ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠡᠷᠭᠢᠴᠡᠭᠦᠯᠬᠦ᠎ᠨᠢ - ᠠᠯᠠᠱ᠌ᠠ ᠠᠢ᠌ᠮᠠᠭ
ᠨᠡᠶ᠋ᠢᠲᠡᠯᠡᠭᠰᠡᠨ ᠴᠠᠭ᠄ 2024-07-09


      5 ᠳ᠋ᠤᠭ᠋ᠠᠷ ᠰᠠᠷ᠎ᠠ᠎ᠠᠴᠠ ᠨᠠᠭ᠋ᠠᠰᠢ᠂ ᠠᠯᠠᠱ᠌ᠠ ᠠᠶ᠋ᠢᠮᠠᠭ 《ᠭᠠᠷ᠎ᠤᠨ ᠡᠷᠳᠡᠮ᠂ ᠨᠠᠰᠤᠨ᠎ᠤ ᠲᠦᠰᠢᠭ》᠎ᠪᠠᠷ ᠭᠣᠣᠯ ᠰᠡᠳᠦᠪ ᠪᠣᠯᠭ᠋ᠠᠭᠰᠠᠨ 2024 ᠣᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯᠯᠠᠭ᠋ᠠᠨ᠎ᠤ ᠭᠠᠷᠠᠭ ᠵᠢᠴᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠰᠤᠷᠭ᠋ᠠᠭᠤᠯᠢ  ᠵᠢᠨ ᠬᠦᠷᠢᠶ᠎ᠡ ᠪᠠ ᠨᠡᠶ᠋ᠢᠭᠡᠮ ᠲᠣᠭᠣᠷᠢᠭ ᠭᠡᠬᠦ ᠬᠣᠶᠠᠷ ᠶᠡᠬᠡ ᠵᠢᠭᠰᠠᠭ᠋ᠠᠯ᠎ᠤᠨ ᠭᠠᠵᠠᠷ᠎ᠲᠤ ᠲᠦᠰᠢᠭᠯᠡᠨ᠂ 《ᠰᠦᠯᠵᠢᠶᠡᠨ᠎ᠳᠠᠬᠢ ᠪᠠ ᠰᠦᠯᠵᠢᠶᠡᠨ ᠭᠠᠳᠠᠨᠠᠬᠢ》᠂ 《ᠤᠷᠢᠵᠤ ᠠᠪᠴᠢᠷᠠᠬᠤ》 ᠠᠷᠭ᠎ᠠ ᠮᠠᠶᠢᠭ ᠵᠶ᠋ᠠᠷ ᠳᠠᠮᠵᠢᠭᠤᠯᠤᠨ᠂ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠣᠬᠢᠷᠠᠭᠤᠯᠤᠨ ᠨᠡᠶ᠋ᠢᠭᠡᠮ ᠨᠡᠶ᠋ᠢᠲᠡ᠎ᠳᠤ ᠬᠠᠨᠳᠤᠭᠤᠯᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠢᠷᠢᠰ ᠤᠬᠠᠭᠤᠯᠭ᠎ᠠ ᠵᠢ ᠥᠷᠨᠢᠭᠦᠯᠪᠡ᠃


1.webp.png


      ᠤᠬᠠᠭᠤᠯᠭ᠎ᠠ ᠵᠢᠨ ᠰᠠᠷ᠎ᠠ ᠵᠢᠨ ᠬᠤᠭᠤᠴᠠᠭ᠋ᠠᠨ᠎ᠳᠤ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠥᠪᠡᠷᠮᠢᠴᠡ ᠣᠨᠴᠠᠯᠢᠭ᠎ᠲᠠᠢ ᠰᠢᠯᠢᠳᠡᠭ ᠰᠢᠷᠢᠰ ᠠᠵᠢᠯᠯᠠᠭ᠎ᠠ ᠵᠢ ᠲᠠᠨᠢᠯᠴᠠᠭᠤᠯᠪᠠ᠂ ᠵᠢᠱ᠌ᠢᠶᠡᠯᠡᠪᠡᠯ᠂ 《ᠠᠵᠤ ᠦᠢ᠍ᠯᠡᠰ᠎ᠤᠨ ᠵᠢᠯᠣᠭᠣᠳᠣᠭᠴᠢ ᠪᠠᠭᠰᠢ》 ᠵᠢ ᠤᠷᠢᠬᠤ᠂ ᠤᠮᠠᠷᠠᠲᠤ ᠬᠢᠯᠢ ᠵᠢᠨ ᠤᠷᠠᠨ ᠳᠠᠷᠬᠠᠨ᠎ᠢ ᠰᠤᠷᠭ᠋ᠠᠭᠤᠯᠢ ᠵᠢᠨ ᠬᠦᠷᠢᠶᠡᠨ᠎ᠳᠤ ᠤᠷᠢᠨ ᠤᠬᠠᠭᠤᠯᠤᠨ ᠲᠠᠢ᠌ᠯᠪᠤᠷᠢᠯᠠᠭᠤᠯᠬᠤ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠋ᠠᠨ᠎ᠤ ᠠᠬᠤᠢ ᠲᠠᠯᠠᠪᠠᠢ ᠵᠢᠨ ᠭᠡᠷ᠎ᠡ ᠲᠣᠭᠲᠠᠬᠤ ᠶᠣᠰᠣᠯᠠᠯ᠎ᠢ ᠡᠷᠬᠢᠯᠡᠬᠦ᠂ ᠭᠣᠣᠯ ᠰᠡᠳᠦᠪᠲᠦ ᠲᠤᠰᠬᠠᠢ ᠮᠡᠷᠭᠡᠵᠢᠯ᠎ᠤᠨ ᠤᠷ᠎ᠠ ᠴᠢᠳᠠᠪᠤᠷᠢ ᠵᠢᠨ ᠦᠵᠡᠭᠦᠯᠭᠡ ᠵᠢᠨ ᠠᠵᠢᠯᠯᠠᠭ᠎ᠠ ᠥᠷᠨᠢᠭᠦᠯᠬᠦ ᠵᠡᠷᠭᠡ ᠪᠣᠢ᠂ ᠲᠣᠰ ᠠᠵᠠ ᠲᠣᠬᠢᠶᠠᠯ᠎ᠢ ᠠᠰᠢᠭᠯᠠᠨ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠳᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠭᠦᠢ᠍ᠴᠡᠳ ᠲᠠᠨᠢᠭᠤᠯᠤᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠪᠡᠶᠡᠴᠢᠯᠡᠨ ᠣᠢ᠌ᠯᠠᠭ᠋ᠠᠭᠤᠯᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ᠎ᠳᠤ ᠣᠷᠣᠯᠴᠠᠭᠤᠯᠤᠭᠰᠠᠨ ᠵᠶ᠋ᠠᠷ ᠪᠠᠷᠠᠬᠤ  ᠦᠭᠡᠢ ᠪᠠᠰᠠ ᠪᠦᠬᠦ ᠲᠠᠯ᠎ᠠ ᠵᠢᠨ᠂ ᠣᠯᠠᠨ ᠠᠷᠭ᠎ᠠ ᠵᠠᠮ ᠪᠥᠬᠦᠢ᠂ ᠪᠣᠰᠣᠭ᠎ᠠ ᠴᠣᠭᠴᠠᠲᠤ ᠬᠡᠯᠪᠡᠷᠢ᠎ᠪᠠᠷ ᠪᠦᠬᠦ ᠠᠶ᠋ᠢᠮᠠᠭ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠭᠦᠯᠦᠯᠲᠡ ᠵᠢᠨ ᠡᠯᠪᠡᠭ ᠪᠠᠶᠠᠯᠢᠭ ᠦᠷ᠎ᠡ ᠪᠦᠲᠦᠭᠡᠯ᠎ᠢ ᠳᠡᠯᠭᠡᠨ ᠦᠵᠡᠭᠦᠯᠵᠡᠢ᠃ 

    

2.png


