ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠣᠷᠳᠣᠰ ᠬᠤᠳᠠ ᠪᠠᠭᠰᠢ ᠨᠠᠷ᠎ᠲᠤ ᠲᠣᠬᠢᠷᠠᠭᠰᠠᠨ ᠲᠤᠰᠬᠠᠢ ᠠᠭ᠋ᠠᠷ᠎ᠤᠨ ᠠᠶᠠᠯᠠᠯ᠎ᠤᠨ ᠦᠢ᠍ᠯᠡᠳᠬᠦᠨ᠎ᠢ ᠡᠭᠦᠳᠴᠦ ᠪᠠᠭᠰᠢ ᠵᠢ ᠬᠦᠨᠳᠦᠯᠡᠨ ᠰᠤᠷᠭ᠋ᠠᠨ ᠬᠥᠮᠦᠵᠢᠯ᠎ᠢ ᠴᠢᠬᠤᠯᠠᠴᠢᠯᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠢ ᠪᠣᠯᠭ᠋ᠠᠪᠠ
ᠨᠡᠶ᠋ᠢᠲᠡᠯᠡᠭᠰᠡᠨ ᠴᠠᠭ᠄ 2024-08-29


      8 ᠰᠠᠷ᠎ᠠ ᠵᠢᠨ 15᠎ᠤ ᠡᠳᠦᠷ᠂ ᠣᠷᠳᠣᠰ ᠬᠤᠳᠠ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠵᠤ᠂ ᠪᠦᠬᠦ ᠬᠣᠲᠠ ᠵᠢᠨ ᠥᠷᠭᠡᠨ ᠣᠯᠠᠨ ᠪᠠᠭᠰᠢ ᠨᠠᠷ᠎ᠲᠤ ᠳᠣᠭᠢᠷᠬᠠᠰᠠᠨ ᠰᠢᠨ᠎ᠡ ᠵᠢ ᠡᠭᠦᠳᠬᠦ ᠬᠡᠯᠪᠡᠷᠢ ᠵᠢᠨ ᠠᠭ᠋ᠠᠷ᠎ᠤᠨ ᠠᠶᠠᠯᠠᠯ᠎ᠤᠨ ᠦᠢ᠍ᠯᠡᠳᠭᠦᠨ᠎ᠢ ᠨᠡᠶ᠋ᠢᠲᠡᠯᠡᠪᠡ᠃ ᠨᠢᠭᠡ᠎ᠳᠤ᠂ 《ᠣᠷᠳᠣᠰ ᠬᠣᠲᠠ ᠵᠢᠨ ᠪᠠᠭᠰᠢ᠎ᠳᠤ ᠬᠦᠷᠭᠡᠬᠦ           ᠪᠡᠯᠡᠭ》 ᠭᠡᠬᠦ ᠲᠥᠷᠥᠯ ᠵᠦᠢ᠍ᠯ᠃ ᠲᠤᠰ ᠲᠥᠷᠥᠯ ᠵᠦᠢ᠍ᠯ᠎ᠨᠢ ᠪᠠᠭᠰᠢ ᠨᠢᠰᠬᠡᠯ᠎ᠳᠤ ᠰᠠᠭᠤᠬᠤ ᠵᠢ ᠪᠡᠶᠡᠴᠢᠯᠡᠨ ᠣᠢ᠌ᠯᠠᠭ᠋ᠠᠬᠤ ᠵᠢ ᠳᠡᠭᠡᠭᠰᠢᠯᠡᠭᠦᠯᠬᠦ᠎ᠪᠠᠷ ᠭᠣᠣᠯ ᠪᠣᠯᠭ᠋ᠠᠵᠤ᠂ 《ᠭᠤᠷᠪᠠᠨ ᠲᠤᠰᠬᠠᠢ ᠲᠠᠪᠤᠨ ᠰᠢᠯᠢᠳᠡᠭ ᠨᠢᠭᠡ ᠵᠢ ᠬᠤᠪᠢᠶᠠᠯᠴᠠᠬᠤ》 ᠦᠢ᠍ᠯᠡᠴᠢᠯᠡᠭᠡ (ᠲᠤᠰᠬᠠᠢ ᠯᠠᠩᠭᠦᠢ᠂ ᠲᠤᠰᠬᠠᠢ ᠵᠠᠮ᠂ ᠲᠤᠰᠬᠠᠢ ᠢᠯᠡᠷᠬᠡᠶ᠋ᠢᠯᠡᠯ᠂ ᠤᠷᠢᠳ ᠵᠶ᠋ᠠᠷ ᠰᠠᠭᠤᠳᠠᠯ ᠰᠣᠩᠭᠣᠬᠤ᠂ ᠤᠷᠢᠳ ᠵᠶ᠋ᠠᠷ ᠭᠠᠷ ᠬᠦᠢ᠍ᠴᠡᠳᠭᠡᠯ ᠬᠢᠬᠦ᠂ ᠤᠷᠢᠳ ᠵᠶ᠋ᠠᠷ ᠠᠮᠤᠷ ᠲᠦᠪᠰᠢᠨ᠎ᠤ ᠪᠠᠶ᠋ᠢᠴᠠᠭ᠋ᠠᠯᠲᠠ ᠬᠢᠬᠦ᠂ ᠤᠷᠢᠳ ᠵᠶ᠋ᠠᠷ ᠨᠢᠰᠬᠡᠯ᠎ᠳᠤ ᠭᠠᠷᠬᠤ᠂ ᠤᠷᠢᠳ ᠵᠶ᠋ᠠᠷ ᠪᠠᠲᠤᠯᠠᠬᠤ᠂ ᠶᠠᠭᠤᠮ᠎ᠠ ᠬᠤᠳᠠᠯᠳᠤᠨ ᠠᠪᠬᠤ᠎ᠳᠤ ᠨᠤᠭᠤᠯᠤᠨ ᠪᠣᠳᠤᠬᠤ ᠵᠢ ᠳᠤᠰᠬᠠᠢ ᠭᠦᠷᠲᠡᠬᠦ)᠎ᠪᠠᠷ ᠳᠠᠮᠵᠢᠭᠤᠯᠤᠨ᠂ ᠪᠠᠭᠰᠢ ᠨᠠᠷ ᠨᠡᠩ ᠳᠥᠭᠥᠮ ᠳᠥᠲᠡ᠂ ᠨᠡᠩ ᠲᠠᠭ᠋ᠠᠯᠠᠮᠵᠢᠲᠠᠢ ᠶᠠᠪᠤᠵᠤ ᠰᠠᠭᠤᠬᠤ ᠵᠢ ᠪᠡᠶᠡᠴᠢᠯᠡᠨ ᠣᠢ᠌ᠯᠠᠭ᠋ᠠᠪᠠ᠃ ᠬᠣᠶᠠᠷ᠎ᠲᠤ᠂ 《ᠬᠦᠰᠡᠯ ᠵᠶ᠋ᠠᠨ ᠲᠡᠷᠭᠡᠯᠰᠢᠭᠦᠯᠬᠦ ᠠᠶᠠᠯᠠᠯ· ᠲᠠᠨ᠎ᠲᠠᠢ ᠬᠠᠮᠲᠤ》 ᠭᠡᠬᠦ ᠬᠠᠮᠠᠭ᠋ᠠᠯᠠᠬᠤ ᠲᠥᠯᠥᠪᠯᠡᠭᠡ᠃ ᠲᠤᠰ ᠲᠥᠯᠥᠪᠯᠡᠭᠡ ᠵᠢ ᠬᠣᠶᠠᠷ ᠬᠣᠲᠠ ᠵᠢᠨ ᠬᠣᠭᠣᠷᠤᠨᠳᠤ ᠣᠴᠢᠵᠤ ᠢᠷᠡᠬᠦ ᠬᠡᠷᠡᠭᠴᠡᠭᠡ ᠪᠦᠬᠦᠢ ᠣᠶᠤᠲᠠᠨ ᠵᠢᠴᠢ ᠪᠠᠭᠰᠢ ᠨᠠᠷ᠎ᠲᠤ ᠴᠢᠭᠯᠡᠭᠦᠯᠦᠨ᠂ ᠡᠷᠬᠡ ᠵᠶ᠋ᠡᠨ ᠠᠮᠢᠯᠠᠭᠤᠯᠤᠭᠰᠠᠨ᠎ᠤ ᠳᠠᠷᠠᠭ᠎ᠠ ᠨᠡᠢ᠌ᠲᠡᠯᠡᠭᠰᠡᠨ ᠲᠡᠭᠡᠭᠡᠪᠦᠷᠢ ᠵᠢᠨ ᠦᠨ᠎ᠡ ᠵᠢ 2.5᠎ᠪᠠᠷ ᠨᠤᠭᠤᠯᠤᠨ ᠪᠣᠳᠣᠭᠰᠠᠨ ᠣᠴᠢᠵᠤ ᠢᠷᠡᠬᠦ ᠪᠢᠯᠧᠲ᠎ᠢ 8 ᠤᠳᠠᠭ᠎ᠠ᠂ ᠨᠡᠢ᠌ᠲᠡᠯᠡᠭᠰᠡᠨ ᠲᠡᠭᠡᠭᠡᠪᠦᠷᠢ ᠵᠢᠨ ᠦᠨ᠎ᠡ ᠵᠢ 5᠎ᠪᠠᠷ ᠨᠤᠭᠤᠯᠤᠨ ᠪᠣᠳᠣᠭᠰᠠᠨ ᠣᠴᠢᠵᠤ ᠢᠷᠡᠬᠦ ᠪᠢᠯᠧᠲ᠎ᠢ 2 ᠤᠳᠠᠭ᠎ᠠ ᠬᠦᠷᠲᠡᠵᠦ ᠪᠣᠯᠤᠨ᠎ᠠ᠃ ᠣᠶᠤᠲᠠᠨ ᠬᠡᠷᠡᠭᠯᠡᠭᠴᠢᠳ ᠺᠣᠳ᠋᠎ᠢ ᠰᠢᠷᠪᠢᠵᠦ ᠳᠠᠩᠰᠠᠯᠠᠭᠤᠯᠪᠠᠯ ᠳᠤᠮᠳᠠᠳᠤ ᠤᠯᠤᠰ᠎ᠤᠨ ᠬᠣᠯᠪᠣᠭ᠋ᠠᠲᠤ ᠠᠶᠠᠯᠠᠯ᠎ᠤᠨ ᠺᠣᠮᠫᠠᠨᠢ ᠵᠢᠨ ᠬᠡᠰᠢᠭᠦᠨ ᠵᠶ᠋ᠡᠷ ᠭᠡᠷᠡᠴᠢᠯᠡᠭᠦᠯᠵᠦ᠂ 7 ᠡᠳᠦᠷ᠎ᠤᠨ ᠳᠣᠲᠣᠷ᠎ᠠ ᠣᠷᠳᠣᠰ᠎ᠤᠨ ᠣᠷᠣᠵᠤ ᠭᠠᠷᠬᠤ ᠠᠶᠠᠯᠠᠯ᠎ᠤᠨ ᠱᠤᠭᠤᠮ᠎ᠤᠨ 5᠎ᠪᠠᠷ ᠨᠤᠭᠤᠯᠤᠨ ᠪᠣᠳᠣᠬᠤ ᠨᠢᠰᠬᠡᠯ᠎ᠤᠨ ᠪᠢᠯᠧᠲ᠎ᠢ ᠣᠯᠵᠤ ᠪᠣᠯᠤᠨ᠎ᠠ᠃

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠦᠨᠳᠦᠰᠦᠨ ᠱᠠᠲᠤᠨ᠎ᠤ ᠭᠣᠣᠯᠯᠠᠭᠴᠢ ᠬᠦᠴᠦᠨ᠎ᠢ ᠬᠥᠮᠦᠵᠢᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠪᠡ - ᠨᠡᠭᠡᠭᠡᠯᠲᠡᠲᠦ ᠶᠡᠬᠡ ᠰᠤᠷᠭ᠋ᠠᠭᠤᠯᠢ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠬᠦ ᠵᠢᠴᠢ 《ᠨᠢᠭᠡ ᠲᠣᠰᠬᠣᠨ᠎ᠳᠤ ᠨᠢᠭᠡ ᠣᠶᠤᠲᠠᠨ᠎ᠤ ᠲᠥᠯᠥᠪᠯᠡᠭᠡ》 ᠵᠢ ᠬᠡᠷᠡᠭᠵᠢᠭᠦᠯᠵᠦ ᠪᠠᠢ᠌ᠭ᠎ᠠ ᠬᠡᠰᠡᠭ ᠣᠷᠣᠨ᠎ᠤ ᠰᠤᠷᠭ᠋ᠠᠭᠤᠯᠢ ᠡᠷᠬᠢᠯᠡᠭᠰᠡᠨ ᠲᠤᠷᠰᠢᠯᠭ᠎ᠠ᠎ᠪᠠᠨ ᠰᠣᠯᠢᠯᠴᠠᠵᠤ ᠰᠤᠳᠤᠯᠤᠨ ᠶᠠᠷᠢᠯᠴᠠᠬᠤ ᠠᠵᠢᠯᠯᠠᠭ᠎ᠠ ᠵᠢ ᠡᠷᠬᠢᠯᠡᠪᠡ
ᠦᠬᠠᠶ ᠬᠣᠲᠠ ᠡᠯ᠎ᠡ ᠳᠤᠮᠳᠠᠳᠤ ᠪᠠᠭ᠎ᠠ ᠰᠤᠷᠭ᠋ᠠᠭᠤᠯᠢ ᠵᠢ ᠵᠣᠬᠢᠶᠠᠨ ᠪᠠᠢ᠌ᠭᠤᠯᠵᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠠᠵᠢᠯᠯᠠᠭ᠎ᠠ ᠥᠷᠨᠢᠭᠦᠯᠪᠡ — ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠠᠵᠢᠯᠯᠠᠭ᠋ᠠᠨ᠎ᠤ ᠰᠠᠷ᠎ᠠ
