠲᠠᠪᠤᠨ ᠰᠠᠢ᠌ᠨ ᠬᠢᠴᠢᠶᠡᠯ》᠂ ᠳᠠᠯᠠᠳ ᠬᠣᠰᠢᠭᠤᠨ᠎ᠤ 《ᠳᠥᠷᠪᠡᠨ ᠦᠨᠡᠨ》 ᠬᠢᠴᠢᠶᠡᠯ᠂ ᠵᠡᠭᠦᠨᠭ᠋ᠠᠷ ᠬᠣᠰᠢᠭᠤᠨ᠎ᠤ 《ᠵᠡᠭᠦᠨᠭ᠋ᠠᠷ ᠰᠢᠯᠢᠳᠡᠭ ᠬᠢᠴᠢᠶᠡᠯ》᠂ ᠡᠵᠡᠨ ᠬᠣᠷᠣᠭ᠎ᠠ ᠬᠣᠰᠢᠭᠤᠨ᠎ᠤ 《ᠵᠣᠯ ᠵᠢᠷᠭ᠋ᠠᠯᠲᠤ ᠬᠢᠴᠢᠶᠡᠯ》᠂ ᠦᠦᠰᠢᠨ ᠬᠣᠰᠢᠭᠤᠨ᠎ᠤ 《ᠬᠦᠴᠦᠷᠬᠡᠭ ᠬᠢᠴᠢᠶᠡᠯ᠂ ᠬᠦᠴᠦᠷᠬᠡᠭ ᠪᠠᠭᠰᠢ᠂ ᠬᠦᠴᠦᠷᠬᠡᠭ ᠬᠢᠴᠢᠶᠡᠯ᠎ᠤᠨ ᠲᠠᠩᠬᠢᠮ》᠂ ᠣᠲᠣᠭ ᠬᠣᠰᠢᠭᠤᠨ᠎ᠤ 《ᠰᠤᠷᠤᠯᠭ᠎ᠠ ᠵᠢ ᠵᠢᠯᠣᠭᠣᠳᠬᠤ ᠬᠡᠯᠪᠡᠷᠢ》 ᠵᠢᠨ ᠥᠨᠳᠥᠷ ᠪᠥᠲᠦᠮᠵᠢᠲᠦ ᠬᠢᠴᠢᠶᠡᠯ᠂ 《ᠣᠲᠣᠭ᠎ᠤᠨ ᠡᠮᠦᠨᠡᠲᠦ ᠬᠣᠰᠢᠭᠤᠨ᠎ᠤ ᠰᠠᠶ᠋ᠢᠨ ᠬᠢᠴᠢᠶᠡᠯ》᠎ᠢ ᠵᠠᠯᠭ᠋ᠠᠭ᠎ᠠ᠎ᠪᠠᠷ ᠪᠠᠢ᠌ᠭᠤᠯᠤᠨ᠂ ᠠᠮᠢᠳᠤᠯᠢᠭᠵᠢᠭᠤᠯᠪᠠ᠃ 2024 ᠣᠨ᠎ᠳᠤ ᠪᠦᠬᠦ ᠣᠷᠣᠨ᠎ᠤ 《ᠰᠠᠭᠤᠷᠢ ᠰᠤᠷᠭ᠋ᠠᠨ ᠬᠥᠮᠦᠵᠢᠯ᠎ᠤᠨ ᠰᠢᠯᠢᠳᠡᠭ ᠬᠢᠴᠢᠶᠡᠯ》 ᠵᠶ᠋ᠡᠷ ᠣᠷᠳᠣᠰ ᠬᠣᠲᠠ ᠵᠢᠨ 138 ᠬᠢᠴᠢᠶᠡᠯ ᠰᠣᠩᠭᠣᠭᠳᠠᠪᠠ᠃
ᠣᠷᠳᠣᠰ ᠬᠣᠲᠠ ᠵᠢᠨ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ ᠦᠢ᠍ᠯᠡᠳᠦᠯᠭᠡ ᠵᠢᠨ ᠶᠠᠪᠤᠴᠠ᠎ᠳᠤ ᠣᠷᠳᠣᠰ ᠬᠣᠲᠠ ᠵᠢᠨ 《ᠵᠢᠷᠭᠤᠭ᠋ᠠᠨ ᠨᠠᠷᠢᠯᠢᠭ》 ᠬᠢᠴᠢᠶᠡᠯ᠎ᠢ ᠦᠨᠡᠯᠡᠬᠦ ᠳᠣᠭᠲᠠᠯᠴᠠᠭ᠎ᠠ ᠵᠢ ᠲᠠᠰᠤᠷᠠᠯᠲᠠ ᠦᠭᠡᠢ ᠰᠠᠶ᠋ᠢᠵᠢᠷᠠᠭᠤᠯᠤᠨ ᠲᠡᠭᠦᠯᠳᠡᠷᠵᠢᠭᠦᠯᠵᠦ᠂ ᠪᠠᠭᠰᠢ ᠰᠤᠷᠤᠭᠴᠢᠳ᠎ᠢ ᠬᠥᠲᠥᠯᠥᠨ ᠵᠢᠯᠣᠭᠣᠳᠴᠤ ᠵᠢᠭ᠋ᠠᠨ ᠰᠤᠷᠭ᠋ᠠᠯᠲᠠ ᠵᠢᠨ ᠶᠠᠪᠤᠴᠠ᠎ᠳᠤ ᠨᠠᠷᠢᠯᠢᠭ ᠣᠨᠣᠴᠠᠲᠠᠢ ᠥᠨᠳᠥᠷ ᠪᠦᠲᠦᠮᠵᠢᠲᠡᠢ 《ᠬᠣᠣᠰ ᠴᠢᠭᠯᠡᠯ ᠵᠶ᠋ᠠᠷ ᠣᠷᠣᠯᠴᠠᠬᠤ》 ᠵᠢ ᠪᠡᠶᠡᠯᠡᠭᠦᠯᠵᠦ᠂ ᠬᠢᠴᠢᠶᠡᠯ᠎ᠤᠨ ᠥᠭᠡᠷᠡᠴᠢᠯᠡᠯᠲᠡ ᠵᠢᠨ ᠬᠦᠴᠦᠷᠬᠡᠭ ᠶᠡᠬᠡ ᠬᠥᠳᠡᠯᠭᠡᠬᠦ ᠬᠦᠴᠦᠨ ᠵᠶ᠋ᠠᠷ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠬᠦ ᠵᠢ ᠠᠬᠢᠭᠤᠯᠵᠤ ᠪᠣᠢ᠃