      ᠣᠶ᠋ᠢᠷ᠎ᠠ ᠵᠢᠨ ᠵᠢᠯ᠂ ᠠᠯᠠᠱ᠌ᠠ ᠠᠶ᠋ᠢᠮᠠᠭ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠲᠣᠭᠲᠠᠭᠤᠨ ᠵᠶ᠋ᠡᠷ ᠬᠥᠭᠵᠢᠵᠦ᠂ ᠰᠤᠷᠭ᠋ᠠᠭᠤᠯᠢ ᠡᠷᠬᠢᠯᠡᠬᠦ ᠬᠡᠪᠴᠢᠶ᠎ᠡ᠂ ᠰᠤᠷᠭ᠋ᠠᠭᠤᠯᠢ ᠡᠷᠬᠢᠯᠡᠬᠦ ᠬᠢᠷᠢ ᠲᠦᠪᠰᠢᠨ᠂ ᠰᠠᠭᠤᠷᠢ ᠪᠦᠲᠦᠭᠡᠨ ᠪᠠᠶ᠋ᠢᠭᠤᠯᠤᠯᠲᠠ᠂ ᠠᠭᠤᠯᠤᠭᠳᠠᠬᠤᠨ᠎ᠤ ᠬᠥᠭᠵᠢᠯᠲᠡ ᠵᠡᠷᠭᠡ ᠲᠠᠯ᠎ᠠ᠎ᠪᠠᠷ ᠲᠠᠰᠤᠷᠠᠯᠲᠠ ᠥᠬᠡᠶ ᠰᠢᠨ᠎ᠡ ᠠᠬᠢᠴᠠ᠎ᠲᠠᠢ ᠪᠣᠯᠵᠣ᠂ ᠣᠳᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠤ ᠪᠠᠶ᠋ᠢᠭᠤᠯᠤᠯᠲᠠ ᠵᠢ ᠯᠠᠪᠳᠠᠭᠤᠨ ᠵᠶ᠋ᠠᠷ ᠠᠬᠢᠭᠤᠯᠤᠨ᠂ ᠰᠤᠷᠭ᠋ᠠᠭᠤᠯᠢ ᠡᠷᠬᠢᠯᠡᠬᠦ ᠨᠥᠬᠥᠴᠡᠯ ᠪᠠ ᠪᠣᠳᠠᠲᠤ ᠬᠦᠴᠦᠨ ᠦᠷᠭᠦᠯᠵᠢᠯᠡᠨ ᠳᠡᠭᠡᠭᠰᠢᠯᠡᠵᠦ᠂ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠨ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠢ ᠭᠦᠨᠵᠡᠭᠡᠢ ᠠᠬᠢᠭᠤᠯᠵᠤ᠂ ᠴᠢᠳᠠᠪᠤᠷᠢᠲᠠᠨ ᠬᠥᠮᠦᠵᠢᠭᠦᠯᠬᠦ ᠴᠢᠨᠠᠷ ᠴᠢᠨᠰᠠᠭ᠎ᠠ ᠪᠠ ᠦᠢ᠍ᠯᠡᠴᠢᠯᠡᠭᠡᠨ᠎ᠤ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠪᠡ᠂ ᠡᠨᠡ ᠪᠣᠯ ᠠᠯᠠᠱ᠌ᠠ ᠠᠶ᠋ᠢᠮᠠᠭ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ 《ᠶᠡᠬᠡ ᠡᠷᠡᠮᠡᠯᠵᠡᠯ᠎ᠲᠠᠢ》᠎ᠠᠴᠠ 《ᠶᠡᠬᠡ ᠵᠢᠳᠬᠦᠯ ᠭᠠᠷᠭ᠋ᠠᠬᠤ》 ᠲᠡᠢ᠌ᠰᠢ ᠬᠤᠪᠢᠷᠠᠭᠤᠯᠤᠭᠰᠠᠨ ᠠᠮᠢᠳᠤᠯᠢᠭ ᠦᠢ᠍ᠯᠡᠳᠦᠯᠭᠡ ᠪᠣᠯᠤᠨ᠎ᠠ᠃
      ᠡᠬᠢ ᠪᠠᠶᠠᠯᠢᠭ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠠᠵᠢᠯ ᠮᠡᠷᠭᠡᠵᠢᠯ ᠎ᠤᠨ ᠰᠤᠷᠭ᠋ᠠᠨ ᠬᠥᠮᠦᠵᠢᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ ᠰᠢᠯᠢᠳᠡᠭ᠎ᠢ ᠪᠣᠶ᠋ᠢᠵᠢᠭᠤᠯᠬᠤ ᠵᠢ ᠠᠬᠢᠭᠤᠯᠪᠠ ᠃ ᠠᠯᠠᠱ᠌ᠠ ᠠᠶ᠋ᠢᠮᠠᠭ᠎ᠤᠨ ᠠᠵᠤ ᠠᠬᠤᠢ ᠵᠢᠨ ᠬᠥᠭᠵᠢᠯᠲᠡ ᠪᠠ ᠨᠡᠶ᠋ᠢᠭᠡᠮ᠎ᠤᠨ ᠬᠡᠷᠡᠭᠴᠡᠭᠡ᠎ᠳᠤ ᠨᠡᠩ ᠰᠠᠶ᠋ᠢᠨ ᠦᠢ᠍ᠯᠡᠴᠢᠯᠡᠵᠦ᠂ ᠳᠤᠮᠳᠠ ᠵᠡᠷᠭᠡ ᠵᠢᠨ ᠠᠵᠢᠯ ᠮᠡᠷᠭᠡᠵᠢᠯ ᠎ᠤᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠬᠦ ᠵᠢ ᠴᠢᠩᠭ᠋ᠠᠳᠬᠠᠬᠤ ᠵᠢᠨ ᠲᠥᠯᠦᠭᠡ᠂ 《ᠬᠣᠭᠣᠰᠣᠨ᠂ ᠪᠠᠭ᠎ᠠ᠂ ᠲᠠᠷᠠᠬᠠᠢ᠂ ᠪᠠᠭᠤᠷᠠᠢ》 ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ ᠴᠡᠭᠴᠡᠯᠡᠵᠦ᠂ ᠠᠯᠠᠱ᠌ᠠ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠬᠡᠰᠡᠭ ᠪᠠ ᠠᠯᠠᠱ᠌ᠠ ᠪᠠᠷᠠᠭᠤᠨ ᠬᠣᠰᠢᠭᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠥᠪ᠂ ᠡᠵᠡᠨ᠎ᠡ ᠬᠣᠰᠢᠭᠤᠨ᠎ᠤ ᠠᠵᠢᠯ ᠮᠡᠷᠭᠡᠵᠢᠯ᠎ᠤᠨ ᠳᠤᠮᠳᠠᠳᠤ ᠰᠤᠷᠭ᠋ᠠᠭᠤᠯᠢ ᠵᠢ ᠨᠡᠢ᠌ᠯᠡᠭᠦᠯᠦᠨ᠂ ᠠᠯᠠᠱ᠌ᠠ ᠠᠶ᠋ᠢᠮᠠᠭ ᠎ᠤᠨ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢ ᠪᠠᠢ᠌ᠭᠤᠯᠵᠤ᠂ ᠠᠯᠠᠱ᠌ᠠ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠦᠯᠦᠭᠯᠡᠯᠵᠢᠭᠦᠯᠦᠨ ᠰᠤᠷᠭ᠋ᠠᠭᠤᠯᠢ ᠡᠷᠬᠢᠯᠡᠬᠦ ᠵᠢ ᠬᠠᠮᠢᠶᠠᠷᠴᠤ᠂ ᠠᠯᠠᠱ᠌ᠠ ᠠᠶ᠋ᠢᠮᠠᠭ᠎ᠤᠨ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠡᠰ ᠳᠠᠪᠬᠤᠷᠭ᠋ᠠᠨ᠎ᠤ ᠪᠦᠲᠦᠴᠡ᠂ ᠪᠠᠶ᠋ᠢᠷᠢᠰᠢᠭᠤᠯᠤᠯᠲᠠ ᠵᠢᠨ ᠪᠦᠲᠦᠴᠡ ᠪᠠ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ᠎ᠤᠨ ᠪᠦᠲᠦᠴᠡ ᠵᠢ ᠪᠦᠬᠦ ᠲᠠᠯ᠎ᠠ᠎ᠪᠠᠷ ᠰᠢᠯᠢᠳᠡᠭᠵᠢᠭᠦᠯᠵᠦ᠂ ᠪᠦᠬᠦᠯᠢ ᠴᠣᠭᠴᠠ᠎ᠪᠠᠷ ᠰᠤᠷᠭ᠋ᠠᠭᠤᠯᠢ ᠡᠷᠬᠢᠯᠡᠬᠦ ᠴᠢᠨᠠᠷ ᠴᠢᠨᠰᠠᠭ᠎ᠠ ᠪᠠ ᠦᠢ᠍ᠯᠡᠴᠢᠯᠡᠭᠡᠨ ᠎ᠤ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
      ᠠᠵᠤ ᠦᠢ᠍ᠯᠡᠳᠪᠦᠷᠢ ᠪᠣᠯᠤᠨ ᠰᠤᠷᠭ᠋ᠠᠨ ᠬᠥᠮᠦᠵᠢᠯ᠎ᠤᠨ ᠠᠭᠤᠰᠤᠯᠴᠠᠭ᠎ᠠ ᠵᠢ ᠭᠦᠨᠵᠡᠭᠡᠶ᠋ᠢᠷᠡᠭᠦᠯᠦᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠡᠷᠬᠢᠯᠡᠬᠦ ᠠᠷᠭ᠎ᠠ ᠵᠠᠮ᠎ᠢ ᠥᠷᠭᠡᠳᠭᠡᠪᠡ᠃ ᠵᠠᠰᠠᠭ᠎ᠤᠨ ᠣᠷᠳᠣᠨ ᠵᠶ᠋ᠠᠷ ᠭᠣᠣᠯᠯᠠᠭᠤᠯᠬᠤ᠂ ᠠᠵᠢᠯ ᠲᠥᠷᠥᠯ  ᠵᠶ᠋ᠠᠷ ᠵᠢᠯᠣᠭᠣᠳᠬᠤ᠂ ᠠᠵᠤ ᠠᠬᠤᠶ᠋ᠢᠯᠠᠯ ᠣᠷᠣᠯᠴᠠᠬᠤ᠂ ᠪᠦᠯᠦᠭᠵᠢᠭᠦᠯᠦᠨ ᠰᠤᠷᠭ᠋ᠠᠭᠤᠯᠢ ᠡᠷᠬᠢᠯᠡᠬᠦ ᠬᠥᠭᠵᠢᠯᠲᠡ ᠵᠢᠨ ᠵᠠᠭᠪᠤᠷ᠎ᠢ ᠴᠢᠷᠮᠠᠶ᠋ᠢᠨ ᠪᠠᠶ᠋ᠢᠭᠤᠯᠵᠤ᠂ ᠠᠵᠤ ᠦᠢ᠍ᠯᠡᠳᠪᠦᠷᠢ ᠪᠠ ᠰᠤᠷᠭ᠋ᠠᠭᠤᠯᠢ ᠵᠢ ᠤᠶᠠᠯᠳᠤᠭᠤᠯᠤᠭᠰᠠᠨ 《ᠵᠠᠬᠢᠶᠠᠯᠠᠭ᠎ᠠ ᠵᠢᠨ ᠬᠡᠯᠪᠡᠷᠢ》 ᠵᠢᠨ ᠴᠢᠳᠠᠪᠤᠷᠢᠲᠠᠨ ᠬᠥᠮᠦᠵᠢᠭᠦᠯᠬᠦ ᠵᠠᠭᠪᠤᠷ᠎ᠢ ᠶᠡᠬᠡ᠎ᠪᠠᠷ ᠠᠬᠢᠭᠤᠯᠵᠤ᠂ 《ᠤᠷᠠᠨ ᠳᠠᠷᠬᠠᠨ᠎ᠤ ᠠᠩᠭᠢ》 ᠵᠢᠨ ᠲᠥᠯᠥᠪᠯᠡᠭᠡ ᠵᠢ ᠬᠡᠷᠡᠭᠵᠢᠭᠦᠯᠵᠦ᠂ ᠰᠤᠷᠭ᠋ᠠᠭᠤᠯᠢ ᠵᠢᠨ ᠭᠠᠳᠠᠨᠠᠬᠢ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠢ ᠨᠢᠭᠡᠨᠲᠡ 35 ᠵᠢ ᠪᠠᠢ᠌ᠭᠤᠯᠤᠨ᠂ ᠠᠶ᠋ᠢᠮᠠᠭ᠎ᠤᠨ ᠳᠣᠲᠤᠨ᠎ᠠ ᠭᠠᠳᠠᠨᠠᠬᠢ 44 ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠎ᠲᠠᠢ ᠰᠤᠷᠭ᠋ᠠᠭᠤᠯᠢ ᠪᠠ ᠠᠵᠤ ᠠᠬᠤᠶ᠋ᠢᠯᠠᠯ ᠬᠠᠮᠲᠤᠷᠠᠨ 《ᠵᠠᠬᠢᠶᠠᠯᠠᠭ᠎ᠠ ᠵᠢᠨ ᠠᠩᠭᠢ》 ᠵᠢ ᠬᠥᠮᠦᠵᠢᠭᠦᠯᠬᠦ ᠬᠡᠯᠡᠯᠴᠡᠭᠡᠷ ᠲᠣᠭᠲᠠᠵᠤ᠂ ᠥᠪᠡᠷᠲᠡᠭᠡᠨ ᠵᠠᠰᠠᠬᠤ ᠣᠷᠣᠨ᠎ᠤ ᠳᠡᠰ ᠎ᠤᠨ ᠤᠷᠠᠨ ᠳᠠᠷᠬᠠᠨ᠎ᠤ ᠠᠩᠭᠢ 4᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠨᠡᠷᠡᠲᠦ ᠪᠠᠭᠰᠢ ᠵᠢᠨ ᠠᠵᠢᠯᠯᠠᠬᠤ ᠲᠠᠰᠤᠭ 2᠂ ᠠᠶ᠋ᠢᠮᠠᠭ᠎ᠤᠨ ᠳᠡᠰ᠎ᠤᠨ ᠨᠡᠷᠡᠲᠦ ᠪᠠᠭᠰᠢ ᠵᠢᠨ ᠠᠵᠢᠯᠯᠠᠬᠤ ᠲᠠᠰᠤᠭ 7᠂ ᠵᠠᠬᠢᠶᠠᠯᠠᠭ᠎ᠠ ᠵᠢᠨ ᠠᠩᠭᠢ 3 ᠵᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠵᠤ ᠦᠢ᠍ᠯᠡᠳᠪᠦᠷᠢ ᠪᠠ ᠰᠤᠷᠭ᠋ᠠᠨ ᠬᠥᠮᠦᠵᠢᠯ᠎ᠢ ᠠᠭᠤᠰᠬᠠᠬᠤ ᠦᠢ᠍ᠯᠡᠳᠦᠯᠭᠡ ᠵᠢᠨ ᠲᠥᠪ 1 ᠵᠢ  ᠪᠠᠢ᠌ᠭᠤᠯᠤᠨ᠂ ᠲᠤᠰᠬᠠᠢ ᠮᠡᠷᠭᠡᠵᠢᠯ ᠪᠠ ᠠᠵᠤ ᠦᠢ᠍ᠯᠡᠰ᠂ ᠠᠵᠤ ᠠᠬᠤᠶ᠋ᠢᠯᠠᠯ᠂ ᠠᠵᠢᠯ᠎ᠤᠨ ᠪᠠᠶ᠋ᠢᠷᠢ ᠵᠢ ᠵᠣᠯᠭ᠋ᠠᠭᠤᠯᠬᠤ ᠵᠢ ᠠᠬᠢᠭᠤᠯᠵᠤ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠢ ᠣᠯᠠᠨ ᠶᠠᠩᠵᠤ᠎ᠪᠠᠷ ᠪᠠᠢ᠌ᠷᠢᠰᠢᠯᠠᠭᠤᠯᠪᠠ᠃
      ᠰᠤᠷᠭ᠋ᠠᠭᠤᠯᠢ ᠡᠷᠬᠢᠯᠡᠬᠦ ᠪᠠᠷᠢᠮᠵᠢᠶ᠎ᠠ ᠵᠢ ᠳᠡᠭᠡᠭᠰᠢᠯᠡᠭᠦᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠲᠣᠭ᠋ᠠᠳᠤ ᠬᠥᠳᠡᠯᠭᠡᠬᠦ ᠬᠦᠴᠦᠨ᠎ᠢ ᠴᠢᠩᠭ᠋ᠠᠷᠠᠭᠤᠯᠪᠠ ᠃ ᠯᠠᠨᠵᠧᠦ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠂ ᠹᠦᠵᠧᠦ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠦᠬᠠᠢ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠡᠷᠭᠡ ᠣᠷᠣᠨ᠎ᠤ ᠳᠣᠲᠤᠨ᠎ᠠ ᠭᠠᠳᠠᠨᠠᠬᠢ 10 ᠭᠠᠷᠤᠢ ᠳᠡᠭᠡᠳᠦ ᠰᠤᠷᠭ᠋ᠠᠭᠤᠯᠢ᠎ᠲᠠᠢ ᠠᠵᠢᠯ ᠲᠥᠷᠥᠯ ᠵᠶ᠋ᠠᠷ ᠬᠠᠮᠲᠤᠷᠠᠯᠴᠠᠬᠤ ᠬᠡᠯᠡᠯᠴᠡᠭᠡᠷ ᠲᠣᠭᠲᠠᠵᠤ᠂ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ᠂ ᠰᠤᠷᠤᠭᠴᠢ ᠬᠥᠮᠦᠵᠢᠭᠦᠯᠬᠦ᠂ ᠲᠤᠰᠬᠠᠢ ᠮᠡᠷᠭᠡᠵᠢᠯ᠎ᠤᠨ ᠪᠠᠶ᠋ᠢᠷᠢᠯᠠᠭᠤᠯᠤᠯᠲᠠ᠂ ᠬᠢᠴᠢᠶᠡᠯ᠎ᠤᠨ ᠪᠠᠶ᠋ᠢᠭᠤᠯᠤᠯᠲᠠ ᠵᠡᠷᠭᠡ ᠲᠠᠯ᠎ᠠ᠎ᠪᠠᠷ ᠣᠯᠠᠨ ᠬᠡᠯᠪᠡᠷᠢ ᠵᠢᠨ ᠰᠣᠯᠢᠯᠴᠠᠭ᠎ᠠ ᠬᠠᠮᠲᠤᠷᠠᠯᠴᠠᠭ᠎ᠠ ᠶᠠᠪᠤᠭᠤᠯᠵᠤ᠂ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠴᠢᠳᠠᠪᠤᠷᠢᠲᠠᠨ ᠬᠥᠮᠦᠵᠢᠭᠦᠯᠬᠦ ᠵᠠᠭᠪᠤᠷ᠎ᠢ ᠢᠳᠡᠪᠬᠢᠲᠡᠢ ᠬᠤᠪᠢᠷᠠᠭᠤᠯᠵᠤ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠡᠯ᠎ᠡ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠳᠦᠷᠢᠮ᠎ᠢ 