ᠰᠢᠯᠢ ᠵᠢᠨ ᠭᠤᠤᠯ ᠠᠶ᠋ᠢᠮᠠᠭ᠎ᠤᠨ ᠰᠤᠷᠭ᠋ᠠᠨ ᠬᠥᠮᠦᠵᠢᠯ᠎ᠤᠨ ᠲᠣᠪᠴᠢᠶ᠎ᠠ ᠪᠥᠬᠥ ᠠᠶ᠋ᠢᠮᠠᠭ᠎ᠤᠨ ᠶᠡᠬᠡ ᠳᠡᠭᠡᠳᠦ ᠰᠤᠷᠭ᠋ᠠᠭᠤᠯᠢ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭᠴᠠᠵᠢᠭᠤᠯᠬᠤ ᠬᠠᠮᠲᠤ ᠵᠢᠨ ᠴᠣᠭᠴᠠ ᠵᠢᠨ ᠠᠬᠤᠢ ᠲᠠᠯᠠᠪᠠᠢ ᠵᠢᠨ ᠵᠢᠭ᠋ᠠᠨ ᠰᠤᠷᠭ᠋ᠠᠯᠲᠠ᠂ ᠰᠣᠨᠣᠰᠴᠤ ᠦᠨᠡᠯᠡᠬᠦ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠪᠣᠯᠪᠠᠰᠤᠷᠠᠯ᠎ᠤᠨ ᠠᠩᠭᠢ ᠵᠢ ᠡᠷᠭᠢᠯᠡᠪᠡ
ᠶᠠᠪᠤᠵᠤ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ — ᠬᠥᠬᠡᠬᠣᠲᠠ ᠵᠢᠨ ᠲᠥᠮᠡᠳ ᠳᠤᠮᠳᠠᠳᠤ ᠰᠤᠷᠭ᠋ᠠᠭᠤᠯᠢ ᠵᠢᠨ ᠲᠠᠷᠢᠶᠠᠨ ᠵᠠᠬ᠎ᠠ᠎ᠳᠤ ᠰᠣᠳᠤᠯᠤᠨ ᠰᠤᠷᠤᠯᠴᠠᠬᠤ ᠦᠢ᠍ᠯᠡᠳᠦᠯᠭᠡ ᠵᠢᠨ ᠠᠵᠢᠯᠯᠠᠭ᠎ᠠ
ᠬᠥᠯᠥᠨ ᠪᠤᠶ᠋ᠢᠷ ᠬᠣᠲᠠ ᠮᠥᠰᠥ ᠴᠠᠰᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠣᠲᠠ ᠵᠢᠨ ᠬᠡᠪᠴᠢᠶᠡᠨ᠎ᠤ ᠠᠵᠤ ᠦᠢ᠍ᠯᠡᠰ ᠪᠠ ᠰᠤᠷᠭ᠋ᠠᠨ ᠬᠥᠮᠦᠵᠢᠯ᠎ᠤᠨ ᠬᠣᠯᠪᠣᠭ᠋ᠠᠲᠤ ᠴᠣᠭᠴᠠ ᠪᠠᠶ᠋ᠢᠭᠤᠯᠤᠭᠳᠠᠬᠤ ᠶᠡᠬᠡ ᠬᠤᠷᠠᠯ ᠵᠢᠴᠢ ᠮᠥᠰᠥ ᠴᠠᠰᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠠᠵᠢᠯ᠎ᠢ ᠠᠬᠢᠭᠤᠯᠬᠤ ᠬᠤᠷᠠᠯ᠎ᠢ ᠬᠤᠷᠠᠯᠳᠤᠭᠤᠯᠪᠠ
 
             蒙ICP备05000248号