《2.5 + 0.5》 ᠪᠠᠶ᠋ᠢᠭᠰᠠᠨ᠎ᠠᠴᠠ ᠪᠥᠬᠦᠨ᠎ᠢ           《2 + 1》 ᠵᠠᠭᠪᠤᠷ ᠪᠣᠯᠭ᠋ᠠᠵᠤ᠂ ᠬᠢᠴᠢᠶᠡᠯ᠎ᠤᠨ ᠳᠣᠭᠲᠠᠯᠴᠠᠭ᠎ᠠ ᠵᠢ ᠠᠵᠤ ᠠᠬᠤᠶ᠋ᠢᠯᠠᠯ᠎ᠤᠨ ᠰᠢᠨ᠎ᠡ ᠤᠷ᠎ᠠ ᠮᠡᠷᠭᠡᠵᠢᠯ᠂ ᠰᠢᠨ᠎ᠡ ᠲᠥᠬᠥᠭᠡᠷᠦᠮᠵᠢ᠂ ᠰᠢᠨ᠎ᠡ ᠪᠠᠷᠢᠮᠵᠢᠶ᠎ᠠ᠎ᠲᠠᠢ ᠪᠦᠬᠦ ᠲᠠᠯ᠎ᠠ᠎ᠪᠠᠷ ᠵᠣᠯᠭ᠋ᠠᠭᠤᠯᠵᠤ᠂ ᠦᠢ᠍ᠯᠡᠳᠦᠯᠭᠡ ᠵᠢᠨ ᠬᠢᠴᠢᠶᠡᠯ᠎ᠤᠨ ᠴᠠᠭ ᠪᠠ ᠳᠠᠳᠤᠯᠭ᠎ᠠ ᠪᠣᠯᠪᠠᠰᠤᠷᠠᠯ᠎ᠤᠨ ᠡᠵᠡᠯᠡᠬᠦ ᠬᠠᠷᠢᠴᠠᠯ᠎ᠢ ᠨᠡᠮᠡᠭᠳᠡᠭᠦᠯᠪᠡ᠃ ᠰᠤᠷᠤᠭᠴᠢᠳ᠎ᠤᠨ ᠦᠢ᠍ᠯᠡᠳᠦᠯᠭᠡ ᠵᠢᠨ ᠤᠷ᠎ᠠ ᠴᠢᠳᠠᠪᠤᠷᠢ ᠵᠢᠨ ᠬᠥᠮᠦᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠤᠷᠤᠭᠴᠢᠳ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠴᠢᠳᠠᠪᠤᠷᠢ ᠵᠢ ᠪᠣᠶ᠋ᠢᠵᠢᠭᠤᠯᠬᠤ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠤ᠂ ᠪᠦᠬᠦ ᠤᠯᠤᠰ᠂ ᠪᠦᠬᠦ ᠣᠷᠣᠨ᠎ᠤ ᠰᠤᠷᠤᠭᠴᠢᠳ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠣᠷᠣᠯᠴᠠᠬᠤ ᠰᠤᠷᠤᠭᠴᠢ ᠵᠢᠨ ᠲᠣᠭ᠎ᠠ ᠪᠠ ᠲᠥᠷᠥᠯ ᠵᠦᠢ᠍ᠯ᠎ᠤᠨ ᠲᠣᠭ᠎ᠠ ᠵᠢ ᠵᠢᠯ ᠳᠠᠷᠠᠭ᠋ᠠᠯᠠᠨ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠰᠤᠷᠤᠭᠴᠢᠳ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠦᠷ᠎ᠡ ᠪᠦᠲᠦᠭᠡᠯ᠎ᠤᠨ ᠦᠵᠡᠭᠦᠯᠭᠡ ᠵᠡᠷᠭᠡ ᠠᠵᠢᠯᠯᠠᠭ᠎ᠠ᠎ᠳᠤ 30 ᠭᠠᠷᠤᠢ ᠱᠠᠩᠨᠠᠯ ᠬᠦᠷᠲᠡᠪᠡ᠃ ᠡᠭᠦᠨ᠎ᠤ ᠬᠠᠮᠲᠤ᠂ ᠰᠤᠷᠤᠭᠴᠢᠳ᠎ᠢ ᠢᠳᠡᠪᠬᠢᠲᠡᠢ ᠵᠣᠬᠢᠶᠠᠨ ᠪᠠᠶ᠋ᠢᠭᠤᠯᠤᠨ ᠡᠯ᠎ᠡ ᠲᠥᠷᠥᠯ ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠳᠤ ᠣᠷᠣᠯᠴᠠᠭᠤᠯᠵᠤ᠂ ᠳᠤᠮᠳᠠᠳᠤ ᠰᠤᠷᠭ᠋ᠠᠭᠤᠯᠢ ᠵᠢᠨ ᠰᠤᠷᠤᠭᠴᠢ ᠵᠢᠨ ᠳᠡᠯᠡᠬᠡᠢ ᠵᠢᠨ ᠳᠡᠰ᠎ᠤᠨ ᠤᠷᠤᠯᠳᠤᠭ᠋ᠠᠨ᠎ᠤ ᠮᠥᠩᠭᠥᠨ ᠮᠧᠳᠠᠯ 1᠂ ᠳᠤᠮᠳᠠᠳᠤ ᠰᠤᠷᠭ᠋ᠠᠭᠤᠯᠢ ᠵᠢᠨ ᠰᠤᠷᠤᠭᠴᠢ ᠵᠢᠨ ᠤᠯᠤᠰ᠎ᠤᠨ ᠳᠡᠰ᠎ᠤᠨ ᠤᠷᠤᠯᠳᠤᠭ᠋ᠠᠨ᠎ᠤ ᠠᠯᠲᠠᠨ ᠮᠧᠳᠠᠯ 1 ᠵᠢ ᠣᠯᠵᠤ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠤᠷᠤᠯᠳᠤᠭ᠋ᠠᠨ᠎ᠤ ᠱᠠᠩᠨᠠᠯ᠎ᠤᠨ ᠮᠧᠳᠠᠯ ᠵᠠᠭᠤ ᠭᠠᠷᠤᠢ ᠣᠯᠪᠠ᠃
      ᠥᠪᠡᠷᠮᠢᠴᠡ ᠣᠨᠴᠠᠯᠢᠭ ᠪᠦᠬᠦᠢ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠵᠦ᠂ ᠣᠷᠣᠨ ᠨᠤᠲᠤᠭ᠎ᠤᠨ ᠨᠡᠶ᠋ᠢᠭᠡᠮ ᠠᠵᠤ ᠠᠬᠤᠢ ᠵᠢᠨ ᠬᠥᠭᠵᠢᠯᠲᠡ᠎ᠳᠤ  ᠦᠢ᠍ᠯᠡᠴᠢᠯᠡᠪᠡ᠃ ᠠᠯᠠᠱ᠌ᠠ ᠠᠶ᠋ᠢᠮᠠᠭ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠣᠣᠯ ᠰᠢᠪᠲᠤᠯᠤᠯᠲᠠ ᠵᠢᠨ ᠴᠢᠭᠯᠡᠯ ᠪᠠ ᠭᠣᠣᠯᠳᠠᠯᠭ᠎ᠠ᠎ᠲᠠᠢ ᠠᠷᠭ᠎ᠠ ᠵᠠᠮ᠎ᠤᠨ ᠲᠣᠭᠣᠷᠢᠨ᠎ᠳᠤ᠂ 《ᠲᠤᠰᠬᠠᠢ ᠮᠡᠷᠭᠡᠵᠢᠯ ᠵᠢᠴᠢ ᠲᠤᠰᠬᠠᠢ ᠮᠡᠷᠭᠡᠵᠢᠯ᠎ᠤᠨ ᠪᠥᠯᠦᠭᠵᠢᠯ᠎ᠤᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠲᠥᠰᠦᠯ (2022 - 2025 ᠣᠨ)》᠎ᠢ ᠲᠣᠭᠲᠠᠭ᠋ᠠᠵᠤ᠂ ᠲᠤᠰᠬᠠᠢ ᠮᠡᠷᠭᠡᠵᠢᠯ᠎ᠤᠨ ᠪᠠᠶ᠋ᠢᠷᠢᠯᠠᠭᠤᠯᠤᠯᠲᠠ ᠵᠢ ᠰᠢᠯᠢᠳᠡᠭᠵᠢᠭᠦᠯᠦᠨ ᠲᠣᠬᠢᠷᠠᠭᠤᠯᠵᠤ᠂ 20 ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠲᠤᠰᠬᠠᠢ ᠮᠡᠷᠭᠡᠵᠢᠯ ᠪᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠳᠤᠰᠬᠠᠢ ᠮᠡᠷᠭᠡᠵᠢᠯ᠎ᠤᠨ ᠰᠤᠷᠤᠭᠴᠢ ᠡᠯᠰᠡᠬᠦ  ᠵᠢ ᠵᠣᠭᠰᠣᠭ᠋ᠠᠵᠤ᠂ ᠣᠳᠣ ᠦᠶ᠎ᠡ ᠵᠢᠨ ᠬᠢᠮᠢ ᠵᠢᠨ ᠠᠵᠤ ᠦᠢ᠍ᠯᠡᠳᠪᠦᠷᠢ᠂ ᠰᠢᠨ᠎ᠡ ᠡᠨᠧᠷᠭᠢ᠂ ᠨᠡᠶ᠋ᠢᠳᠡᠮ ᠬᠡᠷᠡᠭᠯᠡᠬᠦ ᠠᠭ᠋ᠠᠷ᠎ᠤᠨ ᠠᠶᠠᠯᠠᠯ ᠵᠡᠷᠭᠡ ᠠᠵᠤ ᠦᠢ᠍ᠯᠡᠰ᠎ᠤᠨ ᠬᠡᠷᠡᠭᠰᠡᠬᠦ ᠰᠢᠨ᠎ᠡ᠎ᠪᠠᠷ ᠬᠥᠭᠵᠢᠭᠰᠡᠨ ᠲᠤᠰᠬᠠᠢ ᠮᠡᠷᠭᠡᠵᠢᠯ᠎ᠢ ᠰᠦᠪᠡᠭᠴᠢᠯᠡᠨ ᠪᠠᠶ᠋ᠢᠷᠢᠯᠠᠭᠤᠯᠵᠤ᠂ ᠰᠤᠪᠢᠯᠠᠯᠲᠠ᠂ ᠡᠷᠡᠭᠦᠯᠵᠢᠭᠦᠯᠬᠦ ᠰᠤᠪᠢᠯᠠᠯᠲᠠ᠂ ᠭᠡᠷ ᠠᠬᠤᠢ᠂ ᠵᠢᠯᠣᠭᠣᠴᠢ ᠦᠭᠡᠢ ᠨᠢᠰᠬᠡᠯ ᠵᠡᠷᠭᠡ ᠠᠵᠢᠯ ᠣᠯᠵᠤ ᠦᠢ᠍ᠯᠡᠰ ᠪᠣᠰᠬᠠᠬᠤ ᠪᠣᠯᠤᠮᠵᠢ᠎ᠪᠠᠷ ᠥᠨᠳᠦᠷ ᠲᠤᠰᠬᠠᠢ ᠮᠡᠷᠭᠡᠵᠢᠯ᠎ᠢ ᠥᠳᠲᠡᠷ ᠲᠦᠷᠭᠡᠨ ᠪᠣᠢ᠌ᠵᠢᠭᠤᠯᠪᠠ᠃ 2024 ᠣᠨ᠎ᠳᠤ ᠰᠢᠨ᠎ᠡ ᠡᠨᠧᠷᠭᠢ ᠵᠢᠨ ᠲᠣᠨᠤᠭᠯᠠᠯ᠎ᠤᠨ ᠮᠡᠷᠭᠡᠵᠢᠯ᠂ ᠠᠮᠤᠷ ᠲᠦᠪᠰᠢᠨ᠎ᠢ ᠣᠶᠤᠨᠴᠢ᠎ᠪᠠᠷ ᠬᠢᠨᠠᠨ ᠰᠢᠯᠭ᠋ᠠᠬᠤ ᠮᠡᠷᠭᠡᠵᠢᠯ᠂ ᠠᠵᠤ ᠦᠢ᠍ᠯᠡᠳᠪᠦᠷᠢ ᠵᠢᠨ ᠮᠠᠰᠢᠨ ᠬᠥᠮᠦᠨ᠎ᠤ ᠮᠡᠷᠭᠡᠵᠢᠯ᠂ ᠴᠠᠬᠢᠯᠭ᠋ᠠᠨ ᠠᠦ᠋ᠲ᠋ᠣᠴᠢᠯᠠᠯᠲᠠ ᠵᠢᠨ ᠮᠡᠷᠭᠡᠵᠢᠯ᠂ ᠲᠣᠭ᠋ᠠᠵᠢᠭᠰᠠᠨ ᠵᠠᠭᠤᠴᠢᠯᠠᠭᠤᠷ᠎ᠤᠨ ᠤᠷᠠᠯᠢᠭ᠎ᠤᠨ ᠵᠢᠷᠤᠭ ᠲᠥᠯᠥᠪᠯᠡᠭᠡ᠂ ᠥᠨᠳᠥᠷ ᠬᠤᠷᠳᠤᠴᠠᠲᠤ ᠲᠡᠮᠦᠷ ᠵᠠᠮ᠎ᠤᠨ ᠠᠶᠠᠨᠴᠢᠳ᠎ᠤᠨ ᠲᠡᠭᠡᠭᠡᠪᠦᠷᠢ ᠵᠢᠨ ᠦᠢ᠍ᠯᠡᠴᠢᠯᠡᠭᠡ ᠵᠡᠷᠭᠡ 6 ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠲᠤᠰᠬᠠᠢ ᠮᠡᠷᠭᠡᠵᠢᠯ ᠪᠠ ᠠᠮᠢ ᠠᠬᠤᠢ ᠵᠢᠨ ᠣᠷᠴᠢᠨ᠎ᠤ ᠬᠠᠮᠠᠭ᠋ᠠᠯᠠᠯᠲᠠ᠂ ᠲᠣᠭ᠋ᠠᠵᠢᠭᠰᠠᠨ ᠵᠠᠭᠤᠴᠢᠯᠠᠭᠤᠷ᠎ᠤᠨ ᠮᠡᠷᠭᠡᠵᠢᠯ᠎ᠤᠨ ᠬᠡᠷᠡᠭᠯᠡᠯᠲᠡ ᠵᠡᠷᠭᠡ 2 ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠠᠩᠰᠠᠯᠠᠭᠤᠯᠤᠭᠰᠠᠨ ᠲᠤᠰᠬᠠᠢ ᠮᠡᠷᠭᠡᠵᠢᠯ 39᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠠᠩᠰᠠᠯᠠᠭᠤᠯᠤᠭᠰᠠᠨ ᠲᠤᠰᠬᠠᠢ ᠮᠡᠷᠭᠡᠵᠢᠯ 46 ᠪᠣᠯᠪᠠ᠃ ᠡᠭᠦᠨ᠎ᠤ ᠬᠠᠮᠲᠤ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠮᠡᠷᠭᠡᠵᠢᠯ ᠪᠣᠯᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠭᠦᠨᠵᠡᠭᠡᠢ ᠠᠭᠤᠰᠤᠯᠴᠠᠭ᠎ᠠ ᠵᠢ ᠬᠦᠴᠦᠯᠡᠨ ᠠᠬᠢᠭᠤᠯᠵᠤ᠂ ᠰᠦᠯᠵᠢᠶᠡᠨ᠎ᠤ ᠨᠡᠭᠡᠭᠡᠯᠲᠡᠲᠦ ᠬᠢᠴᠢᠶᠡᠯ᠎ᠢ 21 ᠲᠥᠷᠥᠯ ᠵᠦᠢ᠍ᠯ ᠲᠣᠭᠲᠠᠭ᠋ᠠᠵᠤ᠂ ᠰᠤᠷᠭ᠋ᠠᠭᠤᠯᠢ ᠵᠢᠨ ᠲᠣᠭ᠋ᠠᠵᠢᠭᠤᠯᠤᠭᠰᠠᠨ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠬᠥᠮᠥᠷᠭᠡ ᠵᠢ ᠠᠩᠬ᠎ᠠ ᠠᠯᠬᠤᠮ ᠪᠠᠶ᠋ᠢᠭᠤᠯᠪᠠ᠃
      ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠰᠠᠭᠤᠷᠢ ᠵᠢ ᠪᠡᠬᠢᠵᠢᠭᠦᠯᠪᠡ᠃ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠪᠠᠭᠰᠢ ᠵᠢᠨ ᠬᠡᠪ ᠴᠢᠨᠠᠷ ᠪᠠ ᠴᠢᠳᠠᠪᠤᠷᠢ ᠵᠢ ᠳᠡᠭᠡᠭᠰᠢᠯᠡᠭᠦᠯᠬᠦ ᠲᠥᠯᠥᠪᠯᠡᠭᠡ ᠵᠢ ᠭᠦᠨᠵᠡᠭᠡᠢ᠌ᠷᠡᠭᠦᠯᠦᠨ ᠬᠡᠷᠡᠭᠵᠢᠭᠦᠯᠵᠦ᠂ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ 《ᠬᠣᠣᠰ ᠬᠡᠯᠪᠡᠷᠢ》 ᠵᠢᠨ ᠪᠠᠭᠰᠢ ᠵᠢᠨ ᠬᠡᠪᠴᠢᠶ᠎ᠡ ᠵᠢ ᠥᠷᠭᠡᠳᠬᠡᠬᠦ᠂ ᠬᠡᠪ ᠴᠢᠨᠠᠷ᠎ᠢ ᠳᠡᠭᠡᠭᠰᠢᠯᠡᠭᠦᠯᠬᠦ᠂ ᠪᠦᠲᠦᠴᠡ ᠵᠢ ᠰᠢᠯᠢᠳᠡᠭᠵᠢᠭᠦᠯᠬᠦ ᠵᠢ ᠠᠬᠢᠭᠤᠯᠤᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ᠎ᠳᠤ ᠬᠦᠴᠦᠲᠡᠢ ᠲᠤᠯᠭ᠋ᠠᠭᠤᠷᠢᠯᠠᠯ ᠪᠠ ᠪᠠᠲᠤᠯᠠᠭ᠎ᠠ ᠬᠠᠩᠭ᠋ᠠᠪᠠ᠃ ᠪᠠᠭᠰᠢ ᠨᠠᠷ ᠦᠨᠡᠮᠯᠡᠯ ᠰᠢᠯᠭ᠋ᠠᠨ ᠠᠪᠬᠤ᠂ ᠠᠵᠤ ᠠᠬᠤᠶ᠋ᠢᠯᠠᠯ᠎ᠳᠤ ᠪᠣᠯᠪᠠᠰᠤᠷᠠᠬᠤ᠂ ᠮᠡᠷᠭᠡᠵᠢᠯ᠎ᠤᠨ  ᠦᠢ᠍ᠯᠡᠴᠢᠯᠡᠭᠡ ᠵᠡᠷᠭᠡ ᠬᠡᠯᠪᠡᠷᠢ ᠎ᠪᠠᠷ ᠳᠠᠮᠵᠢᠭᠤᠯᠤᠨ 《ᠬᠣᠣᠰ ᠬᠡᠯᠪᠡᠷᠢ ᠵᠢᠨ ᠪᠠᠭᠰᠢ》 ᠵᠢᠨ ᠬᠢᠷᠢ ᠭᠡᠮ ᠣᠯᠬᠤ ᠵᠢ ᠵᠢᠯᠣᠭᠣᠳᠬᠤ ᠪᠤᠶᠤ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ 85 ᠪᠠᠭᠰᠢ 《ᠬᠣᠣᠰ ᠬᠡᠯᠪᠡᠷᠢ》 ᠵᠢᠨ ᠪᠠᠭᠰᠢ ᠵᠢᠨ ᠬᠢᠷᠢ ᠭᠡᠮ᠎ᠢ ᠣᠯᠵᠤ᠂ ᠬᠣᠣᠰ ᠬᠡᠯᠪᠡᠷᠢ ᠵᠢᠨ ᠪᠠᠭᠰᠢ ᠵᠢᠨ ᠲᠣᠭ᠎ᠠ ᠦᠷᠭᠦᠯᠵᠢᠯᠡᠨ ᠨᠡᠮᠡᠭᠳᠡᠪᠡ᠃ ᠣᠶ᠋ᠢᠷ᠎ᠠ ᠵᠢᠨ 5 ᠵᠢᠯ᠎ᠤᠨ ᠲᠤᠷᠰᠢ᠂ ᠤᠷᠢᠳ ᠬᠣᠵᠢᠳ 100 ᠭᠠᠷᠤᠢ ᠲᠦᠮᠡᠨ ᠲᠥᠭᠥᠷᠢᠭ᠎ᠤᠨ ᠪᠣᠯᠪᠠᠰᠤᠷᠠᠭᠤᠯᠬᠤ ᠵᠠᠷᠤᠳᠠᠯ᠎ᠢ ᠣᠷᠣᠭᠤᠯᠵᠤ᠂ ᠪᠠᠭᠰᠢ ᠵᠢ ᠰᠣᠩᠭᠣᠨ ᠲᠣᠮᠢᠯᠠᠵᠤ ᠡᠯ᠎ᠡ ᠱᠠᠲᠤᠨ᠎ᠤ ᠡᠯ᠎ᠡ ᠲᠥᠷᠥᠯ᠎ᠤᠨ ᠪᠣᠯᠪᠠᠰᠤᠷᠠᠯ᠎ᠳᠤ ᠣᠷᠣᠯᠴᠠᠭᠤᠯᠵᠤ᠂ ᠪᠠᠭᠰᠢ ᠵᠢᠨ ᠡᠩᠨᠡᠭᠡᠨ᠎ᠤ ᠪᠦᠬᠦᠯᠢ ᠴᠣᠭᠴᠠ ᠵᠢᠨ ᠬᠡᠪ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠤᠯᠤᠰ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠵᠢᠭ᠋ᠠᠨ ᠰᠤᠷᠭ᠋ᠠᠯᠲᠠ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠪᠠᠭᠰᠢ ᠨᠠᠷ ᠢᠳᠡᠪᠬᠢᠲᠡᠢ ᠣᠷᠣᠯᠴᠠᠬᠤ ᠵᠢ ᠵᠣᠷᠢᠭᠵᠢᠭᠤᠯᠤᠨ ᠳᠡᠮᠵᠢᠵᠦ᠂ ᠡᠯ᠎ᠡ ᠲᠥᠷᠥᠯ᠎ᠤᠨ ᠵᠢᠭ᠋ᠠᠨ ᠰᠤᠷᠭ᠋ᠠᠯᠲᠠ ᠵᠢᠨ ᠡᠷᠳᠡᠮ ᠰᠢᠨᠵᠢᠯᠡᠭᠡᠨ᠎ᠤ ᠤᠷᠤᠯᠳᠤᠭ᠋ᠠᠨ᠎ᠳᠤ 100 ᠭᠠᠷᠤᠢ ᠵᠦᠢ᠍ᠯ᠎ᠤᠨ ᠱᠠᠩᠨᠠᠯ           ᠬᠦᠷᠲᠡᠪᠡ᠃ ᠪᠠᠭᠰᠢ ᠵᠢᠨ ᠱᠠᠲᠤᠯᠵᠢᠨ ᠡᠩᠨᠡᠭᠡᠨ᠎ᠤ ᠢᠨᠵᠧᠨᠧᠷᠢᠩ᠎ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠳᠠᠭ᠋ᠠᠭᠤᠯᠤᠭᠴᠢ 1᠂ ᠵᠢᠭ᠋ᠠᠨ ᠰᠤᠷᠭ᠋ᠠᠯᠲᠠ ᠵᠢᠨ ᠨᠡᠷᠡᠲᠦ ᠪᠠᠭᠰᠢ 1᠂ ᠬᠢᠴᠢᠶᠡᠯ᠎ᠤᠨ ᠲᠠᠪᠴᠠᠩ᠎ᠤᠨ ᠰᠢᠨ᠎ᠡ ᠭᠠᠷᠮᠠᠭ᠋ᠠᠢ᠌ᠯᠠᠭᠴᠢ 3᠂ ᠳᠡᠭᠡᠳᠦ ᠰᠤᠷᠭ᠋ᠠᠭᠤᠯᠢ ᠵᠢᠨ ᠳᠡᠰ᠎ᠤᠨ ᠵᠢᠭ᠋ᠠᠨ ᠰᠤᠷᠭ᠋ᠠᠯᠲᠠ ᠵᠢᠨ ᠨᠡᠷᠡᠲᠦ ᠪᠠᠭᠰᠢ 9᠂ ᠭᠣᠣᠯᠯᠠᠭᠴᠢ ᠪᠠᠭᠰᠢ 35᠂ ᠵᠢᠭ᠋ᠠᠨ ᠰᠤᠷᠭ᠋ᠠᠯᠲᠠ ᠵᠢᠨ ᠴᠢᠳᠠᠪᠤᠷᠢᠲᠠᠨ 60 ᠬᠥᠮᠦᠨ᠎ᠢ ᠰᠢᠯᠭ᠋ᠠᠷᠠᠭᠤᠯᠵᠤ ᠳᠣᠭᠲᠠᠭ᠋ᠠᠪᠠ᠃
      ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠪᠣᠳᠠᠲᠠᠢ ᠠᠳᠬᠤᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠠᠷᠢᠭᠤᠴᠠᠯᠭ᠎ᠠ ᠪᠠ ᠡᠭᠦᠷᠭᠡᠯᠡᠯ᠎ᠢ ᠲᠣᠳᠤᠷᠠᠭᠤᠯᠪᠠ᠃ ᠨᠡᠶ᠋ᠢᠭᠡᠮ᠎ᠤᠨ ᠪᠣᠯᠪᠠᠰᠤᠷᠠᠯ᠎ᠤᠨ ᠬᠡᠪᠴᠢᠶ᠎ᠡ ᠵᠢ ᠲᠠᠰᠤᠷᠠᠯᠲᠠ ᠥᠬᠡᠶ ᠥᠷᠭᠡᠳᠬᠡᠵᠦ᠂ ᠡᠯ᠎ᠡ ᠬᠣᠰᠢᠭᠤ ᠲᠣᠭᠣᠷᠢᠭ᠎ᠢ ᠬᠠᠮᠤᠷᠤᠭᠰᠠᠨ ᠪᠣᠯᠪᠠᠰᠤᠷᠠᠯ ᠵᠢᠭ᠋ᠠᠨ ᠰᠤᠷᠭ᠋ᠠᠯᠲᠠ ᠵᠢᠨ ᠴᠡᠭ᠎ᠤᠨ ᠪᠠᠶ᠋ᠢᠷᠢᠰᠢᠭᠤᠯᠤᠯᠲᠠ ᠵᠢ ᠨᠢᠭᠡᠨᠲᠡ ᠠᠩᠬ᠎ᠠ ᠠᠯᠬᠤᠮ ᠪᠦᠷᠢᠯᠳᠦᠭᠦᠯᠵᠦ᠂ ᠡᠯ᠎ᠡ ᠲᠥᠷᠥᠯ᠎ᠤᠨ ᠪᠣᠯᠪᠠᠰᠤᠷᠠᠯ ᠪᠠ ᠤᠷ᠎ᠠ ᠴᠢᠳᠠᠪᠤᠷᠢ ᠵᠢᠨ ᠬᠢᠨᠠᠨ ᠲᠣᠭᠲᠠᠭ᠋ᠠᠯᠲᠠ ᠵᠢ ᠵᠢᠯ ᠪᠦᠷᠢ ᠳᠤᠮᠳᠠᠴᠢ᠎ᠪᠠᠷ 1.6 ᠲᠦᠮᠡᠨ ᠬᠥᠮᠦᠨ ᠤᠳᠠᠭ᠎ᠠ ᠪᠡᠶᠡᠯᠡᠭᠦᠯᠪᠡ᠃ ᠣᠶ᠋ᠢᠷ᠎ᠠ ᠵᠢᠨ ᠵᠢᠯ᠂ ᠡᠯ᠎ᠡ ᠲᠥᠷᠥᠯ᠎ᠤᠨ ᠨᠡᠶ᠋ᠢᠭᠡᠮ᠎ᠤᠨ ᠪᠣᠯᠪᠠᠰᠤᠷᠠᠯ ᠪᠠ ᠤᠷ᠎ᠠ ᠴᠢᠳᠠᠪᠤᠷᠢ ᠵᠢᠨ ᠬᠢᠨᠠᠨ ᠲᠣᠭᠲᠠᠭ᠋ᠠᠯᠲᠠ ᠵᠢ 807 ᠬᠤᠭᠤᠴᠠᠭ᠎ᠠ ᠥᠷᠨᠢᠭᠦᠯᠵᠦ᠂ ᠡᠯ᠎ᠡ ᠲᠥᠷᠥᠯ᠎ᠤᠨ ᠬᠥᠮᠦᠰ᠎ᠢ  ᠪᠣᠯᠪᠠᠰᠤᠷᠠᠭᠤᠯᠵᠤ ᠬᠢᠨᠠᠨ ᠳᠣᠭᠲᠠᠭ᠋ᠠᠪᠠ᠃ ᠠᠯᠠᠱ᠌ᠠ ᠨᠡᠭᠡᠭᠡᠯᠲᠡᠲᠦ ᠶᠡᠬᠡ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠪᠠᠢ᠌ᠷᠢᠰᠢᠯᠠᠭᠤᠯᠤᠯᠲᠠ ᠵᠢᠨ ᠪᠦᠲᠦᠴᠡ ᠪᠠ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠠᠵᠢᠯ᠎ᠢ ᠢᠳᠡᠪᠬᠢᠲᠡᠢ ᠠᠬᠢᠭᠤᠯᠵᠤ᠂ ᠲᠤᠰᠬᠠᠢ ᠮᠡᠷᠭᠡᠵᠢᠯ᠎ᠤᠨ ᠪᠠ ᠵᠢᠩᠬᠢᠨᠢ ᠠᠩᠭᠢ ᠵᠢᠨ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ᠎ᠤᠨ ᠰᠤᠷᠤᠭᠴᠢ 3000 ᠬᠥᠮᠦᠨ᠎ᠢ ᠳᠠᠪᠠᠪᠠ᠃ 《ᠠᠯᠠᠱ᠌ᠠ ᠠᠶ᠋ᠢᠮᠠᠭ᠎ᠤᠨ ᠬᠣᠲᠠ ᠬᠥᠳᠡᠭᠡ ᠵᠢᠨ ᠨᠡᠶ᠋ᠢᠭᠡᠮ ᠲᠣᠭᠣᠷᠢᠭ᠎ᠤᠨ ᠶᠡᠬᠡ ᠰᠤᠷᠭ᠋ᠠᠭᠤᠯᠢ ᠵᠢᠨ ᠸᠠᠩ ᠹᠦ᠋ ᠵᠡᠭᠡᠯᠢ ᠭᠤᠳᠤᠮᠵᠢ ᠵᠢᠨ ᠨᠡᠶ᠋ᠢᠭᠡᠮ ᠲᠣᠭᠣᠷᠢᠭ᠎ᠤᠨ           ᠰᠤᠷᠭ᠋ᠠᠭᠤᠯᠢ》 ᠵᠢ ᠫᠠᠶ᠋ᠢᠰᠠ ᠡᠯᠭᠦᠨ ᠪᠠᠶ᠋ᠢᠭᠤᠯᠵᠤ᠂ 《ᠺᠠᠢ ᠳ᠋ᠠ ᠨᠣᠮ ᠎ᠤᠨ ᠥᠷᠥᠭᠡ》 ᠵᠢ ᠰᠢᠨ᠎ᠡ᠎ᠪᠠᠷ 4 ᠵᠢ ᠨᠡᠮᠡᠵᠦ᠂ ᠥᠪᠥᠷ ᠮᠣᠩᠭᠣᠯ᠎ᠤᠨ ᠨᠡᠭᠡᠭᠡᠯᠲᠡᠲᠦ ᠶᠡᠬᠡ ᠰᠤᠷᠭ᠋ᠠᠭᠤᠯᠢ  ᠵᠢᠨ ᠨᠣᠮ᠎ᠤᠨ ᠥᠷᠥᠭᠡ 24 ᠵᠢ ᠪᠠᠶ᠋ᠢᠭᠤᠯᠪᠠ᠃

   

3.png


      ᠰᠤᠷᠤᠭᠴᠢ ᠡᠯᠰᠡᠬᠦ ᠪᠠ ᠠᠵᠢᠯ ᠣᠯᠭᠣᠬᠤ ᠬᠣᠯᠪᠤᠯᠳᠤᠨ ᠬᠥᠳᠡᠯᠦᠯᠴᠡᠵᠦ᠂ ᠶᠡᠬᠡ ᠳᠡᠭᠡᠳᠦ ᠰᠤᠷᠭ᠋ᠠᠭᠤᠯᠢ ᠵᠢᠨ ᠴᠢᠳᠠᠪᠤᠷᠢᠲᠠᠨ ᠬᠥᠮᠦᠵᠢᠭᠦᠯᠬᠦ ᠴᠢᠨᠠᠷ ᠴᠢᠨᠰᠠᠭ᠎ᠠ ᠵᠢ ᠳᠡᠭᠡᠭᠰᠢᠯᠡᠭᠦᠯᠪᠡ᠃ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠤᠭᠴᠢ ᠡᠯᠰᠡᠬᠦ ᠬᠡᠪᠴᠢᠶ᠎ᠡ ᠵᠢ ᠯᠠᠪᠳᠠᠭᠤᠨ ᠵᠶ᠋ᠠᠷ ᠥᠷᠭᠡᠳᠬᠡᠬᠦ ᠪᠠ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ᠂ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ 5000 ᠬᠥᠮᠦᠨ᠎ᠢ           ᠳᠠᠪᠠᠪᠠ᠃ ᠠᠵᠢᠯ ᠣᠯᠭᠣᠬᠤ ᠲᠥᠷᠥ ᠵᠢᠨ ᠪᠣᠳᠣᠯᠭ᠎ᠠ ᠵᠢ ᠨᠠᠷᠢᠨ ᠨᠢᠮᠪᠠᠢ ᠨᠠᠶ᠋ᠢᠳᠠᠪᠤᠷᠢᠵᠢᠭᠤᠯᠵᠤ᠂ ᠭᠣᠣᠯᠳᠠᠯᠭ᠎ᠠ᠎ᠲᠠᠢ ᠠᠵᠤ ᠦᠢ᠍ᠯᠡᠰ ᠠᠵᠢᠯ ᠲᠥᠷᠥᠯ᠎ᠤᠨ ᠬᠥᠮᠦᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ  ᠵᠶ᠋ᠠᠨ ᠲᠥᠪᠯᠡᠷᠡᠭᠦᠯᠦᠨ᠂ ᠲᠡᠭᠦᠰᠦᠭᠰᠡᠳ᠎ᠤᠨ ᠠᠵᠢᠯ ᠣᠯᠬᠤ ᠬᠦᠰᠡᠯ᠎ᠲᠠᠢ ᠤᠶᠠᠯᠳᠤᠭᠤᠯᠤᠨ᠂ ᠱᠦᠵᠢ ᠪᠠ ᠰᠤᠷᠭ᠋ᠠᠭᠤᠯᠢ ᠵᠢᠨ ᠵᠠᠬᠢᠷᠤᠯ᠎ᠤᠨ 《ᠠᠵᠤ ᠠᠬᠤᠶ᠋ᠢᠯᠠᠯ᠎ᠢ ᠰᠤᠷᠪᠤᠯᠵᠢᠯᠠᠨ ᠠᠵᠢᠯ᠎ᠤᠨ ᠪᠠᠶ᠋ᠢᠷᠢ ᠵᠢ ᠥᠷᠭᠡᠳᠬᠡᠵᠦ ᠠᠵᠢᠯ ᠣᠯᠭᠣᠯᠲᠠ ᠵᠢ ᠠᠬᠢᠭᠤᠯᠬᠤ》 ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ 152 ᠬᠥᠮᠦᠨ ᠬᠡᠷᠡᠭᠯᠡᠬᠦ  ᠨᠢᠭᠡᠴᠢ ᠵᠢ ᠰᠤᠷᠪᠤᠯᠵᠢᠯᠠᠨ᠂ 2190 ᠠᠵᠢᠯ᠎ᠤᠨ ᠪᠠᠶ᠋ᠢᠷᠢ ᠵᠢ ᠰᠢᠨ᠎ᠡ᠎ᠪᠠᠷ ᠨᠡᠮᠡᠵᠦ᠂ ᠡᠯ᠎ᠡ ᠲᠥᠷᠥᠯ᠎ᠤᠨ ᠰᠤᠷᠭ᠋ᠠᠭᠤᠯᠢ ᠵᠢᠨ ᠬᠦᠷᠢᠶᠡᠨ᠎ᠤ ᠠᠵᠢᠯᠲᠠᠨ ᠤᠷᠢᠬᠤ᠂ ᠲᠦᠮᠡᠨ ᠠᠵᠤ ᠠᠬᠤᠶ᠋ᠢᠯᠠᠯ᠎ᠢ ᠰᠤᠷᠭ᠋ᠠᠭᠤᠯᠢ᠎ᠳᠤ ᠣᠷᠣᠭᠤᠯᠬᠤ᠂ ᠠᠵᠢᠯ ᠣᠯᠬᠤ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢ ᠡᠷᠬᠢᠯᠡᠵᠦ᠂ ᠲᠡᠭᠦᠰᠦᠭᠰᠡᠳ᠎ᠲᠤ ᠨᠡᠩ ᠣᠯᠠᠨ ᠠᠵᠢᠯ᠎ᠤᠨ ᠪᠠᠶ᠋ᠢᠷᠢ ᠵᠢᠨ ᠰᠣᠩᠭᠣᠯᠲᠠ ᠬᠠᠩᠭ᠋ᠠᠵᠤ᠂ ᠳᠤᠮᠳᠠ ᠪᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠬᠤ ᠳᠤᠮᠳᠠᠴᠢ ᠨᠣᠷᠮ᠎ᠠ ᠢᠮᠠᠭᠲᠠ 90%᠎ᠠᠴᠠ ᠳᠡᠭᠡᠭᠰᠢ ᠪᠠᠢ᠌ᠬᠤ ᠵᠢ ᠪᠠᠲᠤᠯᠠᠪᠠ᠃

   

4.png


      ᠳᠠᠷᠠᠭ᠎ᠠ ᠠᠯᠬᠤᠮ᠎ᠳᠤ᠂ ᠠᠯᠠᠱ᠌ᠠ ᠠᠶ᠋ᠢᠮᠠᠭ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠭᠤᠯᠬᠤ ᠵᠢ ᠪᠠᠷᠢᠮᠲᠠᠯᠠᠵᠤ᠂ ᠲᠣᠭᠲᠠᠭᠤᠨ ᠵᠶ᠋ᠠᠷ ᠤᠷᠤᠭᠰᠢᠯᠠᠬᠤ ᠵᠢ ᠪᠠᠷᠢᠮᠲᠠᠯᠠᠨ᠂ ᠤᠷᠤᠭᠰᠢᠯᠠᠬᠤ᠎ᠪᠠᠷ ᠲᠣᠭᠲᠠᠭᠤᠨ᠎ᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠱᠤᠭᠤᠮ᠎ᠢ ᠪᠦᠬᠦ ᠲᠠᠯ᠎ᠠ᠎ᠪᠠᠷ ᠲᠤᠭᠤᠰᠢᠠᠯᠭᠤᠯᠤᠨ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠪᠠᠷ ᠬᠠᠷᠠᠯᠲᠠ ᠪᠣᠯᠭ᠋ᠠᠵᠤ᠂ ᠢᠯᠡ ᠲᠣᠳᠣ ᠣᠨᠴᠠᠯᠢᠭ᠎ᠲᠠᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠪᠠᠶ᠋ᠢᠭᠤᠯᠬᠤ᠎ᠪᠠᠷ ᠭᠣᠣᠯᠳᠠᠯᠭ᠎ᠠ ᠪᠣᠯᠭ᠋ᠠᠨ᠂ ᠰᠤᠷᠭ᠋ᠠᠭᠤᠯᠢ ᠵᠢᠨ ᠬᠦᠷᠢᠶᠡᠨ᠎ᠤ ᠦᠢ᠍ᠯᠡᠴᠢᠯᠡᠭᠡ ᠵᠢ ᠪᠠᠲᠤᠯᠠᠬᠤ ᠪᠠ ᠬᠠᠮᠢᠶᠠᠷᠤᠯᠲᠠ ᠵᠢᠨ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠎ᠠᠴᠠ ᠭᠠᠷᠳᠠᠵᠤ᠂ ᠰᠤᠷᠭ᠋ᠠᠭᠤᠯᠢ ᠡᠷᠬᠢᠯᠡᠬᠦ ᠬᠢᠷᠢ ᠲᠦᠪᠰᠢᠨ᠂ ᠬᠥᠮᠦᠨ ᠬᠥᠮᠦᠵᠢᠭᠦᠯᠬᠦ ᠴᠢᠨᠠᠷ ᠴᠢᠨᠰᠠᠭ᠎ᠠ ᠪᠠ ᠭᠣᠣᠯᠯᠠᠬᠤ ᠥᠷᠢᠰᠥᠯᠳᠦᠬᠦ ᠬᠦᠴᠦᠨ᠎ᠢ ᠦᠷᠭᠦᠯᠵᠢᠯᠡᠨ ᠳᠡᠭᠡᠭᠰᠢᠯᠡᠭᠦᠯᠵᠦ᠂ ᠣᠷᠣᠨ ᠨᠤᠲᠤᠭ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠥᠨᠳᠥᠷ ᠬᠡᠪ ᠪᠣᠯᠪᠠᠰᠤᠷᠠᠯ᠎ᠲᠠᠢ ᠤᠷ᠎ᠠ ᠴᠢᠳᠠᠪᠤᠷᠢᠲᠤ ᠴᠢᠳᠠᠪᠤᠷᠢᠲᠠᠨ᠎ᠢ ᠨᠠᠩ ᠣᠯᠠᠨ ᠬᠥᠮᠥᠵᠢᠭᠦᠯᠬᠦ᠎ᠪᠠᠷ ᠴᠢᠷᠮᠠᠢ᠌ᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠳᠤ ᠨᠡᠩ ᠰᠠᠶ᠋ᠢᠲᠤᠷ ᠦᠢ᠍ᠯᠡᠴᠢᠯᠡᠨ᠂ ᠰᠤᠷᠭ᠋ᠠᠨ ᠬᠥᠮᠦᠵᠢᠯ ᠵᠶ᠋ᠠᠷ ᠠᠶ᠋ᠢᠮᠠᠭ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ ᠵᠢ ᠥᠳᠲᠡᠷ ᠲᠦᠷᠭᠡᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠠᠯᠠᠱ᠌ᠠ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ᠃



ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠣᠯ ᠠᠶ᠋ᠢᠮᠠᠭ᠎ᠤᠨ ᠰᠤᠷᠭ᠋ᠠᠨ ᠬᠥᠮᠦᠵᠢᠯ᠎ᠤᠨ ᠳᠣᠪᠴᠢᠶᠠᠨ᠎ᠤ ᠪᠠᠶ᠋ᠢᠭᠤᠯᠭ᠎ᠠ ᠵᠢᠨ ᠨᠠᠮ᠎ᠤᠨ ᠡᠭᠦᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠨᠠᠮ᠎ᠤᠨ ᠬᠢᠴᠢᠶᠡᠯ ᠵᠢᠴᠢ 《ᠳᠣᠯᠣᠭ᠋ᠠᠨ ᠰᠠᠷ᠎ᠠ ᠵᠢᠨ ᠨᠢᠭᠡᠨ》᠎ᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠶᠠᠪᠤᠵᠤ ᠰᠤᠷᠤᠯᠴᠠᠬᠤ ᠤᠯᠤᠰ ᠲᠥᠷᠦ ᠦᠵᠡᠯ ᠰᠠᠨᠠᠭ᠋ᠠᠨ᠎ᠤ ᠬᠢᠴᠢᠶᠡᠯ — ᠰᠢᠯᠢ ᠭᠣᠣᠯ ᠠᠢ᠌ᠮᠠᠭ ᠪᠦᠬᠦ ᠠᠶ᠋ᠢᠮᠠᠭ᠎ᠤᠨ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ ᠵᠢ ᠠᠬᠢᠭᠤᠯᠬᠤ ᠬᠤᠷᠠᠯ ᠵᠢᠴᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠰᠣᠯᠢᠯᠴᠠᠭ᠋ᠠᠨ᠎ᠤ ᠦᠵᠡᠭᠦᠯᠭᠡ ᠵᠢᠨ ᠠᠵᠢᠯᠯᠠᠭ᠎ᠠ ᠵᠢ ᠡᠷᠬᠢᠯᠡᠪᠡ
ᠬᠥᠯᠥᠨ ᠪᠣᠶ᠋ᠢᠷ ᠬᠣᠲᠠ ᠵᠢᠨ ᠬᠠᠶ᠋ᠢᠯᠠᠷ᠎ᠤᠨ ᠬᠣᠶᠠᠳᠤᠭ᠋ᠠᠷ ᠳᠤᠮᠳᠠᠳᠤ ᠰᠤᠷᠭ᠋ᠠᠭᠤᠯᠢ ᠪᠣᠯᠤᠨ ᠰᠢᠶᠠᠩᠭ᠋ᠠᠩ᠎ᠤᠨ ᠴᠤᠸᠠᠩ ᡁᠢ ᠳᠤᠮᠳᠠᠳᠤ ᠰᠤᠷᠭ᠋ᠠᠭᠤᠯᠢ ᠡᠭᠡᠴᠢ ᠦᠬᠢᠨ ᠳᠡᠭᠦᠦ ᠰᠤᠷᠭ᠋ᠠᠭᠤᠯᠢ ᠵᠢᠨ ᠬᠠᠷᠢᠴᠠᠭ᠎ᠠ ᠪᠠᠶ᠋ᠢᠭᠤᠯᠪᠠ
ᠣᠷᠳᠣᠰ ᠬᠤᠳᠠ ᠪᠠᠭᠰᠢ ᠨᠠᠷ᠎ᠲᠤ ᠲᠣᠬᠢᠷᠠᠭᠰᠠᠨ ᠲᠤᠰᠬᠠᠢ ᠠᠭ᠋ᠠᠷ᠎ᠤᠨ ᠠᠶᠠᠯᠠᠯ᠎ᠤᠨ ᠦᠢ᠍ᠯᠡᠳᠬᠦᠨ᠎ᠢ ᠡᠭᠦᠳᠴᠦ ᠪᠠᠭᠰᠢ ᠵᠢ ᠬᠦᠨᠳᠦᠯᠡᠨ ᠰᠤᠷᠭ᠋ᠠᠨ ᠬᠥᠮᠦᠵᠢᠯ᠎ᠢ ᠴᠢᠬᠤᠯᠠᠴᠢᠯᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠢ ᠪᠣᠯᠭ᠋ᠠᠪᠠ
ᠦᠨᠳᠦᠰᠦᠨ ᠱᠠᠲᠤᠨ᠎ᠤ ᠭᠣᠣᠯᠯᠠᠭᠴᠢ ᠬᠦᠴᠦᠨ᠎ᠢ ᠬᠥᠮᠦᠵᠢᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠪᠡ - ᠨᠡᠭᠡᠭᠡᠯᠲᠡᠲᠦ ᠶᠡᠬᠡ ᠰᠤᠷᠭ᠋ᠠᠭᠤᠯᠢ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠬᠦ ᠵᠢᠴᠢ 《ᠨᠢᠭᠡ ᠲᠣᠰᠬᠣᠨ᠎ᠳᠤ ᠨᠢᠭᠡ ᠣᠶᠤᠲᠠᠨ᠎ᠤ ᠲᠥᠯᠥᠪᠯᠡᠭᠡ》 ᠵᠢ ᠬᠡᠷᠡᠭᠵᠢᠭᠦᠯᠵᠦ ᠪᠠᠢ᠌ᠭ᠎ᠠ ᠬᠡᠰᠡᠭ ᠣᠷᠣᠨ᠎ᠤ ᠰᠤᠷᠭ᠋ᠠᠭᠤᠯᠢ ᠡᠷᠬᠢᠯᠡᠭᠰᠡᠨ ᠲᠤᠷᠰᠢᠯᠭ᠎ᠠ᠎ᠪᠠᠨ ᠰᠣᠯᠢᠯᠴᠠᠵᠤ ᠰᠤᠳᠤᠯᠤᠨ ᠶᠠᠷᠢᠯᠴᠠᠬᠤ ᠠᠵᠢᠯᠯᠠᠭ᠎ᠠ ᠵᠢ ᠡᠷᠬᠢᠯᠡᠪᠡ
 
             蒙ICP备05000248号